ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠄ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠡᠭᠦᠷᠢᠳᠡ ᠴᠡᠴᠡᠭᠯᠡᠭᠦᠯᠦᠨ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2023/5/15
      ᠯᠣᠣ ᠪᠧᠢ ᠯᠢᠶᠠᠩ ᠤᠨ ᠭᠤᠣᠯ ᠲᠣᠭᠤᠷᠢᠭ ᠤᠨ ᠴᠢᠶᠣᠤ ᠵᠢᠶᠠ ᠶᠢᠨ ᠵᠡᠭᠡᠯᠢ ᠪᠠᠷ ᠠᠯᠬᠤᠯᠠᠵᠤ᠂ ᠰᠡᠶᠢᠯᠦᠮᠡᠯ ᠨᠢᠷᠤᠭᠤ ᠵᠢᠷᠤᠭ ᠲᠠᠢ ᠪᠠᠷᠢᠯᠭ᠎ᠠ᠂ ᠶᠢᠨ ᠤᠯᠤᠰ ᠤᠨ ᠬᠡᠪ ᠨᠠᠮᠪᠠ ᠲᠠᠢ ᠪᠠᠷᠢᠯᠭ᠎ᠠ ᠨᠤᠭᠤᠳ ᠬᠥᠮᠥᠰ ᠤᠨ ᠰᠡᠳᠬᠢᠯ ᠢ ᠲᠠᠲᠠᠵᠤ᠂ ᠪᠣᠷᠣᠭᠵᠢᠭᠤᠨ ᠰᠠᠶᠢᠬᠠᠨ ᠠᠭᠤᠷ ᠠᠮᠢᠰᠬᠤᠯ ᠢᠶᠠᠷ ᠪᠢᠯᠬᠠᠵᠤ᠂ ᠲᠣᠮᠣ ᠴᠠᠭᠠᠰᠤᠨ ᠬᠠᠶᠢᠴᠢᠯᠠᠮᠠᠯ ᠤᠨ ᠬᠠᠨ᠎ᠠ ᠶᠢᠨ ᠵᠢᠷᠤᠭ︽ᠥᠯᠵᠡᠶᠢᠲᠦ ᠪᠣᠭᠲᠣ︾ ᠶᠢ ᠬᠡᠷᠡᠮ ᠳᠡᠭᠡᠷ᠎ᠡ ᠡᠯᠭᠦᠵᠦ᠂ ᠮᠣᠩᠭᠤᠯ ᠦᠨᠳᠦᠰᠦᠲᠡᠨ ᠤ ᠭᠠᠷ ᠤᠷᠠᠯᠠᠯ ᠤᠨ ᠠᠯᠳᠠ ᠮᠥᠩᠭᠦᠨ ᠵᠠᠰᠠᠯ᠂ ᠵᠢᠷᠭᠤᠭᠠᠯᠵᠢᠨ ᠳᠡᠷ᠎ᠡ ᠶᠢᠨ ᠠᠵᠢᠯ ᠤᠨ ᠦᠷᠦᠭᠡ᠂ ᠲᠠᠪᠤᠨ ᠦᠶ᠎ᠡ ᠶᠢᠨ ᠯᠣᠣ ᠦ᠋ ᠴᠠᠢ ᠶᠢᠨ ᠱᠥᠯᠥ ᠵᠡᠷᠭᠡ ᠦᠨᠳᠦᠰᠦᠲᠡᠨ ᠤ ᠪᠠ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠬᠤᠣᠰᠯᠠᠭᠤᠯᠤᠭᠰᠠᠨ ᠣᠨᠴᠠᠯᠢᠭᠲᠤ ᠠᠵᠤ ᠦᠢᠯᠡᠰ ᠨᠢ ᠬᠤᠯᠠ ᠣᠶᠢᠷ᠎ᠠ ᠶᠢᠨ ᠵᠤᠭᠠᠴᠠᠭᠰᠠᠳ ᠤᠨ ᠠᠩᠬᠠᠷᠤᠯ ᠢ ᠲᠠᠲᠠᠵᠠᠢ᠃
     ᠡᠷᠲᠡᠨ ᠤ ᠬᠤᠳᠠᠯᠳᠤᠭᠠᠨ ᠤ ᠭᠠᠵᠠᠷ︽ᠹᠦ᠋ ᠱᠧᠩ ᠬᠦᠩ︾ ᠤᠨ ᠪᠠᠶᠢᠭ᠎ᠠ ᠭᠠᠵᠠᠷ ᠪᠣᠯᠤᠭᠰᠠᠨ ᠤ ᠬᠤᠪᠢ ᠳᠤ᠂ ᠣᠶᠢᠷ᠎ᠠ ᠶᠢᠨ ᠭᠤᠷᠪᠠᠨ ᠵᠠᠭᠤᠨ ᠵᠢᠯ ᠤᠨ ᠲᠤᠷᠰᠢ᠂ ᠦᠨᠳᠦᠰᠦᠲᠡᠨ ᠨᠦᠭᠦᠳ ᠤᠨ ᠤᠯᠠᠨ ᠲᠦᠮᠡᠨ ᠳ᠋ᠦᠩ ᠾᠧ ᠲᠣᠭᠤᠷᠢᠭ ᠲᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠵᠤ᠂ ᠪᠠᠷᠠᠭᠤᠨ ᠭᠠᠷᠠᠮ ᠢᠶᠠᠷ ᠶᠠᠪᠤᠵᠤ᠂ ᠬᠤᠳᠠᠯᠳᠤᠭᠠᠨ ᠤ ᠭᠠᠵᠠᠷ ᠢᠶᠠᠨ ᠬᠥᠭᠵᠢᠭᠦᠯᠵᠦ᠂ ᠬᠥᠭᠵᠢᠯᠲᠡ ᠶᠢ ᠡᠷᠢᠯᠬᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠵᠣᠬᠢᠴᠠᠩᠭᠤᠢ ᠪᠠᠷ ᠬᠥᠭᠵᠢᠭᠰᠡᠨ ᠰᠡᠳᠬᠢᠯ ᠬᠥᠳᠡᠯᠭᠡᠮ᠎ᠡ ᠦᠯᠢᠭᠡᠷ ᠢ ᠪᠢᠴᠢᠭᠯᠡᠵᠡᠢ᠃      ᠣᠳᠣᠬᠠᠨ ᠳᠤ᠂ ᠦᠨᠳᠦᠰᠦᠲᠡᠨ ᠤ ᠪᠦᠯᠬᠦᠮᠳᠡᠯ ᠤᠨ ᠰᠢᠯᠢᠳᠡᠭ ᠤᠯᠠᠮᠵᠢᠯᠠᠯ ᠵᠡᠭᠦᠨ ᠮᠥᠷᠡᠨ ᠤ ᠡᠬᠡ ᠭᠠᠵᠠᠷ ᠲᠤ ᠭᠦᠨ ᠦᠨᠳᠦᠰᠦᠯᠡᠵᠦ᠂ ᠨᠡᠷᠡᠨ ᠤ ᠭᠡᠷᠡᠯ᠂ ᠠᠭᠠᠷ ᠪᠠ ᠤᠰᠤ ᠮᠡᠲᠦ ᠪᠠᠷ ᠬᠤᠷᠣᠮᠬᠠᠨ ᠵᠠᠭᠤᠷ᠎ᠠ ᠴᠤ ᠰᠠᠯᠵᠤ ᠴᠢᠳᠠᠬᠤ ᠦᠭᠡᠢ ᠶᠤᠮ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠨᠢᠭᠡᠨᠲᠡ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠵᠢᠷᠦᠬᠡᠨ ᠳᠤ ᠭᠦᠨ      ᠠᠳᠡᠬᠢ ᠶᠢᠨ ᠵᠡᠭᠡᠯᠢ ᠭᠤᠳᠤᠮᠵᠢ ᠪᠠᠷ ᠰᠦᠯᠵᠢᠯᠳᠦᠵᠦ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠬᠥᠮᠥᠰ ᠤᠨ ᠰᠡᠳᠬᠢᠯ ᠢ ᠰᠢᠩᠭᠡᠭᠡᠵᠦ᠂ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠂︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾ᠭᠡᠬᠦ ᠤᠬᠠᠭᠤᠯᠭ᠎ᠠ ᠶᠢᠨ ᠬᠥᠨᠳᠡᠯᠡᠨ ᠪᠢᠴᠢᠭᠡᠰᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠥᠩᠭᠡᠲᠦ ᠵᠢᠷᠤᠭ ᠤᠨ ᠬᠡᠷᠡᠮ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠸᠢᠳᠢᠤ᠋ ᠣᠨᠴᠠᠭᠠᠢ ᠢᠯᠡ ᠲᠣᠳᠣ ᠬᠠᠷᠠᠭᠳᠠᠵᠤ᠂ ᠤᠨᠤᠯ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠳᠠᠭᠤᠤ ᠪᠥᠵᠢᠭ ᠤᠨ ᠦᠳᠡᠰᠢᠯᠡᠭᠡ᠂ ᠬᠤᠪᠢᠰᠬᠠᠯᠲᠤ ᠺᠢᠨᠣ᠋ ᠦᠵᠡᠬᠦ ᠵᠡᠷᠭᠡ ᠪᠠᠶᠠᠯᠢᠭ ᠰᠠᠶᠢᠬᠠᠨ ᠨᠡᠶᠢᠭᠡᠮ ᠲᠣᠭᠤᠷᠢᠭ ᠤᠨ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠢᠯ ᠤᠨ ᠴᠢᠯᠦᠭᠡᠨ ᠤ ᠠᠮᠢᠳᠤᠷᠠᠯ ᠤᠨ︽ᠵᠠᠪᠠᠯ ᠰᠣᠩᠭᠤᠬᠤ ᠲᠦᠷᠦᠯ ᠵᠦᠢᠯ︾ᠪᠣᠯᠪᠠ᠃
     ᠬᠤᠲᠣᠩ ᠦᠨᠳᠦᠰᠦᠲᠡᠨ ᠤ ᠵᠡᠭᠡᠯᠢ ᠭᠤᠳᠤᠮᠵᠢ ᠶᠢᠨ ᠬᠤᠸᠠᠩ ᠲᠤ ᠴᠢᠦᠢ ᠶᠢᠨ ᠨᠡᠶᠢᠭᠡᠮ ᠲᠣᠭᠤᠷᠢᠭ ᠤᠨ ᠠᠨᠠᠷ ᠤᠨ ᠦᠷ᠎ᠡ ᠶᠢᠨ ᠦᠢᠯᠡᠴᠢᠯᠡᠭᠡᠨ ᠤ ᠦᠷᠳᠡᠭᠡ ᠳᠤ᠂︽ᠦᠨᠳᠦᠰᠦᠲᠡᠨ ᠤ ᠵᠠᠩ ᠰᠤᠷᠲᠠᠯ᠂ ᠠᠨᠠᠷ ᠤᠨ ᠬᠠᠶᠢᠷ᠎ᠠ ᠰᠡᠳᠬᠢᠯᠭᠡ︾ ᠪᠠᠷ ᠭᠤᠣᠯ ᠰᠡᠳᠦᠪ ᠪᠣᠯᠭᠠᠭᠰᠠᠨ ᠵᠢᠷᠤᠭ ᠤᠨ ᠬᠢᠴᠢᠶᠡᠯ ᠶᠠᠭ ᠶᠠᠪᠤᠭᠳᠠᠵᠤ ᠪᠠᠶᠢᠨ᠎ᠠ᠃ᠡᠯ᠎ᠡ ᠰᠤᠷᠭᠠᠭᠤᠯᠢ ᠶᠢᠨ 30 ᠭᠠᠷᠤᠢ ᠠᠳᠠᠯᠢ ᠪᠤᠰᠤ ᠦᠨᠳᠦᠰᠦᠲᠡᠨ ᠤ ᠪᠢᠴᠢᠬᠠᠨ ᠨᠠᠶᠢᠵᠠ ᠨᠠᠷ ᠨᠢᠭᠡ ᠲᠠᠩᠬᠢᠮ ᠳᠤ ᠴᠤᠭᠯᠠᠷᠠᠵᠤ᠂ ᠡᠰᠡᠬᠦᠯ᠎ᠡ ᠲᠠᠪᠤ ᠭᠤᠷᠪᠠ ᠶᠢᠨ ᠳᠤᠭᠤᠶᠢᠯᠠᠩ ᠢᠶᠠᠷ ᠶᠠᠷᠢᠯᠴᠠᠵᠤ᠂ ᠡᠰᠡᠬᠦᠯ᠎ᠡ ᠲᠣᠯᠣᠭᠠᠢ ᠪᠥᠬᠦᠶᠢᠨ ᠨᠠᠷᠢᠨ ᠬᠢᠨᠠᠮᠠᠭᠠᠢ ᠵᠢᠷᠤᠭᠯᠠᠵᠤ᠂ ᠬᠤᠷᠤᠶᠢᠯᠵᠠᠭᠰᠠᠨ ᠥᠩᠭᠡᠲᠦ ᠪᠢᠷ ᠢᠶᠠᠷ ᠢᠶᠠᠨ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠤᠨ ᠵᠢᠷᠤᠭ ᠳᠦᠷᠰᠦ ᠶᠢ ᠵᠢᠷᠤᠭᠯᠠᠵᠤ᠂ ᠪᠠᠰᠠ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠰᠠᠴᠤᠪᠠ᠃      ︽ᠰᠢᠶᠣᠣ ᠯᠢ ᠠ᠋᠂ ᠳᠡᠭᠡᠷ᠎ᠡ ᠤᠳᠠᠭ᠎ᠠ ᠭᠡᠷ ᠢᠶᠠᠨ ᠵᠠᠰᠠᠵᠤ ᠴᠢᠮᠡᠭᠯᠡᠭᠰᠡᠨ ᠴᠢᠨᠢ ᠴᠢᠨᠦ ᠬᠠᠪᠰᠤᠷᠤᠭᠰᠠᠨ ᠤ ᠠᠴᠢ ᠪᠠᠷ᠂ ᠴᠢᠮ᠎ᠠ ᠳᠤ ᠵᠢᠭᠠᠬᠠᠨ ᠲᠣᠰᠣᠨ ᠬᠦᠵᠢ ᠠᠪᠴᠢᠷᠠᠵᠤ ᠥᠭᠭᠦᠭᠰᠡᠨ ᠶᠤᠮ︾ ᠭᠡᠪᠡ᠃ ᠵᠠᠩ ᠡᠭᠡᠴᠢ ᠠ᠋᠂ ᠢᠩᠬ᠋ᠢᠵᠦ ᠡᠷᠡᠭᠡᠯᠡᠭᠰᠡᠨ ᠤ ᠬᠡᠷᠡᠭ ᠦᠭᠡᠢ᠂ ᠤᠴᠢᠷ ᠭᠠᠷᠪᠠᠯ ᠲᠠ ᠨᠠᠮᠠᠢ ᠡᠷᠢᠭᠡᠷᠡᠢ᠃ ᠬᠥᠷᠰᠢ ᠵᠡᠷᠭᠡᠯᠡᠳᠡᠭᠡ ᠪᠠᠷ ᠢᠶᠠᠨ ᠡᠶ᠎ᠡ ᠨᠠᠶᠢᠷᠲᠠᠢ ᠪᠠᠷ ᠬᠠᠮᠲᠤ ᠣᠷᠣᠰᠢᠪᠠᠯ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠬᠠᠪᠰᠤᠷᠤᠯᠴᠠᠵᠤ ᠪᠠᠶᠢᠭ᠎ᠠ ᠰᠡᠳᠬᠢᠯ ᠬᠥᠳᠡᠯᠭᠡᠮ᠎ᠡ ᠪᠠᠶᠢᠳᠠᠯ ᠢ ᠬᠡᠵᠢᠶ᠎ᠡ ᠬᠠᠮᠢᠭ᠎ᠠ ᠴᠤ ᠭᠡᠰᠡᠨ ᠣᠯᠵᠤ ᠬᠠᠷᠠᠨ᠎ᠠ᠃ᠠᠳᠡ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠠᠬ᠎ᠠ ᠳᠡᠭᠦᠦ ᠪᠠᠷ ᠢᠶᠠᠨ ᠬᠠᠷᠢᠯᠴᠠᠨ ᠳᠣᠲᠣᠨᠣᠴᠢᠯᠠᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠮᠤᠨᠢ ᠠᠭᠤᠯᠠ ᠶᠢᠨ ᠬᠤᠷᠮᠣᠢ᠂ ᠪᠤᠲ᠋ᠦᠶᠢᠸ᠋ᠸ ᠭᠤᠣᠯ ᠤᠨ ᠬᠥᠪᠡᠭᠡᠨ ᠳᠤ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠵᠢᠷᠤᠭ ᠤᠳ ᠢ ᠵᠢᠷᠤᠵᠤ᠂ ᠦᠨᠳᠦᠰᠦᠲᠡᠨ ᠤ ᠪᠦᠯᠬᠦᠮᠳᠡᠯ ᠤᠨ ᠴᠠᠭ ᠦᠶ᠎ᠡ ᠶᠢᠨ ᠮᠠᠭᠲᠠᠭᠠᠯ ᠳᠠᠭᠤᠤ ᠨᠤᠭᠤᠳ ᠢ ᠴᠢᠪᠬᠠᠳᠠᠵᠠᠢ᠃      ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠥᠩ ᠰᠢᠮᠡᠯᠢᠭ ᠬᠥᠷᠥᠰᠥ ᠶᠢ ᠵᠤᠵᠠᠭᠠᠳᠬᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠳᠤ ᠦᠷᠭᠦᠯᠵᠢᠯᠡᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠪᠠᠲᠤᠯᠠᠬᠤ ᠳᠤ ᠳ᠋ᠦᠩ ᠾᠧ ᠶᠢᠨ ᠬᠦᠴᠦᠨ ᠴᠢᠳᠠᠯ ᠢ ᠨᠡᠮᠡᠷᠢᠯᠡᠬᠦ ᠪᠠᠷ ᠴᠢᠷᠮᠠᠶᠢᠪᠠ᠃      ᠨᠢᠭᠡ ᠬᠥᠲᠥᠯᠪᠦᠷᠢ ᠶᠢ ᠳᠤᠷᠠᠳᠪᠠᠯ ᠲᠦᠮᠡᠨ ᠵᠦᠢᠯ ᠢ ᠬᠠᠷᠠᠭᠤᠯᠤᠮᠤᠢ᠃ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠥᠨᠳᠥᠷ ᠲᠦᠪᠰᠢᠨ ᠳᠤ ᠠᠬᠢᠭᠤᠯᠬᠤ ᠶᠢᠨ ᠲᠥᠯᠥᠭᠡ ᠳ᠋ᠦᠩ ᠾᠧ ᠲᠣᠭᠤᠷᠢᠭ ᠤᠨ ᠬᠢᠨ ᠦᠨᠳᠦᠰᠦᠲᠡᠨ ᠤ ᠠᠵᠢᠯ ᠢ ᠣᠷᠣᠨ ᠤ ᠨᠠᠮ ᠤᠨ ᠬᠤᠷᠢᠶᠠᠨ ᠤ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠪᠤᠢ ᠪᠣᠯᠭᠠᠬᠤ ᠶᠢ ᠬᠤᠶᠠᠷ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠳᠤ ᠣᠷᠣᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ︽ᠭᠤᠷᠪᠠᠨ ᠬᠤᠷᠠᠯ ᠨᠢᠭᠡ ᠬᠢᠴᠢᠶᠡᠯ︾ ᠤᠨ ᠵᠠᠪᠠᠯ ᠰᠤᠷᠬᠤ ᠠᠭᠤᠯᠭ᠎ᠠ ᠶᠢ ᠰᠠᠯᠠᠭᠠᠨ ᠤ ᠲᠡᠰ ᠤᠨ ᠤᠳᠤᠷᠢᠳᠬᠤ ᠪᠠᠭ᠂ ᠤᠳᠤᠷᠢᠳᠬᠤ ᠺᠠᠳ᠋ᠷ ᠤᠨ ᠣᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠪᠠ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠴᠢᠬᠤᠯᠠ ᠠᠭᠤᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ᠃ᠡᠨᠡ ᠵᠢᠯ ᠠᠴᠠ ᠨᠠᠰᠢ᠂ ᠣᠷᠣᠨ ᠤ ᠱᠠᠲᠤᠨ ᠳᠤ 6 ᠬᠤᠭᠤᠴᠠᠭ᠎ᠠ ᠲᠥᠪᠯᠡᠷᠡᠭᠦᠯᠦᠨ ᠪᠣᠯᠪᠠᠰᠤᠷᠠᠭᠤᠯᠵᠤ᠂ 490 ᠺᠠᠳ᠋ᠷ ᠢ ᠡᠭᠡᠯᠵᠢᠯᠡᠨ ᠪᠣᠯᠪᠠᠰᠤᠷᠠᠭᠤᠯᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ 45 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ 1900 ᠭᠠᠷᠤᠢ ᠨᠠᠮ ᠤᠨ ᠭᠡᠰᠢᠭᠦᠨ ᠢ ᠪᠣᠯᠪᠠᠰᠤᠷᠠᠭᠤᠯᠵᠠᠢ᠃
     ︽ᠳᠤᠮᠳᠠᠳᠤ ᠶᠢᠨ ᠵᠡᠭᠦᠳᠦ ᠶᠢᠨ ᠠᠯᠬᠤᠭ᠎ᠠ ᠰᠦᠷ ᠳᠠᠯᠠᠶᠢᠴᠠᠲᠠᠢ ᠶᠠᠪᠤᠭᠳᠠᠵᠤ᠂ ᠨᠠᠮ ᠠᠴᠠ ᠲᠠᠯ᠎ᠠ ᠨᠤᠲᠤᠭ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠦᠶ᠎ᠡ ᠶᠢᠨ ᠦᠶ᠎ᠡ ᠳᠡᠭᠡᠨ ᠨᠠᠮ ᠤᠨ ᠡᠨᠡᠷᠢᠯ ᠬᠠᠶᠢᠷ᠎ᠠ ᠶᠢ ᠪᠠᠲᠤ ᠴᠡᠭᠡᠵᠢᠯᠡᠭᠰᠡᠭᠡᠷ ᠢᠷᠡᠵᠠᠢ︾᠃ ᠬᠡᠳᠦᠨ ᠵᠢᠯ ᠤᠨ ᠡᠮᠦᠨ᠎ᠡ᠂ ᠪᠸᠢᠢᠯᠢᠶᠠᠩ ᠤᠨ ᠰᠢᠨ᠎ᠡ ᠲᠣᠭᠤᠷᠢᠭ ᠲᠤ ᠰᠠᠭᠤᠭ᠎ᠠ ᠬᠧ ᠶᠦᠩ ᠫᠢᠩ ᠳᠠᠭᠤᠤ ᠪᠥᠵᠢᠭ ᠤᠨ ᠨᠠᠶᠢᠷᠠᠯ ᠳᠠᠭᠤᠤ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠲᠡᠳᠡᠨ ᠤ ᠲᠣᠭᠯᠠᠭᠰᠠᠨ ︽ᠲᠠᠯ᠎ᠠ ᠨᠤᠲᠤᠭ ᠤᠨ ᠮᠠᠭᠲᠠᠭᠠᠯ ᠳᠠᠭᠤᠤ ᠶᠢ ᠨᠠᠮ ᠳᠠᠭᠠᠨ ᠡᠷᠭᠦᠶ᠎ᠡ︾᠂︽ᠲᠠᠯ᠎ᠠ ᠨᠤᠲᠤᠭ ᠲᠤ ᠵᠣᠭᠰᠣᠵᠤ ᠪᠡᠭᠡᠵᠢᠩ ᠢ ᠪᠠᠷᠠᠯᠠᠶ᠎ᠠ︾ᠵᠡᠷᠭᠡ ᠳᠠᠭᠤᠤ ᠨᠢ ᠰᠠᠭᠤᠭᠠᠯᠢ ᠠᠷᠠᠳ ᠤᠨ ᠬᠠᠮᠤᠭ ᠠᠴᠠ ᠪᠠᠭ᠋ᠠᠷᠬᠠᠳᠠᠭ ᠳᠠᠭᠤᠤ ᠪᠣᠯᠤᠭᠰᠠᠨ ᠪᠠᠶᠢᠨ᠎ᠠ᠃      ᠡᠨᠡ ᠬᠡᠳᠦᠨ ᠠᠷᠪᠠᠨ ᠵᠢᠯ ᠤᠨ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠶᠢ ᠶᠠᠷᠢᠬᠤ ᠳᠤ᠂ ᠬᠧ ᠶᠦᠩ ᠫᠢᠩ᠄︽ᠡᠳᠡᠬᠡᠷ ᠵᠢᠯ ᠤᠳ ᠲᠤ᠂ ᠨᠠᠮ ᠤᠨ ᠰᠠᠶᠢᠨ ᠳᠦᠷᠦ ᠶᠢᠨ ᠪᠣᠳᠣᠯᠭ᠎ᠠ ᠨᠢ ᠪᠧᠢ ᠯᠢᠶᠠᠩ ᠤᠨ ᠳᠦᠷᠦ ᠶᠢᠨ ᠪᠣᠳᠣᠯᠭ᠎ᠠ ᠶᠢ ᠪᠦᠷᠢᠮᠦᠰᠦᠨ ᠬᠤᠪᠢᠷᠠᠭᠤᠯᠵᠤ᠂ ᠥᠩᠭᠡᠷᠡᠭᠰᠡᠨ ᠤ ᠳᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠰᠢᠨ᠎ᠡ ᠠᠰᠠᠷ ᠪᠠᠶᠢᠰᠢᠩ ᠪᠣᠯᠭᠠᠨ ᠬᠤᠪᠢᠷᠠᠭᠤᠯᠵᠤ᠂ ᠴᠡᠴᠡᠷᠯᠢᠭ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠠᠶᠢᠬᠤ ᠶᠣᠰᠣᠲᠠᠢ ᠵᠦᠢᠯ ᠪᠦᠬᠦᠨ ᠢ ᠪᠦᠷᠢᠯᠳᠦᠭᠦᠯᠵᠦ᠂ ᠣᠷᠣᠨ ᠰᠠᠭᠤᠴᠠ ᠶᠢᠨ ᠣᠷᠴᠢᠨ ᠲᠣᠭᠤᠷᠢᠨ ᠰᠠᠶᠢᠵᠢᠷᠠᠭᠰᠠᠨ ᠢᠶᠠᠷ ᠪᠠᠷᠠᠬᠤ ᠦᠭᠡᠢ᠂ ᠠᠵᠢᠯ ᠣᠯᠬᠤ᠂ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠵᠡᠷᠭᠡ ᠨᠥᠬᠦᠴᠡᠯ ᠴᠦ ᠰᠠᠶᠢᠵᠢᠷᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠨᠡᠩ ᠵᠣᠯ ᠵᠢᠷᠭᠠᠯ ᠲᠠᠢ ᠠᠮᠢᠳᠤᠷᠠᠯ ᠢᠶᠠᠨ ᠤᠭᠲᠤᠨ ᠠᠪᠴᠢᠷᠠᠵᠤ᠂ ᠠᠮᠢᠳᠤᠷᠠᠯ ᠨᠢ ᠴᠦ ᠤᠯᠠᠮ ᠠᠴᠠ ᠤᠯᠠᠮ ᠬᠥᠭᠵᠢᠶᠡᠨᠲᠡᠢ ᠪᠣᠯᠵᠠᠢ︾ᠭᠡᠵᠦ ᠭᠦᠨ ᠲᠥᠷᠥᠭᠳᠡᠯ ᠲᠠᠢ ᠶᠠᠷᠢᠪᠠ᠃      ᠬᠥᠭᠵᠢᠯᠲᠡ ᠪᠣᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠲᠤᠳᠬᠠᠬᠤ︽ᠠᠯᠲᠠᠨ ᠲᠦᠯᠬᠢᠭᠦᠷ︾ ᠮᠥᠨ᠃ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠢ ᠭᠤᠣᠯᠳᠠᠯᠭ᠎ᠠ ᠲᠠᠢ ᠠᠳᠬᠤᠵᠤ᠂ ᠠᠵᠤ ᠦᠢᠯᠡᠳᠪᠦᠷᠢ ᠶᠢ ᠭᠤᠣᠯᠳᠠᠯᠭ᠎ᠠ ᠲᠠᠢ ᠠᠳᠬᠤᠵᠤ᠂ ︽ᠨᠡᠮᠡᠭᠳᠡᠯ ᠤᠨ ᠬᠡᠮᠵᠢᠶ᠎ᠡ︾ ᠶᠢ ᠲᠣᠪᠤᠶᠢᠯᠭᠠᠨ ᠠᠳᠬᠤᠵᠤ᠂ ᠡᠯ᠎ᠡ ᠵᠦᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠠᠰᠢᠭ ᠲᠤᠰᠠ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠢᠯᠡᠭᠦᠦ ᠬᠦᠷᠲᠡᠭᠡᠵᠡᠢ᠃2022 ᠣᠨ ᠳᠤ᠂ ᠪᠥᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 51211 ᠲᠥᠭᠦᠷᠢᠭ ᠪᠠ 30460 ᠲᠥᠭᠦᠷᠢᠭ ᠲᠤ ᠬᠦᠷᠴᠦ᠂ ᠲᠣᠰ ᠲᠣᠰ 6% ᠪᠠ 7% ᠪᠠᠷ ᠨᠡᠮᠡᠭᠳᠡᠪᠡ︔︽ᠬᠤᠶᠠᠷ ᠰᠢᠨ᠎ᠡ︾ ᠶᠢᠨ ᠲᠥᠷᠥᠯ ᠵᠦᠢᠯ ᠤᠨ ᠲᠤᠭ᠎ᠠ ᠬᠡᠮᠵᠢᠶ᠎ᠡ ᠣᠶᠢᠷ᠎ᠠ ᠶᠢᠨ ᠵᠢᠯ ᠳᠤ ᠬᠠᠮᠤᠭ ᠤᠨ ᠣᠯᠠᠨ ᠪᠠᠶᠢᠵᠤ᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ 29 ᠪᠠᠶᠢᠨ᠎ᠠ︔ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠵᠡᠷᠭᠡ ᠠᠷᠠᠳ ᠲᠤ ᠲᠥᠬᠦᠮ ᠦᠵᠡᠭᠦᠯᠬᠦ 27 ᠵᠦᠢᠯ ᠤᠨ ᠣᠯᠠᠨ ᠤᠳᠠᠭᠠᠨ ᠤ ᠬᠡᠷᠡᠭ ᠶᠠᠪᠤᠳᠠᠯ ᠢ ︽ᠭᠠᠳᠠᠭᠰᠢ ᠭᠠᠷᠤᠮᠠᠭᠴᠠ ᠭᠦᠢᠴᠡᠳᠬᠡᠵᠦ᠂ ᠬᠠᠵᠠᠭᠤ ᠳᠤᠨᠢ ᠭᠦᠢᠴᠡᠳᠬᠡᠬᠦ︾ ᠶᠢ ᠪᠡᠶᠡᠯᠡᠭᠦᠯᠵᠦ᠂ ᠨᠡᠶᠢᠲᠡ 3.5 ᠲᠦᠮᠡᠨ ᠬᠡᠷᠡᠭ ᠶᠠᠪᠤᠳᠠᠯ ᠢ ᠰᠢᠢᠳᠪᠦᠷᠢᠯᠡᠵᠦ᠂ 10 ᠲᠦᠮᠡᠨ ᠬᠥᠮᠥᠨ ᠤᠳᠠᠭ᠎ᠠ ᠳᠤ ᠠᠰᠢᠭ ᠬᠦᠷᠲᠡᠭᠡᠪᠡ᠃
     ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠣᠳᠣᠯ ᠬᠦᠰᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩ ᠾᠧ ᠲᠣᠭᠤᠷᠢᠭ ᠤᠨ ᠬᠢᠨ ᠲᠡᠮᠦᠷ ᠵᠠᠮ ᠤᠨ ᠳᠤᠮᠳᠠᠳᠤ ᠰᠤᠷᠭᠠᠭᠤᠯᠢ᠂ ᠵᠢᠩ ᠫᠢᠩ ᠳᠤᠮᠳᠠᠳᠤ ᠰᠤᠷᠭᠠᠭᠤᠯᠢ᠂ ᠭᠦᠩ ᠶᠤᠸᠠᠨ ᠵᠠᠮ ᠤᠨ ᠪᠠᠭ᠎ᠠ ᠰᠤᠷᠭᠠᠭᠤᠯᠢ ᠶᠢᠨ ᠵᠢᠩ ᠫᠢᠩ ᠰᠤᠷᠭᠠᠭᠤᠯᠢ ᠶᠢᠨ ᠲᠣᠭᠤᠷᠢᠭ᠂ ᠪᠧᠢ ᠯᠢᠶᠠᠩ ᠨᠢᠭᠡᠳᠦᠭᠡᠷ ᠪᠠᠭ᠎ᠠ ᠰᠤᠷᠭᠠᠭᠤᠯᠢ ᠵᠡᠷᠭᠡ ᠨᠢᠭᠡ ᠪᠦᠯᠦᠭ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ 3 ᠡᠮᠴᠢᠯᠡᠭᠡᠨ ᠤ ᠪᠦᠯᠦᠭᠯᠡᠯ ᠢᠶᠠᠷ ᠤᠳᠤᠷᠢᠳᠤᠮᠵᠢ ᠪᠣᠯᠭᠠᠭᠰᠠᠨ ᠲᠠᠰ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠠᠰᠠᠷᠠᠬᠤ᠂ ᠡᠮᠨᠡᠬᠦ ᠰᠤᠪᠢᠯᠠᠬᠤ ᠶᠢ ᠤᠶᠠᠯᠳᠤᠭᠤᠯᠬᠤ ᠶᠢ ᠨᠢᠭᠡ ᠴᠣᠭᠴᠠᠵᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠰᠢᠰᠲ᠋ᠧᠮᠵᠢ ᠶᠢ ᠪᠦᠷᠢᠯᠳᠦᠭᠦᠯᠬᠦ ᠶᠢ ᠠᠬᠢᠭᠤᠯᠵᠤ᠂ ᠣᠯᠠᠨ ᠲᠦᠮᠡᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ 280 ︽ᠦᠨᠡᠮᠯᠡᠯ ᠭᠦᠢᠴᠡᠳᠬᠡᠬᠦ ᠳᠤ ᠬᠦᠴᠢᠷᠲᠡᠢ︾ ᠲᠥᠷᠥᠯ ᠵᠦᠢᠯ ᠢ 274 ᠶᠢ ᠰᠢᠯᠵᠢᠭᠦᠯᠦᠨ ᠲᠤᠰᠢᠶᠠᠵᠤ ᠭᠦᠢᠴᠡᠳᠬᠡᠭᠦᠯᠵᠦ᠂ ᠭᠦᠢᠴᠡᠳᠬᠡᠭᠰᠡᠨ ᠨᠣᠷᠮ᠎ᠠ 97.9% ᠬᠦᠷᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯ ᠤᠨ ᠰᠡᠳᠬᠢᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃      ᠠᠵᠤ ᠦᠢᠯᠡᠰ ᠪᠣᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠮᠥᠨ᠃ᠳ᠋ᠦᠩ ᠾᠧ ᠲᠣᠭᠤᠷᠢᠭ ᠤᠨ ᠬᠢᠨ ᠠᠵᠤ ᠦᠢᠯᠡᠰ ᠤᠨ ᠬᠥᠭᠵᠢᠯᠲᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠶᠢ ᠪᠠᠷᠢᠮᠲᠠᠯᠠᠵᠤ᠂ ᠰᠢᠷᠴᠢᠨ ᠪᠠᠯᠭᠠᠰᠤᠨ ᠤ ᠠᠳᠦᠯᠠᠢ ᠲᠣᠰᠬᠤᠨ ᠤ ᠪᠦᠬᠦ ᠤᠯᠤᠰ ᠤᠨ ᠦᠨᠳᠦᠰᠦᠲᠡᠨ ᠤ ᠣᠨᠴᠠᠯᠢᠭᠲᠤ ᠲᠣᠰᠬᠤᠨ ᠪᠣᠯᠣᠨ ᠬᠤᠲᠣᠩᠴᠤᠳ ᠤᠨ ᠵᠡᠭᠡᠯᠢ ᠭᠤᠳᠤᠮᠵᠢ ᠶᠢᠨ ᠹᠦ᠋ ᠱᠧᠩ ᠮᠢᠩ ᠨᠡᠶᠢᠭᠡᠮ ᠲᠣᠭᠤᠷᠢᠭ᠂ ᠴᠢᠶᠣᠤ ᠵᠢᠶᠠ ᠶᠢᠨ ᠵᠡᠭᠡᠯᠢ ᠶᠢᠨ ᠦᠨᠳᠦᠰᠦᠲᠡᠨ ᠤ ᠭᠠᠷ ᠤᠷᠠᠯᠠᠯ ᠤᠨ ᠵᠡᠭᠡᠯᠢ ᠲᠣᠭᠤᠷᠢᠭ ᠵᠡᠷᠭᠡ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠬᠦᠴᠦᠯᠡᠨ ᠪᠠᠶᠢᠭᠤᠯᠵᠤ᠂ ᠤᠯᠠᠮᠵᠢᠯᠠᠯᠲᠤ ᠦᠨᠳᠦᠰᠦᠲᠡᠨ ᠤ ᠤᠷ᠎ᠠ ᠮᠡᠷᠭᠡᠵᠢᠯ ᠪᠣᠯᠣᠨ ᠠᠷᠠᠳ ᠤᠨ ᠵᠠᠩ ᠦᠢᠯᠡ ᠶᠢᠨ ᠰᠣᠶᠣᠯ ᠤᠨ ᠦᠨ᠎ᠡ ᠦᠷᠲᠡᠭ ᠢ ᠲᠠᠰᠤᠷᠠᠯᠲᠠ ᠦᠭᠡᠢ ᠠᠭᠤᠳᠠᠯᠵᠤ᠂ ︽ᠡᠮᠡᠭᠡᠯ ᠤᠨ ᠭᠠᠷ ᠤᠷᠠᠯᠠᠯ ᠤᠨ ᠰᠢᠬᠢᠷ︾᠂︽ᠮᠥᠩᠭᠦᠨ ᠵᠠᠰᠠᠯ︾᠂︽ᠮᠣᠷᠢᠨ ᠬᠤᠭᠤᠷ ᠤᠨ ᠤᠷᠠᠯᠠᠯ︾ᠵᠡᠷᠭᠡ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠠᠷᠠᠳ ᠤᠨ ᠵᠠᠩ ᠦᠢᠯᠡ ᠶᠢᠨ ᠰᠣᠶᠣᠯ ᠪᠣᠯᠣᠨ ᠣᠨᠴᠠᠯᠢᠭᠲᠤ ᠠᠵᠤ ᠦᠢᠯᠡᠰ ᠢᠶᠠᠷ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃      ᠡᠭᠦᠨ ᠠᠴᠠ ᠭᠠᠳᠠᠨ᠎ᠠ᠂ ᠳ᠋ᠦᠩ ᠾᠧ ᠲᠣᠭᠤᠷᠢᠭ ᠤᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠣᠨᠴᠠᠯᠢᠭᠲᠤ ᠤᠳᠬ᠎ᠠ ᠤᠷᠠᠯᠢᠭ ᠤᠨ ᠠᠵᠢᠯᠯᠠᠭ᠎ᠠ ᠶᠢ ᠢᠳᠡᠪᠬᠢᠲᠡᠢ ᠪᠣᠶ ᠪᠣᠯᠭᠠᠵᠤ᠂ ᠪᠠᠶᠠᠯᠢᠭ ᠰᠠᠶᠢᠬᠠᠨ ᠤᠷᠠᠯᠢᠭ ᠤᠨ ᠬᠡᠯᠪᠡᠷᠢ ᠪᠠᠷ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ᠣᠳᠣᠬᠠᠨ ᠪᠣᠯᠲᠠᠯ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠭᠤᠯᠢᠷ ᠤᠨ ᠱᠤᠭᠤᠮᠠᠯ᠂ ᠴᠠᠭᠠᠰᠤᠨ ᠬᠠᠶᠢᠴᠢᠯᠠᠮᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 168 ᠤᠳᠠᠭ᠎ᠠ ᠥᠷᠨᠢᠭᠦᠯᠵᠦ᠂ ᠰᠤᠷᠤᠭᠴᠢᠳ ᠤᠨ ᠣᠷᠣᠯᠴᠠᠭᠰᠠᠨ ᠬᠥᠮᠥᠨ ᠤ ᠲᠤᠭ᠎ᠠ 11500 ᠭᠠᠷᠤᠢ ᠪᠣᠯᠪᠠ︔︽ᠰᠢ ᠺᠧᠦ ᠶᠢᠨ ᠬᠠᠶᠢᠷ᠎ᠠ ᠰᠡᠳᠬᠢᠯᠭᠡ ᠶᠢ ᠡᠳ᠋ᠯᠡᠬᠦ · ·ᠰᠣᠶᠣᠯ ᠤᠨ ᠳᠣᠲᠣᠨᠣ ᠶᠠᠪᠤᠯᠴᠠᠭ᠎ᠠ︾ ︽ᠪᠢᠳᠡᠨ ᠤ ᠳᠤᠮᠳᠠᠳᠤ ᠶᠢᠨ ᠵᠡᠭᠦᠳᠦ ︱ ᠰᠣᠶᠣᠯ ᠢ ᠲᠦᠮᠡᠨ ᠡᠷᠦᠬᠡ ᠳᠤ ᠬᠦᠷᠭᠡᠬᠦ︾ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ · ·ᠠᠷᠠᠳ ᠲᠦᠮᠡᠨ ᠤ ᠳᠤᠮᠳᠠ ᠣᠴᠢᠬᠤ︾ ᠵᠡᠷᠭᠡ ᠡᠯ᠎ᠡ ᠲᠥᠷᠥᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ 453 ᠲᠠᠯᠠᠪᠤᠷ᠂ ᠪᠡᠶ᠎ᠡ ᠶᠢᠨ ᠲᠠᠮᠢᠷ ᠤᠨ ᠤᠷᠤᠯᠳᠤᠭᠠᠨ ᠢ 13 ᠵᠦᠢᠯ ᠡᠷᠭᠢᠯᠡᠵᠦ᠂ ᠣᠷᠣᠯᠴᠠᠭᠰᠠᠨ ᠣᠯᠠᠨ ᠲᠦᠮᠡᠨ 10 ᠲᠦᠮᠡ ᠭᠠᠷᠤᠢ ᠬᠥᠮᠥᠨ ᠤᠳᠠᠭ᠎ᠠ ᠳᠤ ᠬᠥᠷᠪᠡ᠃
     ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠢᠶᠠᠷ ᠢᠶᠠᠨ ᠰᠢᠭ ᠳᠣᠲᠣᠨᠣᠴᠢᠯᠠᠵᠤ᠂ ᠠᠨᠠᠷ ᠤᠨ ᠦᠷ᠎ᠡ ᠳᠡᠯᠭᠡᠷᠡᠨ ᠰᠡᠳᠬᠢᠯ ᠢᠶᠠᠨ ᠨᠢᠭᠡᠳᠬᠡᠨ᠎ᠡ᠃ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠳ᠋ᠦᠩ ᠡᡁᠸ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠨᠠᠷ ᠤᠨ ᠦᠷ᠎ᠡ ᠰᠢᠭ ᠢᠶᠠᠷ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠵᠤ᠂ ᠠᠬ᠎ᠠ ᠳᠡᠭᠦᠦ ᠪᠠᠷ ᠢᠶᠠᠨ ᠳᠣᠲᠣᠨᠣᠴᠢᠯᠠᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠨᠢᠭᠡᠳᠴᠦ᠂ ᠬᠠᠮᠲᠤᠪᠠᠷ ᠲᠡᠮᠡᠴᠡᠵᠦ᠂︽ᠳ᠋ᠦᠩ ᠡᡁᠸ ᠭᠤᠣᠯ ᠤᠨ ᠰᠦᠷ ᠵᠢᠪᠬᠤᠭ᠎ᠠ ᠶᠢ ᠲᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠲᠠᠬᠢᠨ ᠢᠯᠡᠷᠡᠭᠦᠯᠬᠦ︾ ᠳᠤ ᠨᠡᠩ ᠰᠦᠷᠯᠢᠭ ᠰᠠᠶᠢᠬᠠᠨ ᠦᠨᠳᠦᠰᠦᠲᠡᠨ ᠤ ᠪᠦᠯᠬᠦᠮᠳᠡᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1