ᠸᠠᠩ ᠷᠦᠢ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/5/18
     5 ᠰᠠᠷ᠎ᠠ ᠶᠢᠨ 9 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠳ᠋ᠦᠩ ᠡᡁᠸ ᠲᠣᠭᠤᠷᠢᠭ ᠤᠨ ᠬᠡᠰᠡᠭ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠵᠤ᠂ ᠳᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃      ᠶᠠᠩ ᠵᠢᠶᠦ᠋ᠨ ᠮᠧᠢ᠂ ᠸᠠᠩ ᠶᠣᠣ ᠸᠥ᠋ᠨ ᠤ ᠭᠡᠷ ᠲᠤ᠂ ᠸᠠᠩ ᠷᠦᠢ ᠲᠡᠳᠡᠨ ᠲᠠᠢ ᠳᠣᠲᠣᠨᠣᠰᠤᠭ ᠢᠶᠠᠷ ᠭᠠᠷ ᠠᠳᠬᠤᠵᠤ᠂ ᠡᠪᠦᠳᠦᠭ ᠨᠤᠭᠤᠯᠤᠨ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ ᠪᠣᠯᠣᠨ ᠠᠮᠢᠳᠤᠷᠠᠯ ᠤᠨ ᠪᠠᠶᠢᠳᠠᠯ ᠢ ᠠᠰᠠᠭᠤᠵᠤ᠂ ᠲᠡᠳᠡᠨ ᠤ ᠳ᠋ᠦᠩ ᠾᠧ ᠲᠣᠭᠤᠷᠢᠭ ᠤᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠠᠬᠠᠮᠠᠳ ᠺᠠᠳ᠋ᠷᠴᠤᠳ ᠢ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃
     5 ᠰᠠᠷ᠎ᠠ ᠶᠢᠨ 9 ᠤ ᠡᠳᠦᠷ᠂ ᠣᠷᠣᠨ ᠤ ᠨᠠᠮ ᠤᠨ ᠬᠤᠷᠢᠶᠠᠨ ᠤ ᠱᠦᠵᠢ ᠸᠠᠩ ᠷᠦᠢ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠶᠠᠩ ᠵᠢᠶᠦ᠋ᠨ ᠮᠧᠢ ᠶᠢ ᠪᠣᠯᠭᠤᠭᠠᠨ ᠲᠣᠬᠤᠨᠢᠭᠤᠯᠪᠠ᠃      ᠸᠠᠩ ᠷᠦ᠋ᠢ᠂ ᠳ᠋ᠦᠩ ᠾᠧ ᠲᠣᠭᠤᠷᠢᠭ ᠤᠨ ᠥᠨᠥᠳᠥᠷ ᠤᠨ ᠣᠯᠣᠭᠰᠠᠨ ᠡᠯ᠎ᠡ ᠵᠦᠢᠯ ᠤᠨ ᠠᠮᠵᠢᠯᠲᠠ ᠪᠦᠲᠦᠮᠵᠢ ᠳᠤ ᠴᠥᠮ ᠠᠬᠠᠮᠠᠳ ᠺᠠᠳ᠋ᠷᠴᠤᠳ ᠤᠨ ᠬᠦᠴᠦ ᠬᠥᠯᠥᠰᠦ ᠰᠢᠩᠭᠡᠵᠦ ᠪᠠᠶᠢᠳᠠᠭ᠃ᠣᠳᠣᠬᠠᠨ ᠳᠤ᠂ ᠳ᠋ᠦᠩ ᠾᠧ ᠲᠣᠭᠤᠷᠢᠭ ᠶᠠᠭ ᠢᠲᠡᠭᠡᠯ ᠵᠣᠷᠢᠭ ᠢᠶᠠᠨ ᠬᠥᠪᠴᠢᠯᠡᠵᠦ᠂ ᠳᠠᠪᠠᠯᠲᠠ ᠶᠢ ᠬᠥᠭᠡᠭᠡᠵᠦ ᠭᠦᠢᠴᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠪᠦᠬᠦ ᠣᠷᠣᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠨᠢᠭᠡ ᠰᠢᠨ᠎ᠡ ᠡᠭᠦᠳᠦᠯᠲᠡ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽ᠳ᠋ᠦᠩ ᠡᡁᠸ ᠭᠤᠣᠯ ᠤᠨ ᠰᠦᠷ ᠵᠢᠪᠬᠤᠭ᠎ᠠ ᠶᠢ ᠲᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠲᠠᠬᠢᠨ ᠢᠯᠡᠷᠡᠭᠦᠯᠬᠦ︾ᠬᠠᠷᠠᠯᠲᠠ ᠶᠢ ᠲᠣᠭᠲᠠᠭᠠᠵᠤ᠂︽ᠰᠢᠨ᠎ᠡ ᠪᠠᠷ ᠨᠡᠮᠡᠭᠳᠡᠭᠦᠯᠬᠦ︾᠂︽ᠪᠣᠳᠠᠲᠠᠢ ᠠᠳᠬᠤᠬᠤ︾᠂︽ᠠᠮᠵᠢᠯᠲᠠ ᠲᠠᠢ ᠬᠢᠬᠦ︾ ᠪᠠᠷ ᠭᠤᠣᠯᠳᠠᠭᠤᠯᠵᠤ᠂ ︽ᠣᠶᠢᠯᠠᠭᠠᠬᠤ ᠰᠡᠳᠬᠢᠬᠦᠢ︾ ᠶᠢ ᠴᠢᠩᠭᠠᠳᠬᠠᠵᠤ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠬᠤ᠂ ᠪᠤᠭᠤᠲᠤ ᠶᠢᠨ ᠰᠦᠷ ᠵᠢᠪᠬᠤᠭ᠎ᠠ ᠶᠢ ᠲᠠᠬᠢᠨ ᠮᠠᠨᠳᠤᠭᠤᠯᠬᠤ ᠶᠠᠪᠤᠴᠠ ᠳᠤ ᠳ᠋ᠦᠩ ᠡᡁᠸ ᠲᠣᠭᠤᠷᠢᠭ ᠤᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠢᠯᠡᠷᠡᠭᠦᠯᠵᠦ᠂ ᠠᠬᠠᠮᠠᠳ ᠺᠠᠳ᠋ᠷᠴᠤᠳ ᠤᠨ ᠴᠢᠳᠠᠯ ᠤᠨ ᠬᠢᠷᠢ ᠪᠠᠷ ᠢᠶᠠᠨ ᠳ᠋ᠦᠩ ᠡᡁᠸ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠡᠷᠬᠢᠮ ᠨᠠᠨᠳᠢᠨ ᠰᠠᠨᠠᠯ ᠢ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ᠃      ᠶᠠᠩ ᠵᠢᠶᠦ᠋ᠨ ᠮᠧᠢ᠂ ᠸᠠᠩ ᠶᠣᠣ ᠸᠥ᠋ᠨ ᠸᠠᠩ ᠷᠦᠢ ᠶᠢᠨ ᠳ᠋ᠦᠩ ᠾᠧ ᠲᠣᠭᠤᠷᠢᠭ ᠲᠤ ᠠᠵᠢᠯᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠲᠡᠭᠦᠨ ᠤ ᠡᠷᠬᠢᠨ ᠦᠵᠡᠵᠦ ᠲᠣᠬᠤᠨᠢᠭᠤᠯᠬᠤ ᠪᠠᠷ ᠢᠷᠡᠭᠰᠡᠨ ᠳᠤ ᠲᠠᠯᠠᠷᠬᠠᠪᠠ᠃ᠳᠡᠳᠡ᠂ ᠳ᠋ᠦᠩ ᠾᠧ ᠲᠣᠭᠤᠷᠢᠭ ᠤᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠳ᠋ᠦᠩ ᠾᠧ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠯᠡᠳᠡᠪᠦᠷᠢ ᠢᠯᠴᠢ ᠪᠠᠨ ᠨᠡᠮᠡᠷᠢᠯᠡᠬᠦ ᠪᠠᠷ ᠴᠢᠷᠮᠠᠶᠢᠨ᠎ᠠ ᠭᠡᠵᠦ ᠢᠯᠡᠳᠬᠡᠪᠡ᠃      ᠲᠣᠭᠤᠷᠢᠭ ᠤᠨ ᠤᠳᠤᠷᠢᠳᠤᠯᠭ᠎ᠠ ᠴᠧᠩ ᠯᠢ ᠰᠢᠶᠠᠩ᠂ ᠬᠧ ᠭᠦᠸᠧ ᠷᠦᠢ ᠪᠠᠷ᠎ᠠ ᠪᠣᠯᠵᠤ ᠲᠣᠬᠤᠨᠢᠭᠤᠯᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1