ᠠᠮᠢᠳᠦᠷᠠᠯ  ᠤᠨ ᠭᠠᠯ  ᠲᠦᠷᠡᠯᠵᠡᠭᠰᠨ ᠳ᠋ᠦᠩ ᠾᠧ ᠲᠣᠭᠤᠷᠢᠭ᠂  ᠮᠣᠷᠢ ᠤᠨᠤᠭ᠎ᠠ ᠪᠠᠷ ᠳᠠᠪᠬᠢᠭᠤᠯᠵᠤ ︽ᠮᠣᠷᠢ︾ ᠶᠢᠨ ᠳᠤᠮᠳᠠ ᠴᠡᠩᠭᠡᠯᠳᠦᠨ᠎ᠡ
ᠨᠡᠶᠢᠲᠡᠯᠡᠭᠰᠡᠨ ᠴᠠᠭ᠄
2023/5/22
         ᠠᠭᠤᠯᠠ ᠳᠠᠪᠠᠭ᠎ᠠ ᠶᠢ ᠳᠠᠪᠠᠵᠤ᠂ ᠮᠣᠷᠢ ᠤᠨᠤᠨ ᠲᠠᠰᠢᠭᠤᠷ ᠡᠷᠭᠦᠵᠦ᠂ ᠮᠣᠷᠢᠨ ᠤ ᠵᠣᠭᠳᠣᠷ ᠤᠨ ᠰᠠᠯᠬᠢᠨ ᠳᠤ ᠨᠠᠮᠢᠷᠠᠵᠤ᠂ ᠮᠣᠷᠢᠨ ᠤ ᠲᠤᠭᠤᠷᠠᠢ ᠪᠠᠷ ᠡᠬᠡ ᠭᠠᠵᠠᠷ ᠢ ᠬᠥᠩᠭᠡᠬᠡᠨ ᠲᠣᠭᠰᠢᠨ᠎ᠠ᠃ᠲᠡᠦᠬᠡᠨ ᠳᠠᠬᠢ ᠪᠤᠭᠤᠲᠤ ᠪᠣᠯ ᠲᠦᠮᠡᠨ ᠠᠭᠲᠠ ᠳᠠᠪᠬᠢᠵᠤ᠂ ᠪᠠᠭᠠᠲᠤᠷ ᠢᠳᠡᠲᠡᠨ ᠴᠣᠯᠭᠤᠷᠠᠨ ᠭᠠᠷᠤᠭᠰᠠᠨ ᠭᠠᠵᠠᠷ ᠶᠤᠮ᠂ ᠡᠳᠦᠭᠡ ᠮᠣᠷᠢ ᠲᠡᠵᠢᠭᠡᠬᠦ᠂ ᠮᠣᠷᠢ ᠪᠣᠶᠢᠵᠢᠭᠤᠯᠬᠤ᠂ ᠮᠣᠷᠢᠨ ᠮᠡᠷᠭᠡᠵᠢᠯ ᠤᠨ ᠮᠥᠷᠥᠶᠢᠴᠡᠭᠡᠨ᠂ ᠮᠣᠷᠢᠨ ᠤ ᠰᠣᠶᠣᠯ ᠤᠨ ᠵᠤᠭᠠᠴᠠᠯ ᠁ ᠁ ᠮᠣᠷᠢᠨ ᠤ ᠠᠵᠤ ᠦᠢᠯᠡᠰ ᠶᠠᠭ ᠠᠳᠡ ᠥᠷᠨᠢᠨ ᠬᠥᠭᠵᠢᠵᠦ ᠪᠤᠢ᠃      ᠳ᠋ᠢᠩ ᠱᠧᠩ ᠴᠢ ᠶᠢᠨ ᠤᠯᠠᠨ ᠤᠯᠤᠰ ᠤᠨ ᠮᠣᠷᠢᠨ ᠮᠡᠷᠭᠡᠵᠢᠯ ᠤᠨ ᠰᠠᠭᠤᠷᠢᠨ ᠳᠤ᠂ ᠮᠣᠷᠢᠨ ᠲᠠᠯᠠᠪᠠᠢ ᠳᠤ ᠣᠷᠣᠬᠤ ᠳᠤ᠂ 6 ᠮᠣᠷᠢᠨ ᠮᠡᠷᠭᠡᠵᠢᠯ ᠤᠨ ᠳᠠᠰᠬᠠᠯᠵᠢᠭᠤᠯᠤᠭᠴᠢ ᠮᠣᠷᠢᠨ ᠭᠤᠲᠤᠯ ᠡᠮᠦᠰᠴᠦ᠂ ᠮᠣᠷᠢᠨ ᠮᠡᠷᠭᠡᠵᠢᠯ ᠤᠨ ᠬᠤᠪᠴᠠᠰᠤ ᠪᠠᠨ ᠡᠮᠦᠰᠴᠦ᠂ ᠳᠤᠭᠤᠯᠠᠭ᠎ᠠ ᠪᠠᠨ ᠡᠮᠦᠰᠴᠦ ᠠᠵᠢᠨᠠᠢ ᠬᠦᠯᠦᠭ ᠤᠨᠤᠵᠤ ᠰᠡᠳᠬᠢᠯ ᠲᠠᠯᠪᠢᠨ ᠲᠣᠭᠯᠠᠨ᠎ᠠ︔ᠦᠵᠡᠭᠴᠢᠳ ᠤᠨ ᠲᠠᠶᠢᠰᠠᠨ ᠤ ᠳᠣᠣᠷ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ᠬᠡᠳᠦᠨ ᠵᠠᠭᠤᠨ ᠰᠤᠷᠤᠭᠴᠢᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠮᠣᠷᠢᠨ ᠮᠡᠷᠭᠡᠵᠢᠯ ᠤᠨ ᠲᠣᠭᠯᠠᠯᠲᠠ ᠶᠢ ᠲᠣᠭᠤᠷᠢᠨ ᠦᠵᠡᠵᠦ᠂ ᠳᠠᠪᠬᠢᠲᠠᠯ᠎ᠠ ᠲᠤᠷᠰᠢᠵᠤ ᠦᠵᠡᠬᠦ ᠪᠠᠷ ᠪᠠᠶᠢᠨ᠎ᠠ᠃
     ︽ᠮᠣᠷᠢ ᠥᠪᠥᠷ ᠮᠣᠩᠭᠤᠯ ᠳᠤ ᠣᠨᠴᠠᠭᠠᠢ ᠤᠳᠬ᠎ᠠ ᠠᠭᠤᠯᠭ᠎ᠠ ᠲᠠᠢ ᠶᠤᠮ᠂ ᠥᠪᠥᠷ ᠮᠣᠩᠭᠤᠯ ᠤᠨ ᠬᠥᠮᠥᠨ ᠪᠣᠯᠤᠭᠰᠠᠨ ᠤ ᠬᠤᠪᠢ ᠳᠤ᠂ ᠮᠣᠷᠢ ᠤᠨᠤᠵᠤ ᠴᠢᠳᠠᠬᠤ ᠪᠣᠯ ᠮᠠᠰᠢ ᠭᠤᠶᠢᠳᠠ ᠶᠠᠪᠤᠳᠠᠯ ᠶᠤᠮ᠂ ᠮᠣᠷᠢ ᠲᠠᠢ ᠬᠠᠷᠢᠯᠴᠠᠪᠠᠯ ᠪᠢᠳᠡᠨ ᠤ ᠰᠥᠰᠥ ᠵᠣᠷᠢᠭ ᠢ ᠬᠠᠲᠠᠭᠤᠵᠢᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠰᠥᠰᠥ ᠵᠣᠷᠢᠭ ᠢ ᠨᠡᠮᠡᠭᠳᠡᠭᠦᠯᠦᠨ᠎ᠡ︾ᠭᠡᠵᠦ ᠵᠢᠭᠠᠵᠤ ᠭᠠᠷᠭᠠᠪᠠ᠃  ︽ᠮᠣᠷᠢ ᠥᠪᠥᠷ ᠮᠣᠩᠭᠤᠯ ᠳᠤ ᠣᠨᠴᠠᠭᠠᠢ ᠤᠳᠬ᠎ᠠ ᠠᠭᠤᠯᠭ᠎ᠠ ᠲᠠᠢ ᠶᠤᠮ᠂ ᠮᠣᠷᠢ ᠲᠠᠢ ᠬᠠᠷᠢᠯᠴᠠᠪᠠᠯ ᠪᠢᠳᠡᠨ ᠤ ᠰᠥᠰᠥ ᠵᠣᠷᠢᠭ ᠢ ᠪᠠᠲᠤᠳᠬᠠᠵᠤ᠂ ᠪᠢᠳᠡᠨ ᠤ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠰᠥᠰᠥ ᠵᠣᠷᠢᠭ ᠢ ᠨᠡᠮᠡᠭᠳᠡᠭᠦᠯᠦᠨ᠎ᠡ︾᠃ ᠭᠡᠵᠦ ᠮᠣᠷᠢᠨ ᠮᠡᠷᠭᠡᠵᠢᠯ ᠤᠨ ᠰᠠᠭᠤᠷᠢᠨ ᠭᠠᠵᠠᠷ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠣᠮᠤᠭ ᠪᠠᠭ᠋ᠠᠳᠤᠯ ᠲᠠᠢ ᠪᠠᠷ ᠬᠡᠯᠡᠪᠡ᠃      ᠣᠶᠢᠷ᠎ᠠ ᠶᠢᠨ ᠵᠢᠯ ᠳᠤ᠂ ᠬᠤᠲᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠪᠠᠶᠠᠯᠢᠭᠵᠢᠭᠤᠯᠵᠤ᠂ ᠳ᠋ᠦᠩ ᠾᠧ ᠲᠣᠭᠤᠷᠢᠭ ᠤᠨ ᠬᠢᠨ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠠᠳᠤᠭᠤ ᠪᠠᠷ ᠭᠤᠣᠯ ᠰᠡᠳᠦᠪ ᠪᠣᠯᠭᠠᠭᠰᠠᠨ ᠵᠢᠭᠤᠯᠴᠢᠯᠠᠯ ᠤᠨ ᠣᠨᠴᠠᠯᠢᠭ ᠪᠠ ᠬᠢᠯᠠᠰ ᠴᠡᠭ ᠢ ᠠᠭᠤᠳᠠᠯᠵᠤ᠂ ᠵᠠᠯᠠᠭᠤᠴᠤᠳ ᠪᠠᠭᠠᠴᠤᠳ ᠤᠨ ︽ᠮᠣᠷᠢᠨ ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ︽ᠮᠣᠷᠢᠨ ᠮᠡᠷᠭᠡᠵᠢᠯ ᠤᠨ ᠬᠠᠪᠤ ᠴᠡᠩᠭᠡᠯ ᠢ ᠡᠳ᠋ᠯᠡᠨ ᠠᠮᠢᠵᠢᠷᠠᠯ ᠤᠨ ᠬᠦᠴᠦᠨ ᠲᠠᠢ ᠠᠳᠤᠭᠤᠨ ᠤ ᠬᠤᠲᠠ ᠶᠢ ᠬᠠᠮᠲᠤ ᠪᠠᠷ ᠴᠣᠭᠴᠠᠯᠠᠬᠤ︾ ᠵᠡᠷᠭᠡ ᠭᠤᠣᠯ ᠰᠡᠳᠦᠪᠲᠦ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠮᠣᠷᠢᠨ ᠮᠡᠷᠭᠡᠵᠢᠯ ᠤᠨ ᠬᠥᠳᠡᠯᠭᠡᠭᠡᠨ ᠤ ᠲᠦᠭᠡᠮᠡᠯᠵᠢᠨ ᠬᠥᠭᠵᠢᠬᠦ ᠶᠢ ᠶᠡᠬᠡᠪᠡᠷ ᠲᠦᠯᠬᠢᠨ ᠠᠬᠢᠭᠤᠯᠵᠤ᠂ ᠬᠤᠲᠠ ᠶᠢᠨ ᠠᠵᠤ ᠠᠬᠤᠢ ᠶᠢ ᠲᠠᠰᠤᠷᠠᠯᠲᠠ ᠦᠭᠡᠢ ᠴᠡᠴᠡᠭᠯᠡᠭᠦᠯᠦᠨ ᠬᠥᠭᠵᠢᠭᠦᠯᠦᠨ᠎ᠡ᠃
     ︽ᠮᠣᠷᠢᠨ ᠮᠡᠷᠭᠡᠵᠢᠯ ᠤᠨ ᠬᠥᠳᠡᠯᠭᠡᠭᠡᠨ ᠨᠢ ᠵᠥᠪᠬᠡᠨ ᠨᠢᠭᠡ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠲᠡᠳᠦᠢ ᠪᠢᠰᠢ᠂ ᠨᠠᠩ ᠴᠤ ᠥᠷᠭᠡᠨ ᠣᠯᠠᠨ ᠵᠠᠯᠠᠭᠤᠴᠤᠳ ᠪᠠᠭᠠᠴᠤᠳ ᠤᠨ ᠵᠣᠷᠢᠭᠲᠠᠢ ᠪᠠᠷ ᠥᠪᠡᠷ ᠢ ᠪᠠᠨ ᠳᠠᠪᠠᠵᠤ᠂ ᠵᠣᠷᠢᠭᠲᠠᠢ ᠪᠠᠷ ᠬᠠᠷᠰᠢ ᠰᠠᠭᠠᠳ ᠢ ᠳᠠᠪᠠᠵᠤ᠂ ᠬᠠᠷᠢᠯᠴᠠᠨ ᠬᠠᠮᠵᠢᠯᠴᠠᠬᠤ ᠶᠢ ᠰᠤᠷᠴᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠴᠢᠭᠢᠷᠠᠭ᠂ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠠᠬᠢᠭᠤᠯᠬᠤ ᠶᠢ ᠵᠣᠷᠢᠭᠵᠢᠭᠤᠯᠬᠤ ᠬᠡᠷᠡᠭᠲᠡᠢ᠃ ᠪᠢᠳᠡ ᠪᠣᠯ ᠪᠤᠭᠤᠲᠤ ᠶᠢᠨ ᠴᠤᠷ ᠤᠨ ᠭᠠᠭᠴᠠ ᠤᠯᠠᠨ ᠤᠯᠤᠰ ᠤᠨ ᠪᠠᠷᠢᠮᠵᠢᠶᠠᠲᠤ ᠰᠢᠷᠬᠡᠭᠯᠢᠭ ᠡᠯᠡᠰᠦ ᠬᠡᠷᠡᠭᠯᠡᠬᠦ ᠲᠠᠯᠠᠪᠠᠢ ᠶᠢᠨ ᠮᠣᠷᠢᠨ ᠮᠡᠷᠭᠡᠵᠢᠯ ᠤᠨ ᠰᠠᠭᠤᠷᠢᠨ ᠭᠠᠵᠠᠷ ᠪᠣᠯᠣᠨ᠎ᠠ᠂ ᠡᠩ ᠤᠨ ᠡᠯᠡᠰᠦᠷᠬᠡᠭ ᠭᠠᠵᠠᠷ ᠲᠠᠢ ᠬᠠᠷᠢᠴᠠᠭᠤᠯᠪᠠᠯ ᠨᠡᠩ ᠲᠡᠭᠰᠢᠬᠡᠨ ᠪᠥᠭᠡᠳ ᠪᠠᠬᠢᠯᠢᠭ᠌ ᠪᠠᠶᠢᠵᠤ᠂ ᠲᠣᠭᠤᠰᠣ ᠲᠣᠭᠤᠰᠣ ᠳᠡᠭᠳᠡᠬᠦ ᠦᠭᠡᠢ ᠶᠤᠮ᠂ ᠬᠡᠦᠬᠡᠳ ᠤᠨ ᠪᠣᠯᠪᠠᠰᠤᠷᠠᠭᠤᠯᠬᠤ ᠳᠤ ᠨᠡᠩ ᠲᠣᠬᠢᠷᠠᠨ᠎ᠠ︾ᠭᠡᠵᠦ ᠳ᠋ᠢᠩ ᠱᠧᠩ ᠴᠢ ᠤᠯᠠᠨ ᠤᠯᠤᠰ ᠤᠨ ᠮᠣᠷᠢᠨ ᠮᠡᠷᠭᠡᠵᠢᠯ ᠤᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠪᠢᠶᠠᠨ ᠶᠠᠨ ᠷᠦ᠋ ᠰᠤᠷᠪᠤᠯᠵᠢᠯᠠᠭᠴᠢ ᠳᠤ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ᠳ᠋ᠢᠩ ᠱᠧᠩ ᠴᠢ ᠣᠯᠠᠨ ᠤᠯᠤᠰ ᠤᠨ ᠮᠣᠷᠢᠨ ᠮᠡᠷᠭᠡᠵᠢᠯ ᠤᠨ ᠰᠠᠭᠤᠷᠢᠨ ᠭᠠᠵᠠᠷ ᠪᠣᠯ ᠪᠤᠭᠤᠲᠤ ᠬᠤᠲᠠ ᠶᠢᠨ ᠠᠩᠬᠠᠳᠠᠭᠴᠢ ᠮᠣᠷᠢᠨ ᠮᠡᠷᠭᠡᠵᠢᠯ ᠤᠨ ᠰᠤᠷᠭᠠᠨ ᠬᠥᠮᠦᠵᠢᠯ᠂ ᠤᠷᠤᠯᠳᠤᠭᠠᠨ ᠢ ᠳᠠᠭᠠᠭᠠᠴᠢᠯᠠᠨ ᠡᠷᠭᠢᠯᠡᠬᠦ᠂ ᠮᠣᠷᠢᠨ ᠮᠡᠷᠭᠡᠵᠢᠯ ᠤᠨ ᠪᠣᠯᠪᠠᠰᠤᠷᠠᠯ᠂ ᠣᠯᠠᠨ ᠤᠯᠤᠰ ᠤᠨ ᠰᠣᠯᠢᠯᠴᠠᠭ᠎ᠠ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠠᠮᠠᠷᠠᠯᠲᠠ ᠶᠢ ᠨᠢᠭᠡ ᠴᠣᠭᠴᠠᠵᠢᠭᠤᠯᠤᠭᠰᠠᠨ ᠪᠠᠷᠢᠮᠵᠢᠶᠠᠲᠤ ᠬᠡᠯᠪᠡᠷᠢ ᠶᠢᠨ᠂ ᠣᠯᠠᠨ ᠤᠯᠤᠰᠴᠢᠯᠠᠭᠰᠠᠨ᠂ ᠶᠡᠷᠦᠩᠬᠡᠶᠢᠯᠡᠭᠰᠡᠨ ᠴᠢᠨᠠᠷᠲᠠᠢ ᠮᠣᠷᠢᠨ ᠮᠡᠷᠭᠡᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠪᠣᠯᠣᠨ᠎ᠠ᠃ᠰᠠᠭᠤᠷᠢᠨ ᠭᠠᠵᠠᠷ ᠨᠢ ᠡᠮᠡᠭᠡᠯᠲᠦ ᠮᠣᠷᠢ᠂ ᠹᠷᠢᠰᠯᠠᠨᠳ᠋᠂ ᠠᠩᠭᠡᠯᠦ᠂ ᠬᠥᠯᠥᠰᠦ ᠴᠢᠰᠤ ᠵᠡᠷᠭᠡ ᠠᠳᠠᠯᠢ ᠪᠤᠰᠤ ᠡᠭᠦᠯᠳᠡᠷ ᠤᠨ ᠬᠡᠳᠦᠨ ᠠᠷᠪᠠᠨ ᠰᠠᠶᠢᠨ ᠮᠣᠷᠢ  ᠶᠢ ᠣᠷᠣᠭᠤᠯᠤᠨ ᠠᠪᠴᠢᠷᠠᠵᠤ᠂ ᠠᠳᠠᠯᠢ ᠪᠤᠰᠤ ᠱᠠᠲᠤᠨ ᠤ ᠮᠣᠷᠢᠨ ᠮᠡᠷᠭᠡᠵᠢᠯ ᠳᠤ ᠪᠠᠭ᠋ᠠᠲᠠᠢ ᠬᠥᠮᠥᠰ ᠤᠨ ᠬᠡᠷᠡᠭᠴᠡᠭᠡ  ᠶᠢ ᠬᠠᠩᠭᠠᠭᠰᠠᠨ ᠪᠠᠶᠢᠨ᠎ᠠ᠃
     ᠮᠢᠩᠭᠠᠨ ᠬᠦᠯᠦᠭ ᠤᠨ ᠬᠠᠮᠲᠤ ᠪᠠᠷ ᠤᠷᠤᠭᠰᠢᠯᠠᠵᠤ᠂ ᠣᠮᠤᠭ ᠲᠡᠭᠦᠯᠳᠡᠷ ᠢᠶᠠᠷ ᠵᠠᠭᠤᠨ ᠮᠥᠷᠡᠨ ᠢ ᠳᠠᠭᠤᠷᠢᠰᠤᠭᠤᠯᠤᠮᠤᠢ᠃ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠪᠤᠭᠤᠲᠤ ᠬᠤᠲᠠ ᠶᠢᠨ ︽ᠳᠤᠮᠳᠠᠳᠤ ᠤᠯᠤᠰ ᠤᠨ ᠮᠣᠷᠢᠨ ᠬᠤᠲᠠ︾ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ ᠬᠥᠲᠥᠯᠥᠨ ᠳᠠᠭᠠᠭᠤᠯᠵᠤ᠂ ᠪᠤᠭᠤᠲᠤ ᠬᠤᠲᠠ ᠶᠢᠨ ᠣᠶᠢᠷ᠎ᠠ ᠲᠡᠭᠦᠷᠭᠡ ᠶᠢᠨ ᠮᠣᠷᠢᠨ ᠰᠣᠶᠣᠯ ᠵᠢᠭᠤᠯᠴᠢᠯᠠᠯ ᠤᠨ ᠭᠠᠵᠠᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠤᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠬᠤᠲᠠ ᠶᠢᠨ IP ᠶᠢ ᠪᠣᠶ ᠪᠣᠯᠭᠠᠵᠤ᠂ ᠬᠤᠲᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠂ ᠠᠮᠢᠵᠢᠷᠠᠯ ᠤᠨ ᠬᠦᠴᠦᠨ ᠲᠠᠢ᠂ ᠠᠰᠢᠭ ᠣᠷᠣᠯᠭ᠎ᠠ ᠲᠠᠢ᠂ ᠦᠷᠭᠦᠯᠵᠢᠯᠡᠬᠦᠶᠢᠴᠡ ︽ᠳᠤᠮᠳᠠᠳᠤ ᠤᠯᠤᠰ ᠤᠨ ᠮᠣᠷᠢᠨ ᠬᠤᠲᠠ︾ ᠶᠢ ᠡᠭᠦᠳᠦᠨ ᠪᠠᠶᠢᠭᠤᠯᠬᠤ ᠳᠤ ᠳ᠋ᠦᠩ ᠾᠧ ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1