ᠸᠠᠩ ᠷᠦᠢ ᠬᠡᠰᠡᠭ ᠵᠡᠭᠡᠯᠢ ᠭᠤᠳᠤᠮᠵᠢ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/25
     5 ᠰᠠᠷ᠎ᠠ ᠶᠢᠨ 11 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠬᠡᠰᠡᠭ ᠵᠡᠭᠡᠯᠢ ᠭᠤᠳᠤᠮᠵᠢ ᠳᠤ ᠪᠠᠶᠢᠴᠠᠭᠠᠨ ᠰᠤᠳᠤᠯᠤᠯᠲᠠ ᠬᠢᠵᠦ᠂ ᠲᠡᠷᠡ ᠤᠷᠢᠳ ᠬᠤᠵᠢᠳ ᠲᠢᠶᠠᠨ ᠵᠢᠶᠣᠣ ᠵᠡᠭᠡᠯᠢ ᠶᠢᠨ ᠭᠠᠵᠠᠷ ᠤᠨ ᠠᠭᠤᠷᠬᠠᠢ ᠶᠢᠨ ᠵᠢᠵᠢᠭ ᠲᠣᠭᠤᠷᠢᠭ᠂ ᠡᠮᠦᠨᠡᠲᠦ ᠲᠠᠩᠭᠢᠰ ᠤᠨ ᠲᠠᠪᠤᠳᠤᠭᠠᠷ ᠲᠣᠰᠬᠤᠨ᠂ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠰᠢ ᠨᠣᠣ ᠪᠦᠦ ᠵᠡᠭᠡᠯᠢ ᠭᠤᠳᠤᠮᠵᠢ ᠶᠢᠨ ᠮᠣᠳᠣᠨ ᠮᠠᠲ᠋ᠧᠷᠢᠶᠠᠯ ᠤᠨ ᠪᠠᠶᠢᠷᠢ᠂ ᠰᠢᠶᠠᠩ ᠶᠠᠩ ᠵᠢᠩ ᠶᠤᠸᠠᠨ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠲᠢᠶᠸ ᠰᠢ ᠵᠡᠭᠡᠯᠢ ᠭᠤᠳᠤᠮᠵᠢ ᠶᠢᠨ ᠭᠤᠷᠪᠠᠳᠤᠭᠠᠷ ᠵᠡᠭᠡᠯᠢ ᠬᠤᠶᠠᠳᠤᠭᠠᠷ ᠲᠣᠭᠤᠷᠢᠭ᠂ ᠬᠤᠤ ᠳᠤ ᠲᠡᠮᠦᠷᠯᠢᠭ ᠤᠨ ᠮᠠᠰᠢᠨ ᠴᠠᠬᠢᠯᠭᠠᠨ ᠤ ᠬᠤᠳᠠ᠂ ᠬᠤᠤ ᠳᠤ ᠠᠳᠠᠯ ᠠᠬᠤᠢ ᠵᠡᠷᠭᠡ ᠭᠠᠵᠠᠷ ᠤᠨ  ᠬᠢᠨ ᠦᠨᠳᠦᠰᠦᠨ ᠱᠠᠲᠤᠨ ᠤ ᠵᠠᠰᠠᠯᠲᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠬᠤᠪᠢᠰᠬᠠᠯ ᠤᠨ ᠠᠳᠠᠯ ᠠᠬᠤᠢ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠰᠢᠢᠳᠪᠦᠷᠢᠯᠡᠪᠡ᠃
5 ᠰᠠᠷ᠎ᠠ ᠶᠢᠨ 11 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠲᠢᠶᠠᠨ ᠵᠢᠶᠣᠣ ᠵᠡᠭᠡᠯᠢ ᠶᠢᠨ ᠨᠠᠨ ᠬᠠᠢ ᠲᠠᠪᠤᠳᠤᠭᠠᠷ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠵᠡᠢ᠃      ᠸᠠᠩ ᠷᠦᠢ ᠴᠢᠬᠤᠯᠠᠴᠢᠯᠠᠭᠰᠠᠨ ᠨᠢ᠂ ᠡᠯ᠎ᠡ ᠵᠡᠭᠡᠯᠢ ᠭᠤᠳᠤᠮᠵᠢ ᠶᠢᠨ ᠬᠢᠨ ᠦᠨᠳᠦᠰᠦᠨ ᠱᠠᠲᠤᠨ ᠤ ᠵᠠᠰᠠᠯᠲᠠ ᠶᠢ ᠴᠢᠬᠤᠯᠠ ᠰᠡᠳᠦᠪ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠲᠠᠪᠴᠠᠩ ᠢ ᠰᠠᠶᠢᠲᠤᠷ ᠪᠠᠶᠢᠭᠤᠯᠵᠤ᠂ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠥᠷᠭᠡᠨ ᠤᠯᠠᠨ ᠬᠤᠳᠠ ᠶᠢᠨ ᠠᠷᠠᠳ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠬᠤᠳᠠ ᠶᠢᠨ ᠰᠢᠨᠡᠴᠢᠯᠡᠯᠲᠡ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠥᠷᠭᠡᠨ ᠤᠯᠠᠨ ᠰᠠᠭᠤᠭᠠᠯᠢ ᠠᠷᠠᠳ ᠤᠨ ᠪᠦᠬᠦ ᠶᠠᠪᠤᠴᠠ ᠶᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠭᠤᠯᠵᠤ᠂ ᠤᠯᠠᠨ ᠲᠦᠮᠡᠨ ᠤ ᠰᠡᠳᠬᠢᠯ ᠳᠤ ︽ᠥᠭᠡᠷᠡᠴᠢᠯᠡᠬᠦ︾ ᠶᠢ ᠪᠠᠲᠤᠯᠠᠬᠤ ᠬᠡᠷᠡᠭᠲᠡᠢ᠃ᠦᠨᠳᠦᠰᠦᠨ ᠱᠠᠲᠤᠨ ᠤ ᠤᠳᠤᠷᠢᠳᠤᠮᠵᠢ ᠶᠢ ᠶᠡᠬᠡᠪᠡᠷ ᠠᠳᠬᠤᠬᠤ ᠶᠢ ᠪᠠᠷᠢᠮᠲᠠᠯᠠᠵᠤ᠂ ︽ᠬᠤᠪᠢᠰᠬᠠᠯ ᠤᠨ ᠠᠳᠠᠯ ᠠᠬᠤᠢ︾ ᠪᠠᠷ ᠭᠠᠷᠳᠠᠴᠠ ᠪᠣᠯᠭᠠᠵᠤ᠂ ᠥᠮᠴᠢᠲᠡᠨ ᠤ ᠵᠥᠪᠯᠡᠯ᠂ ᠠᠳᠠᠯ ᠠᠬᠤᠢ ᠶᠢᠨ ᠺᠣᠮᠫᠠᠨᠢ᠂ ᠬᠠᠷᠢᠶ᠎ᠠ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠠ ᠰᠠᠭᠤᠭᠠᠯᠢ ᠠᠷᠠᠳ ᠤᠨ ᠨᠠᠮ ᠤᠨ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠡᠯ᠎ᠡ ᠲᠦᠷᠦᠯ ᠤᠨ ᠡᠬᠢ ᠪᠠᠶᠠᠯᠢᠭ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠦᠨ ᠨᠡᠶᠢᠳᠬᠡᠵᠦ᠂ ᠬᠡᠷᠡᠭᠯᠡᠭᠡᠨ ᠤ ᠴᠢᠨᠠᠷ ᠪᠠ ᠦᠢᠯᠡᠴᠢᠯᠡᠭᠡᠨ ᠤ ᠴᠢᠳᠠᠪᠬᠢ ᠶᠢ ᠲᠤᠪᠤᠶᠢᠯᠭᠠᠵᠤ᠂ ᠤᠯᠠᠨ ᠲᠦᠮᠡᠨ ᠤ ᠣᠶᠢᠷ᠎ᠠ ᠬᠠᠪᠢ ᠳᠠᠭᠠᠨ ᠤᠴᠢᠷ ᠶᠠᠪᠤᠳᠠᠯ ᠰᠢᠢᠳᠪᠦᠷᠢᠯᠡᠬᠦ ᠳᠤ ᠲᠦᠬᠦᠮ ᠦᠵᠡᠭᠦᠯᠬᠦ ᠬᠡᠷᠡᠭᠲᠡᠢ᠃ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠨᠢᠭᠡ ᠱᠠᠲᠤ ᠨᠢ ᠨᠢᠭᠡ ᠱᠠᠲᠤ ᠳᠠᠭᠠᠨ ᠳᠠᠭᠤᠷᠢᠶᠠᠯ ᠦᠵᠡᠭᠦᠯᠵᠦ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠠᠵᠢᠯᠯᠠᠵᠤ᠂ ᠪᠣᠳᠠᠲᠠᠢ ᠠᠳᠬᠤᠵᠤ ᠪᠣᠳᠠᠲᠠᠢ ᠪᠠᠷ ᠠᠵᠢᠯᠯᠠᠬᠤ ᠬᠠᠲᠠᠭᠤ ᠴᠢᠩᠭ᠎ᠠ ᠰᠤᠷᠲᠠᠯ ᠢᠶᠠᠷ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠢ᠃ᠬᠤᠳᠠ ᠶᠢᠨ ᠲᠣᠭᠤᠷᠢᠭ ᠤᠨ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠬᠦᠴᠦᠯᠡᠨ ᠪᠣᠶᠢᠵᠢᠭᠤᠯᠵᠤ᠂ ᠬᠥᠮᠥᠨ ᠤ ᠬᠦᠷᠢᠶᠡᠯᠡᠯ ᠬᠤᠳᠠᠯᠳᠤᠭᠠᠨ ᠤ ᠪᠠᠶᠢᠳᠠᠯ ᠢ ᠨᠡᠮᠡᠭᠳᠡᠭᠦᠯᠵᠦ᠂ ᠬᠤᠳᠠ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠬᠤ ᠬᠡᠷᠡᠭᠲᠡᠢ᠃ᠠᠷᠠᠳ ᠤᠨ ᠲᠥᠯᠥᠭᠡ ᠪᠠᠶᠢᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠡᠷᠦᠬᠡ ᠬᠤᠪᠢᠶᠠᠭᠰᠠᠨ ᠥᠮᠴᠢᠯᠡᠯ ᠤᠨ ᠡᠷᠬᠡ ᠶᠢ ᠰᠢᠢᠳᠪᠦᠷᠢᠯᠡᠬᠦ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠲᠣᠭᠤᠷᠢᠭ ᠤᠨ ᠤᠳᠤᠷᠢᠳᠤᠯᠭ᠎ᠠ ᠴᠧᠩ ᠯᠢ ᠰᠢᠶᠠᠩ᠂ ᠬᠧ ᠭᠦᠸᠧ ᠷᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1