ᠸᠠᠩ ᠷᠦᠢ ᠾᠧ ᠳ᠋ᠦᠩ ᠪᠠᠯᠭᠠᠰᠤ᠂ ᠰᠢᠷᠴᠢᠨ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/25
     5 ᠰᠠᠷ᠎ᠠ ᠶᠢᠨ 15 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠡᡁᠸ ᠳ᠋ᠦᠩ ᠪᠠᠯᠭᠠᠰᠤ᠂ ᠰᠢᠷᠴᠢᠨ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠵᠦ᠂ ᠤᠷᠢᠳ ᠬᠤᠵᠢᠳ ᠡᡁᠸ ᠳ᠋ᠦᠩ ᠪᠠᠯᠭᠠᠰᠤᠨ ᠤ ᠨᠠᠮ ᠵᠠᠰᠠᠭ ᠤᠨ ᠠᠯᠪᠠᠯᠠᠬᠤ ᠠᠰᠠᠷ᠂ ᠸᠠᠩ ᠳ᠋ᠠ ᠬᠠᠨ ᠲᠣᠰᠬᠤᠨ᠂ ᠰᠢᠷᠴᠢᠨ ᠪᠠᠯᠭᠠᠰᠤᠨ ᠤ ᠱᠢ ᠳ᠋ᠡ ᠭᠦ᠋ ᠲᠣᠰᠬᠤᠨ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ᠂ ᠦᠨᠳᠦᠰᠦᠨ ᠱᠠᠲᠤᠨ ᠤ ᠵᠠᠰᠠᠯᠲᠠ᠂ ᠲᠤᠷᠤᠢ ᠪᠠᠭᠤᠷᠠᠢ ᠰᠤᠯᠠ ᠵᠠᠳᠠᠭᠠᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠨ ᠵᠠᠰᠠᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃
5 ᠰᠠᠷ᠎ᠠ ᠶᠢᠨ 15 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠾᠧ ᠳ᠋ᠦᠩ ᠪᠠᠯᠭᠠᠰᠤ ᠶᠢᠨ ᠸᠠᠩ ᠳ᠋ᠠ ᠬᠠᠨ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠵᠡᠢ᠃
5 ᠰᠠᠷ᠎ᠠ ᠶᠢᠨ 15 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠰᠢᠷᠴᠢᠨ ᠪᠠᠯᠭᠠᠰᠤ ᠶᠢᠨ ᠱᠢ ᠳ᠋ᠡ ᠭᠦ᠋ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠵᠡᠢ᠃      ᠸᠠᠩ ᠷᠦᠢ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠨᠠᠷᠢᠨ ᠬᠢᠨᠠᠮᠠᠭᠠᠢ ᠰᠦᠪᠡᠭᠴᠢᠯᠡᠵᠦ᠂ ᠬᠥᠳᠡᠭᠡ ᠲᠣᠰᠬᠤᠨ ᠤ ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠯ᠎ᠡ ᠲᠣᠰᠬᠤᠨ ᠤ ᠳᠠᠪᠠᠭᠤᠯᠢᠭ ᠲᠤ ᠰᠠᠭᠤᠷᠢᠯᠠᠵᠤ᠂ ᠠᠵᠤ ᠦᠢᠯᠡᠰ ᠤᠨ ᠲᠦᠷᠦᠯ ᠵᠦᠢᠯ ᠢ ᠰᠠᠶᠢᠲᠤᠷ ᠰᠣᠩᠭᠤᠵᠤ᠂ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠵᠤ᠂ ᠥᠪᠡᠷ ᠢᠶᠠᠨ ᠴᠢᠰᠤ ᠪᠦᠲᠦᠭᠡᠬᠦ ᠴᠢᠳᠠᠪᠬᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ᠭᠠᠴᠠᠭᠠᠨ ᠤ ᠬᠠᠮᠲᠤ ᠶᠢᠨ ᠠᠵᠤ ᠠᠬᠤᠢ ᠶᠢᠨ ᠪᠠᠭᠤᠷᠠᠢ ᠭᠠᠴᠠᠭ᠎ᠠ ᠶᠢ ᠰᠢᠯᠢᠳᠡᠭ ᠡᠳ᠋ ᠬᠥᠷᠥᠩᠭᠡ ᠳᠤ ᠣᠷᠣᠭᠤᠯᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠬᠥᠲᠥᠯᠥᠨ ᠵᠢᠯᠤᠭᠤᠳᠴᠤ᠂ ᠲᠣᠭᠲᠠᠪᠤᠷᠢᠲᠠᠢ ᠠᠰᠢᠭ ᠣᠷᠣᠯᠭ᠎ᠠ ᠶᠢ ᠪᠤᠢ ᠪᠣᠯᠭᠠᠬᠤ ᠬᠡᠷᠡᠭᠲᠡᠢ᠃ᠬᠥᠳᠡᠭᠡ ᠲᠣᠰᠬᠤᠨ ᠤ ᠵᠠᠰᠠᠯᠲᠠ ᠶᠢ ᠭᠦᠨᠵᠡᠭᠡᠶᠢᠷᠡᠭᠦᠯᠵᠦ᠂ ︽ᠨᠢᠭᠡ ᠥᠷᠲᠡᠭᠡᠨ ᠤ ᠬᠡᠯᠪᠡᠷᠢ︾ ᠶᠢᠨ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠲᠥᠪ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠬᠢ ᠪᠠᠶᠠᠯᠢᠭ ᠢ ᠨᠡᠶᠢᠳᠬᠡᠨ ᠳᠣᠷᠣᠭᠰᠢ ᠪᠠᠭᠤᠯᠭᠠᠵᠤ᠂ ᠡᠶᠡᠳᠡᠭᠦᠯᠬᠦ ᠪᠣᠭᠤᠮᠲᠠ ᠶᠢ ᠤᠷᠢᠳ ᠢᠶᠠᠷ ᠰᠢᠯᠵᠢᠭᠦᠯᠵᠦ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠠᠬᠠᠮᠠᠳ ᠨᠠᠮ ᠤᠨ ᠭᠡᠰᠢᠭᠦᠨ᠂ ᠨᠤᠲᠤᠭ ᠤᠨ ᠮᠡᠷᠭᠡᠳ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠰᠠᠭᠤᠳᠠᠯ ᠢ ᠲᠤᠰ ᠲᠣᠰᠬᠤᠨ ᠳᠠᠭᠠᠨ ᠦᠨᠡᠨᠬᠦ ᠰᠢᠢᠳᠪᠦᠷᠢᠯᠡᠵᠦ᠂ ᠵᠥᠷᠢᠴᠡᠯ ᠤᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠬᠦᠴᠦᠯᠡᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠬᠡᠷᠡᠭᠲᠡᠢ︔ᠲᠤᠷᠤᠢ ᠪᠠᠭᠤᠷᠠᠢ ᠰᠤᠯᠠ ᠵᠠᠳᠠᠭᠠᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠬᠤ ᠶᠢᠨ ᠤᠨᠢᠨ ᠳᠡᠭᠡᠷ᠎ᠡ ᠨᠢ ᠣᠨᠣᠪᠴᠢᠲᠠᠢ᠂ ᠠᠷᠭ᠎ᠠ ᠬᠡᠮᠵᠢᠶ᠎ᠡ ᠨᠢ ᠬᠦᠴᠦᠲᠡᠢ᠂ ᠦᠷ᠎ᠡ ᠪᠦᠲᠦᠮᠵᠢ ᠨᠢ ᠢᠯᠡᠷᠬᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠬᠢᠨ ᠰᠡᠳᠬᠢᠯ ᠵᠢᠷᠦᠬᠡᠨ ᠳᠡᠭᠡᠨ ᠢᠮᠠᠭᠲᠠ ᠤᠯᠠᠨ ᠲᠦᠮᠡᠨ ᠢ ᠪᠤᠳᠤᠵᠤ᠂ ︽ᠣᠶᠢᠯᠠᠭᠠᠬᠤ ᠰᠡᠳᠬᠢᠬᠦᠢ︾ ᠪᠠᠨ ᠴᠢᠩᠭᠠᠳᠬᠠᠵᠤ᠂ ᠪᠦᠯᠬᠦᠮᠳᠡᠨ ᠨᠢᠭᠡᠳᠴᠦ ᠠᠵᠢᠯ ᠶᠠᠪᠤᠳᠠᠯ ᠬᠢᠵᠦ᠂ ᠨᠢᠭᠡ ᠲᠤᠰᠢᠶᠠᠯ ᠤᠨ ᠬᠤᠭᠤᠴᠠᠭᠠᠨ ᠳᠠᠭᠠᠨ ᠰᠠᠭᠤᠷᠢ ᠲᠠᠯᠪᠢᠬᠤ᠂ ᠠᠯᠤᠰ ᠬᠡᠳᠦ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠡᠳᠦᠨ ᠪᠣᠳᠠᠲᠤ ᠶᠠᠪᠤᠳᠠᠯ ᠢ ᠴᠢᠷᠮᠠᠶᠢᠨ ᠬᠢᠬᠦ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠴᠧᠩ ᠯᠢ ᠰᠢᠶᠠᠩ᠂ ᠬᠧ ᠭᠦᠸᠧ ᠷᠦᠢ᠂ ᠯᠢ ᠶᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1