ᠸᠠᠩ ᠷᠦᠢ ᠥᠷᠯᠥᠭᠡ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/31
      5 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠥᠷᠯᠥᠭᠡ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠤᠷᠢᠳ ᠬᠤᠵᠢᠳ ᠪᠧᠢ ᠯᠢᠶᠠᠩ ᠰᠢᠨ᠎ᠡ ᠲᠣᠭᠤᠷᠢᠭ ᠤᠨ ᠡᠮᠦᠨ᠎ᠡ ᠲᠣᠭᠤᠷᠢᠭ ᠤᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠨᠠᠨ ᠭᠧ ᠳ᠋ᠦᠩ ᠠᠭᠤᠳᠠᠮ ᠲᠠᠯᠠᠪᠠᠢ ᠶᠢᠨ ᠥᠷᠯᠥᠭᠡ ᠶᠢᠨ ᠵᠠᠬ᠎ᠠ ᠳᠡᠯᠭᠡᠭᠦᠷ᠂ ᠲᠡᠮᠦᠷ ᠵᠠᠮ ᠤᠨ ᠥᠷᠯᠥᠭᠡ ᠶᠢᠨ ᠵᠠᠬ᠎ᠠ ᠳᠡᠯᠭᠡᠭᠦᠷ ᠲᠤ ᠬᠦᠷᠴᠦ᠂ ᠥᠷᠯᠥᠭᠡ ᠶᠢᠨ ᠵᠠᠬ᠎ᠠ ᠳᠡᠯᠭᠡᠭᠦᠷ ᠤᠨ ᠡᠵᠡᠩᠨᠡᠯᠲᠡ᠂ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃
5 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠪᠧᠢ ᠯᠢᠶᠠᠩ ᠰᠢᠨ᠎ᠡ ᠲᠣᠭᠤᠷᠢᠭ ᠤᠨ ᠡᠮᠦᠨ᠎ᠡ ᠲᠣᠭᠤᠷᠢᠭ ᠤᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ᠃      ᠸᠠᠩ ᠷᠦᠢ ᠴᠢᠬᠤᠯᠠᠴᠢᠯᠠᠬᠤ ᠳᠠᠭᠠᠨ᠂ ᠡᠷᠲᠡ ᠶᠢᠨ ᠵᠠᠬ᠎ᠠ ᠳᠡᠯᠭᠡᠭᠦᠷ ᠤᠨ ᠠᠵᠤ ᠠᠬᠤᠢ ᠪᠣᠯ ᠬᠤᠲᠠ ᠶᠢᠨ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠲᠡᠷᠡ ᠨᠢ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠪᠠᠷ ᠵᠠᠷᠴᠢᠮ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠡᠷᠲᠡ ᠶᠢᠨ ᠵᠠᠬ᠎ᠠ ᠳᠡᠯᠭᠡᠭᠦᠷ ᠤᠨ ᠠᠵᠤ ᠠᠬᠤᠢ ᠪᠣᠯᠣᠨ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠣᠷᠭᠠᠨᠢᠭ ᠢᠶᠠᠷ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠰᠢᠭᠤᠯᠵᠤ᠂ ᠢᠵᠢ ᠪᠦᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠦᠨ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠷᠲᠡ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ︔ᠡᠳᠦᠷ ᠲᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠪᠣᠯᠣᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠵᠤ᠂ ᠤᠯᠠᠨ ᠲᠦᠮᠡᠨ ᠤ ᠪᠠᠷᠠᠭ᠎ᠠ ᠬᠤᠳᠠᠯᠳᠤᠨ ᠠᠪᠬᠤ ᠳᠤ ᠨᠡᠩ ᠲᠦᠭᠦᠮ᠂ ᠨᠡᠩ ᠲᠠᠭᠠᠯᠠᠮᠵᠢᠲᠠᠢ ᠪᠣᠯᠭᠠᠬᠤ ᠬᠡᠷᠡᠭᠲᠡᠢ᠃ᠡᠷᠲᠡ ᠶᠢᠨ ᠵᠠᠬ᠎ᠠ ᠳᠡᠯᠭᠡᠭᠦᠷ ᠤᠨ ᠠᠵᠤ ᠠᠬᠤᠢ ᠳᠤ ᠲᠦᠰᠢᠭᠯᠡᠨ᠂ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ ᠪᠣᠷᠣᠯᠠᠭᠤᠯᠬᠤ ᠴᠢᠭ᠋ ᠢ ᠵᠦᠢ ᠵᠣᠬᠢᠰᠲᠠᠢ ᠪᠠᠶᠢᠷᠢᠰᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠲᠣᠰᠬᠤᠨ  ᠠᠴᠠ ᠭᠠᠷᠴᠤ ᠬᠤᠲᠠ ᠣᠷᠣᠬᠤ ᠵᠠᠮ ᠮᠥᠷ ᠢ ᠰᠠᠭᠠᠳ ᠦᠭᠡᠢ ᠨᠡᠪᠲᠡᠷᠡᠭᠦᠯᠬᠦ ᠥᠷᠯᠥᠭᠡ ᠶᠢᠨ ᠵᠠᠬ᠎ᠠ ᠳᠡᠯᠭᠡᠭᠦᠷ ᠤᠨ ᠠᠵᠤ ᠠᠬᠤᠢ᠂ ᠰᠥᠨᠢ ᠶᠢᠨ ᠠᠵᠤ ᠠᠬᠤᠢ ᠪᠠᠷ ᠰᠢᠪᠲᠤᠯᠤᠯᠲᠠ ᠪᠣᠯᠭᠠᠨ ᠬᠤᠲᠠ ᠶᠢᠨ ᠠᠵᠤ ᠠᠬᠤᠢ ᠶᠢ ᠰᠠᠶᠢᠲᠤᠷ ᠠᠳᠬᠤᠵᠤ᠂ ᠮᠠᠨ ᠤ ᠣᠷᠣᠨ ᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠤᠯᠠᠮᠵᠢᠯᠠᠯᠲᠤ ᠰᠠᠭᠤᠷᠢ ᠳᠠᠪᠠᠭᠤᠯᠢᠭ ᠢ ᠪᠠᠳᠠᠷᠠᠭᠤᠯᠵᠤ᠂ ᠰᠢᠭᠤᠳ ᠨᠡᠪᠲᠡᠷᠡᠭᠦᠯᠬᠦ ᠪᠠᠷᠠᠭ᠎ᠠ᠂ ᠡᠭᠦᠯᠡᠨ ᠵᠡᠭᠡᠯᠢ ᠵᠡᠷᠭᠡ ᠰᠢᠨ᠎ᠡ ᠬᠡᠷᠡᠭᠯᠡᠭᠡᠨ ᠤ ᠠᠬᠤᠢ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠪᠦᠲᠦᠭᠡᠭᠳᠡᠬᠦᠨ ᠢ ᠲᠠᠨᠢᠯᠴᠠᠭᠤᠯᠬᠤ ᠴᠤᠭᠯᠠᠭᠠᠨ᠂ ᠳᠡᠯᠭᠡᠨ ᠪᠣᠷᠣᠯᠠᠭᠤᠯᠬᠤ ᠦᠵᠡᠭᠦᠯᠦᠯᠭᠡ ᠶᠢᠨ ᠴᠤᠭᠯᠠᠭᠠᠨ ᠪᠠ ᠨᠠᠷᠠᠲᠤ ᠲᠥᠷᠥᠯ ᠲᠡᠮᠳᠡᠭᠲᠦ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠢᠳᠡᠪᠬᠢᠲᠡᠢ ᠡᠷᠭᠢᠯᠡᠵᠦ᠂ ᠬᠤᠲᠠ ᠶᠢᠨ ᠲᠣᠭᠤᠷᠢᠭ ᠤᠨ ᠬᠥᠮᠥᠨ ᠤ ᠬᠦᠴᠦᠨ ᠤ ᠬᠤᠳᠠᠯᠳᠤᠭᠠᠨ ᠤ ᠪᠠᠶᠢᠳᠠᠯ ᠢ ᠳᠡᠭᠡᠭᠰᠢᠯᠡᠭᠦᠯᠦᠨ᠂ ᠬᠤᠸᠠᠷ ᠫᠤᠤᠵᠢᠩ ᠤᠨ ᠪᠠᠶᠢᠳᠠᠯ ᠢ ᠨᠡᠮᠡᠭᠳᠡᠭᠦᠯᠵᠦ᠂ ᠳ᠋ᠦᠩ ᠾᠧ ᠭᠤᠣᠯ ᠤᠨ ᠰᠦᠷ ᠵᠢᠪᠬᠤᠭ᠎ᠠ ᠶᠢ ᠳᠠᠬᠢᠨ ᠮᠠᠨᠳᠤᠭᠤᠯᠬᠤ᠂ ᠥᠩᠭᠡᠷᠡᠭᠰᠡᠨ ᠤ ᠬᠥᠭᠵᠢᠶᠡᠨ ᠨᠠᠷᠭᠢᠶᠠᠨ ᠢ ᠳᠠᠬᠢᠨ ᠢᠯᠡᠷᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠲᠣᠭᠤᠷᠢᠭ ᠤᠨ ᠤᠳᠤᠷᠢᠳᠤᠯᠭ᠎ᠠ ᠬᠧ ᠭᠦᠸᠧ ᠷᠦᠢ᠂ ᠴᠠᠩ ᠴᠢᠤᠸᠠᠨ ᠸᠧᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1