ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ — ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ
ᠨᠡᠶᠢᠲᠡᠯᠡᠭᠰᠡᠨ ᠴᠠᠭ᠄
2023/5/31
      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 5 ᠰᠠᠷ᠎ᠠ ᠶᠢᠨ 29 ᠤ ᠦᠳᠡ ᠶᠢᠨ ᠬᠤᠶᠢᠨ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠢ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠤᠷᠭᠠᠨ ᠬᠥᠮᠦᠵᠢᠯ ᠬᠥᠭᠵᠢᠪᠡᠯ ᠤᠯᠤᠰ ᠮᠠᠨᠳᠤᠵᠤ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠵᠠᠮᠴᠢᠯᠠᠭᠴᠢ ᠮᠥᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢᠨ ᠪᠦᠲᠦᠮᠵᠢᠲᠡᠢ ᠠᠷᠭ᠎ᠠ ᠵᠠᠮ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠰᠠᠭᠤᠷᠢ ᠢᠨᠵᠧᠨᠧᠷᠢᠩ ᠮᠥᠨ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠪᠠᠶᠢᠷᠢᠰᠢᠭᠤᠯᠵᠤ᠂ ᠬᠤᠪᠢᠰᠤᠯᠲᠠ ᠶᠢ ᠬᠦᠴᠦᠲᠡᠢ ᠠᠷᠭᠠᠴᠠᠭᠠᠵᠤ᠂ ᠰᠢᠨ᠎ᠡ ᠪᠠᠶᠢᠳᠠᠯ ᠢ ᠬᠦᠴᠦᠯᠡᠨ ᠨᠡᠭᠡᠭᠡᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠨ ᠢᠶᠠᠷ ᠠᠷᠠᠳ ᠲᠦᠮᠡᠨ ᠤ ᠵᠣᠯ ᠵᠢᠷᠭᠠᠯ ᠤᠨ ᠦᠨᠳᠦᠰᠦ ᠶᠢ ᠪᠠᠲᠤᠳᠬᠠᠵᠤ᠂ ᠰᠤᠷᠭᠠᠨ ᠬᠥᠮᠦᠵᠢᠯ ᠤᠨ ᠬᠦᠴᠦᠷᠬᠡᠭᠵᠢᠯ ᠢᠶᠠᠷ ᠤᠯᠤᠰ ᠣᠷᠣᠨ ᠤ ᠪᠠᠶᠠᠨ ᠬᠦᠴᠦᠷᠬᠡᠭ ᠤᠨ ᠰᠠᠭᠤᠷᠢ ᠶᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠴᠢᠩᠬᠤᠸᠠ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠴᠢᠦ ᠶᠦᠩ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃      ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ᠃ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠭᠰᠠᠨ ᠬᠥᠭᠵᠢᠯᠲᠡ ᠶᠢᠨ ᠶᠡᠷᠦᠩᠬᠡᠢ ᠲᠦᠪᠰᠢᠨ ᠳᠡᠯᠡᠬᠡᠢ ᠶᠢᠨ ᠳᠤᠮᠳᠠ ᠳᠡᠭᠡᠳᠦ ᠤᠯᠤᠰ ᠤᠨ ᠡᠩᠨᠡᠭᠡᠨ ᠳᠤ ᠣᠷᠣᠪᠠ᠃ ᠵᠢᠱᠢᠵᠦ ᠪᠤᠳᠣᠬᠰᠠᠨ ᠢᠶᠠᠷ ᠮᠠᠨ ᠤ ᠤᠯᠤᠰ ᠤᠨ ᠣᠳᠣᠬᠠᠨ ᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠭᠦᠢᠴᠡᠳᠬᠡᠯ ᠲᠤᠭ᠎ᠠ ᠪᠦᠭᠦ ᠳᠡᠯᠡᠬᠡᠢ ᠶᠢᠨ 23 ᠳ᠋ᠤᠭᠠᠷ ᠲᠤ ᠣᠷᠣᠵᠤ᠂ 2012 ᠣᠨ ᠤ ᠬᠢ ᠠᠴᠠ 26 ᠪᠠᠶᠢᠷᠢ ᠡᠮᠦᠨᠡᠰᠢᠯᠡᠵᠦ᠂ ᠳᠠᠪᠰᠢᠯᠲᠠ ᠪᠠᠷ ᠬᠠᠮᠤᠭ ᠤᠨ ᠲᠦᠷᠭᠡᠨ ᠤᠯᠤᠰ ᠪᠣᠯᠵᠠᠢ᠃ ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠪᠣᠯ ᠪᠦᠷᠢᠮᠦᠰᠦᠨ ᠵᠥᠪ ᠪᠤᠯᠬᠤ ᠶᠢ ᠭᠦᠢᠴᠡᠳ ᠭᠡᠷᠡᠴᠢᠯᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠢᠳᠠ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ ᠡᠷᠬᠡᠪᠰᠢ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦᠨ ᠪᠠᠲᠤᠯᠠᠭ᠎ᠠ ᠪᠤᠯᠭᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ ᠦᠨᠳᠦᠰᠦᠨ ᠡᠭᠦᠷᠭᠡ ᠪᠤᠯᠭᠠᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠪᠠᠷ ᠦᠨᠳᠦᠰᠦᠨ ᠬᠠᠷᠠᠯᠲᠠ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠦᠢᠯᠡᠴᠢᠯᠡᠬᠦ ᠪᠠᠷ ᠴᠢᠬᠤᠯᠠ ᠡᠭᠦᠷᠭᠡ ᠪᠤᠯᠭᠠᠵᠤ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠰᠢᠰᠲ᠋ᠧᠮ᠂ ᠳᠦᠷᠢᠮ᠂ ᠠᠭᠤᠯᠭ᠎ᠠ᠂ ᠠᠷᠭ᠎ᠠ᠂ ᠵᠠᠰᠠᠯᠲᠠ ᠶᠢᠨ ᠣᠳᠣᠬᠢᠴᠢᠯᠠᠯᠲᠠ ᠪᠠᠷ ᠦᠨᠳᠦᠰᠦᠨ ᠠᠷᠭ᠎ᠠ ᠵᠠᠮ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠬᠥᠲᠥᠯᠥᠨ ᠳᠠᠭᠠᠭᠤᠯᠬᠤ ᠪᠠᠷ ᠭᠤᠣᠯ ᠦᠢᠯᠡᠳᠦᠯ ᠴᠢᠳᠠᠪᠤᠷᠢ ᠪᠤᠯᠭᠠᠬᠤ ᠬᠡᠷᠡᠭᠲᠡᠢ ᠪᠠᠶᠢᠵᠤ᠂ ᠡᠴᠦᠰ ᠤᠨ ᠬᠠᠷᠠᠯᠲᠠ ᠪᠣᠯ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠪᠣᠯᠣᠨ᠎ᠠ᠂ ᠪᠠᠰᠠ ᠴᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠭᠤᠣᠯ ᠰᠡᠳᠦᠪ ᠪᠣᠯᠣᠨ᠎ᠠ᠃ ᠮᠠᠨ ᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ ᠦᠶ᠎ᠡ ᠦᠶ᠎ᠡ ᠶᠢᠨ ᠴᠢᠳᠠᠪᠤᠷᠢᠲᠠᠨ ᠢ ᠬᠥᠮᠥᠵᠢᠭᠦᠯᠵᠦ᠂ ᠨᠠᠮ ᠤᠨ ᠦᠢᠯᠡᠰ ᠪᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠵᠠᠯᠭᠠᠮᠵᠢᠯᠠᠭᠴᠢ ᠲᠠᠢ ᠪᠠᠶᠢᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠣᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠬᠦᠴᠦᠯᠡᠨ ᠴᠢᠩᠭᠠᠳᠬᠠᠵᠤ᠂ ᠰᠤᠷᠤᠬᠴᠢᠳ ᠢ ᠬᠥᠲᠥᠯᠥᠨ ᠵᠢᠯᠤᠭᠤᠳᠴᠤ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠲᠠᠢ ᠪᠤᠯᠭᠠᠵᠤ᠂ ᠡᠭᠦᠷᠢᠳᠡ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠤᠯᠤᠰ ᠪᠣᠯᠣᠨ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠭᠦ ᠪᠠᠷ ᠵᠣᠷᠢᠭ ᠰᠢᠭᠤᠳᠬᠤ ᠪᠤᠯᠭᠠᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠰᠦᠯᠵᠢᠶ᠎ᠡ ᠪᠠᠷ ᠬᠥᠮᠥᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠢᠨᠲ᠋ᠧᠷ ᠰᠦᠯᠵᠢᠶᠡᠨ ᠤ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠮᠢᠨ ᠰᠤᠳᠠᠰᠤ ᠪᠤᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠦᠨᠳᠦᠰᠦᠨ ᠴᠡᠭ  ᠨᠢ ᠰᠠᠭᠤᠷᠢ ᠰᠤᠷᠭᠠᠨ ᠬᠥᠮᠦᠵᠢᠯ ᠳᠤ ᠪᠤᠢ᠃ ᠰᠠᠭᠤᠷᠢ ᠰᠤᠷᠭᠠᠨ ᠬᠥᠮᠦᠵᠢᠯ ᠢ ᠬᠡᠳᠦᠢ ᠯᠠᠪᠳᠠᠭᠤᠨ ᠪᠠᠲᠤᠲᠠᠢ ᠬᠢᠬᠦ ᠲᠤᠲᠤᠮ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠠᠯᠬᠤᠴᠠ ᠲᠡᠳᠦᠢ ᠯᠠᠪᠳᠠᠭᠤᠨ ᠪᠣᠯᠵᠤ᠂ ᠨᠥᠭᠡᠴᠡ ᠬᠦᠴᠦᠨ  ᠨᠢ ᠲᠡᠳᠦᠢ ᠲᠡᠭᠦᠯᠳᠡᠷ ᠪᠣᠯᠣᠨ᠎ᠠ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠲᠠᠢ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠨᠢ ᠰᠤᠷᠤᠬᠴᠢᠳ ᠤᠨ ᠮᠡᠳᠡᠯᠭᠡ ᠶᠢᠨ ᠰᠠᠭᠤᠷᠢ ᠶᠢ ᠪᠠᠬᠢᠵᠢᠭᠦᠯᠬᠦ ᠪᠠᠷ ᠪᠠᠷᠠᠬᠤ ᠦᠭᠡᠢ ᠪᠠᠰᠠ ᠰᠤᠷᠤᠬᠴᠢᠳ ᠤᠨ ᠰᠢᠨᠵᠢᠯᠡᠬᠦ ᠤᠬᠠᠭᠠᠨ ᠢ ᠡᠷᠭᠢᠮᠯᠡᠭᠦ᠂ ᠥᠯᠥ ᠮᠡᠳᠡᠬᠦ ᠵᠦᠢᠯ ᠢ ᠰᠡᠳᠬᠢᠨ ᠰᠦᠪᠡᠭᠴᠢᠯᠡᠬᠦ ᠳᠤᠷ᠎ᠠ ᠰᠣᠨᠢᠷᠬᠠᠯ ᠢ ᠬᠥᠭᠵᠢᠭᠡᠵᠦ᠂ ᠲᠡᠳᠡᠨ ᠤ ᠰᠡᠳᠬᠢᠨ ᠰᠦᠪᠡᠭᠴᠢᠯᠡᠬᠦ ᠴᠢᠨᠠᠷᠲᠠᠢ᠂ ᠰᠢᠨ᠎ᠡ ᠶᠢ ᠡᠭᠦᠳᠬᠦ ᠴᠢᠨᠠᠷᠲᠠᠢ ᠰᠡᠳᠬᠢᠬᠦᠢ ᠶᠢᠨ ᠬᠡᠪ ᠴᠢᠨᠠᠷ ᠢ ᠬᠥᠮᠥᠵᠢᠭᠦᠯᠦᠨ᠎ᠡ᠃ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨᠴᠢ ᠴᠢᠳᠠᠪᠤᠷᠢᠲᠠᠨ ᠤ ᠦᠵᠡᠯᠲᠡ᠂ ᠴᠢᠳᠠᠪᠤᠷᠢᠲᠠᠨ ᠪᠤᠯᠬᠤ ᠦᠵᠡᠯᠲᠡ᠂ ᠰᠤᠷᠭᠠᠨ ᠬᠥᠮᠦᠵᠢᠯ ᠤᠨ ᠦᠵᠡᠯᠲᠡ ᠶᠢ ᠪᠤᠢ ᠪᠤᠯᠭᠠᠵᠤ᠂ ᠰᠤᠷᠭᠠᠨ ᠬᠥᠮᠦᠵᠢᠯ ᠤᠨ ᠠᠰᠢᠭ ᠬᠠᠷᠠᠬᠤ ᠬᠡᠯᠪᠡᠷᠢᠯ ᠢ ᠲᠦᠷᠭᠡᠪᠴᠢᠯᠡᠨ ᠬᠤᠪᠢᠷᠠᠭᠤᠯᠵᠤ᠂ ᠰᠤᠷᠭᠠᠨ ᠬᠥᠮᠦᠵᠢᠯ ᠤᠨ ᠡᠷᠡᠭᠦᠯ ᠰᠠᠷᠠᠭᠤᠯ ᠣᠷᠴᠢᠨ ᠨᠥᠬᠦᠴᠡᠯ ᠪᠠ ᠠᠮᠢ ᠠᠬᠤᠢ ᠶᠢ ᠪᠤᠢ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ᠂ ᠳᠠᠭᠠᠭᠤᠯᠤᠭᠴᠢ ᠨᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠬᠤ ᠶᠢ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠰᠠᠭᠤᠷᠢ ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ᠂ ᠰᠣᠯᠪᠢᠴᠠᠭᠰᠠᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠂ ᠳᠡᠯᠡᠬᠡᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠰᠢᠭᠤᠷᠠᠯ ᠪᠠ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠴᠢᠭᠯᠡᠭᠦᠯᠦᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ ᠶᠢ ᠠᠬᠢᠭᠤᠯᠵᠤ᠂ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠪᠠ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠦᠭᠦ ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ ᠰᠤᠷᠤᠯᠴᠠᠬᠤ ᠭᠡᠯᠪᠡᠷᠢ ᠶᠢᠨ ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ ᠪᠦᠲᠦᠭᠡᠨ ᠪᠠᠶᠢᠭᠤᠯᠵᠤ᠂ ᠬᠥᠮᠥᠨ ᠪᠦᠭᠦᠨ ᠰᠤᠷᠤᠯᠴᠠᠬᠤ᠂ ᠭᠠᠵᠠᠷ ᠪᠣᠯᠭᠠᠨ ᠳᠤ ᠰᠤᠷᠤᠯᠴᠠᠵᠤ ᠳᠡᠶᠢᠯᠭᠦ᠂ ᠴᠠᠭ ᠢᠮᠠᠭᠲᠠ ᠰᠤᠷᠤᠯᠴᠠᠵᠤ ᠪᠤᠯᠬᠤ ᠶᠢ ᠠᠬᠢᠭᠤᠯᠵᠤ᠂ ᠠᠷᠠᠳ ᠢᠷᠭᠡᠳ ᠤᠨ ᠰᠤᠷᠭᠠᠨ ᠬᠥᠮᠦᠵᠢᠯ ᠭᠦᠷᠲᠡᠭᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠡᠭᠦᠷᠭᠡ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠳᠣᠲᠣᠭᠠᠳᠤ ᠨᠢᠭᠡᠳᠦᠯᠲᠦ ᠴᠢᠨᠠᠷ ᠪᠠ ᠬᠠᠷᠢᠯᠴᠠᠨ ᠲᠤᠯᠭᠠᠭᠤᠷᠢᠯᠠᠬᠤ ᠴᠢᠨᠠᠷ ᠲᠠᠢ ᠪᠠᠶᠢᠳᠠᠭ᠂ ᠡᠨᠡ ᠭᠤᠷᠪᠠ ᠶᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠪᠢ ᠳᠠᠭᠢᠨ ᠦᠢᠯᠡᠳᠦᠯ ᠢ ᠪᠦᠷᠢᠯᠳᠦᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ᠂ ᠢᠨᠵᠧᠨᠧᠷᠢᠩ ᠤᠨ ᠰᠤᠷᠭᠠᠨ ᠬᠥᠮᠦᠵᠢᠯ ᠢ ᠴᠢᠨᠠᠭᠰᠢᠳᠠ ᠴᠢᠩᠭᠠᠳᠬᠠᠵᠤ᠂ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠶᠢ ᠴᠢᠩᠭᠠᠳᠬᠠᠵᠤ᠂ ᠮᠠᠨ ᠤ ᠤᠯᠤᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠮᠠᠨ ᠤ ᠤᠯᠤᠰ ᠤᠨ ᠡᠯ᠎ᠡ ᠲᠠᠯ᠎ᠠ ᠶᠢᠨ ᠴᠢᠳᠠᠪᠤᠷᠢᠲᠠᠨ ᠤ ᠬᠥᠭᠵᠢᠯᠲᠡ ᠶᠢᠨ ᠬᠠᠨᠳᠤᠰᠢ ᠵᠢᠴᠢ ᠳᠤᠲᠠᠭᠤᠳᠠᠯ ᠤᠨ ᠪᠠᠶᠢᠳᠠᠯ ᠢ ᠰᠢᠰᠲ᠋ᠧᠮ ᠲᠠᠢ ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠲᠣᠬᠢᠷᠠᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠠᠷᠠᠯᠲᠠ ᠲᠠᠢ ᠪᠠᠷ ᠬᠥᠮᠥᠵᠢᠭᠦᠯᠵᠦ᠂ ᠰᠤᠷᠭᠠᠨ ᠬᠥᠮᠦᠵᠢᠯ  ᠠᠴᠠ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠭᠦ ᠲᠤᠯᠭᠠᠭᠤᠷᠢᠯᠠᠬᠤ ᠬᠦᠴᠦᠨ ᠪᠠ ᠬᠤᠪᠢ ᠨᠡᠮᠡᠷᠢ ᠦᠵᠡᠭᠦᠯᠭᠦ ᠬᠦᠴᠦᠨ  ᠢ ᠳᠡᠭᠡᠭᠰᠢᠯᠡᠭᠦᠯᠭᠦ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠬᠠᠮᠵᠢᠯᠴᠠᠭᠤᠯᠬᠤ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ᠂ ᠶᠡᠭᠡ ᠤᠯᠤᠰ ᠤᠨ ᠤᠷᠠᠨ ᠳᠠᠷᠬᠠᠨ᠂ ᠮᠡᠷᠭᠡᠰᠢᠭᠰᠡᠨ ᠳᠠᠷᠬᠠᠨ ᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠤᠯᠬᠤ ᠨᠢ ᠰᠢᠰᠲ᠋ᠧᠮᠲᠦ ᠴᠢᠨᠠᠷᠲᠠᠢ ᠳᠠᠪᠠᠯᠲᠠ ᠪᠠ ᠴᠢᠨᠠᠷ ᠤᠨ ᠬᠤᠪᠢᠷᠠᠯᠲᠠ ᠪᠠᠶᠢᠵᠤ᠂ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠥᠮᠥᠨ ᠬᠥᠮᠥᠵᠢᠭᠦᠯᠬᠦ ᠭᠡᠯᠪᠡᠷᠢ᠂ ᠰᠤᠷᠭᠠᠭᠤᠯᠢ ᠡᠷᠭᠢᠯᠡᠭᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠮᠵᠢ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢᠪᠠ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠪᠣᠯᠣᠨ ᠪᠠᠶᠢᠭᠤᠯᠤᠮᠵᠢ ᠲᠣᠭᠲᠠᠴᠠ ᠶᠢᠨ ᠭᠡᠮ ᠠᠷᠬᠠᠭ ᠢ ᠡᠷᠡᠰ ᠠᠷᠢᠯᠭᠠᠵᠤ᠂ ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠲᠠᠯ᠎ᠠ ᠡᠯ᠎ᠡ ᠭᠤᠭᠴᠤᠭ᠎ᠠ ᠳᠤ ᠠᠭᠤᠰᠬᠠᠵᠤ᠂ ᠰᠤᠷᠭᠠᠨ ᠬᠥᠮᠦᠵᠢᠯ ᠤᠨ ᠬᠤᠳᠠ ᠬᠥᠳᠡᠭᠡ᠂ ᠣᠷᠣᠨ ᠪᠦᠰᠡ᠂ ᠰᠤᠷᠭᠠᠭᠤᠯᠢ᠂ ᠬᠥᠮᠥᠰ ᠤᠨ ᠬᠤᠭᠤᠷᠤᠨᠳᠤᠭᠢ ᠵᠥᠷᠢᠶ᠎ᠡ ᠶᠢ ᠪᠠᠭᠠᠰᠬᠠᠵᠤ᠂ ᠬᠡᠦᠬᠡᠳ ᠨᠢᠭᠡᠪᠦᠷᠢ ᠳᠤ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠵᠤ᠂ ᠤᠯᠠᠨ ᠲᠦᠮᠡᠨ ᠤ ︽ᠰᠤᠷᠭᠠᠭᠤᠯᠢ ᠳᠤ ᠰᠠᠭᠤᠬᠤ︾ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠡᠰᠢᠲᠦ ᠭᠤᠣᠯ ᠴᠣᠭᠴᠠ ᠶᠢᠨ ᠣᠷᠣᠯᠴᠠᠬᠰᠠᠨ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ ᠳᠡᠯᠡᠬᠡᠢ ᠶᠢᠨ ᠲᠦᠪᠰᠢᠨ ᠪᠦᠬᠦᠢ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠵᠥᠪ ᠤᠯᠤᠰ ᠲᠦᠷᠦ ᠶᠢᠨ ᠴᠢᠭᠯᠡᠯ ᠪᠠ ᠦᠷᠳᠡᠭ ᠤᠨ ᠤᠳᠤᠷᠢᠳᠤᠮᠵᠢ ᠶᠢ ᠪᠠᠲᠤ ᠡᠵᠡᠮᠳᠡᠵᠦ᠂ ᠦᠨᠳᠦᠰᠦ ᠶᠢ ᠪᠣᠶᠢᠵᠢᠭᠤᠯᠵᠤ ᠰᠦᠭ ᠰᠦᠨᠡᠰᠦ ᠶᠢ ᠱᠤᠭᠤᠬᠤ᠂ ᠤᠶᠤᠨ ᠤᠬᠠᠭᠠᠨ ᠢ ᠰᠡᠩᠬᠡᠷᠡᠭᠦᠯᠦᠨ ᠨᠡᠮᠡᠭᠳᠡᠭᠦᠯᠬᠦ ᠰᠣᠳᠣᠨ ᠵᠢᠭᠠᠬᠤ ᠮᠠᠲ᠋ᠧᠷᠢᠶᠠᠯ ᠢ ᠰᠡᠳᠬᠢᠯ ᠲᠠᠯᠪᠢᠨ ᠵᠣᠬᠢᠶᠠᠬᠤ ᠬᠡᠷᠡᠭᠲᠡᠢ ᠃ ᠰᠤᠷᠭᠠᠨ ᠬᠥᠮᠦᠵᠢᠯ ᠤᠨ ᠲᠣᠭᠠᠴᠢᠯᠠᠯᠲᠠ ᠪᠣᠯ ᠮᠠᠨ ᠤ ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠪᠠ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠬᠤ ᠴᠢᠬᠤᠯᠠ ᠰᠢᠪᠲᠤᠯᠤᠯᠲᠠ ᠶᠢᠨ ᠴᠡᠭ ᠮᠥᠨ᠃ ᠲᠣᠭᠠᠴᠢᠯᠠᠭᠰᠠᠨ ᠰᠤᠷᠭᠠᠨ ᠬᠥᠮᠦᠵᠢᠯ ᠢ ᠴᠢᠨᠠᠭᠰᠢᠳᠠ ᠠᠬᠢᠭᠤᠯᠵᠤ᠂ ᠥᠪᠡᠷᠮᠢᠴᠡ ᠣᠨᠴᠠᠯᠢᠭ ᠲᠠᠢ ᠰᠤᠷᠤᠯᠴᠠᠬᠤ᠂ ᠨᠠᠰᠤᠨ ᠲᠤᠷᠰᠢᠲᠠ ᠰᠤᠷᠤᠯᠴᠠᠬᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠪᠠ ᠰᠤᠷᠭᠠᠨ ᠬᠥᠮᠦᠵᠢᠯ ᠤᠨ ᠣᠳᠣᠬᠢᠴᠢᠯᠠᠯᠲᠠ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ︽ᠣᠷᠣᠭᠤᠯᠤᠨ ᠠᠪᠴᠢᠷᠠᠬᠤ︾ ᠪᠠ ︽ᠭᠠᠳᠠᠭᠰᠢ ᠭᠠᠷᠭᠠᠬᠤ︾ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠳᠡᠯᠡᠬᠡᠢ ᠶᠢᠨ ᠲᠡᠷᠢᠭᠦᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠣᠨ ᠰᠢᠨ᠎ᠡ ᠶᠢ ᠡᠭᠦᠳᠬᠦ ᠡᠯᠧᠮᠧᠨ᠋ᠲ ᠢ ᠪᠦᠲᠦᠮᠵᠢᠲᠡᠢ ᠠᠰᠢᠭᠯᠠᠵᠤ᠂ ᠮᠠᠨ ᠤ ᠤᠯᠤᠰ ᠢᠶᠠᠨ ᠬᠦᠴᠦᠷᠬᠡᠭ ᠶᠡᠭᠡ ᠨᠥᠯᠥᠭᠡᠯᠡᠬᠦ ᠬᠦᠴᠦᠨ ᠲᠠᠢ ᠳᠡᠯᠡᠬᠡᠢ ᠶᠢᠨ ᠴᠢᠬᠤᠯᠠ ᠰᠤᠷᠭᠠᠨ ᠬᠥᠮᠦᠵᠢᠯ ᠤᠨ ᠲᠥᠪ ᠪᠤᠯᠭᠠᠬᠤ ᠬᠡᠷᠡᠭᠲᠡᠢ᠃ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ︽ᠭᠠᠳᠠᠭᠠᠳᠤ ᠳᠤ ᠰᠤᠷᠤᠯᠴᠠᠬᠤ ᠳᠤᠮᠳᠠᠳᠤ ᠤᠯᠤᠰ︾ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠤᠷᠰᠢᠯᠭ᠎ᠠ ᠶᠢ ᠳᠠᠮᠵᠢᠭᠤᠯᠵᠤ᠂ ᠳᠤᠮᠳᠠᠳᠤ ᠤᠯᠤᠰ ᠤᠨ ᠳᠠᠭᠤᠨ ᠢ ᠳᠠᠭᠤᠷᠢᠰᠢᠭᠤᠯᠵᠤ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠦᠭᠡ ᠬᠡᠯᠡᠬᠦ ᠡᠷᠬᠡ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠳᠤ ᠡᠷᠬᠡᠪᠰᠢ ᠤᠷᠢᠳ ᠢᠶᠠᠷ ᠪᠠᠭᠰᠢ ᠶᠢᠨ ᠡᠩᠨᠡᠭᠡ ᠶᠢ ᠬᠦᠴᠦᠷᠬᠡᠭᠵᠢᠭᠦᠯᠬᠦ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠬᠠᠮᠤᠭ ᠤᠨ ᠴᠢᠬᠤᠯᠠ ᠰᠠᠭᠤᠷᠢ ᠠᠵᠢᠯ ᠪᠣᠯᠭᠠᠨ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠵᠦ᠂ ᠡᠷᠬᠢᠮ ᠳᠡᠭᠡᠳᠦ ᠮᠣᠷᠠᠯ ᠲᠠᠢ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠵᠣᠬᠢᠰᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠶᠡᠭᠡ ᠪᠠᠷ ᠬᠥᠮᠥᠵᠢᠭᠦᠯᠬᠦ ᠬᠡᠷᠡᠭᠲᠡᠢ᠃ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠵᠤ᠂ ᠪᠠᠭᠰᠢ ᠶᠢᠨ ᠤᠯᠤᠰ ᠲᠦᠷᠦ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠶᠢ ᠨᠡᠶᠢᠭᠡᠮ ᠤᠨ ᠬᠦᠨᠳᠦᠳᠬᠡᠯ ᠢ ᠬᠠᠮᠤᠭ ᠤᠨ ᠶᠡᠭᠡ ᠣᠯᠣᠭᠰᠠᠨ ᠠᠵᠢᠯ ᠮᠡᠷᠭᠡᠵᠢᠯ ᠤᠨ ᠨᠢᠭᠡ ᠪᠤᠯᠭᠠᠵᠤ᠂ ᠰᠢᠯᠢᠳᠡᠭ ᠴᠢᠳᠠᠪᠤᠷᠢᠲᠠᠨ ᠤ ᠬᠠᠯᠠᠭᠤᠨ ᠰᠡᠳᠬᠢᠯ ᠢᠶᠠᠷ ᠪᠠᠭᠰᠢᠯᠠᠬᠤ᠂ ᠨᠠᠷᠢᠨ ᠨᠢᠮᠪᠠᠢ ᠪᠠᠭᠰᠢᠯᠠᠬᠤ᠂ ᠤᠷᠳᠤ ᠬᠤᠭᠤᠴᠠᠭ᠎ᠠ ᠪᠠᠷ ᠪᠠᠭᠰᠢᠯᠠᠬᠤ᠂ ᠨᠠᠰᠤᠨ ᠲᠤᠷᠰᠢᠲᠠ ᠪᠠᠭᠰᠢᠯᠠᠬᠤ ᠶᠢ ᠳᠡᠮᠵᠢᠬᠦ ᠪᠠ ᠲᠠᠲᠠᠬᠤ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠣᠯᠠᠨ ᠪᠠᠭᠰᠢ ᠶᠢᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠶᠣᠰᠣ ᠰᠤᠷᠲᠠᠬᠤᠨ ᠦᠵᠡᠯ ᠰᠡᠳᠬᠢᠯᠭᠡ ᠪᠠᠨ ᠪᠤᠯᠪᠠᠰᠤᠷᠠᠭᠤᠯᠵᠤ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠶᠢ ᠡᠵᠡᠮᠰᠢᠵᠦ᠂ ᠥᠷᠥᠰᠢᠶᠡᠯ ᠬᠠᠶᠢᠷ᠎ᠠ ᠶᠢᠨ ᠰᠡᠳᠬᠢᠯ ᠢᠶᠠᠨ ᠦᠷᠭᠦᠯᠵᠢ ᠵᠠᠰᠠᠵᠤ᠂ ︽ᠰᠤᠷᠭᠠᠨ ᠬᠥᠮᠦᠵᠢᠯ ᠤᠨ ᠦᠢᠯᠡᠰ ᠲᠤ ᠬᠢᠴᠢᠶᠡᠩᠭᠦᠶᠢᠯᠡᠨ ᠵᠢᠳᠬᠦᠵᠦ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︾ ᠭᠡᠬᠦ ᠵᠣᠷᠢᠭ ᠪᠠ ᠬᠦᠰᠡᠯᠡᠩ ᠢ ᠪᠤᠢ ᠪᠤᠯᠭᠠᠵᠤ᠂ ᠭᠤᠷᠪᠠᠨ ᠲᠣᠬᠤᠢ ᠬᠢᠴᠢᠶᠡᠯ ᠤᠨ ᠲᠠᠶᠢᠰᠠ ᠶᠢ ᠪᠠᠲᠤ ᠰᠠᠬᠢᠵᠤ᠂ ᠨᠢᠭᠡ ᠰᠡᠳᠬᠢᠯ ᠢᠶᠠᠷ ᠪᠢᠴᠢᠭ ᠵᠢᠭᠠᠵᠤ ᠬᠥᠮᠥᠨ ᠬᠥᠮᠥᠵᠢᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ ᠬᠠᠮᠤᠭ ᠤᠨ ᠰᠡᠭᠦᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠡᠭᠦᠷᠭᠡ ᠮᠥᠨ᠃ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠤᠷᠭᠠᠨ ᠬᠥᠮᠦᠵᠢᠯ ᠤᠨ ᠤᠳᠤᠷᠢᠳᠬᠤ ᠪᠠᠶᠢᠭᠤᠯᠤᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠬᠥᠭᠵᠢᠯᠲᠡ ᠶᠢᠨ ᠲᠥᠯᠦᠪᠵᠢᠭᠦᠯᠭᠡ᠂ ᠡᠬᠢ ᠪᠠᠶᠠᠯᠢᠭ ᠤᠨ ᠪᠠᠲᠤᠯᠠᠭ᠎ᠠ᠂ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠤᠷᠭᠠᠭᠤᠯᠢ᠂ ᠭᠡᠷ ᠪᠦᠯᠢ᠂ ᠨᠡᠶᠢᠭᠡᠮ ᠨᠢᠭᠲᠠ ᠬᠠᠮᠲᠤᠷᠠᠯᠴᠠᠵᠤ᠂ ᠠᠳᠠᠯᠢ ᠴᠢᠭᠯᠡᠯ ᠢᠶᠠᠷ ᠬᠦᠴᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠦᠢᠯᠡᠰ ᠢ ᠬᠠᠮᠲᠤ ᠪᠠᠷ ᠰᠠᠶᠢᠲᠤᠷ ᠡᠷᠭᠢᠯᠡᠭᠦ ᠬᠡᠷᠡᠭᠲᠡᠢ᠃ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢᠲᠡᠭᠡᠯ ᠵᠣᠷᠢᠭ ᠢᠶᠠᠨ ᠪᠠᠲᠤᠳᠬᠠᠨ᠂ ᠤᠳᠠᠭᠠᠨ ᠳᠠᠭᠠᠭᠠᠮᠠᠭᠠᠢ ᠵᠢᠳᠬᠦᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠠᠷᠠᠯᠲᠠ ᠶᠢ ᠡᠷᠲᠡᠬᠡᠨ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠭᠢᠯᠭᠠᠨ ᠮᠡᠳᠡᠭᠡ︶  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1