4 ᠰᠠᠷ᠎ᠠ ᠶᠢᠨ 28 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠵᠠᠩ ᠯᠢ ᠵᠢᠶᠦ᠋ᠨ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ | ᠬᠢᠵᠡᠢ᠃ | ᠵᠠᠩ ᠯᠢ ᠵᠢᠶᠦ᠋ᠨ ᠪᠦᠯᠬᠦᠮ ᠳᠠᠭᠠᠭᠤᠯᠤᠨ ᠤᠷᠢᠳ ᠬᠤᠵᠢᠳ ᠴᠢᠶᠣᠤ ᠵᠢᠶᠠ ᠶᠢᠨ ᠵᠡᠭᠡᠯᠢ᠂ ᠦ᠋ ᠶᠤᠸᠠᠢ | ᠠᠭᠤᠳᠠᠮ ᠲᠠᠯᠠᠪᠠᠢ᠂ ᠮᠣᠯ ᠬᠤᠳᠠ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠪᠠ᠃ᠬᠦᠷᠦᠭᠰᠡᠨ ᠭᠠᠵᠠᠷ ᠪᠣᠯᠭᠠᠨ ᠳᠤ᠂ ᠵᠠᠩ ᠯᠢ ᠵᠢᠶᠦ᠋ᠨ ᠴᠥᠮ ᠠᠵᠤ | ᠠᠬᠤᠶᠢᠯᠠᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠵᠤ᠂ ᠲᠥᠬᠦᠭᠡᠷᠦᠮᠵᠢ | ᠲᠣᠬᠢᠷᠠᠭᠤᠯᠬᠤ ᠪᠠᠲᠤᠯᠠᠭ᠎ᠠ᠂ ᠬᠤᠳᠠᠯᠳᠤᠭᠠᠨ ᠤ ᠲᠠᠯᠠᠪᠤᠷ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ᠂ | ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ | ᠲᠤᠨᠢ ᠪᠠᠶᠢᠴᠠᠭᠠᠨ ᠦᠵᠡᠵᠦ᠂ ᠠᠵᠢᠯᠲᠠᠨ ᠤ ᠵᠢᠵᠢᠭᠦᠷᠯᠡᠨ ᠰᠠᠬᠢᠬᠤ᠂ ᠠᠶᠠᠨᠴᠢᠳ ᠤᠨ ᠴᠤᠪᠤᠷᠠᠯ ᠢ ᠬᠠᠮᠢᠶᠠᠷᠤᠨ | ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠬᠤ ᠵᠡᠷᠭᠡ ᠬᠠᠮᠢᠶ᠎ᠠ ᠪᠦᠬᠦᠢ ᠠᠵᠢᠯ ᠢ | ᠨᠠᠷᠢᠨ ᠨᠢᠭᠲᠠ ᠣᠶᠢᠯᠠᠭᠠᠪᠠ᠃ | | | | | ᠵᠠᠩ ᠯᠢ ᠵᠢᠶᠦ᠋ᠨ ᠦ᠋ ᠶᠤᠸᠠᠢ ᠲᠠᠯᠠᠪᠠᠢ ᠳᠤ ᠠᠶᠤᠯᠭᠦᠢ ᠦᠢᠯᠡᠳᠪᠦᠷᠢᠯᠡᠯ ᠵᠢᠴᠢ ᠪᠠᠶᠠᠷ ᠤᠨ ᠡᠳᠦᠷ ᠤᠨ | ᠪᠣᠷᠤᠯᠠᠭᠤᠯᠭ᠎ᠠ ᠶᠢ ᠠᠬᠢᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠵᠠᠩ ᠯᠢ ᠵᠢᠶᠦ᠋ᠨ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ ︽ᠲᠠᠪᠤᠨ ᠰᠠᠷ᠎ᠠ ᠶᠢᠨ ᠨᠢᠭᠡᠨ ᠤ | ᠬᠡᠷᠡᠭᠯᠡᠭᠡ ᠶᠢ ᠠᠬᠢᠭᠤᠯᠬᠤ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠳᠠᠶᠢᠴᠢᠯᠠᠯᠲᠠ ᠳᠣᠣᠷ᠎ᠠ᠂ ᠪᠠᠶᠠᠷ ᠤᠨ | ᠡᠳᠦᠷ ᠤᠨ ᠬᠤᠭᠤᠴᠠᠭᠠᠨ ᠳᠤ ᠵᠠᠬ᠎ᠠ ᠳᠡᠯᠭᠡᠭᠦᠷ ᠤᠨ ᠬᠡᠷᠡᠭᠴᠡᠭᠡ ᠨᠠᠩ ᠶᠡᠭᠡ ᠪᠣᠯᠵᠤ᠂ ᠬᠥᠮᠥᠨ ᠤ ᠤᠷᠤᠰᠬᠠᠯ ᠤᠨ | ᠬᠡᠮᠵᠢᠶ᠎ᠡ ᠶᠡᠭᠡ ᠪᠠᠷ ᠨᠡᠮᠡᠭᠳᠡᠵᠦ᠂ ᠠᠶᠤᠯᠭᠦᠢ ᠦᠢᠯᠡᠳᠪᠦᠷᠢᠯᠡᠯ ᠤᠨ ᠳᠠᠷᠤᠯᠲᠠ ᠴᠤ ᠳᠠᠭᠠᠯᠳᠤᠨ ᠨᠡᠮᠡᠭᠳᠡᠬᠦ ᠪᠣᠯᠣᠨ᠎ᠠ᠃ | ᠡᠯ᠎ᠡ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠤᠷᠠᠨ ᠰᠠᠶᠢᠬᠠᠨ ᠤ ᠲᠠᠯᠠᠪᠤᠷ᠂ ᠵᠤᠭᠠᠴᠠᠯ ᠤᠨ ᠦᠵᠡᠮᠵᠢ ᠶᠢᠨ | ᠭᠠᠵᠠᠷ ᠵᠡᠷᠭᠡ ᠬᠥᠮᠥᠨ ᠤᠯᠠᠨ ᠴᠤᠭᠯᠠᠷᠠᠳᠠᠭ ᠲᠠᠯᠠᠪᠤᠷ ᠤᠨ ᠡᠵᠡᠩᠨᠡᠭᠴᠢᠳ᠂ ᠴᠢᠨᠠᠷ ᠰᠠᠶᠢᠲᠠᠢ ᠬᠡᠷᠡᠭᠯᠡᠭᠡᠨ ᠤ | ᠣᠶᠢᠯᠠᠭᠠᠯᠲᠠ ᠪᠠ ᠦᠢᠯᠡᠴᠢᠯᠡᠭᠡ ᠬᠠᠩᠭᠠᠭᠰᠠᠨ ᠰᠠᠭᠤᠷᠢᠨ ᠳᠡᠭᠡᠷ᠎ᠡ᠂ ᠠᠶᠤᠯᠭᠦᠢ ᠦᠢᠯᠡᠳᠪᠦᠷᠢᠯᠡᠯ ᠤᠨ ᠡᠨᠡᠬᠦ | ᠬᠥᠪᠴᠢ ᠶᠢ ᠢᠮᠠᠭᠲᠠ ᠴᠢᠩᠭᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ᠬᠠᠷᠢᠭᠤᠴᠠᠯᠭᠠᠲᠤ ᠰᠡᠳᠬᠢᠯᠭᠡ ᠪᠠᠷ | ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠭᠡᠨ | ᠤᠯᠠᠨ ᠬᠡᠷᠡᠭᠯᠡᠭᠴᠢᠳ ᠲᠤ ᠲᠠᠭᠠᠯᠠᠮᠵᠢᠲᠠᠢ᠂ ᠰᠠᠨᠠᠭ᠎ᠠ ᠠᠮᠤᠷ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ | ᠥᠭᠬᠦ ᠬᠡᠷᠡᠭᠲᠡᠢ᠃ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠬᠤᠳᠠᠯᠳᠤᠭᠠᠨ ᠤ ᠶᠠᠪᠤᠳᠠᠯ᠂ ᠰᠣᠶᠣᠯ | ᠵᠢᠭᠤᠯᠴᠢᠯᠠᠯ᠂ ᠵᠠᠬ᠎ᠠ ᠳᠡᠯᠭᠡᠭᠦᠷ ᠵᠡᠷᠭᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠣᠳ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ | ᠠᠰᠠᠭᠤᠳᠠᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠠᠶᠤᠯ | ᠦᠭᠡᠢ ᠦᠢᠯᠡᠳᠪᠦᠷᠢᠯᠡᠯ ᠤᠨ ᠡᠬᠡ ᠲᠠᠩᠰᠠ ᠪᠠᠶᠢᠭᠤᠯᠤᠨ᠂ ᠠᠷᠭᠠᠴᠠᠬᠤ ᠪᠡᠯᠡᠳᠬᠡᠯ ᠢ ᠭᠦᠢᠴᠡᠳ ᠬᠢᠵᠦ᠂ ᠡᠯ᠎ᠡ | ᠲᠥᠷᠥᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠲᠤᠨᠢ ᠪᠦᠲᠦᠮᠵᠢᠲᠡᠢ ᠠᠷᠢᠯᠭᠠᠨ᠂ ᠠᠶᠤᠯ | ᠦᠭᠡᠢ ᠶᠢᠨ ᠡᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽5.1︾ ᠤ ᠬᠤᠭᠤᠴᠠᠭᠠᠨ ᠳᠠᠬᠢ ᠬᠢᠨᠠᠨ ᠵᠢᠯᠤᠭᠤᠳᠴᠤ ᠪᠠᠶᠢᠴᠠᠭᠠᠬᠤ᠂ | ᠵᠢᠵᠢᠭᠦᠷᠯᠡᠨ ᠵᠢᠵᠢᠭᠦᠷᠯᠡᠬᠦ ᠪᠠ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠮᠤᠷ ᠲᠦᠪᠰᠢᠨ ᠤ | ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠮᠲᠤᠷᠠᠨ ᠬᠠᠤᠯᠢ ᠬᠡᠷᠡᠭᠵᠢᠭᠦᠯᠬᠦ ᠶᠢ | ᠥᠷᠨᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠶᠠᠷ ᠬᠥᠷ ᠲᠠᠢ᠂ | ᠥᠯᠵᠡᠢ ᠪᠡᠯᠭᠡ ᠲᠠᠢ᠂ ᠠᠮᠤᠷ ᠠᠮᠤᠭᠤᠯᠠᠩ ᠪᠠᠶᠠᠷ ᠤᠨ ᠡᠳᠦᠷ ᠤᠨ ᠬᠡᠷᠡᠭᠯᠡᠭᠡᠨ ᠤ ᠠᠭᠤᠷ ᠠᠮᠢᠰᠬᠤᠯ ᠢ ᠴᠢᠷᠮᠠᠶᠢᠨ ᠪᠣᠶ | ᠪᠣᠯᠭᠠᠬᠤ ᠬᠡᠷᠡᠭᠲᠡᠢ᠃ᠡᠯ᠎ᠡ ᠠᠵᠤ ᠠᠬᠤᠶᠢᠯᠠᠯ᠂ ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ ᠤᠳ ᠠᠷᠭ᠎ᠠ | ᠪᠦᠬᠦᠨ ᠢ ᠰᠦᠪᠡᠭᠴᠢᠯᠡᠨ ᠬᠡᠷᠡᠭᠯᠡᠭᠡ ᠶᠢ ᠠᠬᠢᠭᠤᠯᠵᠤ᠂ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠴᠦ᠂ | ᠣᠯᠠᠨ ᠵᠦᠢᠯ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ | ᠂ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠷᠡᠭᠯᠡᠭᠡᠨ ᠤ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠢ᠃ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ | ᠳᠠᠷᠤᠭ᠎ᠠ ᠯᠢᠦ ᠵᠧᠩ᠂ ᠵᠠᠰᠠᠭ ᠤᠨ ᠣᠷᠳᠣᠨ ᠤ ᠲᠣᠭᠤᠷᠢᠭ ᠤᠨ ᠳᠡᠳ᠋ ᠳᠠᠷᠤᠭ᠎ᠠ ᠹᠧᠩ ᠳ᠋ᠦᠩ ᠸᠠᠩ ᠵᠢᠴᠢ | ᠣᠷᠣᠨ ᠤ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳ᠋ᠦᠩ ᠾᠧ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ | ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | |