︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠵᠢᠯ︾  ᠠᠵᠢᠯᠯᠠᠭ᠎ᠠ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/6/1
    ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠳ᠋ᠦᠩ ᠾᠧ ᠲᠣᠭᠤᠷᠢᠭ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠠᠨ ᠢ ᠳᠠᠭᠠᠭᠠᠵᠤ ᠬᠠᠨᠤᠮᠵᠢᠲᠠᠶ ᠪᠠᠶᠢᠯᠭᠠᠬᠤ︾ ︽ᠳ᠋ᠦᠩ ᠾᠧ ᠲᠠᠨ ᠢ ᠣᠶᠢᠯᠠᠭᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ︽ᠭᠤᠯᠳᠤ ᠪᠠᠷ ᠳᠥᠷᠪᠡᠨ ᠱᠠᠲᠤ ᠬᠤᠯᠪᠤᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ ᠮᠥᠴᠢᠷ ᠬᠠᠮᠵᠢᠯᠴᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠠᠶᠢᠷᠢᠰᠢᠯ ᠢ ᠪᠥᠬᠦ ᠲᠠᠯ᠎ᠠ ᠪᠠᠷ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠲᠤᠰᠠᠳᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ᠨᠢᠭᠡ᠂ ᠶᠡᠷᠦᠩᠬᠡᠢ ᠬᠠᠷᠠᠯᠲᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠦᠨᠳᠦᠰᠦᠨ ᠱᠠᠲᠤᠨ ᠤ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷ᠂ ᠠᠵᠢᠯ ᠶᠠᠪᠤᠳᠠᠯ ᠭᠦᠢᠴᠡᠳᠬᠡᠬᠦ ᠳᠤ ᠤᠳᠠᠭᠠᠨ᠂ ᠣᠯᠠᠨ ᠲᠠᠯ᠎ᠠ  ᠠᠴᠠ ᠭᠦᠶᠦᠯᠭᠡᠬᠦ᠂ ᠨᠠᠰᠢ ᠴᠠᠰᠢ ᠭᠦᠶᠦᠯᠭᠡᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠳᠡᠭᠡᠭᠰᠢᠯᠡᠭᠦᠯᠬᠦ ᠣᠨ ︾ ᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠣᠭᠠᠵᠢᠭᠤᠯᠬᠤ᠂ ᠳᠥᠭᠦᠮᠴᠢᠯᠡᠬᠦ᠂ ᠰᠢᠨ᠎ᠡ ᠶᠢ ᠡᠭᠦᠳᠬᠦ ᠲᠠᠪᠤᠨ ᠶᠡᠭᠡ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠭᠡᠵᠦ ᠲᠣᠪᠴᠢᠯᠠᠨ᠎ᠠ︶᠂ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠭᠡᠵᠦ ᠲᠣᠪᠴᠢᠯᠠᠨ᠎ᠠ︶ ᠶᠢᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ︽ᠭᠦᠢᠴᠡᠳᠬᠡᠵᠦ ᠳᠡᠶᠢᠯᠬᠦ︾ ᠪᠠᠶᠢᠭᠰᠠᠨ  ᠠᠴᠠ ︽ᠲᠦᠷᠭᠡᠨ ᠭᠦᠢᠴᠡᠳᠬᠡᠬᠦ︾ ︽ᠠᠮᠠᠷᠬᠠᠨ ᠭᠦᠢᠴᠡᠳᠬᠡᠬᠦ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ᠂ ᠬᠡᠷᠡᠭ ᠶᠠᠪᠤᠳᠠᠯ ᠤᠨ ᠣᠷᠣᠵᠤ ᠰᠠᠭᠤᠬᠤ᠂ ᠬᠡᠷᠡᠭ ᠶᠠᠪᠤᠳᠠᠯ ᠤᠨ ᠨᠠᠷᠢᠨ ᠲᠠᠩᠰᠠ᠂ ᠬᠡᠷᠡᠭ ᠭᠦᠢᠴᠡᠳᠬᠡᠬᠦ ᠵᠦᠭᠯᠡᠭᠦᠷ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠪᠠᠷᠢᠮᠵᠢᠶ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠰᠠᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠢᠯᠠᠭᠠᠯᠲᠠ ᠬᠠᠩᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ᠬᠤᠶᠠᠷ᠂ ᠠᠵᠢᠯ ᠤᠨ ᠡᠭᠦᠷᠭᠡ︵ᠨᠢᠭᠡ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ      1. ᠦᠨᠳᠦᠰᠦᠨ ᠱᠠᠲᠤᠨ ᠤ ᠭᠠᠵᠠᠷ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠲᠤ ᠬᠡᠪ ᠳᠠᠭᠤᠷᠢᠶᠠᠯ ᠤᠨ ᠬᠡᠯᠪᠡᠷᠢ᠂ ᠪᠠᠷᠢᠮᠵᠢᠶ᠎ᠠ ᠶᠢᠨ ᠬᠡᠯᠪᠡᠷᠢ᠂ ᠰᠠᠭᠤᠷᠢ ᠬᠡᠯᠪᠡᠷᠢ ᠶᠢᠨ ᠭᠤᠷᠪᠠᠨ ᠳᠡᠰ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ ︵ᠳᠠᠭᠠᠯᠳᠤᠭᠤᠯᠤᠯ ᠳᠤ ᠨᠠᠷᠢᠪᠴᠢᠯᠠᠨ ᠦᠵᠡ︶᠃2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ︽ᠰᠠᠭᠤᠷᠢ ᠬᠡᠯᠪᠡᠷᠢ︾ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ ᠬᠦᠷᠦᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ︽ᠪᠠᠷᠢᠮᠵᠢᠶᠠᠲᠤ ᠬᠡᠯᠪᠡᠷᠢ︾ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 90%  ᠠᠴᠠ ᠳᠣᠣᠷ᠎ᠠ ᠪᠠᠶᠢᠯᠭᠠᠬᠤ ᠦᠭᠡᠢ᠂ ᠪᠣᠳᠠᠲᠤ ᠪᠠᠶᠢᠳᠠᠯ ᠢᠶᠠᠨ ᠦᠨᠳᠦᠰᠦᠯᠡᠨ 40% ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ ᠰᠣᠩᠭᠤᠨ ︽ᠬᠡᠪ ᠳᠠᠭᠤᠷᠢᠶᠠᠯ ᠬᠡᠯᠪᠡᠷᠢ︾ ᠶᠢᠨ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠵᠦ᠂ ᠢᠯᠡ ᠲᠣᠳᠣ ᠣᠨᠴᠠᠯᠢᠭ ᠲᠠᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠤᠭᠤᠲᠤ ᠶᠢᠨ ᠬᠤᠲᠠ ᠶᠢᠨ ᠥᠯᠢᠭᠡᠷ ᠬᠡᠪ︾ ᠢ ᠪᠦᠷᠢᠯᠳᠦᠬᠦ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃      2. ᠦᠨᠳᠦᠰᠦᠨ ᠱᠠᠲᠤᠨ ᠤ ᠬᠡᠷᠡᠭᠵᠢᠭᠦᠯᠬᠦ ᠨᠠᠷᠢᠨ ᠬᠠᠭᠤᠳᠠᠰᠤ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ᠃ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠰᠤᠷᠭᠠᠨ ᠬᠥᠮᠦᠵᠢᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠦᠢᠯᠡᠴᠢᠯᠡᠭᠡ᠂ ᠡᠷᠦᠬᠡ ᠠᠮᠠ ᠶᠢᠨ ᠬᠠᠷᠢᠶ᠎ᠠ ᠶᠢᠨ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠶᠢᠨ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠮᠥᠷᠲᠡᠭᠡᠨ ᠦᠨᠳᠦᠰᠦᠨ ᠱᠠᠲᠤᠨ ᠳᠤ ᠪᠦᠲᠦᠮᠵᠢᠲᠡᠶ ᠵᠠᠯᠭᠠᠨ ᠠᠪᠴᠤ ᠳᠡᠶᠢᠯᠬᠦ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠠᠶᠢᠳᠠᠵᠤ ᠭᠥᠯᠢᠶᠡᠨ ᠠᠪᠴᠤ ᠰᠢᠢᠳᠪᠦᠷᠢᠯᠡᠬᠦ᠂ ᠡᠷᠬᠡ ᠣᠯᠭᠤᠵᠤ ᠭᠦᠢᠴᠡᠳᠬᠡᠬᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠪᠠᠭᠤᠯᠭᠠᠵᠤ ᠭᠦᠢᠴᠡᠳᠬᠡᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠭᠰᠠᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠦᠨᠳᠦᠰᠦᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠵᠡᠷᠭᠡ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠠᠳᠠᠯᠢ ᠨᠢᠭᠡᠨ ᠲᠠᠰ ᠳᠠᠪᠬᠤᠷᠭ᠎ᠠ ᠶᠢᠨ ᠨᠢᠭᠡᠳᠦᠯᠲᠡᠢ ᠪᠠᠷᠢᠮᠵᠢᠶ᠎ᠠ ᠶᠣᠰᠣᠭᠠᠷ᠂ ᠬᠥᠳᠡᠯᠦᠩᠭᠦᠢ ᠪᠠᠷ ᠲᠣᠬᠢᠷᠠᠭᠤᠯᠬᠤ ᠪᠠ ᠲᠠᠨᠢᠵᠤ ᠠᠪᠬᠤ ᠶᠢ ᠵᠠᠯᠭᠠᠨ ᠵᠣᠯᠭᠠᠭᠤᠯᠬᠤ᠂ ᠨᠡᠶᠢᠲᠡᠯᠡᠬᠦ ᠶᠢ ᠴᠠᠭ ᠲᠤᠬᠠᠢ  ᠳᠤᠨᠢ ᠰᠠᠶᠢᠲᠤᠷ ᠬᠢᠵᠦ᠂ ᠬᠥᠳᠡᠭᠡ ᠲᠣᠰᠬᠤᠨ ᠬᠤᠶᠠᠷ ᠱᠠᠲᠤᠨ ᠤ ᠵᠦᠢᠯᠡᠰ ᠤᠨ ᠬᠦᠴᠦᠨ ᠵᠦᠢᠯ N ᠠᠳᠠᠯᠢ᠂ ᠲᠤᠭ᠎ᠠ ᠪᠠᠷᠢᠮᠲᠠ ᠠᠳᠠᠯᠢ ᠢᠷᠡᠯᠲᠡ ᠲᠠᠢ᠂ ᠬᠥᠳᠡᠯᠦᠩᠭᠦᠢ ᠪᠠᠷ ᠰᠢᠨᠡᠳᠬᠡᠬᠦ ᠪᠠ ᠬᠤᠯᠪᠤᠭᠠᠯᠠᠨ ᠬᠥᠳᠡᠯᠦᠯᠴᠡᠵᠦ ᠬᠠᠮᠢᠶᠠᠷᠬᠤ ᠶᠢ ᠪᠡᠶᠡᠯᠡᠭᠦᠯᠦᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠨᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃      3. ᠦᠨᠳᠦᠰᠦᠨ ᠱᠠᠲᠤᠨ ᠤ ᠦᠢᠯᠡᠴᠢᠯᠡᠭᠡᠨ ᠤ ᠴᠤᠪᠤᠷᠠᠯ ᠤᠨ ᠪᠠᠷᠢᠮᠵᠢᠶᠠᠵᠢᠭᠤᠯᠤᠯᠲᠠ ᠶᠢ ᠲᠦᠯᠬᠢᠨ ᠠᠬᠢᠭᠤᠯᠤᠨ᠎ᠠ᠃ᠨᠢᠭᠡ ᠳᠤ᠂ ᠬᠡᠷᠡᠭ ᠶᠠᠪᠤᠳᠠᠯ ᠤᠨ ᠡᠯᠧᠮᠧᠨ᠋ᠲ ᠢ ᠨᠢᠭᠡᠳᠬᠡᠬᠦ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠵᠢᠭᠦᠯᠬᠦ ᠪᠠᠶᠢᠭᠤᠯᠤᠮᠵᠢ ᠨᠢ ᠪᠤᠭᠤᠲᠤ ᠬᠤᠲᠠ ᠶᠢᠨ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠡᠯᠧᠮᠧᠨ᠋ᠲ ᠢ ᠪᠠᠷᠢᠮᠵᠢᠶᠠᠵᠢᠭᠤᠯᠤᠨ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠵᠦᠢᠯ ᠳᠠᠷᠠᠭᠠᠯᠠᠨ ᠰᠢᠯᠢᠳᠡᠭᠵᠢᠭᠦᠯᠬᠦ ᠵᠦᠢᠯᠡᠰ ᠤᠨ ᠨᠡᠷᠡᠶᠢᠳᠦᠯ᠂ ᠳ᠋ᠤᠭᠠᠷᠯᠠᠯ᠂ ᠲᠥᠷᠥᠯ ᠬᠡᠯᠪᠡᠷᠢ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠡᠷᠡᠭᠵᠢᠭᠦᠯᠬᠦ ᠦᠨᠳᠦᠰᠦᠯᠡᠯ ᠵᠡᠷᠭᠡ ᠦᠨᠳᠦᠰᠦᠨ ᠬᠦᠴᠦᠨ ᠵᠦᠢᠯ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠭᠦᠢᠴᠡᠳᠬᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ ᠵᠠᠭᠤᠴᠢᠯᠠᠬᠤ ᠦᠢᠯᠡᠴᠢᠯᠡᠭᠡ᠂ ᠭᠦᠢᠴᠡᠳᠬᠡᠵᠦ ᠳᠠᠭᠤᠰᠬᠠᠬᠤ ᠴᠠᠭ ᠬᠢᠵᠠᠭᠠᠷ᠂ ᠰᠦᠢᠳᠬᠡᠯ ᠬᠤᠷᠢᠶᠠᠬᠤ ᠂ ᠣᠨ ᠤ ᠪᠠᠶᠢᠴᠠᠭᠠᠯᠲᠠ ᠣᠨ ᠤ ᠮᠡᠳᠡᠭᠦᠯᠦᠯᠲᠡ ᠵᠡᠷᠭᠡ ᠡᠩ ᠤᠨ ᠬᠦᠴᠦᠨ ᠵᠦᠢᠯ ᠪᠠ ᠲᠤᠬᠠᠢ ᠶᠢᠨ ᠲᠠᠯᠠᠪᠤᠷ ᠤᠨ ᠬᠠᠶᠢᠨ ᠰᠢᠯᠭᠠᠯᠲᠠ᠂ ᠭᠡᠷᠡᠴᠢᠯᠡᠭᠡ ᠰᠣᠨᠣᠰᠬᠤ᠂ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠰᠢᠯᠭᠠᠨ ᠪᠠᠶᠢᠴᠠᠭᠠᠬᠤ᠂ ᠪᠠᠶᠢᠴᠠᠭᠠᠨ ᠬᠡᠮᠵᠢᠬᠦ᠂ ᠬᠢᠵᠢᠭ ᠪᠠᠶᠢᠴᠠᠭᠠᠬᠤ᠂ ᠬᠢᠨᠠᠨ ᠲᠣᠭᠲᠠᠭᠠᠬᠤ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠂ ᠢᠯᠡ ᠨᠡᠶᠢᠲᠡᠯᠡᠬᠦ ᠵᠡᠷᠭᠡ ᠣᠨᠴᠣᠭᠤᠢ ᠲᠠᠰ ᠳᠠᠷᠠᠭᠠᠯᠠᠯ ᠢ ᠵᠢᠯᠣᠭᠤᠳᠤᠨ᠎ᠠ᠃ᠡᠷᠬᠡ ᠲᠤᠰᠢᠶᠠᠯ ᠶᠣᠰᠣᠭᠠᠷ ᠵᠠᠰᠠᠭ ᠵᠠᠬᠢᠷᠭᠠᠨ ᠤ ᠡᠷᠬᠡ ᠶᠢᠨ ᠬᠡᠷᠡᠭ ᠶᠠᠪᠤᠳᠠᠯ ᠢ ᠤᠯᠠᠮ ᠨᠢᠭᠡ ᠠᠯᠬᠤᠮ ᠴᠣᠮᠬᠠᠳᠬᠠᠨ ᠪᠠᠭᠠᠰᠬᠠᠨ᠎ᠠ᠃ ᠬᠤᠶᠠᠷ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠢᠭᠡᠳᠬᠡᠬᠦ᠃ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠦᠨᠳᠦᠰᠦᠯᠡᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠡᠮᠬᠢᠯᠡᠨ ᠨᠡᠶᠢᠲᠡᠯᠡᠵᠦ᠂ ᠵᠦᠢᠯᠡᠰ ᠤᠨ ᠬᠦᠴᠦᠨ ᠵᠦᠢᠯ ᠤᠨ ᠬᠤᠶᠠᠷ ᠱᠠᠲᠤᠨ ᠤ ᠨᠢᠭᠡᠳᠦᠯᠲᠡᠢ ᠪᠠᠶᠢᠬᠤ ᠶᠢ ᠪᠡᠶᠡᠯᠡᠭᠦᠯᠦᠨ᠎ᠡ᠃2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠵᠦᠢᠯᠡᠰ ᠤᠨ ᠦᠨᠳᠦᠰᠦᠨ ᠭᠠᠷᠴᠠᠭ ᠢ ᠪᠠᠷᠢᠮᠵᠢᠶᠠᠵᠢᠭᠤᠯᠤᠨ᠎ᠠ᠃ᠭᠤᠷᠪᠠ ᠳᠤ ᠤᠴᠢᠷ ᠶᠠᠪᠤᠳᠠᠯ ᠢ ᠰᠢᠢᠳᠪᠦᠷᠢᠯᠡᠬᠦ ᠵᠦᠭᠯᠡᠭᠦᠷ ᠢ ᠰᠢᠯᠢᠳᠡᠭᠵᠢᠭᠦᠯᠦᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠦᠨᠳᠦᠰᠦᠯᠡᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠪᠣᠳᠠᠲᠠᠢ ᠬᠡᠷᠡᠭᠴᠡᠭᠡ ᠪᠦᠬᠦᠢ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠢ ᠦᠨᠳᠦᠰᠦᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠰᠢᠯᠢᠳᠡᠭᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠦᠨ᠎ᠡ᠃︽ᠶᠠᠷᠢᠶᠠᠨ ᠤ ᠬᠡᠯᠡᠨ ᠤ ᠬᠡᠪᠯᠡᠯ︾ ︽ᠵᠢᠷᠤᠭ ᠤᠨ ᠵᠢᠱᠢᠶ᠎ᠡ ᠶᠢᠨ ᠬᠡᠪᠯᠡᠯ︾ ︽ᠬᠠᠷᠠᠭᠠᠨ ᠳᠠᠪᠲᠠᠮᠵᠢ ᠶᠢᠨ ᠬᠡᠪᠯᠡᠯ︾ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠬᠠᠩᠭᠠᠬᠤ ᠶᠢ ᠵᠣᠷᠢᠭᠵᠢᠭᠤᠯᠤᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ ᠵᠦᠢᠯᠡᠰ ᠤᠨ ᠬᠦᠴᠦᠨ ᠵᠦᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠨᠢᠭᠡᠳᠬᠡᠵᠦ᠂ ᠵᠦᠢᠯᠡᠰ ᠤᠨ ᠬᠡᠷᠡᠭ ᠭᠦᠢᠴᠡᠳᠬᠡᠬᠦ ᠵᠦᠭᠯᠡᠭᠦᠷ ᠢ ᠰᠢᠯᠢᠳᠡᠭᠵᠢᠭᠦᠯᠦᠨ 2023 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠥᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠪᠠᠷᠢᠮᠵᠢᠶᠠᠵᠢᠭᠤᠯᠬᠤ ᠶᠢ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠶᠢᠨ ᠬᠠᠮᠲᠤ ᠦᠷᠭᠦᠯᠵᠢᠯᠡᠨ ᠠᠬᠢᠭᠤᠯᠤᠨ᠎ᠠ︶︵ᠬᠤᠶᠠᠷ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠵᠢᠷᠤᠮᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ      4. ᠤᠴᠢᠷ ᠶᠠᠪᠤᠳᠠᠯ ᠢ ᠲᠥᠪᠯᠡᠷᠡᠭᠦᠯᠦᠨ ᠣᠷᠣᠭᠤᠯᠵᠤ ᠰᠠᠭᠤᠯᠭᠠᠬᠤ ᠶᠢ ᠠᠬᠢᠭᠤᠯᠤᠨ᠎ᠠ᠃ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢᠨ ᠭᠦᠢᠴᠡᠳᠬᠡᠬᠦ ᠵᠦᠢᠯᠡᠰ ᠢᠶᠠᠷ ᠪᠠᠷᠢᠮᠵᠢᠶ᠎ᠠ ᠪᠣᠯᠭᠠᠵᠤ᠂ ︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠬᠦ ᠶᠢᠨ ᠬᠠᠮᠲᠤ ᠢᠯᠡ ᠨᠡᠶᠢᠲᠡᠯᠡᠨ᠎ᠡ᠃︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ᠂ ᠣᠷᠣᠭᠤᠯᠬᠤ ᠶᠣᠰᠣᠲᠠᠢ ᠶᠢ ᠨᠢ ᠵᠠᠪᠠᠯ ᠡᠷᠬᠡ ᠣᠯᠭᠤᠬᠤ︾ ᠵᠠᠷᠴᠢᠮ ᠢ ᠵᠢᠷᠤᠮᠯᠠᠨ᠂ ᠲᠠᠯᠠᠪᠤᠷ ᠭᠠᠵᠠᠷ ᠤᠨ ᠬᠢᠵᠠᠭᠠᠷᠯᠠᠯ ᠪᠤᠶᠤ ᠤᠯᠤᠰ ᠤᠨ ᠨᠢᠭᠤᠴᠠ ᠳᠤ ᠬᠤᠯᠪᠣᠭᠳᠠᠬᠤ ᠵᠡᠷᠭᠡ ᠪᠠᠶᠢᠳᠠᠯ ᠢ ᠭᠠᠷᠭᠠᠪᠠᠯ᠂ ᠵᠠᠷᠴᠢᠮ ᠳᠡᠭᠡᠷ᠎ᠡ ᠪᠠᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠯ᠎ᠡ ᠰᠠᠯᠠᠭ᠎ᠠ ᠮᠥᠴᠢᠷ ᠤᠨ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠣᠷᠣᠭᠤᠯᠤᠨ ᠲᠥᠪᠯᠡᠷᠡᠭᠦᠯᠦᠨ ᠭᠦᠢᠴᠡᠳᠬᠡᠨ᠎ᠡ᠃ᠣᠷᠣᠵᠤ ᠰᠠᠭᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠷᠬᠡᠪᠰᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠪᠣᠳᠠᠲᠠᠢ ᠪᠠᠷ ᠠᠵᠢᠯᠯᠠᠭᠤᠯᠵᠤ᠂ ︽ᠢᠯᠡ ᠪᠠᠷ ᠣᠷᠣᠭᠤᠯᠵᠤ ᠳᠠᠯᠳᠠᠭᠤᠷ ᠣᠷᠣᠭᠤᠯᠬᠤ ᠦᠭᠡᠢ︾ ᠪᠠᠶᠢᠬᠤ ᠶᠢ ᠴᠢᠩᠭ᠎ᠠ ᠴᠠᠭᠠᠵᠠᠯᠠᠨ᠎ᠠ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃      5. ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠦᠢᠯᠡᠴᠢᠯᠡᠭᠡᠨ ᠤ ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 2023 ᠣᠨ ᠤ ᠡᠴᠦᠰ ᠲᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢᠨ ᠵᠦᠢᠯᠡᠰ ᠢ ᠨᠡᠶᠢᠳᠡᠮ ᠭᠦᠢᠴᠡᠳᠬᠡᠬᠦ ᠬᠠᠷᠢᠴᠠᠯ ᠢ 100% ᠳᠤ ᠬᠦᠷᠦᠭᠦᠯᠵᠦ᠂ ᠴᠣᠩᠬᠤᠪᠴᠢ ᠶᠢᠨ ᠦᠢᠯᠡᠴᠢᠯᠡᠭᠡ ᠶᠢ ᠭᠦᠢᠴᠡᠳᠬᠡᠨ ᠳᠠᠭᠤᠰᠬᠠᠬᠤ ᠳᠤ ᠬᠠᠨᠤᠮᠵᠢᠲᠠᠶ ᠪᠠᠶᠢᠬᠤ ᠨᠣᠷᠮ᠎ᠠ ᠶᠢ 95%  ᠠᠴᠠ ᠳᠡᠭᠡᠭᠰᠢ ᠪᠠᠶᠢᠬᠤ᠃ ᠨᠢᠭᠡ ᠳᠤ ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠵᠦ᠂ ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠠᠴᠠ ᠡᠭᠦᠷᠭᠡᠯᠡᠵᠦ᠂ ᠴᠣᠩᠬᠤᠨ ᠤ ᠲᠡᠮᠳᠡᠭ ᠢ ᠨᠢᠭᠡᠳᠬᠡᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠨ᠎ᠡ︔ᠬᠤᠶᠠᠷ ᠲᠤ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠨ᠎ᠡ᠂ ᠠᠷᠤ ᠲᠠᠪᠴᠠᠩ ᠤᠨ ᠬᠢᠨᠠᠨ ᠵᠥᠪᠰᠢᠶᠡᠷᠡᠬᠦ ᠠᠵᠢᠯᠲᠠᠨ ᠪᠦᠬᠦᠨ ᠢᠶᠠᠷ ᠢᠶᠠᠨ ᠰᠢᠶᠠᠨ᠂ ᠰᠢᠶᠠᠩ ᠬᠤᠶᠠᠷ ᠱᠠᠲᠤᠨ ᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠲᠠᠨ ᠢ ᠲᠣᠮᠢᠯᠠᠨ ᠰᠠᠭᠤᠯᠭᠠᠬᠤ ᠪᠤᠶᠤ ᠡᠷᠬᠡ ᠣᠯᠭᠤᠨ᠎ᠠ︔ᠭᠤᠷᠪᠠ ᠳᠤ ᠨᠢᠭᠡᠳᠦᠯᠲᠡᠢ ᠴᠣᠩᠬᠤ ᠪᠠᠷ ᠦᠨᠡᠮᠯᠡᠯ ᠭᠠᠷᠭᠠᠵᠤ᠂ ᠨᠢᠭᠡᠳᠦᠯᠲᠡᠢ ᠦᠨᠡᠮᠯᠡᠯ ᠣᠯᠭᠤᠬᠤ ᠠᠵᠢᠯ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠠᠴᠠ ᠡᠭᠦᠷᠭᠡᠯᠡᠨ᠎ᠡ᠃ᠠᠷᠤ ᠲᠠᠪᠴᠠᠩ ᠤᠨ ᠠᠵᠢᠯᠲᠠᠨ ᠢ ᠲᠥᠷᠥᠯ ᠬᠤᠪᠢᠶᠠᠨ ᠬᠢᠨᠠᠨ ᠵᠥᠪᠰᠢᠶᠡᠷᠡᠵᠦ ᠭᠦᠢᠴᠡᠳᠬᠡᠭᠰᠡᠨ ᠤ ᠳᠠᠷᠠᠭ᠎ᠠ᠂ ᠦᠨᠡᠮᠯᠡᠯ ᠢ ᠲᠡᠷᠡ ᠳᠠᠷᠤᠢ ᠳᠤᠨᠢ ᠦᠨᠡᠮᠯᠡᠯ ᠤᠨ ᠲᠠᠪᠴᠠᠩ ᠳᠤ ᠳᠠᠮᠵᠢᠭᠤᠯᠬᠤ ᠶᠢᠨ ᠬᠠᠮᠲᠤ ᠨᠢᠭᠡᠳᠦᠯᠲᠡᠢ ᠦᠨᠡᠮᠯᠡᠯ ᠭᠠᠷᠭᠠᠬᠤ ᠴᠣᠩᠬᠤᠨ ᠳᠤ ᠲᠤᠰᠢᠶᠠᠬᠤ ᠬᠡᠷᠡᠭᠲᠡᠢ᠃ᠦᠨᠡᠮᠯᠡᠯ ᠣᠯᠭᠤᠬᠤ ᠴᠣᠩᠬᠤᠨ ᠤ ᠠᠵᠢᠯᠲᠠᠨ ᠰᠦᠯᠵᠢᠶᠡᠨ ᠥᠷᠲᠡᠭᠡ᠂ ᠸᠢᠴᠠᠲ᠂ APP ᠲᠠᠪᠴᠠᠩ᠂ ᠳ᠋ᠢᠶᠠᠩᠬᠤᠸᠠ᠂ ᠣᠬᠤᠷ ᠮᠡᠳᠡᠭᠡ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠭᠴᠢ ᠳᠤ ᠮᠡᠳᠡᠭᠳᠡᠵᠦ ᠠᠪᠬᠤ ᠪᠤᠶᠤ ᠲᠦᠷᠭᠡᠨ ᠬᠦᠷᠭᠡᠯᠲᠡ ᠪᠠᠷ ᠳᠠᠮᠵᠢᠭᠤᠯᠵᠤ ᠬᠦᠷᠭᠡᠨ᠎ᠡ᠃ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢᠨ ᠠᠵᠢᠯᠲᠠᠨ ᠢ ᠠᠵᠢᠯᠲᠠᠨ ᠢ ᠰᠢᠯᠵᠢᠭᠦᠯᠦᠨ ᠲᠣᠬᠢᠷᠠᠭᠤᠯᠬᠤ᠂ ᠲᠠᠲᠠᠵᠤ ᠰᠠᠭᠤᠯᠭᠠᠬᠤ ᠰᠠᠯᠠᠭ᠎ᠠ ᠮᠥᠴᠢᠷ ᠤᠨ ᠴᠣᠩᠬᠤᠪᠴᠢ ᠶᠢᠨ ᠠᠵᠢᠯᠲᠠᠨ ᠪᠤᠶᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠰᠢᠢᠳᠪᠦᠷᠢᠯᠡᠵᠦ ᠪᠣᠯᠣᠨ᠎ᠠ᠃ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠨᠢ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠢᠯᠡ ᠨᠡᠶᠢᠲᠡᠯᠡᠬᠦ ᠬᠡᠷᠡᠭᠲᠡᠢ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃      6. ᠠᠵᠢᠯᠲᠠᠨ ᠤ ᠪᠣᠯᠪᠠᠰᠤᠷᠠᠭᠤᠯᠤᠯ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ 2023 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠱᠠᠲᠤᠨ ᠤ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠰᠢᠯᠭᠠᠨ ᠬᠢᠨᠠᠬᠤ ᠠᠵᠢᠯ ᠤᠨ ᠲᠥᠰᠥᠯ ᠢ ᠲᠥᠷᠥᠯ ᠬᠤᠪᠢᠶᠠᠨ ᠲᠣᠭᠲᠠᠭᠠᠵᠤ᠂ 3 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠰᠢᠤᠳᠠᠨ ᠤ ᠬᠠᠶᠢᠷᠴᠠᠭ dhqzwfjzws@126.com ᠬᠦᠷᠲᠡᠯ᠎ᠡ ᠬᠠᠷᠢᠭᠤ ᠲᠤᠰᠬᠠᠬᠤ ᠶᠢᠨ ᠬᠠᠮᠲᠤ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠣᠷᠣᠵᠤ ᠰᠠᠭᠤᠬᠤ ᠠᠵᠢᠯᠲᠠᠨ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠠᠴᠠ ᠨᠢᠭᠡᠳᠦᠯᠲᠡᠢ ᠬᠠᠮᠢᠶᠠᠷᠬᠤ᠂ ᠬᠢᠨᠠᠨ ᠰᠢᠯᠭᠠᠬᠤ᠂ ᠰᠢᠯᠵᠢᠭᠦᠯᠦᠨ ᠲᠣᠬᠢᠷᠠᠭᠤᠯᠬᠤ᠂ ᠲᠣᠮᠢᠯᠠᠨ ᠰᠠᠭᠤᠯᠭᠠᠭᠰᠠᠨ ᠨᠢᠭᠡᠴᠡ ᠠᠴᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ︔ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠬᠥᠮᠥᠰ ᠢ ᠡᠯ᠎ᠡ ᠭᠠᠴᠠᠭᠠᠨ ᠤ ᠭᠠᠴᠠᠭᠠᠨ ᠤ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠠᠴᠠ ᠬᠠᠮᠢᠶᠠᠷᠤᠨ᠎ᠠ︔ᠡᠯ᠎ᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠳᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠲᠣᠬᠢᠷᠠᠭᠤᠯᠵᠤ᠂ ᠪᠡᠶ᠎ᠡ ᠪᠠᠨ ᠳᠠᠭᠠᠭᠠᠨ ᠬᠠᠮᠢᠶᠠᠷᠬᠤ ᠶᠢ ᠬᠡᠷᠡᠭᠵᠢᠭᠦᠯᠦᠨ᠂ ᠦᠢᠯᠡᠴᠢᠯᠡᠭᠡᠨ ᠤ ᠥᠷᠲᠡᠭᠡ ᠳᠤ ᠣᠷᠣᠵᠤ ᠰᠠᠭᠤᠬᠤ ᠠᠵᠢᠯᠲᠠᠨ ᠤ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠶᠢ ᠴᠢᠩᠭᠠᠳᠬᠠᠬᠤ ᠬᠡᠷᠡᠭᠲᠡᠢ᠃ᠡᠯ᠎ᠡ ᠲᠥᠷᠥᠯ ᠤᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ ᠠᠰᠢᠭᠯᠠᠨ᠂ ᠲᠥᠪᠯᠡᠷᠡᠭᠦᠯᠦᠨ ᠪᠣᠯᠪᠠᠰᠤᠷᠠᠭᠤᠯᠬᠤ᠂ ᠲᠣᠭᠤᠷᠢᠨ ᠵᠢᠯᠤᠭᠤᠳᠬᠤ᠂ ᠠᠵᠢᠯᠯᠠᠬᠤ ᠪᠠᠷ ᠪᠣᠯᠪᠠᠰᠤᠷᠠᠭᠤᠯᠤᠯ ᠢ ᠣᠷᠣᠯᠠᠭᠤᠯᠬᠤ᠂ ᠲᠣᠭᠤᠷᠢᠨ ᠦᠵᠡᠵᠦ ᠰᠣᠯᠢᠯᠴᠠᠬᠤ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ︽ᠨᠢᠭᠡ ᠯᠡ ᠴᠣᠩᠬᠤ ᠪᠠᠷ ᠭᠦᠢᠴᠡᠳᠬᠡᠬᠦ︾᠂ ︽ᠨᠢᠭᠡ ᠴᠣᠩᠬᠤ ᠪᠠᠷ ᠭᠦᠢᠴᠡᠳᠬᠡᠬᠦ︾᠂ ︽ᠬᠡᠯᠬᠢᠶ᠎ᠡ︾ ᠦᠢᠯᠡᠴᠢᠯᠡᠭᠡ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ᠴᠣᠩᠬᠤᠪᠴᠢ ᠦᠢᠯᠡᠴᠢᠯᠡᠭᠡᠨ ᠤ ᠶᠣᠰᠣ ᠵᠢᠷᠤᠮ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠢᠨᠢᠶᠡᠮᠰᠦᠩᠭᠦᠢ ᠦᠢᠯᠡᠴᠢᠯᠡᠭᠡ ᠶᠢ ᠥᠷᠨᠢᠭᠦᠯᠦᠨ᠂ ᠦᠢᠯᠡᠴᠢᠯᠡᠭᠡᠨ ᠤ ᠳᠤᠯᠠᠭᠠᠨ ᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶      7. ᠦᠢᠯᠡᠴᠢᠯᠡᠭᠡᠨ ᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠮᠠᠭᠤ ᠦᠨᠡᠯᠡᠯᠲᠡ  ᠶᠢ ᠴᠢᠩᠭ᠎ᠠ ᠬᠡᠷᠡᠭᠵᠢᠭᠦᠯᠵᠦ᠂ ︽ᠦᠨᠡᠯᠡᠬᠦ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ᠂ ᠬᠢᠨᠠᠯᠲᠠ ᠲᠠᠯᠪᠢᠬᠤ︾ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠰᠢᠢᠳᠪᠦᠷᠢᠯᠡᠬᠦ ᠲᠣᠭᠲᠠᠴᠠ  ᠶᠢ ᠪᠠᠶᠢᠭᠤᠯᠵᠤ᠂ ᠴᠣᠩᠬᠤᠨ ᠤ ᠠᠵᠢᠯᠲᠠᠨ ᠤ ᠠᠵᠢᠯ ᠤᠨ ᠳᠦᠷᠢᠮ᠂ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ ᠳᠦᠷᠢᠮ᠂ ᠨᠢᠭᠡ ᠯᠡ ᠤᠳᠠᠭ᠎ᠠ ᠳᠤ ᠮᠡᠳᠡᠭᠳᠡᠬᠦ ᠳᠦᠷᠢᠮ᠂ ᠴᠣᠩᠬᠤᠨ ᠳᠤ ᠦᠭᠡᠶᠢᠰᠬᠡᠬᠦ ᠡᠷᠬᠡ ᠦᠭᠡᠢ ᠳᠦᠷᠢᠮ᠂ AB ᠥᠨᠴᠥᠭ ᠤᠨ ᠭᠦᠢᠴᠡᠳᠬᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ᠂ ᠦᠢᠯᠡᠴᠢᠯᠡᠭᠡᠨ ᠤ ᠠᠮᠠᠯᠠᠯᠲᠠ ᠵᠡᠷᠭᠡ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ᠠᠵᠢᠯᠲᠠᠨ ᠤ ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠬᠢᠷᠢ ᠬᠡᠮᠵᠢᠶ᠎ᠡ ᠪᠠ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠬᠤᠶᠠᠷ ᠱᠠᠲᠤᠨ ᠤ ᠠᠵᠢᠯ ᠤᠨ ᠳᠦᠷᠢᠮ ᠢ ᠠᠵᠢᠯ ᠤᠨ ᠡᠪᠬᠡᠮᠡᠯ ᠬᠠᠭᠤᠳᠠᠰᠤ᠂ ᠡᠯᠧᠺᠲᠷᠣᠨ ᠳᠡᠯᠭᠡᠴᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠯᠠᠪᠤᠷ ᠲᠤ ᠢᠯᠡ ᠨᠡᠶᠢᠲᠡᠯᠡᠵᠦ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃︵ᠭᠤᠷᠪᠠ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠣᠭᠠᠴᠢᠯᠠᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ      8. ᠲᠣᠭᠠᠴᠢᠯᠠᠭᠰᠠᠨ ᠵᠠᠰᠠᠭ ᠤᠨ ᠶᠠᠪᠤᠳᠠᠯ ᠤᠨ ︽ᠰᠦᠯᠵᠢᠶᠡᠨ ᠳᠡᠭᠡᠷ᠎ᠡ ᠭᠦᠢᠴᠡᠳᠬᠡᠬᠦ︾ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠰᠦᠯᠵᠢᠶᠡᠨ ᠳᠡᠭᠡᠷ᠎ᠡ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠰᠢᠶᠠᠩ ᠲᠣᠰᠬᠤᠨ ᠬᠤᠶᠠᠷ ᠱᠠᠲᠤᠨ ᠤ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠵᠦᠢᠯᠡᠰ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ᠣᠯᠠᠨ ᠲᠦᠮᠡᠨ ᠤ ᠭᠠᠳᠠᠨ᠎ᠠ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ ᠶᠢ ᠰᠦᠯᠵᠢᠶᠡᠨ ᠳᠡᠭᠡᠷ᠎ᠡ ᠰᠢᠯᠵᠢᠭᠦᠯᠬᠦ ᠶᠢ ᠪᠡᠶᠡᠯᠡᠭᠦᠯᠵᠦ᠂ ᠦᠷ᠎ᠡ ᠳ᠋ᠦᠩ ᠢ ᠰᠦᠯᠵᠢᠶᠡᠨ ᠳᠡᠭᠡᠷ᠎ᠡ ᠪᠠᠶᠢᠴᠠᠭᠠᠵᠤ ᠪᠣᠯᠣᠨ᠎ᠠ᠃ᠰᠦᠯᠵᠢᠶ᠎ᠡ ᠪᠠᠷ ᠭᠦᠢᠴᠡᠳᠬᠡᠬᠦ ᠵᠦᠢᠯᠡᠰ ᠤᠨ ᠬᠦᠴᠦᠨ ᠵᠦᠢᠯ ᠢ ᠦᠷᠭᠦᠯᠵᠢᠯᠡᠨ ᠵᠦᠢᠯ ᠳᠠᠷᠠᠭᠠᠯᠠᠨ ᠡᠮᠬᠢᠯᠡᠨ ᠲᠡᠭᠦᠯᠳᠡᠷᠵᠢᠭᠦᠯᠵᠦ᠂ ᠰᠦᠯᠵᠢᠶᠡᠨ ᠤ ᠲᠢᠩᠬᠢᠮ ᠤᠨ ᠵᠦᠢᠯᠡᠰ ᠤᠨ ᠴᠤᠪᠤᠷᠠᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠳᠡᠭᠡᠳᠦ ᠱᠠᠲᠤᠨ ᠤ ᠰᠦᠯᠵᠢᠶ᠎ᠡ ᠪᠠᠷ ᠭᠦᠢᠴᠡᠳᠬᠡᠬᠦ ᠵᠦᠢᠯᠡᠰ ᠲᠠᠢ ᠤᠶᠠᠯᠳᠤᠭᠤᠯᠤᠨ ᠴᠠᠭ ᠬᠤᠭᠤᠴᠠᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠤ ᠰᠦᠯᠵᠢᠶ᠎ᠡ ᠪᠠᠷ ᠭᠦᠢᠴᠡᠳᠬᠡᠬᠦ ᠵᠦᠢᠯᠡᠰ ᠤᠨ ᠣᠷᠣᠨ ᠪᠦᠰᠡ ᠶᠢ ᠨᠢᠭᠡᠳᠦᠯᠲᠡᠢ ᠪᠠᠶᠢᠯᠭᠠᠬᠤ᠂ ᠪᠠᠷᠢᠮᠵᠢᠶ᠎ᠠ ᠶᠢ ᠵᠢᠷᠤᠮᠵᠢᠭᠤᠯᠤᠨ᠂ ᠬᠥᠳᠡᠭᠡ ᠲᠣᠰᠬᠤᠨ ᠤ ᠰᠦᠯᠵᠢᠶ᠎ᠡ ᠪᠠᠷ ᠭᠦᠢᠴᠡᠳᠬᠡᠬᠦ ᠥᠷᠲᠡᠭᠡ ᠴᠢᠭ᠋ ᠢ ᠪᠦᠷᠢᠨ ᠪᠦᠷᠬᠦᠭᠦᠯᠬᠦ᠂ ᠴᠤᠪᠤᠷᠠᠯ ᠢ ᠪᠦᠷᠢᠨ ᠰᠠᠭᠠᠳ ᠦᠭᠡᠢ ᠨᠡᠪᠲᠡᠷᠡᠭᠦᠯᠬᠦ᠂ ᠵᠦᠢᠯᠡᠰ ᠢ ᠪᠦᠷᠢᠨ ᠨᠢᠭᠡᠳᠬᠡᠬᠦ ᠶᠢ ᠪᠡᠶᠡᠯᠡᠭᠦᠯᠦᠨ᠎ᠡ᠃ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠰᠦᠯᠵᠢᠶᠡᠨ ᠭᠠᠳᠠᠨᠠᠬᠢ ᠪᠣᠳᠠᠲᠤ ᠴᠣᠭᠴᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠢ ᠠᠭᠤᠰᠤᠯᠴᠠᠭᠤᠯᠤᠨ ᠬᠥᠭᠵᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ ᠨᠢᠭᠡᠨᠲᠡ ᠪᠡᠶᠡᠯᠡᠭᠦᠯᠦᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠵᠠᠷᠴᠢᠮ ᠳᠡᠭᠡᠷ᠎ᠡ ᠪᠠᠨ ᠰᠦᠯᠵᠢᠶᠡᠨ ᠭᠠᠳᠠᠨᠠᠬᠢ ᠴᠣᠩᠬᠤᠪᠴᠢ ᠪᠠᠷ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠵᠡᠷᠭᠡᠪᠡᠷ ᠬᠠᠩᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠠᠴᠠ ᠭᠦᠢᠴᠡᠳᠬᠡᠬᠦ ᠠᠷᠭ᠎ᠠ ᠵᠠᠮ ᠢ ᠥᠪᠡᠰᠦᠪᠡᠨ ᠰᠣᠩᠭᠤᠬᠤ ᠬᠡᠷᠡᠭᠲᠡᠢ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃     9. ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ ᠦᠨᠳᠦᠰᠦᠨ ᠱᠠᠲᠤ ᠳᠠᠰᠢ ᠥᠷᠭᠡᠳᠬᠡᠨ᠎ᠡ᠃ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠵᠠᠯᠭᠠᠨ ᠣᠷᠣᠭᠤᠯᠬᠤ ᠶᠢ ᠪᠡᠶᠡᠯᠡᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠵᠠᠯᠭᠠᠨ ᠣᠷᠣᠭᠤᠯᠬᠤ ᠪᠠ ᠪᠠᠲᠤᠯᠠᠬᠤ ᠶᠢ ᠠᠬᠢᠭᠤᠯᠤᠨ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠰᠠᠨ ᠲᠠᠪᠴᠠᠩ ᠢ ᠵᠠᠯᠭᠠᠨ ᠣᠷᠣᠭᠤᠯᠬᠤ ᠪᠠ ᠬᠡᠷᠡᠭᠯᠡᠬᠦ ᠶᠢ  ᠪᠡᠶᠡᠯᠡᠭᠦᠯᠬᠦ᠃ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠥᠪᠡᠰᠦᠪᠡᠨ ᠦᠢᠯᠡᠴᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠰᠦᠯᠵᠢᠶᠡᠨ ᠤ ᠰᠠᠭᠤᠷᠢ ᠪᠠᠲᠤᠯᠠᠭ᠎ᠠ ᠶᠢ ᠰᠠᠶᠢᠲᠤᠷ ᠬᠢᠨ᠎ᠡ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃      10᠂ ᠨᠠᠷᠢᠯᠢᠭ ᠣᠨᠣᠴᠠᠲᠠᠢ ᠪᠠᠷ ᠠᠵᠢᠯ ᠶᠠᠪᠤᠳᠠᠯ ᠭᠦᠢᠴᠡᠳᠬᠡᠬᠦ ᠶᠢᠨ ᠵᠠᠮᠴᠢᠯᠠᠬᠤ ᠴᠢᠳᠠᠪᠤᠷᠢ ᠶᠢ ᠰᠢᠯᠢᠳᠡᠭᠵᠢᠭᠦᠯᠦᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠵᠢᠷᠤᠭ ᠤᠨ ᠵᠠᠮᠴᠢᠯᠠᠬᠤ  ᠢ ᠰᠠᠶᠢᠨ ᠬᠢᠬᠦ᠃ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ᠲᠣᠬᠢᠷᠠᠭᠤᠯᠤᠯᠲᠠ ᠶᠢᠨ PC ᠦᠵᠦᠭᠦᠷ᠂ ᠰᠢᠯᠵᠢᠮᠡᠯ ᠦᠵᠦᠭᠦᠷ᠂ ᠥᠪᠡᠰᠦᠪᠡᠨ ᠦᠢᠯᠡᠴᠢᠯᠡᠬᠦ ᠦᠵᠦᠭᠦᠷ ᠵᠡᠷᠭᠡ ᠠᠷᠭ᠎ᠠ ᠵᠠᠮ ᠤᠨ ᠠᠭᠤᠯᠭ᠎ᠠ ᠶᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ  ᠶᠢ ᠠᠯᠬᠤᠮ ᠠᠯᠬᠤᠮ ᠢᠶᠠᠷ ᠪᠠᠶᠢᠭᠤᠯᠵᠤ᠂ ᠭᠠᠵᠠᠷ ᠤᠨ ᠵᠢᠷᠤᠭ ᠤᠨ ᠦᠢᠯᠡᠴᠢᠯᠡᠭᠡᠨ ᠤ ᠣᠯᠠᠨ ᠠᠷᠭ᠎ᠠ ᠵᠠᠮ ᠤᠨ ᠲᠤᠭ᠎ᠠ ᠪᠠᠷᠢᠮᠲᠠ ᠶᠢᠨ ᠠᠳᠠᠯᠢ ᠢᠷᠡᠯᠲᠡ ᠲᠠᠢ ᠬᠠᠮᠢᠶᠠᠷᠤᠯᠲᠠ᠂ ᠦᠢᠯᠡᠴᠢᠯᠡᠭᠡᠨ ᠤ ᠠᠳᠠᠯᠢ ᠢᠷᠡᠯᠲᠡ ᠲᠠᠢ ᠠᠵᠤ ᠠᠬᠤᠶᠢᠯᠠᠯ ᠪᠠ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠣᠷᠣᠨ ᠪᠠᠶᠢᠷᠢ᠂ ᠡᠯ᠎ᠡ ᠲᠥᠷᠥᠯ ᠤᠨ ᠦᠢᠯᠡᠴᠢᠯᠡᠭᠡᠨ ᠤ ᠲᠣᠣᠷ ᠴᠢᠭ᠋ ᠤᠨ ᠪᠠᠶᠢᠷᠢᠰᠢᠭᠤᠯᠤᠯᠲᠠ ᠶᠢ ᠲᠣᠳᠣᠷᠬᠠᠶᠢᠯᠠᠬᠤ᠂ ᠥᠪᠡᠰᠦᠪᠡᠨ ᠦᠢᠯᠡᠴᠢᠯᠡᠬᠦ ᠦᠵᠦᠭᠦᠷ ᠢ ᠪᠠᠶᠢᠷᠢᠯᠠᠭᠤᠯᠬᠤ᠂ ᠠᠵᠢᠯᠯᠠᠬᠤ ᠴᠠᠭ᠂ ᠠᠰᠠᠭᠤᠨ ᠯᠠᠪᠯᠠᠬᠤ ᠳ᠋ᠢᠶᠠᠩᠬᠤᠸᠠ᠂ ᠲᠤᠬᠠᠶᠢᠯᠠᠭᠰᠠᠨ ᠠᠵᠢᠯ ᠭᠦᠢᠴᠡᠳᠬᠡᠵᠦ ᠪᠣᠯᠬᠤ᠂ ᠤᠷᠢᠳᠴᠢᠯᠠᠨ ᠪᠣᠯᠵᠣᠵᠤ ᠭᠤᠶᠤᠴᠢᠯᠠᠬᠤ᠂ ᠪᠠᠶᠢᠷᠢᠰᠢᠯ ᠢᠶᠠᠷ ᠵᠠᠮᠴᠢᠯᠠᠬᠤ ᠵᠡᠷᠭᠡ ᠦᠢᠯᠡᠴᠢᠯᠡᠭᠡ ᠶᠢ ᠬᠠᠩᠭᠠᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠣᠯᠵᠤ ᠬᠠᠷᠠᠬᠤ᠂ ᠪᠠᠶᠢᠴᠠᠭᠠᠵᠤ ᠣᠯᠬᠤ᠂ ᠠᠵᠢᠯᠯᠠᠭᠤᠯᠵᠤ ᠳᠡᠶᠢᠯᠬᠦ ᠶᠢ ᠪᠡᠶᠡᠯᠡᠭᠦᠯᠦᠨ᠎ᠡ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃︵ᠳᠥᠷᠪᠡ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮᠴᠢᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ      11. ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠎ᠡ᠃ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶ᠎ᠠ ᠪᠣᠯᠭᠠᠵᠤ᠂ ︽ᠵᠠᠰᠠᠭ ᠪᠠᠩᠬᠢ ᠬᠠᠮᠲᠤᠷᠠᠯᠴᠠᠬᠤ︾ ᠵᠠᠭᠪᠤᠷ ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ᠃ᠪᠠᠩᠬᠢ ᠪᠣᠯᠣᠨ ᠠᠵᠤ ᠠᠬᠤᠶᠢᠯᠠᠯ ᠤᠨ ᠴᠢᠭ᠋ ᠣᠯᠠᠨ ᠲᠠᠯ᠎ᠠ ᠥᠷᠭᠡᠨ᠂ ᠣᠶᠢᠷ᠎ᠠ ᠬᠠᠪᠢ ᠳᠠᠭᠠᠨ ᠦᠢᠯᠡᠴᠢᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠷᠭᠦᠯᠵᠢᠯᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠠᠷᠠᠯᠵᠢᠶ᠎ᠠ ᠬᠤᠳᠠᠯᠳᠤᠭᠠᠨ ᠤ ᠬᠦᠷᠢᠶᠡᠯᠡᠩ ᠲᠣᠭᠤᠷᠢᠭ ᠲᠤ ᠲᠦᠰᠢᠭᠯᠡᠨ᠂ ᠵᠡᠷᠭᠡ ᠬᠥᠮᠥᠰ ᠤᠨ ᠤᠷᠤᠰᠬᠠᠯ ᠤᠨ ᠬᠡᠮᠵᠢᠶ᠎ᠡ ᠶᠡᠭᠡ ᠪᠠᠶᠢᠵᠤ᠂ ᠬᠡᠷᠡᠭᠴᠡᠭᠡ ᠱᠠᠭᠠᠷᠳᠠᠯᠭ᠎ᠠ ᠶᠡᠬᠡᠲᠡᠢ ᠣᠯᠠᠨ ᠨᠡᠶᠢᠲᠡ ᠶᠢᠨ ᠲᠠᠯᠠᠪᠤᠷ ᠲᠤ ᠬᠡᠷᠡᠭᠴᠡᠭᠡ ᠪᠠᠨ ᠦᠨᠳᠦᠰᠦᠯᠡᠨ ︽ᠵᠠᠰᠠᠭ ᠪᠠᠩᠬᠢ ᠠᠵᠤ ᠠᠬᠤᠶᠢᠯᠠᠯ︾ ᠤᠨ ᠬᠠᠮᠲᠤᠷᠠᠯᠴᠠᠭᠠᠨ ᠤ ᠴᠡᠭ ᠭᠠᠷᠭᠠᠵᠤ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢᠶᠠᠷ ᠬᠥᠲᠥᠴᠢ ᠪᠣᠯᠭᠠᠭᠰᠠᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢᠶᠠᠷ ᠨᠢᠷᠤᠭᠤᠪᠴᠢ ᠪᠣᠯᠭᠠᠭᠰᠠᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠴᠢᠭ᠋ ᠢᠶᠠᠷ ᠰᠠᠭᠤᠷᠢ ᠪᠣᠯᠭᠠᠭᠰᠠᠨ᠂ ᠪᠠᠩᠬᠢ᠂ ᠬᠤᠲᠠ ᠶᠢᠨ ᠶᠡᠷᠦᠩᠬᠡᠶᠢᠯᠡᠭᠰᠡᠨ ᠴᠣᠭᠴᠠ᠂ ᠵᠠᠬ᠎ᠠ ᠳᠡᠯᠭᠡᠭᠦᠷ᠂ ᠠᠵᠤ ᠠᠬᠤᠶᠢᠯᠠᠯ ᠤᠨ ᠪᠦᠯᠦᠭᠯᠡᠯ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠣᠷ ᠴᠢᠭ᠋ ᠢᠶᠠᠷ ᠨᠥᠬᠦᠪᠦᠷᠢ ᠪᠣᠯᠭᠠᠭᠰᠠᠨ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠲᠢᠩᠬᠢᠮ ᠢᠶᠠᠷ ᠠᠴᠢᠶᠠᠯᠠᠪᠤᠷᠢ ᠪᠣᠯᠭᠠᠭᠰᠠᠨ ᠪᠠᠷᠢᠮᠵᠢᠶᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ︽ᠣᠶᠢᠷ᠎ᠠ ᠬᠠᠪᠢ ᠳᠠᠭᠠᠨ ᠭᠦᠢᠴᠡᠳᠬᠡᠬᠦ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ ︶᠃      12. ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠎ᠡ᠃ᠦᠷᠭᠦᠯᠵᠢᠯᠡᠨ ︽ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠪᠠ ︽ᠬᠤᠪᠢ ᠬᠥᠮᠥᠨ ᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠲᠣᠭᠤᠷᠢᠨ ᠳᠤ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠳᠡᠰ ᠳᠠᠪᠬᠤᠷᠭ᠎ᠠ ᠶᠢᠨ ᠬᠤᠯᠪᠣᠭᠳᠠᠬᠤ ᠤᠴᠢᠷ ᠶᠠᠪᠤᠳᠠᠯ ᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠣᠷᠣᠵᠤ ᠰᠠᠭᠤᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠬᠦᠯᠢᠶᠡᠨ ᠠᠪᠴᠤ ᠰᠢᠢᠳᠪᠦᠷᠢᠯᠡᠬᠦ ᠴᠣᠩᠬᠤ ᠭᠠᠷᠭᠠᠵᠤ ᠂ ᠦᠨᠳᠦᠰᠦᠨ ᠱᠠᠲᠤᠨ ᠳᠤ ᠬᠡᠷᠡᠭᠵᠢᠭᠦᠯᠦᠭᠰᠡᠨ ︽ᠨᠢᠭᠡ ᠤᠴᠢᠷ︾ ᠤᠨ ᠭᠠᠷᠴᠠᠭ ᠢ ᠴᠠᠭ ᠲᠤᠬᠠᠢ ᠳᠤᠨᠢ ᠨᠡᠶᠢᠲᠡᠯᠡᠵᠦ᠂ ᠪᠠᠷᠢᠮᠵᠢᠶᠠᠵᠢᠭᠤᠯᠤᠭᠰᠠᠨ ᠦᠢᠯᠡᠴᠢᠯᠡᠭᠡᠨ ᠤ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠥᠪᠡᠷᠮᠢᠴᠡ ᠣᠨᠴᠠᠯᠢᠭ ᠲᠠᠢ ᠲᠣᠭᠲᠠᠭᠠᠨ ᠦᠢᠯᠡᠳᠬᠦ ᠳᠤ ᠬᠡᠷᠡᠭᠰᠡᠬᠦ ᠦᠢᠯᠡᠴᠢᠯᠡᠭᠡ ᠶᠢ ᠬᠢᠵᠦ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠥᠷᠲᠡᠭᠡ ᠪᠠᠷ ᠬᠠᠪᠰᠤᠷᠤᠨ ᠭᠦᠢᠴᠡᠳᠬᠡᠬᠦ᠂ ᠨᠢᠭᠡ ᠬᠡᠯᠬᠢᠶ᠎ᠡ ᠪᠠᠷ ᠰᠢᠢᠳᠪᠦᠷᠢᠯᠡᠵᠦ ᠳᠠᠭᠤᠰᠬᠠᠬᠤ᠂ ᠨᠢᠭᠡ ᠴᠣᠩᠬᠤ ᠪᠠᠷ ᠮᠠᠲ᠋ᠧᠷᠢᠶᠠᠯ ᠭᠠᠷᠭᠠᠵᠤ᠂ ᠨᠢᠭᠡ ᠤᠳᠠᠭ᠎ᠠ ᠳᠤ ᠰᠠᠶᠢᠲᠤᠷ ᠭᠦᠢᠴᠡᠳᠬᠡᠬᠦ︾ ᠶᠢ ᠪᠡᠶᠡᠯᠡᠭᠦᠯᠵᠦ᠂ ᠨᠠᠩ ᠣᠯᠠᠨ ᠥᠭᠡᠷᠡᠴᠢᠯᠡᠯᠲᠡ ᠶᠢᠨ ᠵᠦᠢᠯᠡᠰ ᠢ ᠰᠢᠶᠠᠩ ᠤᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠪᠠᠶᠢᠩᠭᠤᠵᠢᠭᠤᠯᠤᠨ ᠠᠵᠢᠯᠯᠠᠭᠤᠯᠬᠤ ᠶᠢ ᠰᠦᠪᠡᠭᠴᠢᠯᠡᠨ᠎ᠡ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃      13. ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠴᠢᠩᠭᠠᠷᠠᠭᠤᠯᠤᠨ᠎ᠠ᠃︽ᠲᠢᠩᠬᠢᠮ ᠤᠨ ᠳᠣᠲᠣᠷᠠᠬᠢ ᠬᠠᠪᠰᠤᠷᠤᠨ ᠭᠦᠢᠴᠡᠳᠬᠡᠬᠦ ᠦᠢᠯᠡᠴᠢᠯᠡᠭᠡ + ᠲᠢᠩᠬᠢᠮ ᠤᠨ ᠭᠠᠳᠠᠨᠠᠬᠢ ᠨᠡᠭᠦᠳᠡᠯ ᠦᠢᠯᠡᠴᠢᠯᠡᠭᠡ︾ ᠶᠢᠨ ᠠᠵᠢᠯ ᠤᠨ ᠵᠠᠭᠪᠤᠷ ᠢ ᠲᠡᠭᠦᠯᠳᠡᠷᠵᠢᠭᠦᠯᠵᠦ᠂ ᠨᠥᠬᠦᠴᠡᠯ ᠲᠠᠢ ᠭᠠᠵᠠᠷ ᠣᠷᠣᠨ ᠤ ᠬᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ  ᠶᠢ ᠰᠦᠪᠡᠭᠴᠢᠯᠡᠵᠦ᠂ ᠲᠣᠰᠬᠤᠨ ︵ᠨᠡᠶᠢᠭᠡᠮ ᠲᠣᠭᠤᠷᠢᠭ︶ ᠳᠤ ᠨᠠᠮ ᠤᠨ ᠭᠡᠰᠢᠭᠦᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ᠂ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠳᠤ ᠲᠦᠰᠢᠭᠯᠡᠵᠦ᠂ ᠦᠨᠳᠦᠰᠦᠨ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠬᠦᠴᠦᠨ ᠢ ᠲᠡᠭᠦᠯᠳᠡᠷᠵᠢᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠴᠢᠩᠭᠠᠷᠠᠭᠤᠯᠤᠨ᠂ ᠦᠨᠳᠦᠰᠦᠨ ᠱᠠᠲᠤᠨ ᠤ ᠠᠵᠤ ᠠᠬᠤᠶᠢᠯᠠᠯ ᠤᠨ ᠣᠯᠠᠨ ᠲᠦᠮᠡᠨ ᠳᠤ ᠲᠣᠰᠬᠤᠨ ᠳᠤ ᠣᠷᠣᠵᠤ ᠡᠷᠦᠬᠡ ᠳᠤ ᠣᠷᠣᠬᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠠᠬᠢᠴᠠ ᠶᠢ ᠮᠥᠷᠳᠡᠬᠦ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠵᠡᠷᠭᠡ ᠦᠢᠯᠡᠴᠢᠯᠡᠭᠡ ᠬᠠᠩᠭᠠᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠢ ᠢᠯᠡ ᠪᠣᠯᠭᠠᠬᠤ ᠪᠤᠯᠤᠩ᠂ ᠤᠬᠠᠭᠤᠯᠭ᠎ᠠ ᠶᠢᠨ ᠪᠤᠯᠤᠩ ᠵᠡᠷᠭᠡ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠳᠦᠷᠢᠮ᠂ ᠬᠡᠷᠡᠭ ᠶᠠᠪᠤᠳᠠᠯ ᠤᠨ ᠨᠠᠷᠢᠨ ᠬᠠᠭᠤᠳᠠᠰᠤ ᠂ ᠠᠵᠢᠯᠲᠠᠨ ᠤ ᠨᠡᠷᠡᠰ᠂ ᠬᠠᠷᠢᠯᠴᠠᠬᠤ ᠠᠷᠭ᠎ᠠ ᠮᠠᠶ᠋ᠢᠭ ᠵᠢᠴᠢ ᠦᠢᠯᠡᠴᠢᠯᠡᠬᠦ ᠬᠦᠷᠢᠶ᠎ᠡ ᠬᠡᠪᠴᠢᠶ᠎ᠡ ᠵᠡᠷᠭᠡ ᠠᠭᠤᠯᠭ᠎ᠠ ᠶᠢ ᠢᠯᠡ ᠨᠡᠶᠢᠲᠡᠯᠡᠨ᠎ᠡ︔ᠭᠠᠷᠠᠭ ᠤᠨ ᠰᠡᠭᠦᠯᠴᠢ ᠵᠢᠴᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠭᠡ ᠬᠠᠩᠭᠠᠵᠤ᠂ ︽365 ᠡᠳᠦᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠭᠦᠳᠡ ᠪᠠᠨ ᠬᠠᠭᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠦᠨ᠎ᠡ︔ᠪᠣᠳᠠᠲᠤ ᠴᠣᠭᠴᠠ ᠶᠢᠨ ᠶᠡᠭᠡ ᠲᠢᠩᠬᠢᠮ ᠳᠤ ᠬᠠᠷᠰᠢ ᠰᠠᠭᠠᠳ ᠦᠭᠡᠢ ᠥᠭᠡᠷᠡᠴᠢᠯᠡᠨ ᠰᠠᠶᠢᠵᠢᠷᠠᠭᠤᠯᠬᠤ ᠪᠠ ᠨᠠᠰᠤᠵᠢᠯᠲᠠ ᠳᠤ ᠲᠣᠬᠢᠷᠠᠭᠤᠯᠤᠨ ᠳᠡᠭᠡᠭᠰᠢᠯᠡᠭᠦᠯᠬᠦ ᠶᠢ ᠥᠷᠨᠢᠭᠦᠯᠵᠦ᠂ ᠬᠠᠭᠤᠴᠢᠨ ᠰᠢᠯ᠂ ᠬᠦᠷᠳᠦᠲᠦ ᠰᠠᠨᠳᠠᠯᠢ᠂ ᠲᠦᠷᠭᠡᠨ ᠠᠪᠤᠷᠠᠯᠳᠠ ᠶᠢᠨ ᠡᠮ ᠤᠨ ᠬᠠᠶᠢᠷᠴᠠᠭ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠣᠭᠤᠢ ᠬᠠᠮᠲᠤᠯᠢᠭ ᠤᠨ ᠠᠵᠢᠯ ᠶᠠᠪᠤᠳᠠᠯ ᠭᠦᠢᠴᠡᠳᠬᠡᠬᠦ ᠳᠤ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠦᠨ᠎ᠡ᠃ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠷᠠᠭᠤᠯᠵᠤ᠂ ᠪᠠᠷᠠᠭᠠᠨ ᠤ ᠭᠦᠢᠯᠭᠡᠭᠡᠨ ᠤ ᠢᠯᠡᠬᠡᠨ ᠬᠦᠷᠭᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠰᠦᠢᠳᠬᠡᠯ ᠬᠤᠷᠢᠶᠠᠬᠤ ᠦᠭᠡᠢ ᠪᠠᠷ ᠭᠡᠷ ᠲᠤᠨᠢ ᠬᠦᠷᠴᠦ ᠦᠢᠯᠡᠴᠢᠯᠡᠬᠦ᠂ ᠭᠡᠷ ᠲᠤᠨᠢ ᠣᠴᠢᠵᠤ ᠦᠢᠯᠡᠴᠢᠯᠡᠬᠦ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃︵ᠲᠠᠪᠤ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ      14᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠵᠢᠵᠢᠭ ᠬᠡᠷᠴᠢᠮ︾  ᠠᠴᠠ ᠭᠠᠷᠳᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠣᠰ ᠲᠣᠰ ᠤᠨ ᠣᠨᠴᠠᠯᠢᠭ ᠲᠠᠢ᠂ ᠣᠷᠣᠨ ᠪᠠᠶᠢᠷᠢ ᠰᠣᠯᠢᠨ ᠬᠥᠭᠵᠢᠭᠰᠡᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ︽ᠨᠢᠭᠡ ᠣᠷᠣᠨ ᠨᠢᠭᠡ ᠲᠥᠷᠥᠯ ᠵᠦᠢᠯ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠵᠦᠢᠯ ᠢ ᠪᠣᠶ ᠪᠣᠯᠭᠠᠨ᠎ᠠ᠃ᠡᠭᠦᠨ ᠤ ᠬᠠᠮᠲᠤ᠂ ︽ᠳᠣᠷᠣᠭᠰᠢ ᠪᠠᠭᠤᠵᠤ ᠦᠢᠯᠡᠴᠢᠯᠡᠬᠦ︾ ᠶᠢᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠵᠤ᠂ ᠠᠵᠤ ᠠᠬᠤᠶᠢᠯᠠᠯ ᠤᠨ ᠬᠠᠷᠢᠶᠠᠯᠠᠭᠳᠠᠬᠤ ᠰᠡᠳᠬᠢᠯᠭᠡ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠥᠭᠵᠢᠯᠲᠡ ᠶᠢᠨ ᠴᠢᠭᠯᠡᠯ ᠢ ᠦᠨᠳᠦᠰᠦᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ︽ᠨᠢᠭᠡ ᠰᠢᠶᠠᠩ ᠪᠠᠯᠭᠠᠰᠤ ᠨᠢᠭᠡ ᠨᠠᠷᠠᠲᠤ ᠲᠡᠮᠳᠡᠭᠲᠦ︾ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠲᠡᠯᠢᠭ ᠲᠤᠷᠰᠢᠯᠭ᠎ᠠ ᠶᠢ ᠪᠥᠬᠦ ᠬᠤᠲᠠ ᠶᠢᠨ ᠬᠡᠪᠴᠢᠶᠡᠨ ᠳᠤ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃      15. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠶᠢ ᠬᠠᠶᠢᠨ ᠰᠦᠪᠡᠭᠴᠢᠯᠡᠬᠦ ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡᠨ ᠤ ᠵᠠᠭᠪᠤᠷ ᠤᠨ ᠰᠢᠨ᠎ᠡ ᠨᠥᠬᠦᠴᠡᠯ ᠲᠠᠢ ᠬᠢᠷᠢ ᠬᠡᠮ ᠲᠠᠢ ᠴᠢᠳᠠᠪᠤᠷᠢ ᠲᠠᠢ ᠨᠡᠶᠢᠭᠡᠮ ᠤᠨ ᠭᠤᠷᠪᠠᠳᠠᠭᠢ ᠡᠲᠡᠭᠡᠳ ᠢ ᠤᠷᠢᠵᠤ ᠰᠢᠶᠠᠩ ᠤᠨ ᠳᠡᠰ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠣᠴᠢᠭᠤᠯᠤᠨ ᠨᠡᠶᠢᠭᠡᠮᠴᠢᠯᠡᠭᠰᠡᠨ ᠨᠠᠶᠢᠳᠠᠨ ᠬᠠᠮᠢᠶᠠᠷᠤᠭᠤᠯᠬᠤ ᠶᠢ ᠬᠡᠷᠡᠭᠵᠢᠭᠦᠯᠵᠦ᠂ ᠴᠣᠩᠬᠤᠨ ᠤ ᠡᠮᠦᠨᠡᠬᠢ ᠭᠥᠯᠢᠶᠡᠨ ᠠᠪᠴᠤ ᠰᠢᠢᠳᠪᠦᠷᠢᠯᠡᠬᠦ ᠴᠤᠪᠤᠷᠠᠯ ᠢ ᠰᠢᠯᠢᠳᠡᠭᠵᠢᠭᠦᠯᠬᠦ᠂ ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ ᠴᠤᠪᠤᠷᠠᠯ ᠢ ᠰᠢᠯᠢᠳᠡᠭᠵᠢᠭᠦᠯᠬᠦ᠂ ᠮᠠᠲ᠋ᠧᠷᠢᠶᠠᠯ ᠭᠠᠷᠭᠠᠬᠤ ᠴᠤᠪᠤᠷᠠᠯ ᠢ ᠰᠢᠯᠢᠳᠡᠭᠵᠢᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ 4 ᠲᠠᠯ᠎ᠠ  ᠠᠴᠠ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠵᠣᠭᠤᠰ ᠢᠶᠠᠷ ᠬᠥᠮᠥᠨ ᠢ ᠲᠡᠵᠢᠭᠡᠬᠦ︾  ᠠᠴᠠ ︽ᠵᠣᠭᠤᠰ ᠢᠶᠠᠷ ᠠᠵᠢᠯ ᠶᠠᠪᠤᠳᠠᠯ ᠭᠦᠢᠴᠡᠳᠬᠡᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠬᠤ ᠬᠡᠷᠡᠭᠲᠡᠢ      ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠢᠨᠠᠨ ᠵᠢᠯᠤᠭᠤᠳᠴᠤ ᠠᠬᠢᠭᠤᠯᠬᠤ ᠬᠡᠷᠡᠭᠲᠡᠢ︔ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠨᠢ ᠬᠡᠷᠡᠭᠵᠢᠭᠦᠯᠬᠦ ᠲᠥᠰᠥᠯ ᠶᠣᠰᠣᠭᠠᠷ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠲᠣᠭᠲᠠᠭᠠᠵᠤ᠂ 3 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠰᠢᠤᠳᠠᠨ ᠤ ᠬᠠᠶᠢᠷᠴᠠᠭ dhqzwfjzws@126.com ᠬᠦᠷᠲᠡᠯ᠎ᠡ ᠬᠠᠷᠢᠭᠤ ᠲᠤᠰᠬᠠᠵᠤ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ︵ᠬᠤᠶᠠᠷ︶ ᠢᠳᠡᠪᠬᠢᠲᠡᠢ ᠪᠠᠷ ᠤᠬᠠᠭᠤᠯᠤᠨ ᠳᠡᠯᠭᠡᠷᠡᠭᠦᠯᠬᠦ ᠬᠡᠷᠡᠭᠲᠡᠢ      ᠡᠯ᠎ᠡ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ᠨᠠᠩ ᠣᠯᠠᠨ ᠡᠭᠦᠳᠦᠨ ᠪᠦᠲᠦᠭᠡᠬᠦ᠂ ᠲᠤᠰᠠᠲᠠᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠪᠣᠶ ᠪᠣᠯᠭᠠᠬᠤ ᠬᠡᠷᠡᠭᠲᠡᠢ᠃ᠠᠵᠢᠯ ᠤᠨ ᠳᠤᠮᠳᠠᠬᠢ ᠲᠡᠷᠢᠭᠦᠨ ᠤ ᠲᠤᠷᠰᠢᠯᠭ᠎ᠠ ᠪᠣᠯᠣᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠳ᠋ᠦᠩᠨᠡᠵᠦ᠂ ᠰᠦᠯᠵᠢᠶ᠎ᠡ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠤᠨ ᠠᠷᠭ᠎ᠠ ᠵᠠᠮ ᠢᠶᠠᠷ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠪᠠ ᠠᠵᠢᠯ ᠤᠨ ᠦᠷ᠎ᠡ ᠪᠦᠲᠦᠮᠵᠢ ᠶᠢ ᠥᠷᠭᠡᠨ ᠬᠦᠷᠢᠶ᠎ᠡ ᠬᠡᠪᠴᠢᠶ᠎ᠡ ᠪᠠᠷ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠬᠠᠨᠤᠮᠵᠢᠲᠠᠶ ᠪᠠᠶᠢᠬᠤ ᠨᠣᠷᠮ᠎ᠠ ᠶᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠯᠴᠠᠨ ᠯᠠᠪᠯᠠᠯᠲᠠ ᠪᠣᠯᠭᠠᠬᠤ᠂ ᠥᠷᠢᠰᠦᠯᠳᠦᠨ ᠬᠥᠭᠵᠢᠬᠦ ᠶᠢ ᠠᠬᠢᠭᠤᠯᠬᠤ ᠶᠢᠨ ᠬᠠᠮᠲᠤ ᠠᠵᠤ ᠠᠬᠤᠶᠢᠯᠠᠯ ᠪᠠ ᠣᠯᠠᠨ ᠲᠦᠮᠡᠨ ᠤ ᠬᠢᠨᠠᠯᠲᠠ ᠲᠠᠯᠪᠢᠯᠲᠠ ᠪᠠᠷ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠳᠡᠭᠡᠭᠰᠢᠯᠡᠯᠲᠡ ᠶᠢ ᠠᠬᠢᠭᠤᠯᠤᠨ᠎ᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ http://www.donghe.gov.cn/zcjd/24980767.jhtml
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1