5 ᠰᠠᠷ᠎ᠠ ᠶᠢᠨ 22 ᠤᠨ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠬᠡᠰᠡᠭ ᠵᠡᠭᠡᠯᠢ | ᠭᠤᠳᠤᠮᠵᠢ ᠳᠤ ᠪᠠᠶᠢᠴᠠᠭᠠᠨ ᠰᠤᠳᠤᠯᠤᠯᠲᠠ ᠬᠢᠵᠡᠢ᠃ᠲᠡᠷᠡ ᠤᠷᠢᠳ ᠬᠤᠵᠢᠳ ᠵᠡᠭᠦᠨ ᠥᠷᠲᠡᠭᠡᠨ ᠤ ᠵᠡᠭᠡᠯᠢ | ᠭᠤᠳᠤᠮᠵᠢ ᠶᠢᠨ ᠳᠤᠮᠳᠠᠳᠤ ᠤᠯᠤᠰ ᠤᠨ ᠲᠡᠮᠦᠷ ᠵᠠᠮ ᠤᠨ ᠵᠢᠷᠭᠤᠳᠤᠭᠠᠷ ᠲᠣᠪᠴᠢᠶ᠎ᠠ ᠶᠢᠨ ᠭᠠᠵᠠᠷ᠂ ᠰᠢᠦᠢ ᠿᠢ | ᠵᠢᠶᠠ ᠶᠤᠸᠠᠨ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢᠨ ᠲᠦᠷᠦᠯ ᠵᠦᠢᠯ᠂ ᠦᠷᠲᠡᠭᠡ ᠬᠤᠶᠢᠲᠤ | ᠵᠠᠮ ᠤᠨ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠡᠮᠦᠨ᠎ᠡ | ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠯᠦ ᠸᠠᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ᠂ ᠵᠧᠩ ᠪᠧᠢ ᠨᠡᠶᠢᠭᠡᠮ ᠲᠣᠭᠤᠷᠢᠭ ᠤᠨ ᠰᠢᠷᠣᠢ ᠶᠢᠨ ᠠᠰᠠᠷ᠂ ᠨᠢᠦ ᠴᠠᠩ ᠲᠣᠭᠤᠷᠢᠭ ᠤᠨ | ᠵᠠᠯᠭᠠᠯᠳᠤᠭᠰᠠᠨ ᠲᠣᠭᠤᠷᠢᠭ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠹᠦ᠋ ᠱᠧᠩ ᠶᠤᠸᠠᠨ ᠨᠡᠶᠢᠭᠡᠮ ᠲᠣᠭᠤᠷᠢᠭ ᠤᠨ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠩ ᠶᠤᠸᠠᠢ ᠭᠡᠷ ᠣᠷᠣᠨ᠂ ᠲᠣᠭᠤᠷᠢᠭ ᠤᠨ ᠨᠠᠮ ᠤᠨ | ᠬᠤᠷᠢᠶ᠎ᠠ ᠶᠢᠨ ᠪᠠᠶᠢᠷᠢ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠳᠤ ᠦᠨᠳᠦᠰᠦᠨ | ᠱᠠᠲᠤᠨ ᠤ ᠵᠠᠰᠠᠯᠲᠠ᠂ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠵᠢᠯ᠂ ᠣᠯᠠᠨ ᠨᠡᠶᠢᠲᠡ ᠶᠢᠨ ᠦᠢᠯᠡᠴᠢᠯᠡᠭᠡ | ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ | ᠣᠶᠢᠯᠠᠭᠠᠵᠤ᠂ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠰᠢᠢᠳᠪᠦᠷᠢᠯᠡᠨ᠎ᠡ᠃ | | | | | 5 ᠰᠠᠷ᠎ᠠ ᠶᠢᠨ 22 ᠤᠨ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠵᠡᠭᠦᠨ ᠦᠷᠳᠡᠭᠡ | ᠵᠡᠭᠡᠯᠢ ᠭᠤᠳᠤᠮᠵᠢ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ | ᠲᠥᠪ ᠲᠤ ᠪᠠᠶᠢᠴᠠᠭᠠᠨ ᠰᠤᠳᠤᠯᠤᠯᠲᠠ ᠬᠢᠵᠡᠢ᠃ | | | | | 5 ᠰᠠᠷ᠎ᠠ ᠶᠢᠨ 22 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠨᠠᠨ ᠭᠧ ᠳ᠋ᠦᠩ | ᠵᠡᠭᠡᠯᠢ ᠶᠢᠨ ᠹᠦ᠋ ᠱᠧᠩ ᠶᠤᠸᠠᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ | ᠪᠠᠶᠢᠴᠠᠭᠠᠨ ᠰᠤᠳᠤᠯᠤᠯᠲᠠ ᠬᠢᠪᠡ᠃ | ᠸᠠᠩ ᠷᠦᠢ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠳᠠᠭᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ | ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠᠷ ᠴᠢᠷᠮᠠᠶᠢᠬᠤ ᠶᠢᠨ ᠬᠠᠮᠲᠤ᠂ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠤᠨ ᠺᠠᠳ᠋ᠷᠴᠤᠳ ᠢ ᠦᠨᠳᠦᠰᠦᠨ ᠱᠠᠲᠤᠨ ᠤ ᠪᠠᠶᠢᠳᠠᠯ ᠢ ᠣᠶᠢᠯᠠᠭᠠᠬᠤ᠂ ᠬᠠᠷᠢᠶᠠᠲᠤ ᠣᠷᠣᠨ ᠤ ᠣᠯᠠᠨ | ᠲᠦᠮᠡᠨ ᠳᠤ ᠦᠢᠯᠡᠴᠢᠯᠡᠬᠦ᠂ ᠨᠡᠶᠢᠭᠡᠮ ᠤᠨ ᠵᠥᠷᠢᠴᠡᠯ ᠢ ᠠᠷᠢᠯᠭᠠᠬᠤ ᠳᠤ ᠨᠠᠩ ᠢᠯᠡᠭᠦᠦ ᠣᠶᠤᠨ ᠴᠢᠳᠠᠯ ᠢᠶᠠᠨ | ᠵᠠᠷᠤᠴᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠶᠡᠷᠦᠩᠬᠡᠶᠢᠯᠡᠭᠰᠡᠨ ᠦᠢᠯᠡᠳᠦᠯ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ᠡᠯ᠎ᠡ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠪᠠᠶᠢᠭᠤᠯᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ᠂ ᠨᠠᠮ ᠤᠨ ᠭᠡᠰᠢᠭᠦᠨ ᠤ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠵᠤ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠳᠣᠷᠣᠭᠰᠢ ᠪᠠᠭᠤᠯᠭᠠᠨ᠂ | ᠦᠨᠳᠦᠰᠦᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ | ᠨᠠᠮ ᠤᠨ ᠭᠡᠰᠢᠭᠦᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ᠃ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠥᠨᠳᠥᠷ | ᠪᠠᠷᠢᠮᠵᠢᠶ᠎ᠠ ᠪᠠᠷ ᠠᠬᠢᠭᠤᠯᠵᠤ᠂ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠲᠠᠶᠢᠴᠢᠯᠠᠵᠦ ᠣᠷᠣᠯᠴᠠᠭᠤᠯᠵᠤ᠂ | ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ︔ᠪᠠᠷᠢᠯᠭ᠎ᠠ ᠶᠢᠨ ᠶᠠᠰᠤ | ᠴᠢᠨᠠᠷ ᠢ ᠴᠢᠩᠭ᠎ᠠ ᠡᠵᠡᠮᠳᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ | ᠲᠡᠭᠦᠯᠳᠡᠷᠵᠢᠭᠦᠯᠵᠦ᠂ ᠪᠦᠷᠢᠨ ᠪᠦᠲᠦᠨ ᠨᠡᠶᠢᠭᠡᠮ ᠲᠣᠭᠤᠷᠢᠭ ᠢ ᠪᠠᠶᠢᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠬᠦ ᠪᠠᠷ | ᠴᠢᠷᠮᠠᠶᠢᠬᠤ ᠬᠡᠷᠡᠭᠲᠡᠢ᠃ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠥᠷᠨᠢᠭᠦᠯᠬᠦ ᠶᠢᠨ | ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ ᠲᠠᠯ᠎ᠠ ᠶᠢᠨ | ᠬᠦᠴᠦᠨ ᠢ ᠡᠮᠬᠢᠯᠡᠨ ᠨᠡᠶᠢᠯᠡᠭᠦᠯᠵᠦ᠂ ᠯᠠᠪᠳᠠᠭᠤᠨ ᠪᠠᠲᠤᠲᠠᠢ ᠡᠮᠬᠢ ᠵᠢᠷᠤᠮ ᠲᠠᠢ ᠪᠠᠷ ᠠᠬᠢᠭᠤᠯᠤᠨ᠂ ᠪᠣᠳᠠᠲᠤ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠴᠧᠩ ᠯᠢ ᠰᠢᠶᠠᠩ᠂ ᠬᠧ ᠭᠦᠸᠧ ᠷᠦᠢ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠵᠡᠢ᠃ | | | |