︽ᠪᠢ ᠪᠣᠯ 3 ᠳ᠋ᠤᠭᠠᠷ ᠨᠣᠮᠧᠷᠲᠤ ᠠᠰᠠᠷ ᠤᠨ ᠣᠷᠣᠢ ᠶᠢᠨ ᠰᠠᠭᠤᠭᠠᠯᠢ ᠡᠷᠦᠬᠡ᠂ ᠮᠠᠨ ᠤ ᠭᠡᠷ ᠤᠨ | ᠣᠷᠣᠢ ᠠᠴᠠ ᠤᠰᠤ ᠭᠤᠭᠤᠵᠢᠵᠤ ᠪᠠᠶᠢᠨ᠎ᠠ᠂ ᠥᠩᠭᠡᠷᠡᠭᠰᠡᠨ ᠳᠤ ᠵᠠᠰᠠᠵᠤ ᠥᠩᠭᠡᠷᠡᠭᠰᠡᠨ ᠪᠣᠯᠪᠠᠴᠤ ᠪᠠᠰᠠ | ᠭᠤᠭᠤᠵᠢᠵᠤ ᠪᠠᠶᠢᠨ᠎ᠠ᠂ ᠮᠠᠨ ᠤ ᠰᠦᠯᠵᠢᠶᠡᠨ ᠤ ᠲᠠᠰᠤᠯᠤᠭᠴᠢ ᠪᠠᠷ ᠠᠳᠠᠯ ᠠᠬᠤᠢ ᠪᠣᠯᠣᠨ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠲᠠᠢ ᠵᠣᠬᠢᠴᠠᠭᠤᠯᠵᠤ ᠪᠠᠶᠢᠴᠠᠭᠠᠨ | ᠦᠵᠡᠵᠦ᠂ ᠪᠢᠳᠡᠨ ᠳᠤ ᠬᠠᠪᠰᠤᠷᠤᠨ ᠡᠨᠡ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ ᠥᠭᠬᠦ ᠶᠢ ᠬᠦᠰᠡᠵᠦ | ᠪᠠᠶᠢᠨ᠎ᠠ᠃ ᠪᠣᠷᠣᠭᠠᠨ ᠤ ᠤᠯᠠᠷᠢᠯ ᠤᠳᠠᠯ ᠦᠭᠡᠢ ᠬᠦᠷᠴᠦ ᠢᠷᠡᠨ᠎ᠡ᠂ ᠮᠠᠨ ᠤ ᠡᠨᠡ ᠠᠰᠠᠷ ᠤᠨ ᠰᠠᠭᠤᠭᠠᠯᠢ ᠡᠷᠦᠬᠡ | ᠴᠥᠮ ᠮᠠᠰᠢ ᠰᠠᠨᠳᠤᠷᠴᠤ ᠪᠠᠶᠢᠨ᠎ᠠ ᠁︾ ︽ᠠᠪᠤ ᠪᠢᠲᠡᠭᠡᠢ ᠰᠠᠨᠳᠤᠷ᠂ ᠲᠠᠨ ᠤ ᠡᠨᠡ ᠠᠰᠠᠷ ᠢ ᠨᠢᠭᠡᠨᠲᠡ ᠡᠨᠡ | ᠵᠢᠯ ᠤᠨ ᠬᠠᠭᠤᠴᠢᠨ ᠲᠣᠭᠤᠷᠢᠭ ᠤᠨ ᠥᠭᠡᠷᠡᠴᠢᠯᠡᠨ ᠪᠠᠶᠢᠭᠤᠯᠬᠤ ᠬᠡᠪᠴᠢᠶᠡᠨ ᠳᠤ ᠣᠷᠣᠭᠤᠯᠵᠤ᠂ ᠤᠳᠠᠯ ᠦᠭᠡᠢ | ᠲᠠᠯᠠᠪᠠᠶ ᠳᠤ ᠣᠷᠣᠵᠤ ᠪᠠᠷᠢᠯᠭ᠎ᠠ ᠪᠠᠷᠢᠬᠤ ᠭᠡᠵᠦ ᠪᠠᠶᠢᠨ᠎ᠠ᠃ ᠲᠠᠨ ᠢ ᠰᠠᠨᠠᠭ᠎ᠠ ᠠᠮᠤᠷ ᠪᠠᠶᠢᠯᠭᠠᠬᠤ ᠶᠢᠨ ᠲᠥᠯᠥᠭᠡ᠂ | ᠪᠢᠳᠡ ᠳᠠᠬᠢᠨ ᠣᠴᠢᠵᠤ ᠪᠠᠶᠢᠳᠠᠯ ᠢ ᠦᠵᠡᠬᠦ ᠶᠢᠨ ᠬᠠᠮᠲᠤ ᠰᠠᠶᠢᠲᠤᠷ ᠲᠡᠮᠳᠡᠭᠯᠡᠯ ᠬᠢᠵᠦ᠂ ᠠᠵᠢᠯᠲᠠᠳ ᠤᠨ ᠢᠶᠠᠨ | ᠠᠰᠠᠭᠤᠳᠠᠯ ᠢ ᠡᠷᠢᠵᠦ᠂ ᠨᠠᠷᠢᠨ ᠬᠢᠨᠠᠮᠠᠭᠠᠢ ᠰᠡᠯᠪᠢᠨ ᠵᠠᠰᠠᠬᠤ ᠳᠤ ᠳᠥᠭᠦᠮ ᠪᠣᠯᠭᠠᠶ᠎ᠠ︾ ᠭᠡᠵᠦ ᠰᠠᠭᠤᠭᠠᠯᠢ | ᠠᠷᠠᠳ ᠤᠨ ᠲᠤᠰᠬᠠᠭᠰᠠᠨ ᠠᠰᠠᠭᠤᠳᠠᠯ ᠢ ᠣᠯᠣᠭᠰᠠᠨ ᠤ ᠳᠠᠷᠠᠭ᠎ᠠ᠂ ᠰᠦᠯᠵᠢᠶᠡᠨ ᠤ ᠠᠵᠢᠯᠲᠠᠨ ᠴᠧᠨ ᠴᠢᠤᠸᠠᠨ | ᠸᠧᠢ ᠲᠤᠬᠠᠢ ᠶᠢᠨ ᠲᠠᠯᠠᠪᠠᠶ ᠳᠤ ᠬᠦᠷᠴᠦ ᠪᠠᠶᠢᠳᠠᠯ ᠢ ᠣᠶᠢᠯᠠᠭᠠᠪᠠ᠃ | | | | | ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠵᠢᠵᠢᠭ ᠲᠣᠭᠤᠷᠢᠭ ᠤᠨ ᠠᠰᠠᠷ ᠬᠦᠷᠢᠶᠡᠨ ᠳᠤ ︽ | ᠤᠯᠠᠭᠠᠨ ᠥᠩᠭᠡ ᠶᠢᠨ ᠭᠦᠶᠦᠯᠲᠡ ᠶᠢᠨ ᠪᠦᠯᠬᠦᠮ︾ ᠪᠣᠯᠵᠤ᠂ ᠨᠠᠰᠤᠲᠠᠢ ᠡᠵᠢ ᠲᠠᠢ ᠪᠠᠨ ᠵᠣᠭᠤᠭᠳᠠᠬᠤ ᠶᠢᠨ ᠬᠠᠮᠲᠤ | ᠂ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠢ ︽ᠤᠯᠠᠭᠠᠨ ᠥᠩᠭᠡ ᠶᠢᠨ ᠬᠡᠷᠡᠭ ᠵᠥᠪᠯᠡᠬᠦ ᠲᠢᠩᠬᠢᠮ︾ | ᠳᠡᠭᠡᠷ᠎ᠡ ᠲᠥᠪᠯᠡᠷᠡᠭᠦᠯᠦᠨ ᠰᠢᠢᠳᠪᠦᠷᠢᠯᠡᠵᠦ ᠪᠠᠶᠢᠨ᠎ᠠ ᠁ ᠥᠪᠥᠷ ᠮᠣᠩᠭᠤᠯ ᠤᠨ ᠪᠤᠭᠤᠲᠤ ᠬᠤᠲᠠ ᠶᠢᠨ ᠳ᠋ᠦᠩ | ᠾᠧ ᠲᠣᠭᠤᠷᠢᠭ ᠲᠤ᠂ ᠡᠶᠢᠮᠦᠷᠬᠦ ︽ᠤᠯᠠᠭᠠᠨ ᠥᠩᠭᠡ ᠶᠢᠨ ᠬᠠᠳᠬᠤᠮᠠᠯ ᠤᠨ ᠵᠡᠭᠦᠦ︾ ᠨᠢ ᠦᠨᠳᠦᠰᠦᠨ | ᠱᠠᠲᠤᠨ ᠤ ᠵᠠᠰᠠᠯᠲᠠ ᠶᠢᠨ ᠮᠢᠩᠭᠠᠨ ᠱᠤᠭᠤᠮ ᠢ ᠨᠡᠪᠲᠡᠯᠵᠦ ᠪᠠᠶᠢᠨ᠎ᠠ᠃ | ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠦᠨᠳᠦᠰᠦᠨ ᠱᠠᠲᠤᠨ ᠤ ᠰᠠᠭᠤᠷᠢ | ᠪᠠᠲᠤᠯᠠᠭ᠎ᠠ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠥᠮ ᠢ ᠪᠠᠲᠤ ᠪᠠᠬᠢ ᠨᠢᠭᠲᠠ ᠪᠠᠶᠢᠭᠤᠯᠵᠤ᠂ | ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ | ᠨᠠᠮ ᠤᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠨᠦᠭᠦᠳ ᠢᠶᠠᠷ ᠪᠦᠬᠦ ᠣᠷᠣᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠰᠢᠯᠭᠠᠷᠠᠬᠤ ᠶᠢ ᠠᠬᠢᠭᠤᠯᠵᠤ᠂ | ᠰᠠᠭᠤᠷᠢᠰᠢᠬᠤ ᠳᠤ ᠲᠣᠬᠢᠷᠠᠮᠵᠢᠲᠠᠢ ᠳ᠋ᠦᠩ ᠡᡁᠸ ᠭᠤᠣᠯ ᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠠᠢ᠃ | ᠣᠯᠠᠨ ᠬᠡᠮᠵᠢᠯᠲᠡ ᠠᠴᠠ ︽ᠳᠠᠭᠠᠭᠤᠯᠤᠨ ᠨᠢᠰᠬᠦ ᠴᠢᠳᠠᠪᠤᠷᠢ︾ ᠶᠢ ᠪᠣᠶᠢᠵᠢᠭᠤᠯᠤᠨ ᠳᠡᠭᠡᠭᠰᠢᠯᠡᠭᠦᠯᠪᠡ | | | | | ︽ᠡᠨᠡ ᠤᠳᠠᠭ᠎ᠠ ᠶᠠᠨᠲ᠋ᠠᠢ ᠬᠤᠳᠠ ᠳᠤ ᠬᠦᠷᠴᠦ ᠨᠠᠮ ᠤᠨ ᠡᠭᠦᠷ ᠤᠨ ᠳᠠᠭᠠᠭᠤᠯᠤᠨ ᠡᠷᠬᠢᠯᠡᠬᠦ ᠬᠤᠷᠰᠢᠶ᠎ᠠ ᠶᠢᠨ | ᠪᠣᠯᠪᠠᠰᠤᠷᠠᠯ ᠳᠤ ᠣᠷᠣᠯᠴᠠᠬᠤ ᠳᠠᠭᠠᠨ ᠠᠭᠤᠯᠭ᠎ᠠ ᠨᠢ ᠪᠣᠳᠠᠲᠠᠢ᠂ ᠬᠡᠯᠪᠡᠷᠢ ᠨᠢ ᠤᠯᠠᠨ ᠶᠠᠩᠵᠤ ᠶᠢᠨ ᠪᠠᠶᠢᠬᠤ ᠪᠠᠷ | ᠪᠠᠷᠠᠬᠤ ᠦᠭᠡᠢ᠂ ᠪᠠᠰᠠ ᠲᠤᠷᠰᠢᠯᠭ᠎ᠠ ᠪᠠᠨ ᠰᠣᠯᠢᠯᠴᠠᠵᠤ᠂ ᠠᠷᠭ᠎ᠠ ᠬᠢᠳᠡᠯ ᠢᠶᠠᠨ ᠬᠤᠪᠢᠶᠠᠯᠴᠠᠬᠤ ᠳᠤ ᠪᠢ ᠠᠵᠠ | ᠵᠠᠪᠰᠢᠶᠠᠨ ᠲᠠᠢ ᠮᠥᠷᠲᠡᠭᠡᠨ ᠡᠯᠪᠡᠭ ᠪᠠᠶᠠᠯᠢᠭ ᠣᠯᠣᠯᠲᠠ ᠲᠠᠢ ᠰᠠᠨᠠᠭᠳᠠᠵᠤ ᠪᠠᠶᠢᠨ᠎ᠠ︾᠃ ᠪᠢ ᠰᠡᠳᠬᠢᠬᠦᠢ ᠪᠠᠨ | ᠥᠷᠭᠡᠳᠬᠡᠵᠦ᠂ ᠬᠠᠷᠠᠭ᠎ᠠ ᠪᠠᠨ ᠥᠷᠭᠡᠳᠬᠡᠵᠡᠢ᠃ ᠮᠠᠨ ᠤ ᠬᠤᠶᠢᠰᠢᠳᠠ ᠶᠢᠨ ᠠᠵᠢᠯ ᠳᠤ ᠰᠢᠨ᠎ᠡ ᠬᠠᠭᠠᠯᠭ᠎ᠠ ᠶᠢ | ᠨᠡᠭᠡᠭᠡᠨ ᠥᠭᠴᠦ᠂ ᠮᠠᠨ ᠤ ᠲᠣᠰᠬᠤᠨ ᠤ ᠳᠠᠷᠠᠭᠠᠴᠢ ᠶᠢᠨ ᠠᠯᠬᠤᠮ ᠳᠤ ᠮᠢᠩᠭᠠᠨ ᠮᠦ ᠭᠤᠭᠤᠳ ᠲᠠᠷᠢᠬᠤ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ᠂ ᠫᠥ᠋ᠩᠰᠡᠨ ᠳᠤ ᠵᠠᠶᠢᠯᠠᠭᠰᠠᠨ ᠭᠤᠭᠤᠳ ᠲᠠᠷᠢᠬᠤ | ᠲᠦᠷᠦᠯ ᠵᠦᠢᠯ ᠢ ᠰᠦᠪᠡᠭᠴᠢᠯᠡᠬᠦ ᠳᠤ ᠬᠥᠭᠵᠢᠯᠲᠡ ᠶᠢᠨ ᠰᠡᠳᠬᠢᠴᠡ ᠪᠠ ᠴᠢᠭᠯᠡᠯ ᠢ ᠬᠠᠩᠭᠠᠵᠠᠢ ᠭᠡᠵᠦ ᠬᠡᠯᠡᠵᠦ | ᠪᠣᠯᠣᠨ᠎ᠠ︾ᠭᠡᠵᠦ ᠰᠢᠷᠴᠢᠨ ᠪᠠᠯᠭᠠᠰᠤ ᠶᠢᠨ ᠤᠷᠭᠡᠰᠦᠨ ᠲᠣᠰᠬᠤᠨ ᠤ ᠨᠠᠮ ᠤᠨ ᠡᠭᠦᠷ ᠤᠨ ᠱᠦᠵᠢ ᠬᠧ ᠸᠧᠢ ᠸᠧᠢ | ᠬᠡᠯᠡᠪᠡ᠃ | | | | | ᠬᠥᠳᠡᠭᠡ ᠲᠣᠰᠬᠤᠨ ᠤ ᠪᠠᠶᠠᠨ ᠡᠰᠡᠬᠦ ᠶᠢ ᠦᠵᠡᠬᠦ ᠳᠤ ᠵᠠᠩᠭᠢᠯᠠᠭ᠎ᠠ ᠨᠢ ᠨᠠᠮ ᠤᠨ ᠡᠭᠦᠷ ᠢ ᠦᠵᠡᠨ᠎ᠡ;ᠨᠠᠮ ᠤᠨ | ᠡᠭᠦᠷ ᠤᠨ ᠬᠦᠴᠦᠷᠬᠡᠭ ᠡᠰᠡᠬᠦ ᠶᠢ ᠦᠵᠡᠬᠦ ᠳᠤ ᠵᠠᠩᠭᠢᠯᠠᠭ᠎ᠠ ᠨᠢ ︽ᠲᠦᠷᠦᠭᠦᠦ ᠬᠤᠨᠢ︾ ᠶᠢ ᠦᠵᠡᠨ᠎ᠡ᠃ᠳ᠋ᠦᠩ ᠾᠧ | ᠲᠣᠭᠤᠷᠢᠭ ᠤᠨ ᠬᠢᠨ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ | ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠶᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ | ᠴᠢᠬᠤᠯᠠ ᠠᠴᠠ ᠴᠢᠬᠤᠯᠠ ᠵᠦᠢᠯ ᠪᠣᠯᠭᠠᠵᠤ᠂ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠣᠬᠢᠷᠠᠭᠤᠯᠬᠤ᠂ ᠨᠠᠷᠢᠨ | ᠨᠢᠮᠪᠠᠢ ᠪᠣᠶᠢᠵᠢᠭᠤᠯᠬᠤ᠂ ︽ᠵᠡᠪᠰᠡᠭ ᠤᠨ ᠮᠥᠷᠥᠶᠢᠴᠡᠭᠡᠨ ᠤ ᠲᠠᠪᠴᠠᠩ︾ ᠢ ᠪᠠᠶᠢᠭᠤᠯᠬᠤ ᠵᠡᠷᠭᠡ ᠲᠣᠭᠲᠠᠴᠠ ᠪᠠᠷ | ᠳᠠᠮᠵᠢᠭᠤᠯᠵᠤ᠂ ᠤᠯᠤᠰ ᠲᠦᠷᠦ ᠶᠢᠨ ᠵᠣᠭᠰᠣᠯᠲᠠ ᠪᠠᠲᠤ᠂ ᠨᠠᠰᠤᠨ ᠤ ᠪᠦᠲᠦᠴᠡ ᠰᠢᠯᠢᠳᠡᠭᠵᠢᠭᠰᠡᠨ᠂ ᠰᠤᠷᠤᠯᠭ᠎ᠠ ᠶᠢᠨ | ᠨᠠᠮᠲᠠᠷ ᠤᠨ ᠲᠡᠰ ᠳᠠᠪᠬᠤᠷᠭ᠎ᠠ ᠳᠡᠭᠡᠭᠰᠢᠯᠡᠭᠰᠡᠨ᠂ ᠴᠢᠳᠠᠪᠤᠷᠢ ᠬᠡᠪ ᠴᠢᠨᠠᠷ ᠰᠠᠶᠢᠨ ᠬᠤᠰᠢᠭᠤᠴᠢ ᠡᠩᠨᠡᠭᠡ ᠶᠢ | ᠬᠥᠮᠥᠵᠢᠭᠦᠯᠵᠡᠢ᠃ | | | 3 ᠰᠠᠷ᠎ᠠ ᠶᠢᠨ 9 ᠤ ᠡᠳᠦᠷ᠂ ᠳ᠋ᠦᠩ ᠡᡁᠸ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ︽ᠲᠦᠷᠦᠭᠦᠦ ᠭᠠᠯᠠᠭᠤ ᠵᠠᠮᠴᠢᠯᠠᠭᠰᠠᠨ︾ᠪᠣᠯᠪᠠᠰᠤᠷᠠᠯ ᠤᠨ ᠠᠩᠭᠢ | ᠵᠢᠩᠬᠢᠨᠢ ᠪᠠᠷ ᠡᠬᠢᠯᠡᠵᠦ᠂ ᠬᠤᠶᠠᠷ ᠪᠠᠯᠭᠠᠰᠤᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠵᠢᠱᠢᠶ᠎ᠡ | ᠦᠵᠡᠭᠦᠯᠬᠦ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ 2021 ᠬᠤᠭᠤᠴᠠᠭᠠᠨ ᠤ | ᠲᠣᠰᠬᠤᠨ ᠳᠤ ᠬᠦᠷᠴᠦ ᠲᠤᠰᠢᠶᠠᠯ ᠡᠭᠦᠷᠭᠡᠯᠡᠨ ᠰᠣᠩᠭᠤᠨ ᠰᠢᠯᠵᠢᠭᠰᠡᠨ ᠰᠤᠷᠤᠬᠴᠢ ᠨᠠᠶᠢᠳᠠ 30 ᠭᠠᠷᠤᠢ ᠬᠥᠮᠥᠨ | ᠪᠣᠯᠪᠠᠰᠤᠷᠠᠯ ᠳᠤ ᠣᠷᠣᠯᠴᠠᠵᠠᠢ︔3 ᠰᠠᠷ᠎ᠠ ᠶᠢᠨ 13 ᠤ ᠡᠳᠦᠷ ᠠᠴᠠ 17 ᠤ ᠡᠳᠦᠷ ᠪᠣᠯᠲᠠᠯ᠎ᠠ᠂ ᠲᠣᠰᠬᠤᠨ ᠤ | ᠱᠦᠵᠢ ᠨᠠᠷ ᠢ ᠵᠣᠬᠢᠶᠠᠨ ᠪᠠᠶᠢᠭᠤᠯᠵᠤ ᠶᠠᠨᠲ᠋ᠠᠢ ᠬᠤᠳᠠ ᠶᠢᠨ ᠨᠠᠮ ᠤᠨ ᠡᠭᠦᠷ ᠤᠨ ᠳᠠᠭᠠᠭᠤᠯᠤᠨ ᠡᠷᠬᠢᠯᠡᠬᠦ | ᠬᠤᠷᠰᠢᠶ᠎ᠠ ᠶᠢᠨ ᠪᠣᠯᠪᠠᠰᠤᠷᠠᠯ ᠳᠤ ᠣᠷᠣᠯᠴᠠᠭᠤᠯᠵᠠᠢ ᠁ ᠰᠤᠷᠤᠯᠴᠠᠬᠤ᠂ ᠪᠣᠯᠪᠠᠰᠤᠷᠠᠬᠤ᠂ ᠠᠳᠠᠯᠢᠳᠬᠠᠬᠤ᠂ | ᠤᠷᠤᠯᠳᠤᠬᠤ ᠳᠤ ᠣᠷᠣᠯᠴᠠᠵᠠᠢ᠃ᠳ᠋ᠦᠩ ᠾᠧ ᠲᠣᠭᠤᠷᠢᠭ ᠤᠨ ᠬᠢᠨ ᠪᠦᠬᠦ ᠬᠡᠯᠬᠢᠶ᠎ᠡ ᠶᠢ ᠰᠣᠩᠭᠤᠬᠤ᠂ ᠪᠣᠶᠢᠵᠢᠭᠤᠯᠬᠤ᠂ | ᠬᠠᠮᠢᠶᠠᠷᠬᠤ᠂ ᠬᠡᠷᠡᠭᠯᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠣᠰᠬᠤᠨ ᠤ ᠺᠠᠳ᠋ᠷ᠂ ᠢᠯᠠᠩᠭᠤᠶ᠎ᠠ ︽ᠨᠢᠭᠡ | ᠮᠥᠷᠥ ᠪᠠᠷ︾ ᠡᠩᠨᠡᠭᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ ᠠᠬᠢᠭᠤᠯᠪᠠ᠃ᠲᠣᠰᠬᠤᠨ ᠤ ᠨᠠᠮ ᠤᠨ | ᠬᠤᠷᠢᠶᠠᠨ ᠤ ᠭᠡᠰᠢᠭᠦᠨ ᠢ ᠬᠥᠮᠥᠵᠢᠭᠦᠯᠦᠨ ᠬᠥᠭᠵᠢᠭᠦᠯᠵᠦ ᠨᠠᠮ ᠳᠤ ᠣᠷᠣᠭᠤᠯᠬᠤ᠂ ᠰᠢᠯᠢᠳᠡᠭ ᠨᠠᠮ ᠤᠨ ᠭᠡᠰᠢᠭᠦᠨ ᠢ | ᠡᠯᠰᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ | ᠡᠭᠦᠷᠭᠡ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠤᠨ᠎ᠠ᠃ᠡᠭᠦᠨ ᠤ ᠬᠠᠮᠲᠤ᠂ 49 ᠳᠡᠳ᠋ ᠰᠠᠯᠠᠭᠠᠨ | ᠲᠠᠰ ᠤᠨ ᠤᠳᠤᠷᠢᠳᠬᠤ ᠺᠠᠳ᠋ᠷ ᠢ ᠰᠣᠩᠭᠤᠨ ᠲᠣᠮᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠠᠨ | ᠵᠢᠯᠣᠭᠤᠳᠤᠭᠴᠢ ᠪᠠᠷ ᠲᠣᠮᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠩᠭᠡ ᠬᠡᠷᠡᠯ | ᠨᠡᠮᠡᠷᠢᠯᠡᠪᠡ᠃ᠵᠡᠭᠡᠯᠢ ᠪᠠᠯᠭᠠᠰᠤ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠵᠣᠬᠢᠶᠠᠨ | ᠪᠠᠶᠢᠭᠤᠯᠤᠯᠲᠠ ᠶᠢᠨ ᠭᠡᠰᠢᠭᠦᠨ ᠵᠢᠴᠢ ᠲᠣᠰᠬᠤᠨ ᠤ ᠬᠦᠢ ᠨᠢᠭᠡᠳᠦᠯ ᠤᠨ ᠱᠦᠵᠢ ᠳᠤ ᠬᠠᠨᠳᠤᠭᠤᠯᠤᠨ | ︽ᠬᠤᠪᠢᠰᠬᠠᠯ ᠤᠨ ᠤᠶᠤᠨ ᠤ ᠬᠢᠴᠢᠶᠡᠯ ᠤᠨ ᠲᠠᠩᠬᠢᠮ︾ ᠨᠡᠭᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠬᠦᠴᠢᠷ ᠠᠰᠠᠭᠤᠳᠠᠯ ᠬᠠᠯᠠᠮᠰᠢᠯ ᠠᠰᠠᠭᠤᠳᠠᠯ ᠤᠨ | ᠲᠣᠭᠤᠷᠢᠨ ᠳᠤ᠂︽ᠪᠣᠳᠠᠲᠤ ᠪᠠᠶᠢᠯᠳᠤᠭᠠᠨ ᠤ ᠦᠵᠡᠭᠦᠯᠦᠯᠭᠡ + ᠬᠤᠪᠢᠶᠠᠨ ᠡᠳ᠋ᠯᠡᠵᠦ ᠰᠣᠯᠢᠯᠴᠠᠬᠤ︾ᠬᠡᠯᠪᠡᠷᠢ ᠪᠠᠷ | ᠭᠦᠨᠵᠡᠭᠡᠢ ᠰᠣᠯᠢᠯᠴᠠᠨ ᠰᠤᠷᠤᠯᠴᠠᠵᠤ᠂ ᠪᠣᠳᠠᠲᠤ ᠪᠠᠶᠢᠯᠳᠤᠭᠠᠨ ᠤ ᠲᠤᠷᠰᠢᠯᠭ᠎ᠠ ᠪᠣᠯᠣᠨ ᠲᠤᠬᠠᠶᠢᠯᠠᠭᠰᠠᠨ ᠠᠵᠢᠯ ᠤᠨ | ᠲᠦᠪᠰᠢᠨ ᠤ ᠬᠤᠣᠰ ᠳᠡᠭᠡᠭᠰᠢᠯᠡᠯᠲᠡ ᠶᠢ ᠠᠬᠢᠭᠤᠯᠪᠠ︔︽ᠨᠠᠮ ᠤᠨ ᠪᠠᠶᠢᠭᠤᠯᠤᠯᠲᠠ ᠶᠢᠨ ᠬᠦᠴᠦᠨ ᠢ | ᠬᠠᠮᠲᠤᠳᠬᠠᠬᠤ·ᠬᠥᠬᠡᠮᠳᠦᠭ ᠮᠣᠳᠣᠨ ᠤ ᠠᠵᠢᠯᠯᠠᠭ᠎ᠠ︾ ᠶᠢ ᠬᠡᠷᠡᠭᠵᠢᠭᠦᠯᠵᠦ᠂ ᠰᠢᠨ᠎ᠡ ᠪᠠᠷ ᠠᠵᠢᠯ ᠳᠤ ᠣᠷᠣᠭᠰᠠᠨ 157 | ᠵᠠᠯᠠᠭᠤ ᠺᠠᠳ᠋ᠷ ᠢ ᠲᠣᠰᠬᠤᠨ ᠤ ᠬᠦᠢ ᠨᠢᠭᠡᠳᠦᠯ ᠤᠨ ᠡᠮᠦᠨ᠎ᠡ ᠹᠷᠣᠨᠲ ᠲᠤ ᠲᠣᠮᠢᠯᠠᠨ ᠣᠴᠢᠭᠤᠯᠵᠤ ︽ᠴᠢᠬᠢ ᠮᠣᠳᠣ ᠶᠢ | ᠳᠠᠪᠲᠠᠨ ᠪᠣᠯᠪᠠᠰᠤᠷᠠᠭᠤᠯᠬᠤ︾ᠠᠵᠢᠯ ᠢ ᠬᠢᠯᠭᠡᠪᠡ᠃ | ᠡᠭᠦᠨ ᠤ ᠰᠠᠭᠤᠷᠢᠨ ᠳᠡᠭᠡᠷ᠎ᠡ᠂ ᠲᠤᠰᠬᠠᠢ ᠠᠵᠢᠯ ᠤᠨ ᠪᠠᠶᠢᠷᠢ ᠭᠠᠷᠭᠠᠵᠤ ᠲᠣᠰᠬᠤᠨ ᠤ ᠬᠦᠢ ᠨᠢᠭᠡᠳᠦᠯ ᠤᠨ | ᠰᠢᠯᠢᠳᠡᠭ ᠺᠠᠳ᠋ᠷ ᠢ ᠬᠠᠨᠳᠤᠯᠭ᠎ᠠ ᠲᠠᠢ ᠪᠠᠷ ᠡᠯᠰᠡᠵᠦ᠂ ᠲᠣᠰᠬᠤᠨ ᠤ ᠬᠦᠢ ᠨᠢᠭᠡᠳᠦᠯ ᠤᠨ ᠺᠠᠳ᠋ᠷ ᠤᠨ ᠬᠠᠷᠠᠭᠠᠯᠵᠠᠯ ᠢ | ᠳᠡᠪᠰᠢᠭᠦᠯᠬᠦ ᠬᠡᠷᠡᠭᠵᠢᠭᠦᠯᠬᠦ ᠠᠷᠭ᠎ᠠ ᠶᠢ ᠰᠢᠨ᠎ᠡ ᠪᠠᠷ ᠡᠭᠦᠳᠴᠦ᠂ ᠡᠩ ᠤᠨ ᠠᠵᠢᠯ ᠦᠢᠯᠡᠰ ᠤᠨ ᠬᠠᠷᠠᠭᠠᠯᠵᠠᠯ ᠢ | ᠬᠦᠷᠳᠡᠬᠦ ᠠᠴᠠ ᠵᠢᠩᠬᠢᠨᠢ ᠰᠠᠯᠠᠭᠠᠨ ᠤ ᠲᠡᠰ ᠤᠨ ᠠᠵᠢᠯ ᠦᠢᠯᠡᠰ ᠤᠨ ᠬᠠᠷᠠᠭᠠᠯᠵᠠᠯ ᠬᠦᠷᠲᠡᠯ᠎ᠡ ᠳᠡᠪᠰᠢᠭᠦᠯᠬᠦ ᠠᠷᠭ᠎ᠠ | ᠵᠠᠮ ᠢ ᠰᠢᠯᠤᠭᠤᠳᠬᠠᠵᠤ᠂ ᠦᠨᠳᠦᠰᠦᠨ ᠱᠠᠲᠤᠨ ᠤ ᠺᠠᠳ᠋ᠷ ᠤᠨ ᠠᠵᠢᠯ ᠮᠡᠷᠭᠡᠵᠢᠯ ᠤᠨ︽ᠲᠠᠭᠠᠵᠠ︾ ᠶᠢ ᠡᠪᠳᠡᠵᠦ᠂ | ᠦᠨᠳᠦᠰᠦᠨ ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠳᠤ︽ᠰᠡᠳᠬᠢᠯ ᠢ ᠴᠢᠩᠭᠠᠷᠠᠭᠤᠯᠬᠤ ᠡᠮ︾ | ᠨᠡᠮᠡᠷᠢᠯᠡᠨ᠎ᠡ᠃ | ᠨᠠᠮ ᠪᠠ ᠣᠯᠠᠨ ᠲᠦᠮᠡᠨ ᠭᠠᠷ ᠬᠤᠯᠪᠣᠯᠴᠠᠨ ︽ᠤᠯᠠᠭᠠᠨ ᠵᠥᠭᠡᠢ ᠶᠢᠨ ᠡᠭᠦᠷ︾ ᠢ ᠬᠠᠮᠲᠤ ᠪᠠᠷ ᠴᠣᠭᠴᠠᠯᠠᠪᠠ | ︽ᠦᠨᠡᠬᠡᠷ ᠲᠣᠩ ᠳᠥᠭᠦᠮ᠂ ᠥᠨᠥᠳᠥᠷ ᠵᠦᠷᠵᠢ᠂ ᠬᠠᠮᠢᠯ ᠬᠡᠮᠬᠡ ᠬᠤᠳᠠᠯᠳᠤᠨ ᠠᠪᠤᠯ᠎ᠠ᠂ ᠬᠢᠮᠳᠠ | ᠮᠥᠷᠲᠡᠭᠡᠨ ᠰᠢᠨ᠎ᠡ ᠰᠣᠷᠭᠤᠭ ᠰᠢᠸ!︾ ᠭᠡᠵᠦ ︽24 ᠴᠠᠭ ᠢᠶᠠᠷ ᠠᠵᠢᠯᠯᠠᠪᠠᠯ ᠬᠡᠵᠢᠶ᠎ᠡ ᠶᠠᠭᠤᠮ᠎ᠠ ᠬᠤᠳᠠᠯᠳᠤᠨ | ᠠᠪᠬᠤ ᠳᠤ ᠴᠤ ᠳᠦᠭᠦᠮ᠂ ᠨᠠᠰᠤᠲᠠᠶᠢᠴᠤᠳ᠂ ᠵᠠᠯᠠᠭᠤᠴᠤᠳ ᠴᠥᠮ ᠳᠤᠷᠠᠲᠠᠢ ᠪᠠᠶᠢᠳᠠᠭ᠃︾ ︽ᠪᠢ ᠨᠠᠰᠤ | ᠠᠬᠠᠰᠢᠷᠠᠭᠠᠳ ᠬᠥᠯ ᠭᠠᠷ ᠳᠥᠭᠦᠮ ᠦᠭᠡᠢ᠂ ᠰᠣᠨᠣᠰᠬᠤ ᠳᠤ ᠭᠡᠷ ᠤᠨ ᠡᠭᠦᠳᠡᠨ ᠳᠤ ᠰᠢᠨ᠎ᠡ ᠰᠣᠷᠭᠤᠭ ᠨᠣᠭᠤᠭ᠎ᠠ᠂ | ᠤᠯᠠᠷᠢᠯ ᠤᠨ ᠵᠢᠮᠢᠰ ᠬᠤᠳᠠᠯᠳᠤᠨ ᠠᠪᠴᠤ ᠳᠡᠶᠢᠯᠬᠦ ᠪᠥᠭᠡᠳ ᠦᠨ᠎ᠡ ᠬᠠᠩᠰᠢ ᠨᠢ ᠴᠦ ᠮᠠᠰᠢ ᠲᠣᠬᠢᠷᠠᠮᠵᠢᠲᠠᠢ᠂ ᠪᠠᠰᠠ | ᠰᠦᠯᠵᠢᠶᠡᠨ ᠤ ᠠᠵᠢᠯᠲᠠᠨ ᠪᠠᠷᠠᠭ᠎ᠠ ᠶᠢ ᠭᠡᠷ ᠲᠤᠨᠢ ᠬᠦᠷᠭᠡᠵᠦ᠂ ᠮᠠᠨ ᠤ ᠡᠳᠡᠭᠡᠷ ᠨᠠᠰᠤᠲᠠᠶᠢᠴᠤᠳ ᠢ ᠳᠤᠲᠠᠭᠤ ᠵᠠᠮ | ᠬᠥᠭᠡᠭᠡᠯᠭᠡᠵᠦ᠂ ᠪᠠᠰᠠ ᠠᠰᠢᠭ ᠬᠦᠷᠲᠡᠭᠡᠨ᠎ᠡ ᠁︾ᠭᠡᠵᠦ ᠳ᠋ᠦᠩ ᠾᠧ ᠲᠣᠭᠤᠷᠢᠭ ᠤᠨ ᠶᠠᠩ ᠭᠧ ᠯᠢᠶᠠᠩ ᠤᠨ | ᠵᠡᠭᠡᠯᠢ ᠶᠢᠨ ᠳ᠋ᠦᠩ ᠨᠣᠣ ᠪᠦᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠴᠢᠷᠠᠢ ᠳᠤ ᠬᠠᠨᠤᠮᠵᠢᠲᠠᠢ | ᠢᠨᠢᠶᠡᠮᠰᠦᠭᠯᠡᠯ ᠪᠢᠯᠬᠠᠨ᠎ᠠ︾ᠭᠡᠵᠦ ᠬᠡᠯᠡᠪᠡ᠃ ᠳ᠋ᠦᠡᠭᠾᠸ ᠲᠣᠭᠤᠷᠢᠭ ᠤᠨ ᠶᠠᠩ ᠭᠧ ᠯᠢᠶᠠᠩ ᠤᠨ ᠵᠡᠭᠡᠯᠢ | ᠭᠤᠳᠤᠮᠵᠢ ᠶᠢᠨ ᠳ᠋ᠦᠩ ᠨᠣᠣ ᠪᠦᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠴᠢᠷᠠᠢ ᠳᠤ ᠰᠡᠳᠬᠢᠯ | ᠬᠠᠨᠤᠮᠵᠢᠲᠠᠢ ᠢᠨᠢᠶᠡᠮᠰᠦᠭᠯᠡᠯ ᠢᠶᠠᠷ ᠪᠢᠯᠬᠠᠨ᠎ᠠ᠃ᠣᠶᠤᠨᠴᠢ ᠪᠠᠷᠠᠭ᠎ᠠ ᠬᠤᠳᠠᠯᠳᠤᠬᠤ ᠡᠩ ᠤᠨ ᠦᠨ᠎ᠡ ᠲᠠᠢ ᠵᠢᠮᠢᠰ | ᠢᠳᠡᠰᠢᠨ ᠨᠣᠭᠤᠭ᠎ᠠ ᠶᠢᠨ V ᠳᠡᠯᠭᠡᠭᠦᠷ ᠪᠣᠯ ᠳ᠋ᠦᠩ ᠾᠧ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢ | ᠥᠷᠨᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠳᠡᠭᠡᠭᠰᠢᠯᠡᠭᠦᠯᠦᠭᠰᠡᠨ ᠤ ᠬᠤᠷᠢᠶᠠᠩᠭᠤᠢ ᠳᠦᠷᠰᠦ ᠪᠣᠯᠣᠨ᠎ᠠ᠃ | | | | | | ᠭᠡᠷ ᠪᠠᠶᠢᠰᠢᠩ ᠪᠠᠷᠢᠬᠤ ᠭᠡᠪᠡᠯ ᠤᠷᠢᠳ ᠢᠶᠠᠷ ᠰᠠᠭᠤᠷᠢ ᠶᠢ ᠨᠢ ᠵᠠᠰᠠᠬᠤ ᠬᠡᠷᠡᠭᠲᠡᠢ᠃ᠳ᠋ᠦᠩ ᠾᠧ | ᠲᠣᠭᠤᠷᠢᠭ ᠤᠨ ᠬᠢᠨ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ︾ᠡᠨᠡᠬᠦ ᠭᠤᠣᠯ ᠴᠡᠭ ᠢ ᠴᠢᠩᠭ᠎ᠠ | ᠠᠳᠬᠤᠵᠤ᠂ ︽157N︾ ᠲᠣᠣᠷᠵᠢᠭᠤᠯᠤᠭᠰᠠᠨ ᠵᠠᠰᠠᠯᠲᠠ ᠶᠢᠨ ᠵᠠᠭᠪᠤᠷ ᠢ ᠰᠢᠨ᠎ᠡ ᠪᠠᠷ ᠡᠭᠦᠳᠴᠦ᠂ ᠤᠯᠠᠨ ᠤ ᠤᠶᠤᠨ | ᠤᠬᠠᠭᠠᠨ ᠬᠦᠴᠦᠨ ᠢ ᠲᠥᠪᠯᠡᠷᠡᠭᠦᠯᠵᠦ᠂ ᠬᠤᠪᠢᠰᠬᠠᠯ ᠤᠨ ᠬᠦᠴᠦᠨ ᠢ ᠲᠠᠰᠤᠷᠠᠯᠳᠡ ᠦᠭᠡᠢ ᠬᠤᠷᠠᠮᠳᠤᠭᠤᠯᠵᠤ᠂ | ︽ᠵᠥᠭᠡᠢ ᠶᠢᠨ ᠡᠭᠦᠷ︾ ᠢ ᠪᠠᠬᠢᠵᠢᠭᠦᠯᠵᠦ᠂︽ᠤᠷᠢᠳᠠᠪᠠᠷ ᠵᠥᠭᠡᠢ︾ ᠶᠢ ᠪᠣᠶᠢᠵᠢᠭᠤᠯᠵᠤ᠂︽ᠵᠥᠭᠡᠢ ᠶᠢᠨ ᠪᠠᠯ︾ ᠢ ᠰᠠᠶᠢᠲᠤᠷ | ᠨᠡᠷᠡᠭᠰᠡᠨ ᠪᠠᠶᠢᠨ᠎ᠠ᠃ᠡᠯ᠎ᠡ ᠲᠠᠯ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠭ᠎ᠠ ᠪᠠᠷ ᠳᠠᠮᠵᠢᠭᠤᠯᠤᠨ ᠨᠡᠶᠢᠭᠡᠮ | ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠣᠰ ᠭᠠᠵᠠᠷ ᠤᠨ ᠣᠨᠴᠠᠯᠢᠭᠲᠤ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠣᠷᠣᠯᠠᠨ ᠪᠣᠷᠣᠯᠠᠭᠤᠯᠬᠤ ᠴᠡᠭ᠂ ᠰᠦᠯᠵᠢᠶᠡᠨ ᠠᠴᠠ | ᠭᠠᠳᠠᠭᠤᠷᠬᠢ ᠪᠠᠷᠠᠭ᠎ᠠ ᠭᠠᠷᠭᠠᠨ ᠠᠪᠬᠤ ᠴᠡᠭ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ︽ᠢᠳᠡᠰᠢᠨ | ᠨᠣᠭᠤᠭ᠎ᠠ ᠲᠣᠬᠢᠷᠠᠭᠤᠯᠤᠨ ᠬᠦᠷᠭᠡᠭᠴᠢ︾ ᠶᠢ ᠨᠡᠭᠡᠭᠡᠵᠦ᠂ ᠳᠤᠯᠠᠭᠠᠨ ᠤ ᠬᠡᠮᠵᠢᠶ᠎ᠡ ᠲᠠᠢ ᠡᠩ ᠤᠨ ᠦᠨ᠎ᠡ ᠶᠢᠨ | ᠨᠣᠭᠤᠭ᠎ᠠ ᠶᠢ ᠰᠠᠭᠤᠭᠠᠯᠢ ᠠᠷᠠᠳ ᠤᠨ ᠭᠡᠷ ᠲᠤ ᠬᠦᠷᠭᠡᠵᠦ᠂ ᠰᠠᠭᠤᠭᠠᠯᠢ ᠠᠷᠠᠳ ᠢ ᠳᠤᠲᠠᠭᠤ ᠭᠦᠶᠦᠯᠭᠡᠵᠦ᠂ | ᠪᠣᠳᠠᠲᠤ ᠠᠰᠢᠭ ᠬᠦᠷᠲᠡᠭᠡᠨ᠎ᠡ᠃ᠣᠳᠣᠬᠠᠨ ᠳᠤ ᠨᠢᠭᠡᠨᠲᠡ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ | ᠲᠠᠰᠤᠭ 1᠂ ᠰᠦᠯᠵᠢᠶᠡᠨ ᠭᠠᠳᠠᠨ᠎ᠠ ᠠᠴᠠ ᠪᠠᠷᠠᠭ᠎ᠠ ᠭᠠᠷᠭᠠᠵᠤ ᠠᠪᠬᠤ ᠴᠡᠭ 3᠂ 21 ᠳᠤᠭᠤᠶᠢᠯᠠᠩ ᠢᠳᠡᠰᠢᠨ | ᠨᠣᠭᠤᠭ᠎ᠠ ᠶᠢᠨ ᠥᠪᠡᠰᠦᠪᠡᠨ ᠦᠢᠯᠡᠴᠢᠯᠡᠬᠦ ᠮᠠᠰᠢᠨ ᠢ ᠠᠰᠢᠭᠯᠠᠯᠲᠠ ᠳᠤ ᠣᠷᠣᠭᠤᠯᠪᠠ᠃ | ︽ᠮᠢᠨᠤ ᠪᠡᠶ᠎ᠡ ᠵᠡᠮᠳᠡᠭ᠂ ᠭᠡᠷ ᠲᠤ ᠪᠠᠰᠠ ᠨᠢᠭᠡ ᠨᠠᠰᠤᠲᠠᠨ ᠪᠠ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠶᠠᠷ ᠬᠦᠦ ᠲᠠᠢ᠂ ᠣᠳᠣ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠲᠤᠯᠠᠭ᠎ᠠ ᠳᠤ ᠯᠠ ᠲᠦᠰᠢᠭᠯᠡᠨ ᠠᠮᠢᠳᠤᠷᠠᠵᠤ ᠪᠠᠶᠢᠭ᠎ᠠ ᠪᠣᠯᠬᠤᠷ ᠠᠮᠢᠳᠤᠷᠠᠯ ᠮᠠᠰᠢ ᠪᠠᠴᠢᠮ | ᠪᠠᠶᠢᠨ᠎ᠠ︾᠃ ᠮᠠ ᠡᠭᠡᠴᠢ ᠠ᠋᠂ ᠪᠢᠲᠡᠭᠡᠢ ᠵᠣᠪᠠ᠂ ᠪᠢᠳᠡ ᠲᠠᠨ ᠳᠤ ᠠᠷᠭ᠎ᠠ ᠪᠣᠳᠣᠵᠤ ᠥᠭᠭᠦᠶ᠎ᠡ᠃ ᠲᠦᠷᠦᠭᠦᠬᠡᠨ᠂ | ᠶᠠᠩ ᠭᠧ ᠯᠢᠶᠠᠩ ᠵᠡᠭᠡᠯᠢ ᠶᠢᠨ ᠰᠦᠯᠵᠢᠶᠡᠨ ᠤ ᠠᠵᠢᠯᠲᠠᠨ ᠰᠤᠷᠪᠤᠯᠵᠢᠯᠠᠬᠤ ᠳᠤᠮᠳᠠ ᠪᠠᠨ ᠰᠠᠭᠤᠭᠠᠯᠢ ᠠᠷᠠᠳ ᠮᠠ | ᠡᠭᠡᠴᠢ ᠶᠢᠨ ᠠᠮᠢᠳᠤᠷᠠᠯ ᠬᠦᠴᠢᠷᠳᠡᠯ ᠲᠠᠢ ᠪᠠᠶᠢᠬᠤ ᠶᠢ ᠣᠯᠵᠤ ᠮᠡᠳᠡᠭᠡᠳ ᠲᠡᠷᠡ ᠳᠠᠷᠤᠢ ᠳᠤᠨᠢ ᠨᠡᠶᠢᠭᠡᠮ | ᠲᠣᠭᠤᠷᠢᠭ ᠲᠤ ᠮᠡᠳᠡᠭᠦᠯᠬᠦ ᠶᠢᠨ ᠬᠠᠮᠲᠤ ᠠᠪᠤᠷᠠᠨ ᠲᠤᠰᠠᠯᠠᠬᠤ ᠠᠵᠢᠯ ᠲᠣᠬᠢᠷᠠᠭᠤᠯᠵᠤ᠂ ᠬᠠᠤᠯᠢ ᠲᠣᠭᠲᠠᠭᠠᠯ | ᠶᠣᠰᠣᠭᠠᠷ ᠲᠡᠭᠦᠨ ᠤ ᠨᠥᠬᠦᠪᠦᠷᠢ ᠶᠢᠨ ᠮᠥᠩᠭᠦ ᠶᠢ ᠨᠡᠮᠡᠭᠳᠡᠭᠦᠯᠵᠦ᠂ ᠠᠪᠤᠷᠠᠨ ᠲᠤᠰᠠᠯᠠᠬᠤ ᠶᠢ ᠭᠤᠶᠤᠴᠢᠯᠠᠭᠰᠠᠨ ᠢᠶᠠᠷ | ᠪᠠᠷᠠᠬᠤ ᠦᠭᠡᠢ ᠪᠠᠰᠠ ᠲᠡᠭᠦᠨ ᠳᠤ ᠬᠠᠪᠰᠤᠷᠤᠨ ᠠᠵᠢᠯ ᠣᠯᠵᠤ ᠥᠭᠴᠡᠢ᠃ | | | | | ︽ᠬᠦᠴᠢᠷᠳᠡᠯ ᠲᠠᠢ ᠪᠣᠯ ᠰᠦᠯᠵᠢᠶᠡᠨ ᠤ ᠲᠠᠰᠤᠯᠪᠤᠷᠢ ᠶᠢ ᠡᠷᠢᠵᠦ᠂ ᠶᠡᠭᠡ ᠪᠠᠭ᠎ᠠ ᠶᠠᠪᠤᠳᠠᠯ ᠳᠤ ᠰᠦᠯᠵᠢᠶᠡᠨ ᠤ | ᠲᠠᠰᠤᠯᠪᠤᠷᠢ ᠶᠢ ᠡᠷᠢᠵᠦ ᠪᠣᠯᠣᠨ᠎ᠠ︾᠃ ᠳ᠋ᠦᠩ ᠾᠧ ᠲᠣᠭᠤᠷᠢᠭ ᠤᠨ ᠵᠢᠵᠢᠭ ᠲᠣᠭᠤᠷᠢᠭ ᠪᠦᠷᠢ ᠶᠢᠨ ᠢᠯᠡ | ᠭᠠᠵᠠᠷ ᠲᠤ ᠴᠥᠮ ᠢᠯᠡ ᠲᠣᠳᠣ ᠰᠦᠯᠵᠢᠶᠡᠨ ᠤ ᠠᠵᠢᠯᠲᠠᠨ ᠤ ᠢᠯᠡ ᠫᠠᠶᠢᠰᠠ ᠨᠠᠭᠠᠵᠤ᠂ ᠳᠡᠭᠡᠷ᠎ᠡ ᠨᠢ | ᠰᠦᠯᠵᠢᠶᠡᠨ ᠤ ᠠᠵᠢᠯᠲᠠᠨ ᠤ ᠣᠪᠣᠭ ᠨᠡᠷ᠎ᠡ᠂ ᠬᠤᠶᠠᠷ ᠬᠡᠮᠵᠢᠯᠲᠦ ᠺᠣᠳ᠋ ᠪᠠ ᠭᠠᠷ ᠤᠲᠠᠰᠤᠨ ᠤ ᠨᠣᠮᠧᠷ ᠢ | ᠳᠠᠷᠤᠮᠠᠯᠯᠠᠭᠰᠠᠨ ᠪᠠᠶᠢᠳᠠᠭ᠂ ᠰᠠᠭᠤᠭᠠᠯᠢ ᠠᠷᠠᠳ ᠴᠠᠭ ᠲᠤᠬᠠᠢ ᠳᠤᠨᠢ ᠲᠡᠳᠡᠨ ᠤ ᠤᠲᠠᠰᠤ ᠪᠠᠷ ᠠᠰᠠᠭᠤᠨ ᠯᠠᠪᠯᠠᠵᠤ᠂ | ᠠᠰᠠᠭᠤᠳᠠᠯ ᠢ ᠲᠤᠰᠬᠠᠵᠤ ᠪᠣᠯᠣᠨ᠎ᠠ᠃ | ᠨᠠᠮ ᠤᠨ ᠵᠣᠬᠢᠶᠠᠨ ᠪᠠᠶᠢᠭᠤᠯᠤᠯᠲᠠ ᠶᠢ ᠤᠯᠠᠨ ᠲᠦᠮᠡᠨ ᠤ ︽ᠭᠡᠷ ᠤᠨ ᠡᠭᠦᠳᠡ︾ ᠳᠤ ᠪᠠᠶᠢᠭᠤᠯᠵᠤ᠂ ︽ᠠᠯᠢᠪᠠ | ᠠᠵᠢᠯ ᠢ ᠨᠠᠮ ᠤᠨ ᠡᠭᠦᠷ ᠲᠤ ᠬᠦᠷᠭᠡᠬᠦ︾ ᠢᠯᠡ ᠲᠣᠳᠣ ᠤᠳᠤᠷᠢᠳᠤᠮᠵᠢ ᠶᠢ ᠪᠤᠢ ᠪᠣᠯᠭᠠᠪᠠ᠃ᠳ᠋ᠦᠩ ᠡᡁᠸ | ᠲᠣᠭᠤᠷᠢᠭ ᠤᠨ ᠬᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠳ ᠲᠠᠢ | ᠬᠤᠯᠪᠣᠭᠠᠯᠠᠵᠤ᠂ ᠰᠦᠯᠵᠢᠵᠦ᠂ ︽ᠲᠣᠭᠤᠷᠢᠭ ᠤᠨ ᠨᠠᠮ ᠤᠨ ᠬᠤᠷᠢᠶ᠎ᠠ ︱ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶ᠎ᠠ ︱ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︱ ᠲᠤᠤᠷᠴᠢᠯᠠᠯ ᠨᠠᠮ ᠤᠨ ᠡᠭᠦᠷ ︱ | ᠠᠰᠠᠷ ᠤᠨ ᠳᠠᠪᠬᠤᠷᠭ᠎ᠠ ᠶᠢᠨ ᠨᠠᠮ ᠤᠨ ᠳᠤᠭᠤᠶᠢᠯᠠᠩ︾ᠭᠡᠬᠦ 5 ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠰᠢᠰᠲ᠋ᠥᠮ ᠢ ᠪᠠᠶᠢᠭᠤᠯᠵᠤ᠂ ᠲᠤᠤᠷᠴᠢᠯᠠᠯ ᠨᠠᠮ ᠤᠨ ᠡᠭᠦᠷ 247᠂ ᠠᠰᠠᠷ ᠤᠨ ᠳᠠᠪᠬᠤᠷᠭ᠎ᠠ ᠶᠢᠨ ᠨᠠᠮ ᠤᠨ | ᠳᠤᠭᠤᠶᠢᠯᠠᠩ 362 ᠢ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠦᠨᠳᠦᠰᠦᠨ ᠱᠠᠲᠤᠨ ᠤ ᠵᠠᠰᠠᠯᠲᠠ ᠶᠢᠨ | ︽ᠰᠡᠵᠢᠭᠦᠷ︾ᠪᠣᠯᠭᠠᠨ ᠳᠤ ᠨᠡᠪᠲᠡᠷᠡᠭᠦᠯᠬᠦ ᠶᠢ ᠠᠬᠢᠭᠤᠯᠪᠠ᠃ᠡᠭᠦᠨ ᠤ ᠬᠠᠮᠲᠤ᠂ ︽ᠬᠤᠪᠢᠰᠬᠠᠯ ᠤᠨ ᠵᠢᠭᠰᠠᠭᠠᠯ ᠤᠨ | ᠭᠠᠵᠠᠷ︾ ᠢ ᠪᠠᠶᠢᠭᠤᠯᠤᠨ ᠰᠠᠭᠤᠭᠠᠯᠢ ᠠᠷᠠᠳ ᠤᠨ ᠲᠣᠭᠤᠷᠢᠭ ᠲᠤ ᠣᠷᠣᠵᠤ᠂ ᠣᠯᠠᠨ ᠲᠦᠮᠡᠨ ᠳᠤ ︽ᠵᠠᠢ ᠵᠠᠪᠰᠠᠷ | ᠦᠭᠡᠢ︾ ᠦᠢᠯᠡᠴᠢᠯᠡᠵᠦ᠂ ︽ᠬᠤᠪᠢᠰᠬᠠᠯ ᠤᠨ ᠵᠥᠭᠡᠢ ᠶᠢᠨ ᠡᠭᠦᠷ︾ ᠢ ᠬᠠᠮᠲᠤ ᠪᠠᠷ ᠪᠠᠶᠢᠭᠤᠯᠤᠨ᠂ ︽ᠨᠠᠮ ᠤᠨ | ᠪᠠᠶᠢᠭᠤᠯᠤᠯᠲᠠ + ᠠᠳᠠᠯ ᠠᠬᠤᠢ︾ ᠶᠢᠨ ᠰᠢᠰᠲ᠋ᠧᠮᠵᠢ ᠶᠢ ᠭᠦᠨᠵᠡᠭᠡᠢ ᠬᠠᠭᠠᠯᠪᠤᠷᠢᠯᠠᠵᠤ᠂ ᠬᠤᠪᠢᠰᠬᠠᠯ ᠤᠨ ᠠᠳᠠᠯ | ᠠᠬᠤᠢ ᠶᠢᠨ ᠵᠢᠱᠢᠶ᠎ᠡ ᠦᠵᠡᠭᠦᠯᠬᠦ ᠴᠡᠭ ᠢ 23 ᠪᠠᠶᠢᠭᠤᠯᠵᠤ᠂ ᠰᠠᠭᠤᠭᠠᠯᠢ ᠠᠷᠠᠳ ᠤᠨ ︽ᠵᠠᠬᠢᠶᠠᠯᠠᠭ᠎ᠠ︾᠂ ᠨᠡᠶᠢᠭᠡᠮ | ᠲᠣᠭᠤᠷᠢᠭ ᠤᠨ ︽ᠵᠠᠬᠢᠶᠠᠯᠠᠭ᠎ᠠ︾᠂ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢᠨ ︽ᠵᠠᠬᠢᠶᠠᠯᠠᠭ᠎ᠠ︾᠂ | ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢᠨ ︽ᠵᠠᠬᠢᠶᠠᠯᠠᠭ᠎ᠠ︾ ᠪᠠᠷ ᠳᠠᠮᠵᠢᠭᠤᠯᠤᠨ ᠭᠤᠷᠪᠠᠨ | ᠲᠠᠯ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ 960 | ᠭᠠᠷᠤᠢ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠲᠦᠪᠡᠭᠲᠡᠢ ᠠᠰᠠᠭᠤᠳᠠᠯ ᠢ ᠵᠥᠪᠳᠡᠯᠴᠡᠨ | ᠰᠢᠢᠳᠪᠦᠷᠢᠯᠡᠬᠦ᠃ ᠦᠨᠡᠨ ᠬᠦ ︽ᠬᠤᠶᠠᠷ ᠭᠡᠷ ᠤᠨ ᠬᠥᠮᠥᠨ︾ ᠪᠠᠶᠢᠭᠰᠠᠨ ᠠᠴᠠ ᠪᠠᠨ ︽ᠨᠢᠭᠡ ᠭᠡᠷ ᠤᠨ ᠬᠥᠮᠥᠨ︾ | ᠪᠣᠯᠵᠤ ᠬᠤᠪᠢᠷᠠᠵᠠᠢ᠃ | ᠨᠠᠮ ᠤᠨ ᠪᠠᠶᠢᠭᠤᠯᠤᠯᠲᠠ ᠶᠢᠨ ︽ᠤᠯᠠᠭᠠᠨ︾ ᠨᠢ ᠠᠵᠤ ᠦᠢᠯᠡᠰ ᠤᠨ ︽ᠬᠥᠭᠵᠢᠯ︾ ᠢ ᠬᠥᠲᠥᠯᠥᠨ ᠳᠠᠭᠠᠭᠤᠯᠤᠨ᠎ᠠ | ᠳ᠋ᠦᠩ ᠾᠧ ᠲᠣᠭᠤᠷᠢᠭ ᠤᠨ︽ᠠᠵᠤ ᠦᠢᠯᠡᠰ ᠤᠨ ᠨᠠᠮ ᠤᠨ ᠬᠤᠷᠢᠶ᠎ᠠ︾ ᠶᠢᠨ ᠰᠢᠨ᠎ᠡ ᠵᠠᠭᠪᠤᠷ ᠢ | ᠰᠦᠪᠡᠭᠴᠢᠯᠡᠵᠦ᠂ ︽ᠭᠠᠯᠠᠭᠤ ᠶᠢᠨ ᠵᠢᠭᠰᠠᠭᠠᠯ ᠤᠨ ᠦᠢᠯᠡᠳᠦᠯ︾ ᠢ ᠭᠦᠢᠴᠡᠳ ᠪᠠᠳᠠᠷᠠᠭᠤᠯᠵᠤ᠂ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠭᠰᠠᠨ︽ᠵᠣᠬᠢᠶᠠᠨ ᠪᠠᠶᠢᠭᠤᠯᠬᠤ ᠬᠦᠴᠦᠨ︾ ᠢ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ︽ᠦᠢᠯᠡᠳᠪᠦᠷᠢᠯᠡᠯ ᠤᠨ ᠬᠦᠴᠦᠨ︾ᠪᠣᠯᠭᠠᠨ ᠬᠤᠪᠢᠷᠠᠭᠤᠯᠵᠤ᠂ ᠣᠨᠴᠠᠯᠢᠭᠲᠤ ᠠᠵᠤ | ᠦᠢᠯᠡᠰ ᠢ ᠬᠥᠭᠵᠢᠭᠦᠯᠵᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠤᠯᠠᠨ ᠲᠦᠮᠡᠨ ᠤ ᠣᠷᠣᠯᠭ᠎ᠠ ᠶᠢᠨ | ᠨᠡᠮᠡᠭᠳᠡᠯ ᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ | ᠳᠠᠭᠠᠭᠤᠯᠬᠤ᠂ ᠠᠵᠤ ᠦᠢᠯᠡᠰ ᠢᠶᠠᠷ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠰᠢᠨ᠎ᠡ ᠵᠠᠮ ᠢ | ᠨᠡᠭᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︽ᠬᠠᠪᠤᠷ ᠤᠨ ᠤᠰᠤ︾ ᠶᠢ ᠬᠥᠭᠵᠢᠭᠡᠭᠰᠡᠨ ᠪᠠᠶᠢᠨ᠎ᠠ᠃ | | | | | ︽ᠥᠩᠭᠡᠷᠡᠭᠰᠡᠨ ᠳᠤ ᠵᠠᠮ ᠤᠨ ᠭᠠᠳᠠᠷᠭᠤ ᠬᠠᠲᠠᠭᠤᠷᠠᠭᠰᠠᠨ ᠦᠭᠡᠢ᠂ ᠪᠣᠷᠣᠭᠠᠨ ᠲᠠᠢ ᠡᠳᠦᠷ ᠪᠣᠯᠣᠮᠠᠭᠴᠠ | ᠰᠢᠪᠠᠷ ᠪᠠᠯᠴᠢᠭ ᠲᠠᠢ ᠪᠣᠯᠵᠤ᠂ ᠶᠠᠪᠤᠵᠤ ᠰᠠᠭᠤᠬᠤ ᠳᠤ ᠮᠠᠰᠢ ᠬᠦᠴᠢᠷᠲᠡᠢ ᠪᠠᠶᠢᠵᠤ᠂ ᠲᠣᠰᠬᠤᠨ ᠤ ᠠᠷᠠᠳ ᠤᠨ | ᠦᠢᠯᠡᠳᠪᠦᠷᠢᠯᠡᠯ᠂ ᠠᠮᠢᠳᠤᠷᠠᠯ ᠳᠤ ᠬᠦᠨᠳᠦ ᠨᠣᠴᠢᠲᠠᠢ ᠨᠥᠯᠥᠭᠡ ᠦᠵᠡᠭᠦᠯᠵᠦ ᠪᠠᠶᠢᠪᠠ᠂ ᠡᠨᠡ ᠨᠢ︿ᠴᠡᠯᠮᠡᠭ ᠡᠳᠦᠷ ᠨᠢᠭᠡ | ᠪᠡᠶ᠎ᠡ ᠰᠢᠷᠣᠢ ᠲᠠᠢ᠂ ᠪᠣᠷᠣᠭᠠᠨ ᠲᠠᠢ ᠡᠳᠦᠷ ᠨᠢᠭᠡ ᠪᠡᠶ᠎ᠡ ᠰᠢᠪᠠᠷ ᠪᠠᠯᠴᠢᠭ ᠲᠠᠢ﹀ᠭᠡᠳᠡᠭ ᠢ ᠭᠡᠷᠡᠴᠢᠯᠡᠪᠡ︾᠃ ᠭᠡᠵᠦ ᠱᠢ | ᠳ᠋ᠡ ᠭᠦ᠋ ᠲᠣᠰᠬᠤᠨ ᠤ ᠠᠷᠠᠳ ᠯᠢᠨ ᠹᠥ᠋ᠩ ᠰᠡᠳᠬᠢᠯ ᠬᠥᠳᠡᠯᠦᠨ ᠬᠡᠯᠡᠪᠡ᠃ | ᠤᠯᠠᠨ ᠵᠢᠯ ᠤᠨ ᠲᠤᠷᠰᠢ ᠲᠣᠰᠬᠤᠨ ᠤ ᠠᠷᠠᠳ ᠤᠨ︽ᠭᠠᠳᠠᠭᠰᠢ ᠭᠠᠷᠬᠤ ᠳᠤ ᠬᠦᠴᠢᠷ᠂ ᠭᠠᠵᠠᠷ ᠠᠴᠠ | ᠭᠠᠷᠬᠤ ᠳᠤ ᠬᠦᠴᠢᠷ︾ᠪᠠᠶᠢᠭᠰᠠᠨ ᠠᠰᠠᠭᠤᠳᠠᠯ ᠳᠤ ᠴᠢᠭᠯᠡᠭᠦᠯᠦᠨ᠂ ᠱᠢ ᠳ᠋ᠡ ᠭᠦ᠋ ᠲᠣᠰᠬᠤᠨ ᠤ ᠨᠠᠮ ᠤᠨ ᠡᠭᠦᠷ ᠠᠴᠠ | ᠲᠣᠰᠬᠤᠨ ᠤ ᠳᠣᠲᠣᠷᠠᠬᠢ ᠲᠠᠷᠢᠶᠠᠨ ᠳᠤᠮᠳᠠᠬᠢ ᠵᠥᠷᠢᠭ ᠵᠠᠮ ᠢ ᠳᠡᠪᠢᠰᠴᠦ᠂ ᠪᠦᠬᠦ ᠤᠷᠳᠤ ᠨᠢ 2 ᠺᠢᠯᠤᠮᠥᠲᠷ᠂ | ᠥᠷᠭᠡᠨ ᠨᠢ 6 ᠮᠥ᠋ᠲᠷ ᠱᠦᠢᠨᠢ ᠵᠠᠰᠠᠮᠠᠯ ᠵᠠᠮ ᠢ ᠳᠡᠪᠢᠰᠴᠦ᠂ ᠣᠳᠣᠬᠢ ᠪᠠᠶᠢᠳᠠᠯ ᠢ ᠲᠤᠶᠢᠯᠪᠤᠷᠢᠲᠠᠢ ᠬᠤᠪᠢᠷᠠᠭᠤᠯᠵᠠᠢ᠃ | ᠵᠠᠮ ᠤᠨ ᠠᠰᠠᠭᠤᠳᠠᠯ ᠢ ᠰᠢᠢᠳᠪᠦᠷᠢᠯᠡᠴᠢᠪᠡᠯ᠂ ᠠᠷᠠᠳ ᠲᠦᠮᠡᠨ ᠪᠠᠶᠠᠵᠢᠨ ᠴᠢᠨᠡᠭᠡᠯᠢᠭᠵᠢᠬᠦ ᠢᠳᠡ ᠬᠦᠴᠦᠨ ᠲᠠᠢ | ᠪᠣᠯᠵᠤ᠂ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠴᠤ ᠤᠷᠤᠰᠬᠠᠯ ᠮᠡᠲᠦ ᠱᠢ ᠳ᠋ᠡ ᠭᠦ᠋ ᠲᠣᠰᠬᠤᠨ | ᠵᠦᠭ ᠣᠷᠭᠢᠯᠤᠨ ᠢᠷᠡᠬᠦ ᠪᠣᠯᠣᠨ᠎ᠠ᠃ | ᠱᠢ ᠳ᠋ᠡ ᠬᠥ᠋ ᠲᠣᠰᠬᠤᠨ ᠤ ᠨᠠᠮ ᠤᠨ ᠡᠭᠦᠷ ᠪᠣᠯᠣᠨ ᠥᠪᠥᠷ ᠮᠣᠩᠭᠤᠯ ᠤᠨ ᠲᠢᠶᠠᠨ ᠾᠧ ᠠᠮᠢ ᠠᠬᠤᠢ ᠶᠢᠨ | ᠲᠠᠷᠢᠶᠠᠯᠠᠩ ᠤᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ | ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠬᠡᠯᠪᠡᠷᠢ ᠪᠠᠷ ᠳᠠᠮᠵᠢᠭᠤᠯᠤᠨ᠂ ︽ᠠᠵᠤ ᠠᠬᠤᠶᠢᠯᠠᠯ + ᠬᠤᠷᠰᠢᠶ᠎ᠠ︾ | ᠶᠢᠨ ᠠᠵᠤ ᠦᠶᠢᠯᠡᠰᠵᠢᠭᠰᠡᠨ ᠡᠵᠡᠩᠨᠡᠯᠲᠡ ᠶᠢᠨ ᠵᠠᠭᠪᠤᠷ ᠢ ᠬᠡᠷᠡᠭᠯᠡᠨ᠂ ᠨᠠᠭᠤᠷ ᠮᠠᠯᠲᠠᠵᠤ ᠪᠣᠷᠣᠭᠠᠨ ᠣᠷᠣᠭᠤᠯᠬᠤ᠂ | ᠰᠢᠷᠣᠢ ᠳᠠᠮᠨᠠᠨ ᠲᠠᠷᠢᠶ᠎ᠠ ᠭᠠᠷᠭᠠᠬᠤ᠂ ᠵᠢᠭᠠᠰᠤ ᠠᠩᠨᠠᠬᠤ ᠪᠠᠷ ᠬᠤᠵᠢᠷ ᠢ ᠵᠠᠰᠠᠬᠤ᠂ ᠡᠷᠭᠢᠯᠳᠦᠭᠦᠯᠦᠨ ᠳᠠᠷᠢᠵᠤ | ᠲᠡᠵᠢᠭᠡᠬᠦ ︽ᠵᠢᠭᠠᠰᠤᠨ ᠴᠥᠭᠦᠷᠥᠮ ︱ ᠬᠤᠸᠠᠨ ᠭᠧᠦ ︱ ᠲᠤᠲᠤᠷᠭ᠎ᠠ ᠶᠢᠨ ᠲᠠᠷᠢᠶ᠎ᠠ︾ ᠶᠢᠨ ᠰᠢᠨ᠎ᠡ ᠮᠡᠷᠭᠡᠵᠢᠯ ᠢ | ᠬᠡᠷᠡᠭᠯᠡᠨ᠂ ᠨᠢᠭᠡ ᠤᠰᠤ ᠶᠢ ᠣᠯᠠᠨ ᠬᠡᠷᠡᠭᠯᠡᠵᠦ᠂ ᠨᠢᠭᠡ ᠲᠠᠷᠢᠶ᠎ᠠ ᠶᠢ ᠣᠯᠠᠨ ᠬᠤᠷᠢᠶᠠᠵᠤ᠂ ᠬᠤᠵᠢᠷᠯᠢᠭ ᠭᠠᠵᠠᠷ ᠲᠤ | ︽ᠠᠯᠲᠠᠨ ᠤᠰᠤᠨ ᠲᠤᠲᠤᠷᠭ᠎ᠠ︾ ᠳᠠᠷᠢᠪᠠ᠃ | | | | | ︽ᠪᠢᠳᠡ ᠪᠠᠰᠠ ᠡᠷᠬᠢᠨ ᠲᠣᠭᠤᠷᠢᠨ ᠳᠠᠭᠠᠨ ᠰᠡᠯᠡᠭᠦᠴᠡᠵᠦ ᠵᠢᠭᠠᠰᠤ ᠭᠥᠬᠢᠳᠡᠬᠦ᠂ ᠰᠢᠯ ᠬᠥᠭᠦᠷᠭᠡ ᠶᠢᠨ ᠵᠠᠮ᠂ | ᠤᠰᠤᠨ ᠣᠷᠣᠨ ᠤ ᠵᠢᠵᠢᠭ ᠠᠷᠠᠯ ᠵᠡᠷᠭᠡ ᠬᠥᠳᠡᠭᠡ ᠲᠣᠰᠬᠤᠨ ᠤ ᠦᠵᠡᠮᠵᠢ ᠶᠢ ᠪᠠᠶᠢᠭᠤᠯᠵᠤ᠂ ᠠᠭᠤᠯᠠ ᠤᠰᠤ ᠶᠢ | ᠬᠠᠪᠢᠳᠠᠭᠰᠠᠨ ᠳᠠᠪᠠᠭᠤᠯᠢᠭ ᠢᠶᠠᠨ ᠠᠰᠢᠭᠯᠠᠨ ᠲᠠᠷᠢᠵᠤ ᠲᠡᠵᠢᠭᠡᠬᠦ᠂ ᠵᠤᠭᠠᠴᠠᠬᠤ ᠶᠢ ᠤᠶᠠᠯᠳᠤᠭᠤᠯᠤᠭᠰᠠᠨ ᠤᠳᠤ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠢ ᠴᠣᠭᠴᠠᠯᠠᠵᠤ᠂ 3 ᠲᠦᠮᠡ ᠭᠠᠷᠤᠢ ᠵᠤᠭᠠᠴᠠᠭᠰᠠᠳ ᠢ ᠲᠠᠲᠠᠵᠤ᠂ | ᠲᠣᠰᠬᠤᠨ ᠤ ᠵᠢᠯ ᠤᠨ ᠬᠠᠮᠲᠤ ᠶᠢᠨ ᠣᠷᠣᠯᠭ᠎ᠠ ᠶᠢᠨ ᠨᠡᠮᠡᠭᠳᠡᠯ ᠢ 60 ᠭᠠᠷᠤᠢ ᠲᠦᠮᠡᠨ ᠲᠥᠭᠦᠷᠢᠭ ᠪᠡᠶᠡᠯᠡᠭᠦᠯᠵᠦ᠂ | 50 ᠭᠠᠷᠤᠢ ᠲᠣᠰᠬᠤᠨ ᠤ ᠠᠷᠠᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠵᠡᠢ︾᠃ ᠭᠡᠵᠦ ᠱᠢ ᠳ᠋ᠡ | ᠭᠦ᠋ ᠲᠣᠰᠬᠤᠨ ᠤ ᠨᠠᠮ ᠤᠨ ᠡᠭᠦᠷ ᠤᠨ ᠱᠦᠵᠢ ᠮᠢᠶᠣᠣ ᠰᠢᠨ ᠴᠢ ᠲᠠᠨᠢᠯᠴᠠᠭᠤᠯᠪᠠ᠃ | ᠡᠭᠦᠨ ᠠᠴᠠ ᠭᠠᠳᠠᠨ᠎ᠠ᠂ ᠱᠢ ᠳ᠋ᠡ ᠭᠦ᠋ ᠲᠣᠰᠬᠤᠨ ᠤ ᠨᠠᠮ ᠤᠨ ᠡᠭᠦᠷ ᠤᠨ ᠬᠢᠨ ᠠᠷᠪᠠᠨ ᠮᠢᠩᠭᠠᠨ ᠮᠦ ᠶᠢᠨ | ᠣᠨᠴᠠᠯᠢᠭᠲᠤ ᠵᠢᠱᠢᠶ᠎ᠡ ᠦᠵᠡᠭᠦᠯᠬᠦ ᠲᠠᠷᠢᠮᠠᠯ ᠤᠨ ᠣᠷᠣᠨ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠮᠢᠩᠭᠠᠨ | ᠮᠦ ᠶᠢᠨ︽ᠬᠠᠷ᠎ᠠ ᠳᠤᠯᠠᠨ ᠲᠠᠷᠪᠤᠰ︾ ᠤᠨ ᠣᠨᠴᠠᠯᠢᠭᠲᠤ ᠲᠠᠷᠢᠮᠠᠯ ᠤᠨ ᠲᠦᠷᠦᠯ ᠲᠡᠮᠳᠡᠭ ᠢ ᠡᠭᠦᠳᠴᠡᠢ᠃ᠲᠣᠰᠬᠤᠨ ᠤ | ᠠᠷᠠᠳ ᠤᠨ ᠠᠮᠤ ᠪᠤᠳᠠᠭᠠᠨ ᠤ ᠲᠠᠷᠢᠮᠠᠯ ᠳᠠᠷᠢᠬᠤ ᠬᠠᠨᠳᠤᠰᠢ ᠲᠠᠢ ᠪᠠᠶᠢᠬᠤ ᠬᠡᠪᠰᠢᠮᠡᠯ ᠦᠵᠡᠯ ᠰᠠᠨᠠᠭ᠎ᠠ ᠳᠤ | ᠴᠢᠭᠯᠡᠭᠦᠯᠦᠨ᠂ ᠲᠣᠰᠬᠤᠨ ᠤ ᠤᠳᠤᠷᠢᠳᠬᠤ ᠪᠠᠭ ᠤᠨ 8 ᠭᠡᠰᠢᠭᠦᠨ ᠲᠦᠷᠦᠭᠦᠯᠡᠨ ᠰᠠᠨᠠᠭᠠᠴᠢᠯᠠᠭ᠎ᠠ ᠠᠴᠠ ᠪᠠᠨ 120 | ᠮᠦ ᠭᠠᠵᠠᠷ ᠰᠢᠷᠣᠢ ᠳᠠᠭᠠᠭᠠᠴᠢᠯᠠᠨ ︽ᠬᠠᠷ᠎ᠠ ᠳᠤᠯᠠᠨ ᠲᠠᠷᠪᠤᠰ︾ ᠳᠠᠷᠢᠵᠤ᠂ 45 ᠡᠳᠦᠷ ᠲᠤ 60 ᠭᠠᠷᠤᠢ | ᠲᠦᠮᠡᠨ ᠵᠢᠩ ᠲᠠᠷᠪᠤᠰ ᠬᠤᠳᠠᠯᠳᠤᠵᠤ᠂ ᠬᠤᠳᠠᠯᠳᠤᠬᠤ ᠦᠨ᠎ᠡ ᠨᠢ ᠠᠳᠠᠯᠢ ᠬᠤᠭᠤᠴᠠᠭᠠᠨ ᠤ ᠬᠢ ᠠᠴᠠ 30% ᠢᠶᠠᠷ | ᠨᠡᠮᠡᠭᠳᠡᠪᠡ᠂ ᠲᠠᠷᠪᠤᠰ ᠢ ᠬᠤᠳᠠᠯᠳᠤᠵᠤ ᠳᠠᠭᠤᠰᠤᠭᠰᠠᠨ ᠤ ᠲᠠᠷᠠᠭ᠎ᠠ᠂ ᠲᠣᠰᠬᠤᠨ ᠤ ᠨᠠᠮ ᠤᠨ ᠡᠭᠦᠷ ᠦᠳᠲᠡᠷ | ᠲᠦᠷᠭᠡᠨ ᠢᠶᠠᠷ ᠭᠠᠵᠠᠷ ᠰᠢᠷᠣᠢ ᠪᠠᠨ ᠲᠡᠭᠰᠢᠯᠡᠵᠦ᠂ 80 ᠮᠦ ᠵᠢᠵᠢᠭ ᠪᠥᠭᠡᠷᠡᠩᠬᠡᠢ ᠨᠣᠭᠤᠭ᠎ᠠ ᠲᠠᠷᠢᠵᠦ᠂ 15 ᠲᠦᠮᠡᠨ | ᠵᠢᠩ ᠬᠠᠳᠤᠵᠤ ᠬᠤᠳᠠᠯᠳᠤᠵᠤ᠂︽ᠨᠢᠭᠡ ᠭᠠᠵᠠᠷ ᠲᠤ ᠬᠤᠶᠠᠷ ᠤᠳᠠᠭ᠎ᠠ ᠲᠠᠷᠢᠬᠤ︾ᠰᠢᠨ᠎ᠡ ᠵᠠᠭᠪᠤᠷ ᠢ ᠪᠡᠶᠡᠯᠡᠭᠦᠯᠵᠦ᠂ | ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢᠨ ᠢᠷᠡᠯᠲᠡ ᠶᠢ ᠥᠷᠭᠡᠳᠬᠡᠵᠦ᠂ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷᠲᠤ ᠰᠡᠳᠬᠢᠯᠭᠡ ᠶᠢ ᠨᠡᠮᠡᠭᠳᠡᠭᠦᠯᠵᠦ᠂ ᠠᠷᠠᠳ ᠤᠯᠠᠨ ᠤ ︽ᠵᠣᠭᠤᠰᠤᠨ ᠲᠤᠯᠤᠮ︾ ᠢ ᠦᠨᠡᠨᠬᠦ | ᠬᠥᠪᠴᠢᠯᠡᠪᠡ᠃ | | | | | | ︽ᠠᠵᠤ ᠦᠢᠯᠡᠰ ᠢᠶᠠᠨ ᠰᠠᠶᠢᠨ ᠬᠥᠭᠵᠢᠭᠦᠯᠦᠭᠰᠡᠨ ᠳᠤ ᠪᠢᠳᠡ ᠪᠠᠰᠠ ᠪᠠᠶᠠᠷᠯᠠᠵᠤ ᠪᠠᠶᠢᠨ᠎ᠠ᠂ ᠤᠳᠤ ᠵᠣᠭᠤᠰ | ᠣᠯᠬᠤ ᠠᠷᠭ᠎ᠠ ᠠᠷᠪᠢᠳᠴᠤ᠂ ᠪᠢᠳᠡᠨ ᠤ ᠵᠣᠭᠤᠰᠤᠨ ᠴᠦᠩᠬᠦ ᠴᠦ ᠬᠥᠬᠡᠷᠡᠵᠦ ᠪᠠᠶᠢᠨ᠎ᠠ᠃︾ ᠲᠠᠷᠪᠤᠰ ᠤᠨ | ᠲᠠᠷᠢᠶᠠᠨ ᠳᠤ ᠶᠠᠭᠠᠷᠠᠯᠳᠤᠵᠤ ᠪᠠᠶᠢᠭᠰᠠᠨ ᠱᠢ ᠳ᠋ᠡ ᠭᠦ᠋ ᠲᠣᠰᠬᠤᠨ ᠤ ᠠᠷᠠᠳ ᠯᠢ ᠴᠢᠶᠠᠩ ᠤᠨ ᠴᠢᠷᠠᠢ ᠳᠤ | ᠢᠨᠢᠶᠡᠮᠰᠦᠭᠯᠡᠯ ᠪᠢᠯᠬᠠᠨ᠎ᠠ᠃ |