ᠳ᠋ᠦᠩ ᠾᠧ ᠲᠣᠭᠤᠷᠢᠭ᠄ ᠭᠡᠷ ᠤᠨ ᠡᠭᠦᠳᠡᠨ ᠳᠤ ᠠᠵᠢᠯ ᠣᠯᠬᠤ ᠵᠣᠯ ᠵᠢᠷᠭᠠᠯ ᠢ ᠡᠳ᠋ᠯᠡᠨ᠎ᠡ
ᠨᠡᠶᠢᠲᠡᠯᠡᠭᠰᠡᠨ ᠴᠠᠭ᠄
2023/6/14
      ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠃ᠦᠢᠯᠡᠰ ᠪᠣᠰᠬᠠᠬᠤ ᠶᠢ ᠳᠡᠮᠵᠢᠬᠦ᠂ ᠠᠵᠢᠯᠴᠢᠨ ᠬᠡᠷᠡᠭᠯᠡᠬᠦ ᠶᠢ ᠪᠠᠲᠤᠯᠠᠬᠤ᠂ ᠪᠣᠯᠪᠠᠰᠤᠷᠠᠯ ᠢ ᠴᠢᠩᠭᠠᠳᠬᠠᠬᠤ ᠁ ᠳ᠋ᠦᠩ ᠾᠧ ᠲᠣᠭᠤᠷᠢᠭ ᠤᠨ ᠬᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ ᠥᠷᠨᠢᠭᠦᠯᠵᠦ᠂ ᠵᠠᠯᠠᠭᠤᠴᠤᠳ ᠤᠨ ᠦᠢᠯᠡᠰ ᠪᠣᠰᠬᠠᠬᠤ ᠶᠢ ᠳᠡᠮᠵᠢᠬᠦ᠂ ᠬᠥᠳᠡᠯᠮᠦᠷᠢ ᠬᠦᠴᠦᠨ ᠤ ᠭᠠᠷᠭᠠᠯᠭ᠎ᠠ ᠶᠢ ᠥᠷᠭᠡᠳᠬᠡᠬᠦ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠤ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠳᠤ ᠬᠦᠴᠦᠨ ᠨᠡᠮᠡᠷᠢᠯᠡᠪᠡ᠃      ᠰᠤᠷᠪᠤᠯᠵᠢᠯᠠᠭᠴᠢ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠠᠴᠠ ᠨᠠᠰᠢ᠂ ᠪᠥᠬᠦ ᠣᠷᠣᠨ ᠤ ᠬᠤᠲᠠ ᠪᠠᠯᠭᠠᠰᠤᠨ ᠳᠤ 3334 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ 1434 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ 584 ᠬᠥᠮᠥᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.9% ᠳᠤ ᠬᠦᠷᠴᠡᠢ︔14398 ᠮᠠᠯᠴᠢᠨ ᠲᠠᠷᠢᠶᠠᠴᠢᠨ  ᠢ ᠰᠢᠯᠵᠢᠭᠦᠯᠦᠨ ᠠᠵᠢᠯ ᠣᠯᠭᠤᠵᠤ᠂ 6 ᠰᠠᠷ᠎ᠠ  ᠠᠴᠠ ᠳᠡᠭᠡᠭᠰᠢ 11495 ᠬᠥᠮᠥᠨ  ᠢ ᠰᠢᠯᠵᠢᠭᠦᠯᠪᠡ︔597 ᠬᠥᠮᠥᠨ ᠤ ᠡᠯ᠎ᠡ ᠲᠥᠷᠥᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠡᠯ᠎ᠡ ᠲᠥᠷᠥᠯ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ ᠶᠢ ᠲᠣᠭᠲᠠᠭᠤᠨ ᠢᠶᠠᠷ ᠠᠬᠢᠭᠤᠯᠪᠠ᠃ᠠᠵᠢᠯᠴᠢᠨ ᠬᠡᠷᠡᠭᠯᠡᠬᠦ ᠶᠢ ᠪᠠᠲᠤᠯᠠᠵᠤ᠂ ᠬᠠᠩᠭᠠᠯᠭ᠎ᠠ ᠬᠡᠷᠡᠭᠴᠡᠭᠡ ᠶᠢ ᠵᠣᠬᠢᠴᠠᠯᠳᠤᠭᠤᠯᠤᠨ ᠳᠡᠭᠡᠭᠰᠢᠯᠡᠭᠦᠯᠬᠦ ᠶᠢᠨ ︽ᠣᠨᠣᠪᠴᠢ ᠶᠢᠨ ᠬᠡᠮᠵᠢᠶ᠎ᠡ︾ ᠶᠢ ᠳᠡᠭᠡᠭᠰᠢᠯᠡᠭᠦᠯᠦᠨ᠎ᠡ      ︽ᠲᠠᠨ ᠤ ᠲᠣᠪᠴᠢ ᠨᠠᠮᠲᠠᠷ  ᠢ ᠰᠠᠶ᠋ᠢᠬᠠᠨ ᠦᠵᠡᠵᠡᠢ᠂ ᠮᠠᠨ ᠤ ᠺᠣᠮᠫᠠᠨᠢ  ᠶᠢᠨ ᠠᠵᠢᠯ ᠤᠨ ᠪᠠᠶᠢᠷᠢ  ᠶᠢᠨ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠂ ᠳᠠᠷᠠᠭᠠᠴᠢ  ᠶᠢᠨ ᠤᠳᠠᠭᠠᠨ ᠤ ᠨᠢᠭᠤᠷᠲᠠᠨ ᠰᠢᠯᠭᠠᠯᠲᠠ ᠳᠤ ᠪᠡᠯᠡᠳᠬᠡᠭᠡᠷᠡᠢ︾ ᠃ ᠦᠨᠡᠬᠡᠷ ᠦᠸ᠂ ᠲᠣᠩ ᠰᠠᠢᠨ ᠪᠣᠯᠣᠯ᠎ᠠ! ᠳ᠋ᠦᠩ ᠾᠧ ᠲᠣᠭᠤᠷᠢᠭ ᠤᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠤᠨ ᠲᠤᠰᠬᠠᠢ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠠᠢ ᠳᠤ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ 2023 ᠣᠨ ᠤ ᠲᠡᠭᠦᠰᠬᠦ ᠰᠤᠷᠤᠭᠴᠢ ᠵᠠᠩ ᠰᠢᠶᠣᠣ ᠰᠦ ᠠᠵᠤ ᠠᠬᠤᠶᠢᠯᠠᠯ ᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠨᠠᠷᠢᠨ ᠬᠢᠨᠠᠮᠠᠭᠠᠢ ᠦᠵᠡᠵᠦ᠂ ᠳ᠋ᠦᠩ ᠹᠠᠩ ᠶᠤᠸᠠᠨ ᠪᠦᠯᠦᠭᠯᠡᠯ ᠤᠨ ᠪᠤᠭᠤᠲᠤ ᠶᠢᠨ ᠬᠤᠪᠣᠷ ᠰᠢᠷᠣᠢ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠲᠣᠪᠴᠢ ᠨᠠᠮᠲᠠᠷ ᠢᠶᠠᠨ ᠳᠡᠪᠰᠢᠭᠦᠯᠪᠡ᠂ ᠨᠢᠭᠤᠷᠳᠠᠨ ᠰᠢᠯᠭᠠᠯᠲᠠ ᠶᠢᠨ ᠮᠡᠳᠡᠭᠳᠡᠯ ᠢ ᠣᠯᠣᠭᠰᠠᠨ ᠳᠠᠭᠠᠨ ᠲᠡᠷᠡ ᠲᠤᠶᠢᠯ ᠢᠶᠠᠷ ᠪᠠᠶᠠᠷᠯᠠᠪᠠ᠃
     ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠣᠯ ᠣᠳᠣᠬᠠᠨ ᠤ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠮᠥᠨ᠂ ᠬᠠᠷᠢᠨ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠪᠠᠲᠤᠯᠠᠬᠤ ᠪᠣᠯ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢᠨ ᠴᠢᠬᠤᠯᠠ ᠠᠴᠠ ᠴᠢᠬᠤᠯᠠ ᠵᠦᠢᠯ ᠮᠥᠨ᠃ᠳ᠋ᠦᠩ ᠾᠧ ᠲᠣᠭᠤᠷᠢᠭ ᠤᠨ ᠬᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠰᠢᠨ᠎ᠡ ᠪᠠᠷ ᠡᠭᠦᠳᠴᠦ᠂ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠬᠤᠷᠠᠯ ᠤᠨ ᠤᠳᠠᠭ᠎ᠠ ᠶᠢ ᠨᠢᠭᠤᠴᠠᠯᠠᠵᠤ᠂ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ︽ᠭᠤᠷᠪᠠ ᠶᠢ ᠨᠢᠭᠡ ᠴᠣᠭᠴᠠᠵᠢᠭᠤᠯᠬᠤ︾ᠠᠵᠢᠯ ᠣᠯᠭᠤᠯᠲᠠ ᠶᠢᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠠᠵᠢᠯᠲᠠᠨ ᠡᠯᠰᠡᠬᠦ︽ᠲᠦᠭᠵᠢᠷᠡᠯ︾ ᠢ ᠨᠠᠪᠲᠠᠷᠡᠭᠦᠯᠵᠦ᠂ ᠠᠵᠢᠯ ᠡᠷᠢᠬᠦ ︽ᠪᠠᠯᠠᠢ ᠴᠡᠭ︾ ᠢ ᠨᠠᠪᠲᠠᠷᠡᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ᠂ ᠠᠵᠢᠯ ᠣᠯᠬᠤ ᠳᠤ ᠬᠦᠴᠢᠷᠲᠡᠢ ᠬᠥᠮᠥᠰ ᠲᠤ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠵᠡᠢ᠃ᠣᠲᠣ ᠪᠣᠯᠲᠠᠯ᠎ᠠ᠂ ︽ᠬᠠᠪᠤᠷ ᠤᠨ ᠰᠠᠯᠬᠢᠨ ᠤ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ᠲᠠᠢ ᠤᠶᠠᠯᠳᠤᠭᠤᠯᠤᠨ ᠰᠠᠯᠠᠭ᠎ᠠ ᠮᠥᠴᠢᠷ ᠠᠯᠤᠰᠯᠠᠭᠰᠠᠨ᠂ ᠣᠯᠠᠨ ᠬᠦᠷᠢᠶ᠎ᠡ ᠴᠠᠷᠠᠭ᠎ᠠ ᠳᠠᠬᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ 65 ᠤᠳᠠᠭ᠎ᠠ ᠥᠷᠨᠢᠭᠦᠯᠵᠦ᠂ 15266 ᠠᠵᠢᠯ ᠤᠨ ᠪᠠᠶᠢᠷᠢ ᠬᠠᠩᠭᠠᠵᠤ᠂ 1600 ᠭᠠᠷᠤᠢ ᠬᠥᠮᠥᠨ ᠳᠤ ᠠᠵᠢᠯ ᠣᠯᠭᠤᠬᠤ ᠪᠠᠷ ᠲᠣᠬᠢᠷᠠᠪᠠ᠃      ᠶᠠᠳᠠᠭᠤ ᠬᠦᠴᠢᠷᠳᠡᠯᠲᠡᠢ ᠲᠡᠭᠦᠰᠬᠦ ᠰᠤᠷᠤᠭᠴᠢᠳ ᠤᠨ ᠠᠵᠢᠯ ᠣᠯᠬᠤ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ᠳ᠋ᠦᠩ ᠾᠧ ᠲᠣᠭᠤᠷᠢᠭ ᠤᠨ ᠬᠢᠨ ︽ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ + ᠠᠵᠢᠯ ᠣᠯᠭᠤᠯᠲᠠ ᠶᠢᠨ ᠳᠠᠳᠤᠯᠭ᠎ᠠ ᠶᠢᠨ ᠴᠤᠭᠯᠠᠭᠠᠨ︾ ᠢ ᠭᠠᠷᠳᠠᠬᠤ ᠶᠢᠨ ᠵᠠᠩᠭᠢᠯᠠᠭ᠎ᠠ ᠪᠣᠯᠭᠠᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠠᠵᠢᠯ ᠣᠯᠬᠤ ᠦᠢᠯᠡᠰ ᠪᠣᠰᠬᠠᠬᠤ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂︽ᠮᠤᠷᠥᠯ ᠬᠤᠳᠠ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ︾᠂︽ᠵᠡᠮᠳᠡᠭᠴᠦᠳ ᠤᠨ ᠲᠤᠰᠬᠠᠢ ᠲᠠᠯᠠᠪᠠᠢ︾᠂︽ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠤᠣᠰ ᠰᠣᠩᠭᠤᠯᠲᠠ ᠶᠢᠨ ᠴᠤᠭᠯᠠᠭᠠᠨ︾ᠵᠡᠷᠭᠡ ᠲᠤᠰᠬᠠᠢ ᠲᠠᠯᠠᠪᠠᠢ ᠶᠢᠨ ᠤᠷᠢᠯᠭ᠎ᠠ ᠶᠢ ᠡᠷᠬᠢᠯᠡᠵᠦ᠂ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠢ ᠨᠠᠷᠢᠨ ᠬᠢᠨᠠᠮᠠᠭᠠᠢ ᠥᠷᠨᠢᠭᠦᠯᠵᠡᠢ᠃ᠡᠨᠡ ᠵᠢᠯ ᠠᠴᠠ ᠨᠠᠰᠢ᠂ ᠠᠵᠢᠯ ᠣᠯᠭᠤᠯᠲᠠ ᠶᠢᠨ ᠳᠠᠳᠤᠯᠭ᠎ᠠ ᠶᠢᠨ ᠰᠠᠭᠤᠷᠢᠨ ᠭᠠᠵᠠᠷ ᠢ ᠨᠡᠶᠢᠲᠡ 17 ᠮᠠᠭᠠᠳᠯᠠᠨ ᠲᠣᠭᠲᠠᠭᠠᠵᠤ᠂ ᠳᠠᠳᠤᠯᠭ᠎ᠠ ᠳᠤ 14 ᠭᠠᠷᠤᠢ ᠬᠥᠮᠥᠨ ᠣᠷᠣᠯᠴᠠᠵᠤ᠂ ᠵᠢᠱᠢᠯᠲᠡ ᠪᠠᠷ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠦᠷᠢ 12.6 ᠲᠦᠮᠡ ᠭᠠᠷᠤᠢ ᠲᠥᠭᠦᠷᠢᠭ ᠢ ᠲᠠᠷᠬᠠᠭᠠᠨ᠎ᠠ᠃ᠪᠣᠯᠪᠠᠰᠤᠷᠠᠭᠤᠯᠤᠯ  ᠢ ᠴᠢᠩᠭᠠᠳᠬᠠᠵᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠳᠤ ︽ᠰᠢᠨ᠎ᠡ ᠤᠷ᠎ᠠ ᠴᠢᠳᠠᠪᠤᠷᠢ︾ ᠶᠢ ᠤᠯᠠᠮᠵᠢᠯᠠᠨ᠎ᠠ      ᠡᠲᠡᠭᠡᠷ ᠡᠳᠦᠷ ᠤᠳ ᠲᠤ᠂ ᠡᠪᠡᠳᠴᠢᠲᠡᠨ ᠳᠤ ᠵᠣᠷᠢᠭᠤᠯᠤᠭᠰᠠᠨ ᠨᠢᠭᠡ ᠤᠳᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠮᠠᠰᠢ ᠣᠯᠠᠨ ᠠᠵᠢᠯ ᠣᠯᠬᠤ ᠤᠷ᠎ᠠ ᠴᠢᠳᠠᠪᠤᠷᠢ ᠦᠭᠡᠢ ᠬᠥᠮᠥᠰ ᠤᠨ ᠠᠩᠬᠠᠷᠤᠯ ᠢ ᠲᠠᠲᠠᠭᠰᠠᠨ ᠪᠠᠶᠢᠨ᠎ᠠ᠃︽ᠪᠣᠯᠪᠠᠰᠤᠷᠠᠯ ᠨᠢ ᠨᠠᠳᠠ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠢ᠂ ᠨᠠᠳᠠ ᠳᠤ ᠰᠤᠪᠢᠯᠠᠯᠲᠠ ᠶᠢᠨ ᠲᠠᠯ᠎ᠠ ᠶᠢᠨ ᠮᠡᠳᠡᠯᠭᠡ ᠶᠢ ᠮᠠᠰᠢ ᠤᠯᠠᠨ ᠵᠢᠭᠠᠵᠤ ᠥᠭᠭᠦᠭᠰᠡᠨ ᠢᠶᠠᠷ ᠪᠠᠷᠠᠬᠤ ᠦᠭᠡᠢ᠂ ᠪᠣᠯᠪᠠᠰᠤᠷᠠᠭᠰᠠᠨ ᠤ ᠳᠠᠷᠠᠭ᠎ᠠ ᠪᠠᠰᠠ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠵᠤ᠂ ᠨᠠᠮᠠᠶᠢ ᠲᠤᠬᠠᠢ ᠶᠢᠨ ᠭᠠᠵᠠᠷ ᠤᠨ ᠰᠤᠪᠢᠯᠠᠯᠲᠠ ᠶᠢᠨ ᠺᠣᠮᠫᠠᠨᠢ ᠳᠤ ᠲᠠᠨᠢᠯᠴᠠᠭᠤᠯᠪᠠ᠂ ᠣᠳᠣᠬᠠᠨ ᠳᠤ ᠪᠢ ᠨᠢᠭᠡᠨᠲᠡ ᠨᠠᠰᠤᠲᠠᠨ ᠢ ᠠᠰᠠᠷᠠᠬᠤ ᠬᠦᠷᠢᠶᠡᠯᠡᠩ ᠲᠠᠢ ᠠᠵᠢᠯ ᠣᠯᠬᠤ ᠬᠡᠯᠡᠯᠴᠡᠭᠡᠷ ᠲᠣᠭᠲᠠᠵᠠᠢ︾᠃ ᠭᠡᠷ ᠨᠢ ᠾᠧ ᠫᠢᠩ ᠵᠠᠮ ᠤᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ ᠵᠠᠩ ᠶᠦᠩ ᠯᠢ ᠪᠠᠶᠠᠷᠲᠠᠢ ᠪᠠᠷ ᠢᠯᠡᠳᠬᠡᠵᠡᠢ᠃      ᠳ᠋ᠦᠩ ᠾᠧ ᠲᠣᠭᠤᠷᠢᠭ ᠤᠨ ᠬᠢᠨ ᠣᠯᠠᠨ ᠨᠡᠶᠢᠲᠡ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠬᠢ ᠪᠠᠶᠠᠯᠢᠭ ᠤᠨ ︽ᠠᠵᠢᠯᠯᠠᠵᠤ ᠰᠤᠷᠤᠯᠴᠠᠬᠤ ᠶᠢ ᠨᠢᠭᠡ ᠴᠣᠭᠴᠠᠵᠢᠭᠤᠯᠬᠤ︾ ︽ᠠᠵᠢᠯ ᠮᠡᠷᠭᠡᠵᠢᠯ ᠤᠨ ᠪᠣᠯᠪᠠᠰᠤᠷᠠᠯ ᠤᠨ ᠪᠣᠭᠤᠳᠠᠯ︾ ᠤᠨ ᠪᠣᠯᠪᠠᠰᠤᠷᠠᠯ ᠤᠨ ᠵᠠᠭᠪᠤᠷ ᠢ ᠳᠡᠯᠭᠡᠷᠡᠭᠦᠯᠵᠦ᠂ ︽ᠪᠣᠯᠪᠠᠰᠤᠷᠠᠭᠤᠯᠤᠯ + ᠠᠵᠢᠯ ᠣᠯᠭᠤᠬᠤ︾ ︽ᠪᠣᠯᠪᠠᠰᠤᠷᠠᠭᠤᠯᠤᠯ + ᠠᠳᠠᠯ ᠦᠢᠯᠡᠰ ᠴᠣᠭᠴᠠᠯᠠᠬᠤ︾ ᠶᠢ ᠨᠢᠭᠡ ᠴᠣᠭᠴᠠᠵᠢᠭᠤᠯᠬᠤ ᠵᠠᠭᠪᠤᠷ ᠢ ᠪᠠᠶᠢᠭᠤᠯᠵᠤ᠂ ᠪᠣᠯᠪᠠᠰᠤᠷᠠᠭᠤᠯᠤᠯ ᠤᠨ ᠭᠤᠣᠯ ᠴᠣᠭᠴᠠ ᠶᠢ ᠵᠢᠯᠣᠭᠤᠳᠤᠨ ︽ᠬᠥᠮᠥᠨ  ᠳᠤᠨᠢ ᠲᠣᠬᠢᠷᠠᠭᠤᠯᠤᠨ ᠪᠣᠯᠪᠠᠰᠤᠷᠠᠭᠤᠯᠬᠤ᠂ ᠠᠵᠢᠯ ᠤᠨ ᠪᠠᠶᠢᠷᠢ ᠳᠤᠨᠢ ᠲᠣᠬᠢᠷᠠᠭᠤᠯᠤᠨ ᠪᠣᠯᠪᠠᠰᠤᠷᠠᠭᠤᠯᠬᠤ᠂ ᠦᠢᠯᠡᠳᠪᠦᠷᠢᠯᠡᠯ ᠳᠤᠨᠢ ᠲᠣᠬᠢᠷᠠᠭᠤᠯᠤᠨ ᠪᠣᠯᠪᠠᠰᠤᠷᠠᠭᠤᠯᠬᠤ︾ ᠵᠠᠷᠴᠢᠮ ᠶᠣᠰᠣᠭᠠᠷ᠂ ᠠᠳᠠᠯᠢ ᠪᠤᠰᠤ ᠠᠵᠢᠯ ᠣᠯᠭᠤᠯᠲᠠ ᠶᠢᠨ ᠬᠠᠮᠲᠤᠯᠢᠭ ᠲᠠᠢ ᠤᠶᠠᠯᠳᠤᠭᠤᠯᠤᠨ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠷᠥᠯ ᠵᠦᠢᠯ ᠤᠨ ᠲᠣᠪᠶᠤᠭ ᠢ ᠴᠢᠭᠯᠡᠭᠦᠯᠬᠦ ᠴᠢᠨᠠᠷᠲᠠᠢ ᠪᠠᠷ ᠰᠢᠯᠢᠨ ᠰᠣᠩᠭᠤᠵᠤ᠂ ᠪᠠᠯᠭᠠᠰᠤ᠂ ᠵᠡᠭᠡᠯᠢ ᠭᠤᠳᠤᠮᠵᠢ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠵᠢᠴᠢ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠭᠠᠳᠠᠭᠰᠢ ᠨᠡᠶᠢᠲᠡᠯᠡᠵᠦ᠂ ᠨᠠᠩ ᠣᠯᠠᠨ ᠬᠠᠮᠲᠤᠯᠢᠭ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠶᠢ ᠠᠬᠢᠭᠤᠯᠤᠨ᠎ᠠ᠃
     ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠪᠣᠯᠪᠠᠰᠤᠷᠠᠭᠤᠯᠤᠯ ᠤᠨ ᠲᠤᠰᠬᠠᠢ ᠮᠡᠷᠭᠡᠵᠢᠯ ᠤᠨ ᠭᠠᠷᠴᠠᠭ ᠵᠢᠴᠢ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠢ ᠡᠮᠬᠢᠯᠡᠨ ᠲᠣᠬᠢᠷᠠᠭᠤᠯᠵᠤ᠂ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠪᠠ ᠠᠵᠢᠯ ᠣᠯᠬᠤ ᠬᠦᠰᠡᠯ ᠢ ᠦᠨᠳᠦᠰᠦᠯᠡᠨ᠂ ᠨᠢᠭᠡᠨᠲᠡ ᠬᠠᠭᠰᠠᠭᠠᠬᠤ᠂ ᠡᠯᠧᠺᠲᠷᠣᠨ ᠬᠤᠳᠠᠯᠳᠤᠭᠠᠨ ᠤ ᠮᠡᠷᠭᠡᠵᠢᠯᠲᠡᠨ᠂ ᠺᠣᠮᠫᠢᠦ᠋ᠲ᠋ᠧᠷ ᠤᠨ ᠠᠵᠢᠯᠯᠠᠭᠴᠢ᠂ ᠴᠡᠪᠡᠷᠯᠡᠭᠴᠢ ᠵᠡᠷᠭᠡ 10 ᠡᠭᠡᠯᠵᠢ ᠶᠢᠨ ᠬᠤᠭᠤᠴᠠᠭ᠎ᠠ ᠶᠢ ᠥᠷᠨᠢᠭᠦᠯᠵᠦ᠂ 241 ᠭᠠᠷᠤᠢ ᠬᠥᠮᠥᠨ ᠤᠳᠠᠭ᠎ᠠ ᠶᠢᠨ ᠪᠣᠯᠪᠠᠰᠤᠷᠠᠭᠤᠯᠤᠯ ᠢ ᠪᠡᠶᠡᠯᠡᠭᠦᠯᠵᠦ᠂ ᠥᠪᠥᠷ ᠮᠣᠩᠭᠤᠯ ᠤᠨ ᠬᠤᠸᠠ ᠶᠦᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠠᠵᠤ ᠠᠬᠤᠶᠢᠯᠠᠯ ᠤᠨ ᠰᠢᠨ᠎ᠡ ᠮᠠᠶ᠋ᠢᠭ ᠤᠨ ᠱᠠᠪᠢ ᠣᠷᠣᠬᠤ ᠳᠦᠷᠢᠮ ᠤᠨ 96 ᠬᠥᠮᠥᠨ ᠤ ᠪᠣᠯᠪᠠᠰᠤᠷᠠᠭᠤᠯᠤᠯ ᠢ ᠥᠷᠨᠢᠭᠦᠯᠦᠭᠰᠡᠨ ᠪᠠᠶᠢᠨ᠎ᠠ᠃      ︽ᠪᠢᠳᠡ ᠪᠠᠰᠠ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠠᠩ ᠨᠡᠶᠢᠴᠡᠬᠦ ᠪᠣᠯᠪᠠᠰᠤᠷᠠᠭᠤᠯᠤᠯ ᠤᠨ ᠲᠤᠰᠬᠠᠢ ᠮᠡᠷᠭᠡᠵᠢᠯ ᠥᠷᠨᠢᠭᠦᠯᠬᠦ ᠶᠢ ᠵᠣᠷᠢᠭᠵᠢᠭᠤᠯᠵᠤ᠂ ᠨᠡᠶᠢᠲᠡ ᠶᠢᠨ ᠳ᠋ᠤᠭᠠᠷ᠂ ᠣᠬᠤᠷ ᠬᠠᠷᠠᠭᠠᠨ ᠳᠠᠪᠲᠠᠮᠵᠢ᠂ ᠰᠦᠯᠵᠢᠶᠡᠨ ᠭᠠᠳᠠᠨᠠᠬᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠪᠣᠯᠪᠠᠰᠤᠷᠠᠭᠤᠯᠤᠯ ᠤᠨ ᠦᠷ᠎ᠡ ᠪᠦᠲᠦᠮᠵᠢ ᠵᠢᠴᠢ ᠣᠯᠠᠨ ᠲᠦᠮᠡᠨ ᠤ ᠬᠠᠷᠢᠭᠤ ᠲᠤᠰᠬᠠᠯ ᠢ ᠦᠨᠳᠦᠰᠦᠯᠡᠨ᠂ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠠᠵᠢᠯ ᠢ ᠰᠢᠯᠢᠳᠡᠭᠵᠢᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠢ ᠪᠠᠷ ᠬᠦᠷᠭᠡᠨ᠂ ᠠᠵᠤ ᠠᠬᠤᠶᠢᠯᠠᠯ ᠢ ᠬᠠᠪᠰᠤᠷᠤᠨ ᠠᠵᠢᠯᠴᠢᠨ ᠬᠡᠷᠡᠭᠯᠡᠬᠦ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ︾ ᠭᠡᠵᠡᠢ᠃ ᠭᠡᠵᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠬᠤ  ᠦᠢᠯᠡᠴᠢᠯᠡᠭᠡᠨ ᠤ ᠲᠥᠪ ᠤᠨ ᠪᠣᠯᠪᠠᠰᠤᠷᠠᠯ ᠤᠨ ᠲᠠᠰᠤᠭ ᠤᠨᠭᠡᠵᠦ ᠬᠠᠷᠢᠭᠤᠴᠠᠯᠭᠠᠲᠠᠨ ᠢᠯᠡᠳᠬᠡᠪᠡ᠃ᠠᠳᠠᠯ ᠦᠢᠯᠡᠰ ᠴᠣᠭᠴᠠᠯᠠᠬᠤ  ᠶᠢ ᠠᠬᠢᠭᠤᠯᠬᠤ ᠳᠤ ᠲᠥᠷᠥ  ᠶᠢᠨ ᠪᠣᠳᠣᠯᠭ᠎ᠠ  ᠶᠢᠨ ᠳᠡᠮᠵᠢᠯᠭᠡ ᠦᠵᠡᠭᠦᠯᠬᠦ ᠳᠤ ︽ᠵᠢᠷᠦᠬᠡ ᠴᠢᠩᠭᠠᠷᠠᠭᠤᠯᠬᠤ ᠡᠮ︾      2013 ᠣᠨ ᠳᠤ᠂ ᠦᠢᠯᠡᠰ ᠪᠣᠰᠬᠠᠭᠴᠢ ᠸᠠᠩ ᠲᠢᠩ ᠰᠢ ᠨᠣᠣ ᠪᠦᠦ ᠵᠡᠭᠡᠯᠢ ᠭᠤᠳᠤᠮᠵᠢ ᠳᠤ ᠨᠢᠭᠡᠨ ᠰᠢ ᠳ᠋ᠢᠶᠠᠨ ᠪᠣᠭᠤᠷᠰᠤᠭ ᠤᠨ ᠳᠡᠯᠭᠡᠭᠦᠷ ᠨᠡᠭᠡᠭᠡᠵᠡᠢ᠂ ᠳ᠋ᠦᠩ ᠾᠧ ᠲᠣᠭᠤᠷᠢᠭ ᠤᠨ ᠦᠢᠯᠡᠰ ᠪᠣᠰᠬᠠᠬᠤ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠴᠢ ᠪᠠᠷ ᠸᠠᠩ ᠲᠢᠩ 20 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠬᠦᠦ ᠮᠥᠩᠭᠦ ᠲᠠᠢ ᠵᠢᠭᠡᠯᠡᠯᠭᠡ ᠭᠤᠶᠤᠴᠢᠯᠠᠨ ᠳᠡᠯᠭᠡᠭᠦᠷ ᠤᠨ ᠬᠡᠪᠴᠢᠶ᠎ᠡ ᠶᠢ ᠥᠷᠭᠡᠳᠬᠡᠬᠦ ᠳᠤ ᠬᠡᠷᠡᠭᠯᠡᠵᠦ᠂ ᠲᠤᠬᠠᠢ ᠶᠢᠨ ᠭᠠᠵᠠᠷ ᠤᠨ ᠬᠡᠳᠦᠨ ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠬᠦ ᠶᠢ ᠲᠠᠶᠢᠴᠢᠯᠠᠵᠠᠢ᠃
     ᠲᠥᠷᠥ  ᠶᠢᠨ ᠪᠣᠳᠣᠯᠭ᠎ᠠ  ᠶᠢᠨ ᠲᠠᠯ᠎ᠠ ᠪᠠᠷ ᠬᠠᠯᠠᠭᠤᠨ ᠳᠤᠯᠠᠭᠠᠨ᠂ ᠠᠳᠠᠯ ᠦᠢᠯᠡᠰ ᠴᠣᠭᠴᠠᠯᠠᠬᠤ ᠢᠳᠡ ᠬᠦᠴᠦ ᠲᠡᠭᠦᠯᠳᠡᠷ ᠪᠠᠶᠢᠨ᠎ᠠ᠃ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠪᠠᠷ ᠠᠳᠠᠯ ᠦᠢᠯᠡᠰ ᠴᠣᠭᠴᠠᠯᠠᠬᠤ ᠶᠢ ᠲᠡᠳᠬᠦᠨ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠲᠡᠳᠬᠦᠨ ᠳᠡᠮᠵᠢᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠰᠢᠭ ᠭᠥᠷᠳᠡᠬᠦ ᠬᠠᠮᠲᠤᠯᠢᠭ ᠢ ᠠᠯᠬᠤᠮ ᠠᠯᠬᠤᠮ ᠢᠶᠠᠷ ᠥᠷᠭᠡᠳᠬᠡᠨ᠂ ᠵᠢᠭᠡᠯᠡᠯᠭᠡ ᠶᠢᠨ ᠪᠠᠷᠢᠮᠵᠢᠶ᠎ᠠ ᠶᠢ ᠪᠠᠭᠤᠷᠠᠭᠤᠯᠵᠤ᠂ ᠵᠢᠭᠡᠯᠡᠯᠭᠡ ᠶᠢ ᠭᠠᠷᠲᠠᠨ ᠭᠦᠢᠴᠡᠳᠬᠡᠬᠦ ᠴᠤᠪᠤᠷᠠᠯ ᠢ ᠳᠥᠭᠦᠮᠴᠢᠯᠡᠨ᠂ ᠠᠳᠠᠯ ᠦᠢᠯᠡᠰ ᠴᠣᠭᠴᠠᠯᠠᠬᠤ ᠬᠦᠰᠡᠯ ᠰᠠᠨᠠᠭ᠎ᠠ ᠲᠠᠢ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ︽ᠳᠠᠬᠢᠨ ᠢᠶᠠᠷ ᠨᠡᠮᠡᠭᠳᠡᠭᠦᠯᠬᠦ ᠦᠢᠯᠡᠳᠦᠯ︾ ᠢ ᠢᠯᠡᠳᠲᠡ ᠪᠣᠯᠭᠠᠨ᠎ᠠ᠃ᠣᠲᠣ ᠪᠣᠯᠲᠠᠯ᠎ᠠ ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠭᠰᠠᠨ 43 ᠬᠥᠮᠥᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠵᠤ᠂ 10 ᠵᠢᠵᠢᠭ ᠪᠢᠴᠢᠯ ᠠᠵᠤ ᠠᠬᠤᠶᠢᠯᠠᠯ ᠪᠠ 26 ᠬᠤᠪᠢ ᠬᠥᠮᠥᠨ ᠳᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢ 2646 ᠲᠦᠮᠡᠨ ᠲᠥᠭᠦᠷᠢᠭ ᠲᠠᠷᠬᠠᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠰᠬᠠᠢ ᠲᠥᠷᠥᠯ ᠤᠨ ᠲᠥᠷᠥ ᠶᠢᠨ ᠪᠣᠳᠣᠯᠭ᠎ᠠ ᠶᠢ 8 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ ᠢ 2000 ᠭᠠᠷᠤᠢ ᠬᠤᠪᠢ ᠲᠠᠷᠬᠠᠭᠠᠵᠤ᠂ ᠠᠳᠠᠯ ᠦᠢᠯᠡᠰ ᠴᠣᠭᠴᠠᠯᠠᠬᠤ ᠲᠤᠬᠠᠢ 120 ᠭᠠᠷᠤᠢ ᠤᠳᠠᠭ᠎ᠠ ᠠᠰᠠᠭᠤᠨ ᠯᠠᠪᠯᠠᠭᠰᠠᠨ ᠪᠠᠶᠢᠨ᠎ᠠ᠃ᠦᠢᠯᠡᠴᠢᠯᠡᠭᠡ ᠶᠢ ᠰᠢᠯᠢᠳᠡᠭᠵᠢᠭᠦᠯᠵᠦ᠂ ᠭᠡᠷ ᠲᠤᠨᠢ ᠬᠦᠷᠴᠦ ᠬᠠᠪᠰᠤᠷᠤᠨ ᠲᠡᠳᠬᠦᠵᠦ ︽ᠳᠣᠲᠣᠨᠣ ᠬᠥᠮᠥᠨ︾ ᠪᠣᠯᠬᠤ ᠪᠠᠷ ᠴᠢᠷᠮᠠᠶᠢᠬᠤ ᠬᠡᠷᠡᠭᠲᠡᠢ      ᠪᠧᠢ ᠯᠢᠶᠠᠩ ᠰᠢᠨ᠎ᠡ ᠲᠣᠭᠤᠷᠢᠭ ᠤᠨ ᠨᠠᠨ ᠵᠢᠶᠠ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠰᠦᠨ ᠸᠧᠨ ᠸᠧᠨ ᠬᠠᠨᠤᠮᠵᠢᠲᠠᠶ ᠠᠵᠢᠯ ᠣᠯᠬᠤ ᠦᠭᠡᠢ ᠠᠴᠠ ᠪᠣᠯᠵᠤ ᠤᠷᠤᠭᠤ ᠴᠢᠷᠠᠶᠢᠯᠠᠵᠤ᠂ ᠣᠶᠢᠷ᠎ᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠰᠬᠠᠢ ᠲᠤᠰᠢᠶᠠᠯᠲᠠᠨ ᠰᠤᠷᠪᠤᠯᠵᠢᠯᠠᠬᠤ ᠳᠤᠮᠳᠠ ᠪᠠᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠡᠭᠦᠨ ᠳᠤ ︽ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠪᠡᠯᠡᠭ︾ ᠬᠦᠷᠭᠡᠵᠦ᠂ ᠲᠡᠭᠦᠨ ᠳᠤ ᠵᠠᠯᠭᠠᠭ᠎ᠠ ᠪᠠᠷ 10 ᠭᠠᠷᠤᠢ ᠠᠵᠢᠯ ᠤᠨ ᠪᠠᠶᠢᠷᠢ ᠲᠠᠨᠢᠯᠴᠠᠭᠤᠯᠤᠭᠰᠠᠨ ᠪᠥᠭᠡᠳ ᠪᠠᠰᠠ ᠲᠡᠭᠦᠨ ᠲᠠᠢ ᠬᠠᠷᠢᠯᠴᠠᠵᠤ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠬᠠᠪᠤᠷ ᠤᠨ ᠰᠠᠯᠬᠢᠨ ᠤ ᠠᠵᠢᠯᠯᠠᠭ᠎ᠠ ᠶᠢᠨ ᠠᠵᠢᠯᠲᠠᠨ ᠡᠯᠰᠡᠬᠦ ᠲᠣᠮᠣ ᠬᠡᠯᠪᠡᠷᠢ ᠶᠢᠨ ᠠᠵᠢᠯᠯᠠᠭ᠎ᠠ ᠳᠤ ᠣᠷᠣᠯᠴᠠᠭᠤᠯᠤᠭᠠᠳ᠂ ᠲᠡᠭᠦᠨ ᠤ ᠰᠠᠨᠠᠭᠠᠨ ᠳᠤ ᠳᠠᠭᠠᠷᠠᠭᠰᠠᠨ ᠪᠢᠴᠢᠭ ᠤᠨ ᠠᠵᠢᠯᠲᠠᠨ ᠤ ᠠᠵᠢᠯ ᠢ ᠠᠮᠵᠢᠯᠲᠠ ᠲᠠᠢ ᠣᠯᠵᠤ ᠥᠭᠭᠦᠭᠰᠡᠨ ᠪᠠᠶᠢᠨ᠎ᠠ᠃ᠠᠮᠵᠢᠯᠲᠠ ᠲᠠᠢ ᠠᠵᠢᠯ ᠣᠯᠣᠭᠰᠠᠨ ᠤ ᠲᠠᠷᠠᠭ᠎ᠠ᠂ ᠲᠡᠷᠡ ᠣᠨᠴᠠᠭᠠᠶᠢᠯᠠᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠳ ᠲᠤ ᠲᠠᠯᠠᠷᠬᠠᠯ ᠢᠶᠠᠨ ᠢᠯᠡᠳᠬᠡᠵᠡᠢ᠃
     ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠠᠵᠢᠯᠯᠠᠭ᠎ᠠ︾ ᠶᠢᠨ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠡᠶᠢᠮᠦᠷᠬᠦ ᠰᠡᠳᠬᠢᠯ ᠢ ᠳᠤᠯᠠᠭᠠᠴᠠᠭᠤᠯᠤᠭᠰᠠᠨ ᠦᠯᠢᠭᠡᠷ ᠲᠣᠭᠠᠯᠠᠰᠢ ᠦᠭᠡᠢ ᠤᠯᠠᠨ ᠪᠠᠶᠢᠨ᠎ᠠ᠃ᠳ᠋ᠦᠩ ᠾᠧ ᠲᠣᠭᠤᠷᠢᠭ ᠤᠨ ᠬᠢᠨ ︽ᠲᠤᠤᠷᠴᠢᠯᠠᠬᠰᠠᠨ︾ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠨᠡᠶᠢᠭᠡᠮ ᠲᠣᠭᠤᠷᠢᠭ ᠤᠨ ᠲᠤᠤᠷᠴᠢᠯᠠᠬᠴᠢ + ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠰᠬᠠᠢ ᠲᠤᠰᠢᠶᠠᠯᠲᠠᠨ︾  ᠤ ᠵᠠᠭᠪᠤᠷ ᠢ ᠬᠡᠷᠡᠭᠯᠡᠵᠦ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ 62 ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠰᠬᠠᠢ ᠲᠤᠰᠢᠶᠠᠯᠲᠠᠨ︾ ᠤ ᠲᠤᠰᠢᠶᠠᠯ ᠢ ᠡᠭᠦᠷᠭᠡᠯᠡᠵᠦ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠲᠣᠣᠷᠵᠢᠯ ᠢᠶᠠᠷ ᠨᠢᠭᠡᠴᠢ ᠪᠣᠯᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠰᠬᠠᠢ ᠲᠤᠰᠢᠶᠠᠯᠲᠠᠨ ᠢ ᠨᠡᠶᠢᠭᠡᠮ ᠲᠣᠭᠤᠷᠢᠭ ᠲᠤ ᠣᠷᠣᠭᠤᠯᠬᠤ ᠲᠣᠣᠷᠵᠢᠯ ᠤᠨ ᠪᠦᠯᠦᠭᠵᠢᠯ ᠢ ᠪᠦᠷᠬᠦᠭᠦᠯᠬᠦ᠂ ᠠᠳᠠᠯᠢ ᠪᠤᠰᠤ ᠠᠵᠢᠯ ᠲᠦᠷᠦᠯ ᠤᠨ ᠠᠵᠤ ᠠᠬᠤᠶᠢᠯᠠᠯ ᠪᠦᠬᠦᠨ ᠢ ᠪᠦᠷᠬᠦᠭᠦᠯᠦᠨ᠎ᠡ᠃ ᠡᠨᠡ ᠰᠠᠭᠤᠷᠢᠨ ᠳᠡᠭᠡᠷ᠎ᠡ᠂ ᠬᠥᠮᠥᠨ ᠤ ᠬᠦᠴᠦᠨ ᠤ ᠬᠥᠷᠥᠩᠭᠡ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠠᠪᠴᠠᠩ ᠢ ᠠᠰᠢᠭᠯᠠᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠪᠠᠶᠢᠭᠤᠯᠵᠤ᠂ ︽ᠳ᠋ᠦᠩ ᠾᠧ ᠭᠤᠣᠯ ᠢ ᠡᠳ᠋ᠯᠡᠬᠦ︾ ᠨᠡᠶᠢᠲᠡ ᠶᠢᠨ ᠳ᠋ᠤᠭᠠᠷ ᠲᠤ ᠡᠳᠦᠷ ᠤᠨ ᠬᠦᠴᠦᠨ ᠤ ᠠᠵᠢᠯᠲᠠᠨ ᠡᠯᠰᠡᠬᠦ ᠲᠤᠰᠬᠠᠢ ᠣᠷᠣᠨ ᠭᠠᠷᠭᠠᠵᠤ᠂ ᠠᠮᠢᠳᠤᠯᠢᠭ ᠢᠶᠠᠷ ᠠᠵᠢᠯ ᠣᠯᠣᠭᠰᠠᠳ ᠲᠤ ᠠᠵᠢᠯᠲᠠᠨ ᠡᠯᠰᠡᠵᠦ ᠠᠵᠢᠯ ᠬᠦᠯᠢᠶᠡᠯᠭᠡᠬᠦ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠮᠡᠳᠡᠭᠡ ᠵᠠᠩᠭᠢ ᠶᠢᠨ ᠲᠠᠨᠢᠯᠴᠠᠭᠤᠯᠭ᠎ᠠ ᠬᠢᠬᠦ᠂ ᠲᠤᠬᠠᠢ ᠶᠢᠨ ᠲᠠᠯᠠᠪᠤᠷ ᠲᠤ ᠠᠵᠢᠯᠲᠠᠨ ᠡᠯᠰᠡᠬᠦ ᠵᠡᠷᠭᠡ ︽ᠨᠢᠭᠡ ᠴᠣᠭᠴᠠᠵᠢᠭᠰᠠᠨ︾ ᠦᠢᠯᠡᠴᠢᠯᠡᠭᠡ ᠬᠠᠩᠭᠠᠪᠠ᠃ᠣᠲᠣ ᠪᠣᠯᠲᠠᠯ᠎ᠠ᠂ ᠨᠢᠭᠡᠨᠲᠡ ᠰᠦᠯᠵᠢᠶᠡᠨ ᠳᠡᠭᠡᠷᠡᠬᠢ ᠡᠳᠦᠷ ᠤᠨ ᠬᠦᠴᠦᠨ ᠤ ᠡᠭᠦᠯᠡᠨ ᠮᠡᠳᠡᠭᠡ ᠵᠠᠩᠭᠢ ᠶᠢᠨ ᠲᠠᠪᠴᠠᠩ᠂ ᠠᠵᠢᠯ ᠲᠠᠨᠢᠯᠴᠠᠭᠤᠯᠬᠤ ᠳᠠᠩᠰᠠᠯᠠᠯᠲᠠ ᠪᠠᠷ ᠳᠠᠮᠵᠢᠭᠤᠯᠤᠨ᠂ ᠡᠳᠦᠷ ᠤᠨ ᠬᠦᠴᠦᠨ ᠤ ᠬᠥᠮᠥᠰ ᠤᠨ ᠬᠠᠮᠲᠤᠯᠢᠭ ᠲᠤ ᠭᠦᠨᠵᠡᠭᠡᠶᠢᠷᠡᠨ 78 ᠵᠤᠷᠪᠤᠰ ᠡᠳᠦᠷ ᠤᠨ ᠬᠦᠴᠦᠨ ᠤ ᠠᠵᠢᠯᠲᠠᠨ ᠤ ᠮᠡᠳᠡᠭᠡ ᠵᠠᠩᠭᠢ᠂ 37 ᠵᠤᠷᠪᠤᠰ ᠡᠳᠦᠷ ᠤᠨ ᠬᠦᠴᠦᠨ ᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠤᠭᠰᠠᠨ ᠪᠠᠶᠢᠨ᠎ᠠ᠃      ︽ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠢᠨ ᠵᠠᠰᠠᠭ ᠤᠨ ᠶᠠᠪᠤᠳᠠᠯ ᠤᠨ ᠦᠷ᠎ᠡ ᠪᠦᠲᠦᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ ᠂ ᠡᠯ᠎ᠡ ᠲᠥᠷᠥᠯ ᠤᠨ ᠠᠵᠢᠯ ᠣᠯᠵᠤ ᠦᠢᠯᠡᠰ ᠴᠣᠭᠴᠠᠯᠠᠬᠤ ᠬᠠᠮᠲᠤᠯᠢᠭ ᠲᠤ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠠᠵᠢᠯ ᠣᠯᠵᠤ ᠦᠢᠯᠡᠰ ᠴᠣᠭᠴᠠᠯᠠᠬᠤ ᠰᠠᠭᠤᠷᠢ ᠶᠢ ᠰᠠᠨᠠᠭᠠᠴᠢᠯᠠᠭ᠎ᠠ  ᠠᠴᠠ ᠪᠠᠨ ᠪᠠᠲᠤᠳᠬᠠᠨ᠂ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠩ ᠰᠢᠯᠢᠳᠡᠭ ᠠᠵᠢᠯ ᠣᠯᠵᠤ ᠦᠢᠯᠡᠰ ᠴᠣᠭᠴᠠᠯᠠᠬᠤ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︾ ᠭᠡᠵᠡᠢ᠃ ᠭᠡᠵᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ  ᠳᠠᠷᠤᠭ᠎ᠠ ᠲᠢᠶᠠᠨ ᠮᠢᠨ ᠢᠯᠡᠳᠬᠡᠪᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1