︽ᠪᠤᠭᠤᠲᠤ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ︽ᠬᠠᠶᠠᠭᠳᠠᠮᠠᠯ | ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ︾ ︵ᠪᠤᠭᠤᠲᠤ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠠᠷᠬᠠᠭᠠᠭᠰᠠᠨ ﹇2022﹈ 170 ᠳ᠋ᠤᠭᠠᠷ ᠲᠣᠭᠠᠲᠤ︶ | ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠬᠢ ᠪᠠᠶᠠᠯᠢᠭ ᠢ ᠠᠷᠪᠢᠯᠠᠬᠤ ᠪᠠ | ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠪᠣᠶ ᠪᠣᠯᠭᠠᠵᠤ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠵᠠᠰᠠᠬᠤ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ | ᠲᠦᠷᠭᠡᠳᠬᠡᠨ ᠳᠡᠭᠡᠭᠰᠢᠯᠡᠭᠦᠯᠵᠦ᠂ ᠮᠠᠨ ᠤ ᠣᠷᠣᠨ ᠤ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠳᠠᠲᠠᠢ ᠲᠠᠢ ᠪᠠᠨ ᠤᠶᠠᠯᠳᠤᠭᠤᠯᠤᠨ᠂ | ᠲᠣᠰ ᠠᠵᠢᠯ ᠤᠨ ᠲᠥᠰᠥᠯ ᠢ ᠲᠣᠭᠲᠠᠭᠠᠨ᠎ᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠬᠤᠳᠠ ᠶᠢᠨ ᠬᠥᠭᠵᠢᠯᠲᠡ ᠪᠣᠯᠣᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠳᠦᠷᠢᠮ᠂ ᠮᠡᠷᠭᠡᠵᠢᠯ᠂ ᠵᠠᠬ᠎ᠠ ᠳᠡᠯᠭᠡᠭᠦᠷ᠂ ᠬᠢᠨᠠᠨ ᠬᠠᠮᠢᠶᠠᠷᠤᠯᠲᠠ | ᠵᠡᠷᠭᠡ ᠰᠢᠰᠲ᠋ᠥᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠬᠤᠳᠠ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠮᠠᠨ ᠤ ᠣᠷᠣᠨ ᠤ ᠡᠭᠦᠷᠭᠡᠯᠡᠵᠦ ᠪᠠᠶᠢᠭ᠎ᠠ ︽ᠬᠠᠶᠠᠭᠳᠠᠮᠠᠯ ᠪᠣᠳᠠᠰ ᠦᠭᠡᠢ ᠬᠤᠳᠠ︾ | ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠤᠨ ᠢᠶᠠᠷ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ | ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ ᠳ᠋ᠦᠩ ᠾᠧ ᠶᠢᠨ | ᠬᠦᠴᠦᠨ ᠴᠢᠳᠠᠯ ᠢ ᠨᠡᠮᠡᠷᠢᠯᠡᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠰᠢᠰᠲ᠋ᠧᠮ ᠲᠠᠢ ᠪᠠᠷ ᠤᠬᠠᠭᠠᠯᠠᠨ ᠲᠥᠯᠥᠪᠯᠡᠬᠦ ᠶᠢ ᠪᠠᠷᠢᠮᠲᠠᠯᠠᠵᠤ᠂ ᠨᠢᠭᠡ ᠴᠣᠭᠴᠠᠵᠢᠭᠤᠯᠤᠨ | ᠠᠬᠢᠭᠤᠯᠤᠨ᠎ᠠ᠃ᠠᠵᠤ ᠦᠢᠯᠡᠳᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢ ᠬᠤᠪᠢᠷᠠᠭᠤᠯᠬᠤ ᠲᠤᠷᠰᠢᠯᠲᠠ ᠶᠢᠨ ᠴᠢᠭ᠋ ᠪᠣᠯᠬᠤ ᠬᠤᠲᠠ᠂ ᠣᠷᠴᠢᠯ ᠠᠵᠤ ᠠᠬᠤᠢ ᠶᠢᠨ ᠵᠢᠱᠢᠶ᠎ᠡ | ᠦᠵᠡᠭᠦᠯᠬᠦ ᠬᠤᠲᠠ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠭᠤᠷ ᠠᠮᠢᠰᠬᠤᠯ ᠤᠨ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠵᠢᠱᠢᠶ᠎ᠡ ᠦᠵᠡᠭᠦᠯᠬᠦ ᠵᠡᠷᠭᠡ ᠡᠯ᠎ᠡ ᠲᠥᠷᠥᠯ ᠤᠨ ᠲᠤᠷᠰᠢᠯᠲᠠ ᠶᠢᠨ ᠴᠢᠭ᠋ | ᠪᠣᠯᠬᠤ ᠵᠢᠱᠢᠶ᠎ᠡ ᠦᠵᠡᠭᠦᠯᠬᠦ ᠠᠵᠢᠯ ᠢ ᠬᠤᠯᠪᠤᠭᠠᠯᠠᠨ ᠠᠬᠢᠭᠤᠯᠵᠤ᠂ ︽ᠬᠠᠶᠠᠭᠳᠠᠮᠠᠯ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ ᠰᠦᠪᠡᠭᠴᠢᠯᠡᠨ᠎ᠡ᠃ | ︵ᠬᠤᠶᠠᠷ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠎ᠠ᠃︽ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠢ ᠪᠣᠯᠭᠠᠬᠤ︾ ᠵᠠᠷᠴᠢᠮ | ᠶᠣᠰᠣᠭᠠᠷ᠂ ᠵᠠᠰᠠᠬᠤ ᠰᠢᠰᠲ᠋ᠧᠮᠵᠢ ᠪᠠ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ | ᠪᠣᠬᠢᠷᠲᠤᠯ ᠦᠭᠡᠢ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠲᠦᠷᠭᠡᠳᠬᠡᠨ | ᠠᠬᠢᠭᠤᠯᠤᠨ᠎ᠠ᠃ | ︵ᠭᠤᠷᠪᠠ︶ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ | ᠠᠬᠤᠢ ᠶᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠳᠦᠷᠢᠮ᠂ ᠲᠧᠭᠨᠢᠭ ᠮᠡᠷᠭᠡᠵᠢᠯ᠂ ᠵᠠᠬ᠎ᠠ ᠳᠡᠯᠭᠡᠭᠦᠷ᠂ ᠬᠢᠨᠠᠯᠲᠠ | ᠬᠠᠮᠢᠶᠠᠷᠤᠯᠲᠠ ᠵᠡᠷᠭᠡ ᠲᠦᠷᠪᠡᠨ ᠶᠡᠭᠡ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠴᠦ᠂ ᠤᠷᠢᠳᠠᠪᠠᠷ ᠬᠢᠵᠦ | ᠤᠷᠢᠳᠠᠪᠠᠷ ᠲᠤᠷᠰᠢᠵᠤ᠂ ᠰᠠᠶᠢᠨ ᠲᠤᠷᠰᠢᠯᠭ᠎ᠠ ᠪᠠ ᠰᠠᠶᠢᠨ ᠠᠷᠭ᠎ᠠ ᠶᠢ ᠴᠢᠷᠮᠠᠶᠢᠨ ᠬᠤᠷᠠᠮᠳᠤᠭᠤᠯᠤᠨ᠎ᠠ᠃ | ︵ᠳᠥᠷᠪᠡ︶ ᠪᠥᠬᠦ ᠠᠷᠠᠳ ᠢᠶᠠᠷ ᠢᠶᠠᠨ ᠬᠥᠳᠡᠯᠦᠯᠴᠡᠵᠦ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ | ᠪᠠᠷᠢᠮᠲᠠᠯᠠᠨ᠎ᠠ᠃ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠬᠠᠮᠵᠢᠯᠴᠠᠨ | ᠦᠷ᠎ᠡ ᠠᠰᠢᠭ ᠢ ᠨᠡᠮᠡᠭᠳᠡᠭᠦᠯᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ᠃ | ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ | ᠴᠢᠩᠭᠠᠳᠬᠠᠵᠤ᠂ ᠬᠦᠷᠢᠶᠡᠯᠡᠩ ᠲᠣᠭᠤᠷᠢᠭ᠂ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠪᠠ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠣᠯᠠᠨ | ᠡᠰᠢᠲᠦ ᠭᠤᠣᠯ ᠴᠣᠭᠴᠠ ᠶᠢᠨ ︽ᠬᠠᠮᠲᠤᠪᠠᠷ ᠵᠠᠰᠠᠵᠤ ᠬᠠᠮᠲᠤᠪᠠᠷ ᠭᠥᠷᠳᠡᠬᠦ︾ ︽ᠬᠠᠶᠠᠭᠳᠠᠮᠠᠯ ᠦᠭᠡᠢ ᠬᠤᠲᠠ︾ | ᠶᠢᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠪᠣᠶ ᠪᠣᠯᠭᠠᠬᠤ ᠶᠢ ᠠᠬᠢᠭᠤᠯᠤᠨ᠎ᠠ᠃ | ᠭᠤᠷᠪᠠ᠂ ᠪᠦᠲᠦᠭᠡᠨ ᠪᠠᠶᠢᠭᠤᠯᠬᠤ ᠬᠠᠷᠠᠯᠲᠠ | 2025 ᠣᠨ ᠪᠣᠯᠬᠤ ᠳᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ | ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ | ᠠᠷᠭ᠎ᠠ ᠮᠠᠶ᠋ᠢᠭ ᠦᠨᠳᠦᠰᠦᠨ ᠳᠡᠭᠡᠨ ᠪᠦᠷᠢᠯᠳᠦᠵᠦ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ | ᠬᠢᠷᠢ ᠲᠦᠪᠰᠢᠨ ᠰᠢᠨ᠎ᠡ ᠳᠡᠭᠲᠡᠷ ᠲᠤ ᠭᠠᠷᠴᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠣᠷᠴᠢᠯᠳᠤᠭᠤᠯᠤᠨ ᠠᠰᠢᠭᠯᠠᠬᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠠᠶᠤᠯᠲᠠᠢ ᠬᠠᠶᠠᠭᠳᠠᠮᠠᠯ ᠪᠣᠳᠠᠰ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠨᠠᠷᠢᠯᠢᠭᠵᠢᠭᠤᠯᠬᠤ ᠬᠢᠷᠢ ᠲᠦᠪᠰᠢᠨ ᠢ ᠦᠷᠭᠦᠯᠵᠢᠯᠡᠨ ᠰᠠᠶᠢᠵᠢᠷᠠᠭᠤᠯᠵᠤ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠦᠨᠳᠦᠰᠦᠨ ᠳᠡᠭᠡᠨ | ᠬᠢᠵᠠᠭᠠᠷᠯᠠᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠳᠠᠬᠢᠯᠲᠠ ᠡᠬᠢ ᠪᠠᠶᠠᠯᠢᠭ ᠢ | ᠬᠤᠷᠢᠶᠠᠨ ᠠᠪᠴᠤ ᠠᠰᠢᠭᠯᠠᠬᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠩᠬ᠎ᠠ ᠠᠯᠬᠤᠮ | ᠬᠡᠪᠴᠢᠶᠡᠵᠢᠭᠦᠯᠵᠦ᠂ ᠡᠰᠢ ᠰᠦᠷᠡᠯ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠵᠡᠷᠭᠡ ᠲᠠᠷᠢᠶᠠᠯᠠᠩ ᠤᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ | ︽ᠬᠠᠶᠠᠭᠳᠠᠮᠠᠯ ᠪᠣᠳᠠᠰ ᠦᠭᠡᠢ ᠡᠰ︾ ᠤᠨ ᠪᠠᠶᠢᠭᠤᠯᠤᠯᠲᠠ ᠶᠢ ᠨᠡᠩ ᠪᠠᠶᠠᠯᠢᠭᠵᠢᠭᠤᠯᠵᠤ᠂ ︽ᠬᠠᠶᠠᠭᠳᠠᠮᠠᠯ ᠪᠣᠳᠠᠰ ᠦᠭᠡᠢ | ᠰᠣᠶᠣᠯ︾ ᠤᠨ ᠠᠭᠤᠷ ᠠᠮᠢᠰᠬᠤᠯ ᠢ ᠨᠡᠩ ᠵᠤᠵᠠᠭᠠᠳᠬᠠᠵᠤ᠂ ᠠᠷᠠᠳ ᠤᠯᠠᠨ ᠤ ︽ᠬᠠᠶᠠᠭᠳᠠᠮᠠᠯ ᠪᠣᠳᠠᠰ ᠦᠭᠡᠢ ᠬᠤᠳᠠ︾ | ᠶᠢᠨ ᠪᠠᠶᠢᠭᠤᠯᠤᠯᠲᠠ ᠳᠤ ᠥᠷᠭᠡᠨ ᠢᠶᠠᠷ ᠣᠷᠣᠯᠴᠠᠬᠤ ᠬᠠᠯᠠᠭᠤᠨ ᠰᠡᠳᠬᠢᠯᠭᠡ ᠶᠢ ᠨᠡᠩ ᠣᠷᠭᠢᠯᠤᠭᠤᠯᠵᠤ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ | ᠳᠥᠷᠪᠡ᠂ ᠭᠤᠣᠯ ᠡᠭᠦᠷᠭᠡ | ︵ᠨᠢᠭᠡ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | 1.ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠡᠭᠦᠰᠦᠯ ᠤᠨ ᠬᠡᠮᠵᠢᠶ᠎ᠡ ᠶᠢ | ᠪᠠᠭᠠᠰᠬᠠᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ | ᠠᠵᠤ ᠦᠢᠯᠡᠳᠪᠦᠷᠢ ᠶᠢᠨ ᠠᠵᠤ ᠦᠢᠯᠡᠰ ᠤᠨ ᠪᠣᠬᠢᠷᠲᠤᠯ ᠦᠭᠡᠢ᠂ ᠣᠶᠤᠨᠴᠢᠯᠠᠭᠰᠠᠨ ᠬᠥᠭᠵᠢᠯᠲᠡ ᠶᠢ | ᠲᠦᠷᠭᠡᠳᠬᠡᠨ ᠠᠬᠢᠭᠤᠯᠤᠨ᠎ᠠ᠃ᠥᠩᠭᠡᠲᠦ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠴᠡᠪᠡᠷ ᠡᠨᠧᠷᠭᠢ ᠶᠢᠨ ᠰᠤᠷᠪᠤᠯᠵᠢ ᠵᠢᠠᠵᠤ ᠦᠢᠯᠡᠰ ᠪᠠ ᠬᠤᠳᠠ ᠶᠢᠨ | ᠠᠭᠤᠰᠤᠯᠴᠠᠯ ᠢ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠦᠯᠡᠳᠡᠭᠳᠡᠯ ᠢᠯᠴᠢ ᠦᠯᠡᠳᠡᠭᠳᠡᠯ ᠳᠠᠷᠤᠯᠲᠠ ᠶᠢ | ᠬᠤᠳᠠ ᠶᠢᠨ ᠢᠯᠴᠢ ᠡᠨᠧᠷᠭᠢ ᠬᠡᠷᠡᠭᠯᠡᠬᠦ ᠦᠨᠳᠦᠰᠦᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠵᠤ᠂ ᠠᠵᠤ | ᠦᠢᠯᠡᠳᠪᠦᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠬᠢᠭᠡᠳ ᠬᠤᠳᠠ ᠶᠢᠨ ᠡᠨᠧᠷᠭᠢ ᠶᠢᠨ ᠰᠤᠷᠪᠤᠯᠵᠢ ᠶᠢᠨ | ᠰᠢᠰᠲ᠋ᠧᠮ ᠤᠨ ᠵᠣᠯᠭᠠᠯᠳᠤᠯ ᠢ ᠪᠡᠶᠡᠯᠡᠭᠦᠯᠦᠨ᠎ᠡ᠃ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠭᠠᠬᠤ ᠬᠡᠮᠵᠢᠶ᠎ᠡ ᠪᠠᠷ ᠶᠡᠭᠡ᠂ | ᠣᠷᠣᠨ ᠪᠦᠰᠡ ᠳᠤ ᠪᠦᠲᠦᠮᠵᠢᠲᠡᠶ ᠪᠠᠷ ᠶᠡᠷᠦᠩᠬᠡᠶᠢᠯᠡᠨ ᠠᠰᠢᠭᠯᠠᠬᠤ ᠪᠠ ᠬᠤᠣᠷ ᠦᠭᠡᠶᠢᠵᠢᠬᠦᠯᠦᠨ | ᠰᠢᠢᠳᠪᠦᠷᠢᠯᠡᠬᠦ ᠶᠢ ᠪᠡᠶᠡᠯᠡᠭᠦᠯᠬᠦ ᠳᠤ ᠪᠡᠷᠬᠡᠲᠡᠢ ᠵᠦᠢᠯᠡᠰ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ | ᠴᠢᠩᠭ᠎ᠠ ᠬᠢᠵᠠᠭᠠᠷᠯᠠᠨ᠎ᠠ᠃ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠪᠣᠬᠢᠷᠲᠤᠯ ᠦᠭᠡᠢ ᠦᠢᠯᠡᠳᠬᠦ | ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠦᠨ᠎ᠡ᠃ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ | ᠠᠷᠢᠭᠤᠨ ᠴᠡᠪᠡᠷ ᠦᠢᠯᠡᠳᠪᠦᠷᠢᠯᠡᠬᠦ ᠶᠢ ᠬᠢᠨᠠᠨ ᠬᠠᠷᠭᠤᠭᠤᠯᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ ᠬᠥᠲᠥᠯᠥᠨ | ᠵᠢᠯᠤᠭᠤᠳᠴᠤ᠂ ᠠᠵᠤ ᠠᠬᠤᠶᠢᠯᠠᠯ ᠤᠨ ᠭᠠᠷ ᠤᠷᠠᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠴᠢᠩᠭᠠᠳᠬᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ | ᠬᠤᠣᠷ ᠦᠭᠡᠢ ᠪᠣᠯᠭᠠᠬᠤ ᠬᠢᠷᠢᠥᠩᠭᠡᠲᠦ ᠲᠡᠮᠦᠷᠯᠢᠭ ᠢ ᠡᠳ᠋ᠰᠢᠭᠦᠯᠦᠨ ᠪᠣᠯᠪᠠᠰᠤᠷᠠᠭᠤᠯᠬᠤ᠂ ᠴᠠᠬᠢᠯᠭᠠᠨ ᠵᠠᠳᠠᠯᠤᠯ ᠤᠨ | ᠬᠥᠩᠭᠡᠨ ᠴᠠᠭᠠᠨ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠳᠤ ᠪᠣᠬᠢᠷᠲᠤᠯ ᠦᠭᠡᠢ ᠦᠢᠯᠡᠳᠬᠦ ᠠᠵᠢᠯ | ᠥᠷᠨᠢᠭᠦᠯᠬᠦ ᠶᠢ ᠵᠣᠷᠢᠭᠵᠢᠭᠤᠯᠤᠨ᠎ᠠ᠃︵ᠲᠦᠷᠦᠭᠦᠯᠡᠬᠦ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠶᠢᠨ | ᠰᠢᠨᠵᠢᠯᠡᠬᠦ ᠤᠬᠠᠭᠠᠨ ᠤ ᠲᠣᠪᠴᠢᠶ᠎ᠠ᠂ ᠬᠠᠮᠵᠢᠯᠴᠠᠬᠤ ᠨᠢᠭᠡᠴᠡ᠄ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶᠃ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠤᠷᠴᠢᠯᠵᠢᠭᠤᠯᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠠᠵᠤ | ᠠᠬᠤᠶᠢᠯᠠᠯ᠂ ᠬᠦᠷᠢᠶᠡᠯᠡᠩ ᠲᠣᠭᠤᠷᠢᠭ ᠤᠨ ᠬᠤᠭᠤᠷᠣᠨᠳᠤ ᠴᠥᠷᠬᠡᠯᠡᠭᠡ ᠪᠠᠷ ᠬᠠᠮᠲᠤ ᠣᠷᠣᠰᠢᠬᠤ᠂ ᠲᠦᠭᠦᠬᠡᠢ | ᠮᠠᠲ᠋ᠧᠷᠢᠶᠠᠯ ᠢ ᠬᠠᠷᠢᠯᠴᠠᠨ ᠬᠠᠩᠭᠠᠬᠤ ᠪᠠ ᠡᠬᠢ ᠪᠠᠶᠠᠯᠢᠭ ᠢ ᠬᠠᠮᠲᠤᠪᠠᠷ ᠭᠥᠷᠳᠡᠬᠦ ᠪᠠᠷ ᠳᠠᠮᠵᠢᠭᠤᠯᠤᠨ᠂ ᠡᠬᠢ | ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃︵ᠲᠦᠷᠦᠭᠦᠯᠡᠬᠦ ᠨᠢᠭᠡᠴᠡ᠄ ᠬᠥᠩᠭᠡᠨ | ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠮᠵᠢᠯᠴᠠᠬᠤ ᠨᠢᠭᠡᠴᠡ᠄ | ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ︶ | 2. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠡᠪᠴᠢᠶᠡᠵᠢᠭᠦᠯᠦᠨ ᠠᠰᠢᠭᠯᠠᠬᠤ ᠶᠢ | ᠶᠡᠬᠡᠪᠡᠷ ᠲᠦᠯᠬᠢᠨ ᠠᠬᠢᠭᠤᠯᠤᠨ᠎ᠠ᠃︽ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠠᠰᠢᠭᠯᠠᠵᠤ ᠰᠢᠢᠳᠪᠦᠷᠢᠯᠡᠬᠦ ᠬᠥᠭᠵᠢᠯᠲᠡ ᠶᠢᠨ ᠲᠥᠯᠦᠪᠵᠢᠭᠦᠯᠭᠡ ︵2020 ︱ 2025 | ᠣᠨ︶︾ ᠪᠠᠷ ᠵᠢᠯᠣᠭᠤᠳᠤᠯᠭ᠎ᠠ ᠪᠣᠯᠭᠠᠵᠤ᠂ ᠠᠵᠤ ᠦᠢᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠬᠡᠪᠴᠢᠶᠡᠵᠢᠭᠦᠯᠦᠨ ᠠᠰᠢᠭᠯᠠᠬᠤ ᠶᠢ ᠶᠡᠬᠡᠪᠡᠷ ᠠᠬᠢᠭᠤᠯᠤᠨ᠎ᠠ᠃ᠶᠡᠷᠦᠩᠬᠡᠶᠢᠯᠡᠨ ᠠᠰᠢᠭᠯᠠᠬᠤ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠶᠡᠷᠦᠩᠬᠡᠶᠢᠯᠡᠨ ᠠᠰᠢᠭᠯᠠᠬᠤ ᠦᠢᠯᠡᠳᠬᠦᠨ ᠤ ᠭᠡᠷᠡᠴᠢᠯᠡᠭᠡ | ᠬᠢᠬᠦ ᠶᠢ ᠥᠷᠨᠢᠭᠦᠯᠵᠦ᠂ ᠵᠠᠰᠠᠭ ᠤᠨ ᠣᠷᠳᠣᠨ ᠤ ᠢᠨᠵᠧᠨᠧᠷᠢᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠦᠢᠯᠡᠳᠬᠦᠨ ᠢ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ | ᠂ ᠵᠠᠰᠠᠭ ᠤᠨ ᠣᠷᠳᠣᠨ ᠤ ᠪᠤᠰᠤ ᠢᠨᠵᠧᠨᠧᠷᠢᠩ ᠢ ᠢᠳᠡᠪᠬᠢᠲᠡᠢ ᠪᠠᠷ ᠬᠤᠳᠠᠯᠳᠤᠨᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠬᠠᠮᠵᠢᠯᠴᠠᠨ ᠠᠰᠢᠭᠯᠠᠬᠤ ᠠᠷᠭ᠎ᠠ ᠵᠠᠮ ᠢ ᠭᠦᠨᠵᠡᠭᠡᠢ ᠥᠷᠭᠡᠳᠬᠡᠵᠦ᠂ ᠲᠡᠮᠦᠷᠯᠢᠭ | ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠰ ᠤᠨ ᠬᠠᠮᠵᠢᠯᠴᠠᠨ ᠡᠪᠴᠡᠯᠳᠦᠨ ᠬᠥᠭᠵᠢᠬᠦ ᠶᠢ | ᠠᠬᠢᠭᠤᠯᠤᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠤᠨ ︽ᠬᠠᠶᠠᠭᠳᠠᠮᠠᠯ ᠦᠭᠡᠢ | ᠬᠦᠷᠢᠶᠡᠯᠡᠩ ᠲᠣᠭᠤᠷᠢᠭ︾ ᠵᠢᠴᠢ ︽ᠬᠠᠶᠠᠭᠳᠠᠮᠠᠯ ᠦᠭᠡᠢ ᠠᠵᠤ ᠠᠬᠤᠶᠢᠯᠠᠯ︾ ᠢ ᠡᠭᠦᠳᠦᠨ ᠪᠠᠶᠢᠭᠤᠯᠬᠤ ᠶᠢ | ᠵᠣᠷᠢᠭᠵᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠵᠤ ᠠᠬᠤᠶᠢᠯᠠᠯ ᠤᠨ ᠳᠣᠲᠣᠷ᠎ᠠ᠂ ᠬᠦᠷᠢᠶᠡᠯᠡᠩ | ᠲᠣᠭᠤᠷᠢᠭ ᠤᠨ ᠳᠣᠲᠣᠷ᠎ᠠ᠂ ᠦᠢᠯᠡᠳᠪᠦᠷᠢ ᠶᠢᠨ ᠲᠣᠭᠤᠷᠢᠭ ᠤᠨ ᠳᠣᠲᠣᠷ᠎ᠠ ᠬᠠᠮᠵᠢᠯᠴᠠᠨ ᠡᠷᠭᠢᠯᠳᠦᠭᠦᠯᠦᠨ | ᠠᠰᠢᠭᠯᠠᠬᠤ ᠶᠢ ᠠᠬᠢᠭᠤᠯᠤᠨ᠎ᠠ᠃︵ᠲᠦᠷᠦᠭᠦᠯᠡᠬᠦ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ | ᠤᠬᠠᠭᠠᠨ ᠤ ᠲᠣᠪᠴᠢᠶ᠎ᠠ᠂ ᠬᠠᠮᠵᠢᠯᠴᠠᠬᠤ ᠨᠢᠭᠡᠴᠡ᠄ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ︶ | 3. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠤᠨ ᠣᠷᠴᠢᠨ ᠠᠬᠤᠢ ᠶᠢᠨ | ᠠᠶᠤᠯ ᠲᠦᠭᠰᠢᠭᠦᠷᠢ ᠶᠢᠨ ᠲᠠᠯᠳᠠ ᠭᠡᠮ ᠢ ᠳᠠᠷᠠᠭᠠᠯᠠᠨ ᠪᠠᠶᠢᠴᠠᠭᠠᠬᠤ ᠠᠵᠢᠯ ᠢ ᠦᠷᠭᠦᠯᠵᠢᠯᠡᠨᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠣᠶ ᠪᠣᠯᠭᠠᠭᠰᠠᠨ᠂ ᠰᠢᠯᠵᠢᠭᠦᠯᠦᠨ ᠲᠡᠭᠡᠭᠡᠪᠦᠷᠢᠯᠡᠭᠰᠡᠨ᠂ ᠬᠠᠳᠠᠭᠠᠯᠠᠭᠰᠠᠨ᠂ | ᠠᠰᠢᠭᠯᠠᠭᠰᠠᠨ᠂ ᠰᠢᠢᠳᠪᠦᠷᠢᠯᠡᠭᠰᠡᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠤᠣᠯᠳᠠᠯᠭ᠎ᠠ ᠲᠠᠢ | ᠠᠵᠤ ᠠᠬᠤᠶᠢᠯᠠᠯ ᠤᠨ ᠬᠠᠮᠢᠶᠠᠷᠤᠯᠲᠠ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ ᠭᠤᠣᠯᠳᠠᠯᠭ᠎ᠠ ᠲᠠᠢ ᠠᠵᠢᠯ | ᠲᠥᠷᠥᠯ ᠤᠨ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠢᠯᠭᠠᠯ ᠤᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠪᠣᠬᠢᠷᠲᠤᠯ ᠵᠢᠴᠢ ᠣᠷᠴᠢᠨ ᠲᠣᠭᠤᠷᠢᠨ ᠤ ᠲᠦᠭᠰᠢᠭᠦᠷᠢ ᠶᠢᠨ ᠣᠨᠴᠠᠯᠢᠭ ᠰᠢᠨᠵᠢ᠂ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠵᠢᠷᠤᠮᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠨ᠎ᠠ᠃ᠭᠤᠣᠯᠳᠠᠯᠭ᠎ᠠ ᠲᠠᠢ ᠠᠵᠢᠯ ᠲᠥᠷᠥᠯ ᠤᠨ | ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠪᠠ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠤᠷ᠎ᠠ ᠴᠢᠳᠠᠪᠤᠷᠢ ᠶᠢ | ᠳᠡᠭᠡᠭᠰᠢᠯᠡᠭᠦᠯᠬᠦᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠣᠷᠴᠢᠨ | ᠲᠣᠭᠤᠷᠢᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠳᠠᠰ ᠤᠨ ᠰᠦᠯᠵᠢᠶ᠎ᠡ ᠶᠢᠨ ᠬᠢᠨᠠᠨ ᠡᠵᠡᠮᠳᠡᠬᠦ ᠲᠠᠪᠴᠠᠩ ᠢ ᠬᠠᠮᠵᠢᠯᠴᠠᠨ | ᠲᠡᠭᠦᠯᠳᠡᠷᠵᠢᠭᠦᠯᠵᠦ᠂ ᠡᠯᠧᠺᠲᠷᠣᠨ ᠡᠬᠡ ᠲᠠᠩᠰᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠲᠠᠪᠴᠠᠩ ᠤᠨ ᠠᠵᠢᠯᠯᠠᠭᠠᠨ ᠤ ᠲᠣᠭᠲᠠᠴᠠ ᠶᠢ ᠰᠢᠯᠤᠭᠤᠳᠬᠠᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠪᠥᠬᠦ ᠶᠠᠪᠤᠴᠠ᠂ ᠪᠢᠲᠡᠭᠦᠦ ᠴᠠᠭᠠᠷᠢᠭ ᠮᠠᠶ᠋ᠢᠭ ᠤᠨ᠂ ᠣᠶᠤᠨᠴᠢᠯᠠᠭᠰᠠᠨ ᠬᠢᠨᠠᠯᠲᠠ | ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠡᠬᠡ ᠲᠠᠩᠰᠠ ᠶᠢᠨ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢᠠᠵᠤ | ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠵᠥᠪᠰᠢᠶᠡᠷᠡᠯ ᠤᠨ ᠵᠦᠢᠯᠡᠰ ᠪᠠ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠰᠢᠪᠠᠳᠠᠨ ᠵᠢᠯᠣᠭᠤᠳᠤᠨ᠎ᠠ᠃︵ | ᠲᠦᠷᠦᠭᠦᠯᠡᠬᠦ ᠨᠢᠭᠡᠴᠡ᠄ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ | ᠬᠠᠮᠵᠢᠯᠴᠠᠬᠤ ᠨᠢᠭᠡᠴᠡ᠄ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠾᠧ ᠳ᠋ᠦᠩ ᠪᠠᠯᠭᠠᠰᠤ᠂ | ᠰᠢᠷᠴᠢᠨ ᠪᠠᠯᠭᠠᠰᠤ︶ | 4. ᠲᠡᠦᠬᠡᠨ ᠠᠴᠠ ᠦᠯᠡᠳᠡᠭᠳᠡᠵᠦ ᠬᠠᠶᠠᠭᠳᠠᠭᠰᠠᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠡᠷᠴᠢᠮ ᠢ | ᠴᠢᠩᠭᠠᠷᠠᠭᠤᠯᠤᠨ᠎ᠠ | ᠨᠢᠭᠡᠨᠲᠡ ᠨᠡᠶᠢᠲᠡᠯᠡᠭᠰᠡᠨ 99 ᠠᠭᠤᠷᠬᠠᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ | ᠨᠦᠬᠡ ᠶᠢ ᠵᠠᠰᠠᠨ ᠰᠡᠷᠭᠦᠭᠡᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠪᠠ᠃︽ᠪᠤᠭᠤᠲᠤ ᠬᠤᠲᠠ ᠶᠢᠨ | ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ︵2023 ︱ 2025 ᠣᠨ︶︾ ᠶᠢᠨ ᠱᠠᠭᠠᠷᠳᠠᠯᠭ᠎ᠠ ᠶᠣᠰᠣᠭᠠᠷ᠂ 2025 ᠣᠨ | ᠪᠣᠯᠲᠠᠯ᠎ᠠ᠂ ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ | ᠪᠡᠶᠡᠯᠡᠭᠦᠯᠵᠦ᠂ ᠮᠠᠨ ᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠲᠡᠦᠬᠡ ᠠᠴᠠ ᠦᠯᠡᠳᠡᠭᠳᠡᠵᠦ ᠢᠷᠡᠭᠰᠡᠨ | ᠠᠭᠤᠷᠬᠠᠢ ᠶᠢᠨ ᠠᠮᠢ ᠠᠬᠤᠢ ᠶᠢ ᠡᠪᠳᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠷᠣᠨ ᠪᠦᠰᠡ ᠶᠢᠨ ᠠᠮᠢ | ᠠᠬᠤᠢ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠨ᠎ᠡ᠃︵ᠲᠦᠷᠦᠭᠦᠯᠡᠬᠦ | ᠨᠢᠭᠡᠴᠡ᠄ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ | ᠣᠷᠣᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠣᠷᠣᠨ ᠤ ᠠᠵᠤ ᠦᠢᠯᠡᠳᠪᠦᠷᠢ ᠶᠢᠨ ᠰᠢᠨᠵᠢᠯᠡᠬᠦ | ᠤᠬᠠᠭᠠᠨ ᠤ ᠲᠣᠪᠴᠢᠶ᠎ᠠ᠂ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠾᠧ | ᠳ᠋ᠦᠩ ᠪᠠᠯᠭᠠᠰᠤ᠂ ᠰᠢᠷᠴᠢᠨ ᠪᠠᠯᠭᠠᠰᠤ︶ | ︵ᠬᠤᠶᠠᠷ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠬᠤ ᠲᠠᠯᠠᠪᠤᠷ ᠢ ᠴᠡᠭᠴᠡᠯᠡᠨ ᠵᠠᠰᠠᠬᠤ ᠶᠢ | ᠲᠦᠯᠬᠢᠨ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠨ᠎ᠡ | 5. ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠲᠤᠰᠬᠠᠢ ᠠᠵᠢᠯᠯᠠᠭ᠎ᠠ | ᠥᠷᠨᠢᠭᠦᠯᠦᠨ᠎ᠡ | ᠪᠥᠬᠦ ᠬᠤᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠣᠪᠣᠭᠠᠯᠠᠬᠤ ᠲᠠᠯᠠᠪᠠᠶ ᠶᠢ ᠲᠥᠷᠥᠯ ᠬᠤᠪᠢᠶᠠᠬᠤ᠂ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢᠨ | ᠶᠣᠰᠣᠭᠠᠷ᠂ ᠴᠡᠭᠴᠡᠯᠡᠨ ᠵᠠᠰᠠᠬᠤ ᠪᠠ ᠬᠠᠮᠢᠶᠠᠷᠤᠨ ᠡᠵᠡᠮᠳᠡᠬᠦ ᠠᠵᠢᠯ ᠢ ᠡᠮᠬᠢ ᠵᠢᠷᠤᠮ ᠲᠠᠢ ᠥᠷᠨᠢᠭᠦᠯᠦᠨ᠎ᠡ᠃ᠠᠯᠤᠰ | ᠰᠡᠷᠡᠯ ᠤᠨ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠢᠶᠠᠷ ᠰᠠᠭᠤᠷᠢ ᠪᠣᠯᠭᠠᠵᠤ᠂ ᠬᠠᠷᠢᠭᠤᠴᠠᠯᠭ᠎ᠠ ᠶᠢᠨ ᠭᠤᠣᠯ | ᠴᠣᠭᠴᠠ ᠦᠭᠡᠢ᠂ ᠲᠥᠷᠥᠯ ᠢᠯᠭᠠᠯ ᠪᠠ ᠰᠢᠨᠵᠢ ᠴᠢᠨᠠᠷ ᠢ ᠨᠢ ᠲᠣᠳᠣᠷᠬᠠᠶᠢᠯᠠᠭᠰᠠᠨ ᠦᠭᠡᠢ ᠲᠡᠦᠬᠡᠨ ᠠᠴᠠ | ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ ᠥᠯᠢᠭᠡᠷ ᠠᠪᠴᠤ ᠪᠠᠶᠢᠴᠠᠭᠠᠬᠤ ᠪᠠ ᠰᠢᠨᠵᠢ | ᠴᠢᠨᠠᠷ ᠢ ᠢᠯᠭᠠᠨ ᠲᠣᠳᠣᠯᠠᠬᠤ ᠶᠢ ᠥᠷᠨᠢᠭᠦᠯᠬᠦ ᠶᠢᠨ ᠬᠠᠮᠲᠤ᠂ ᠡᠳ᠋ ᠤᠨ ᠵᠠᠰᠠᠭ ᠤᠨ ᠪᠡᠯᠡ ᠮᠥᠩᠭᠦ ᠪᠠᠷ ᠳᠠᠯᠳᠠ | ᠬᠤᠣᠷ ᠬᠥᠨᠥᠭᠡᠯ ᠢᠶᠠᠷ ᠥᠨᠳᠥᠷ᠂ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠪᠦᠰᠡ᠂ ᠣᠷᠴᠢᠨ | ᠲᠣᠭᠤᠷᠢᠨ ᠤ ᠰᠡᠷᠭᠡᠭ ᠣᠷᠣᠨ ᠤ ᠣᠶᠢᠷ᠎ᠠ ᠬᠠᠪᠢ ᠶᠢᠨ ᠣᠪᠣᠭᠠᠯᠠᠬᠤ ᠲᠠᠯᠠᠪᠠᠶ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠳᠡᠮᠵᠢᠬᠦ ᠶᠢ ᠤᠷᠢᠳᠠᠪᠠᠷ ᠭᠤᠶᠤᠴᠢᠯᠠᠨ᠎ᠠ᠃ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠮᠥᠩᠭᠦᠨ ᠭᠦᠢᠯᠭᠡᠭᠡᠨ ᠢᠶᠠᠷ ᠳᠡᠮᠵᠢᠬᠦ ᠲᠥᠷᠥᠯ ᠵᠦᠢᠯ ᠤᠨ ᠨᠥᠭᠡᠴᠡ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠪᠠᠷ ᠠᠬᠢᠭᠤᠯᠵᠤ᠂ ᠠᠮᠢ ᠠᠬᠤᠢ ᠶᠢᠨ ᠵᠠᠰᠠᠯᠲᠠ ᠶᠢᠨ ᠪᠡᠯᠡ ᠣᠷᠣᠭᠤᠯᠤᠯᠲᠠ ᠪᠡᠯᠡ︵ᠲᠦᠷᠦᠭᠦᠯᠡᠬᠦ | ᠨᠢᠭᠡᠴᠡ᠄ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ᠂ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ | ᠣᠷᠣᠨ ᠤ ᠡᠳ᠋ ᠤᠨ ᠵᠠᠰᠠᠭ ᠤᠨ ᠲᠣᠪᠴᠢᠶ᠎ᠠ᠂ ᠾᠧ ᠳ᠋ᠦᠩ ᠪᠠᠯᠭᠠᠰᠤ᠂ ᠰᠢᠷᠴᠢᠨ ᠪᠠᠯᠭᠠᠰᠤ︶ | ︵ᠭᠤᠷᠪᠠ︶ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠳᠤ ᠬᠦᠴᠦᠨ ᠨᠡᠮᠡᠷᠢᠯᠡᠵᠦ | ᠂ ᠲᠠᠷᠢᠶᠠᠯᠠᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ | 6. ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠪᠣᠬᠢᠷᠲᠤᠯ ᠦᠭᠡᠢ | ᠲᠠᠷᠢᠶᠠᠯᠠᠩ ᠤᠨ ᠬᠥᠭᠵᠢᠯᠲᠡ ᠶᠢᠨ ᠦᠵᠡᠯ ᠤᠬᠠᠮᠰᠠᠷ ᠢ ᠪᠣᠶ ᠪᠣᠯᠭᠠᠬᠤ ᠬᠡᠷᠡᠭᠲᠡᠢ | ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠦᠯᠢᠶᠥᠦ ᠪᠦᠷᠬᠦᠪᠴᠢ ᠶᠢᠨ ᠬᠡᠷᠡᠭᠯᠡᠯᠲᠡ ᠶᠢ | ᠵᠢᠷᠤᠮᠵᠢᠭᠤᠯᠵᠤ᠂ ᠡᠰᠢ ᠰᠦᠷᠡᠯ ᠢ ᠬᠤᠷᠢᠶᠠᠵᠤ ᠬᠠᠳᠠᠭᠠᠯᠠᠬᠤ ᠵᠥᠭᠡᠭᠡᠪᠦᠷᠢᠯᠡᠬᠦ ᠳᠤ ᠢᠳᠡᠪᠬᠢᠲᠡᠢ ᠣᠷᠣᠯᠴᠠᠭᠤᠯᠵᠤ᠂ | ᠰᠠᠶᠢᠨ ᠲᠤᠷᠰᠢᠯᠭ᠎ᠠ ᠪᠠ ᠰᠠᠶᠢᠨ ᠠᠷᠭ᠎ᠠ ᠶᠢ ᠳ᠋ᠦᠩᠨᠡᠨ ᠳᠡᠯᠭᠡᠷᠡᠭᠦᠯᠦᠨ᠎ᠡ᠃ᠲᠠᠷᠢᠶᠠᠯᠠᠩ ᠮᠠᠯ ᠠᠵᠤ ᠠᠬᠤᠢ ᠶᠢᠨ | ᠲᠤᠰᠬᠠᠢ ᠮᠡᠷᠭᠡᠵᠢᠯᠲᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ | ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠣᠬᠢᠷᠲᠤᠯ ᠦᠭᠡᠢ ᠳᠠᠷᠢᠵᠤ ᠲᠡᠵᠢᠭᠡᠨ ᠦᠷᠡᠵᠢᠭᠦᠯᠬᠦ | ᠮᠡᠷᠭᠡᠵᠢᠯ ᠵᠬᠦᠲᠥᠴᠢ ᠠᠵᠤ ᠠᠬᠤᠶᠢᠯᠠᠯ ᠢ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠬᠤ ᠪᠠ | ᠲᠡᠳᠡᠨ ᠠᠪᠴᠢᠷᠠᠵᠤ᠂ ᠪᠣᠶᠢᠵᠢᠭᠤᠯᠤᠨ᠂ ᠡᠯ᠎ᠡ ᠲᠥᠷᠥᠯ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ᠂ | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠳᠤ ᠬᠦᠴᠦᠨ ᠨᠡᠮᠡᠷᠢᠯᠡᠨ᠎ᠡ᠃︵ᠲᠦᠷᠦᠭᠦᠯᠡᠬᠦ ᠨᠢᠭᠡᠴᠡ᠄ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠾᠧ ᠳ᠋ᠦᠩ ᠪᠠᠯᠭᠠᠰᠤ᠂ | ᠰᠢᠷᠴᠢᠨ ᠪᠠᠯᠭᠠᠰᠤ︶ | 7. ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ | ᠠᠵᠢᠯᠯᠠᠭ᠎ᠠ ᠶᠢ ᠦᠷᠭᠦᠯᠵᠢᠯᠡᠨ | ᠡᠰᠢ ᠰᠦᠷᠡᠯ ᠢ ᠲᠠᠷᠢᠶᠠᠨ ᠳᠤ ᠣᠷᠣᠭᠤᠯᠬᠤ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠳᠡᠯᠭᠡᠷᠡᠭᠦᠯᠵᠦ᠂ ᠣᠷᠭᠠᠨᠢᠭ ᠪᠣᠷᠳᠣᠭᠤᠷ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠬᠥᠷᠥᠰᠥ | ᠰᠢᠷᠣᠢ ᠶᠢ ᠬᠡᠮᠵᠢᠵᠦ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠮᠡᠷᠭᠡᠵᠢᠯ ᠢ ᠨᠡᠮᠡᠨ ᠣᠷᠣᠭᠤᠯᠵᠤ᠂ ᠲᠠᠷᠢᠮᠠᠯ ᠤᠨ | ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠵᠦᠢ | ᠵᠣᠬᠢᠰᠲᠠᠢ ᠪᠠᠷ ᠡᠭᠡᠯᠵᠢᠯᠡᠨ ᠲᠠᠷᠢᠬᠤ᠂ ᠲᠤᠬᠤᠵᠤ ᠲᠠᠷᠢᠬᠤ ᠵᠠᠭᠪᠤᠷ ᠢ ᠬᠡᠷᠡᠭᠵᠢᠭᠦᠯᠵᠦ᠂ ᠨᠠᠷᠢᠯᠢᠭ ᠣᠨᠣᠴᠠᠲᠠᠢ ᠪᠠᠷ ᠡᠮ | ᠣᠷᠣᠭᠤᠯᠬᠤ ᠮᠡᠷᠭᠡᠵᠢᠯ ᠢ ᠳᠡᠯᠭᠡᠷᠡᠭᠦᠯᠵᠦ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃︵ᠲᠦᠷᠦᠭᠦᠯᠡᠬᠦ | ᠨᠢᠭᠡᠴᠡ᠄ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠾᠧ ᠳ᠋ᠦᠩ | ᠪᠠᠯᠭᠠᠰᠤ᠂ ᠰᠢᠷᠴᠢᠨ ᠪᠠᠯᠭᠠᠰᠤ︶ | 8. ᠡᠰᠢ ᠰᠦᠷᠡᠯ ᠢ ᠬᠤᠷᠢᠶᠠᠬᠤ ᠬᠠᠳᠠᠭᠠᠯᠠᠬᠤ ᠵᠥᠭᠡᠭᠡᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠨ᠎ᠠ | ᠬᠠᠷᠢᠶᠠᠲᠤ ᠣᠷᠣᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠬᠦ ᠶᠢ | ᠢᠳᠡᠪᠬᠢᠲᠡᠢ ᠠᠬᠢᠭᠤᠯᠤᠨ᠎ᠠ᠃ᠨᠢᠭᠡᠨᠲᠡ ᠪᠠᠶᠢᠭᠤᠯᠤᠭᠰᠠᠨ ᠡᠰᠢ ᠰᠦᠷᠡᠯ ᠢ ᠬᠠᠳᠠᠭᠠᠯᠠᠵᠤ ᠲᠡᠭᠡᠭᠡᠪᠦᠷᠢᠯᠡᠬᠦ ᠥᠷᠲᠡᠭᠡ ᠶᠢ | ᠠᠰᠢᠭᠯᠠᠨ᠂ ᠡᠰᠢ ᠰᠦᠷᠡᠯ ᠢ ᠬᠤᠷᠢᠶᠠᠨ ᠬᠠᠳᠠᠭᠠᠯᠠᠵᠤ ᠲᠡᠭᠡᠭᠡᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠯᠬᠤᠮ | ᠠᠯᠬᠤᠮ ᠢᠶᠠᠷ ᠠᠬᠢᠭᠤᠯᠵᠤ᠂ ᠭᠠᠵᠠᠷ ᠣᠷᠣᠨ ᠤ ᠬᠠᠷᠢᠶ᠎ᠠ ᠣᠷᠣᠨ ᠳᠤ ᠬᠥᠲᠥᠴᠢ ᠠᠵᠤ ᠠᠬᠤᠶᠢᠯᠠᠯ ᠲᠠᠢ᠂ ᠰᠢᠶᠠᠩ | ᠪᠠᠯᠭᠠᠰᠤ ᠳᠤ ᠪᠠᠷᠢᠮᠵᠢᠶᠠᠵᠢᠭᠤᠯᠤᠭᠰᠠᠨ ᠬᠤᠷᠢᠶᠠᠨ ᠬᠠᠳᠠᠭᠠᠯᠠᠵᠤ ᠬᠠᠳᠠᠭᠠᠯᠠᠬᠤ ᠲᠥᠪ ᠲᠠᠢ᠂ ᠲᠣᠰᠬᠤᠨ ᠳᠤ | ᠲᠣᠭᠲᠠᠮᠠᠯ ᠡᠰᠢ ᠰᠦᠷᠡᠯ ᠢ ᠬᠤᠷᠢᠶᠠᠨ ᠬᠠᠳᠠᠭᠠᠯᠠᠵᠤ ᠬᠠᠳᠠᠭᠠᠯᠠᠬᠤ ᠴᠢᠭ᠋ ᠲᠠᠢ ᠬᠤᠷᠢᠶᠠᠨ ᠬᠠᠳᠠᠭᠠᠯᠠᠵᠤ | ᠲᠡᠭᠡᠭᠡᠪᠦᠷᠢᠯᠡᠬᠦ ᠰᠢᠰᠲ᠋ᠧᠮᠵᠢ ᠶᠢ ᠦᠨᠳᠦᠰᠦᠨ ᠳᠡᠭᠡᠨ ᠪᠣᠶ ᠪᠣᠯᠭᠠᠨ᠎ᠠ᠃ᠲᠠᠷᠢᠶᠠᠯᠠᠬᠤ ᠣᠷᠣᠨ ᠤ ᠲᠡᠵᠢᠭᠡᠨ | ᠦᠷᠡᠵᠢᠭᠦᠯᠬᠦ ᠲᠥᠪᠯᠡᠷᠡᠭᠰᠡᠨ ᠣᠷᠣᠨ ᠳᠤ ᠡᠰᠢ ᠰᠦᠷᠡᠯ ᠢᠶᠠᠷ ᠳᠠᠷᠤᠰᠢᠭᠤᠯᠬᠤ᠂ ᠪᠢᠴᠢᠯ ᠳᠠᠷᠤᠰᠢᠭᠤᠯᠬᠤ᠂ ᠰᠢᠷ᠎ᠠ | ᠳᠠᠷᠤᠰᠢᠭᠤᠯᠬᠤ᠂ ᠮᠢᠺᠷᠣᠪ ᠢᠶᠠᠷ ᠢᠰᠬᠡᠬᠦ ᠵᠢᠴᠢ ᠰᠢᠷᠬᠡᠭ ᠨᠤᠬᠤᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ᠃ | ᠪᠠᠯᠭᠠᠰᠤ᠂ ᠲᠣᠰᠬᠤᠨ᠂ ᠳᠤᠭᠤᠶᠢᠯᠠᠩ ᠤᠨ ᠲᠤᠬᠠᠢ ᠶᠢᠨ ᠭᠠᠵᠠᠷ᠂ ᠣᠶᠢᠷ᠎ᠠ ᠬᠠᠪᠢ ᠳᠠᠭᠠᠨ ᠡᠰᠢ ᠰᠦᠷᠡᠯ ᠢ | ᠬᠠᠲᠠᠭᠤᠷᠠᠭᠤᠯᠤᠨ ᠬᠡᠯᠪᠡᠷᠢᠵᠢᠭᠦᠯᠦᠭᠰᠡᠨ ᠰᠢᠲᠠᠭᠠᠯᠭ᠎ᠠ ᠶᠢᠨ ᠦᠢᠯᠡᠳᠪᠦᠷᠢᠯᠡᠯ ᠤᠨ ᠴᠢᠭ᠋ ᠪᠠᠶᠢᠭᠤᠯᠬᠤ ᠶᠢ | ᠵᠣᠷᠢᠭᠵᠢᠭᠤᠯᠵᠤ᠂ ᠬᠥᠳᠡᠭᠡ ᠲᠣᠰᠬᠤᠨ ᠤ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠦᠨ᠎ᠡ᠃ᠡᠰᠢ | ᠰᠦᠷᠡᠯ ᠤᠨ ᠡᠬᠢ ᠪᠠᠶᠠᠯᠢᠭ ᠤᠨ ᠡᠬᠡ ᠲᠠᠩᠰᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠡᠰᠢ | ᠰᠦᠷᠡᠯ ᠤᠨ ᠡᠬᠢ ᠪᠠᠶᠠᠯᠢᠭ ᠤᠨ ᠲᠤᠭ᠎ᠠ ᠪᠠᠷᠢᠮᠲᠠ ᠶᠢᠨ ᠲᠠᠪᠴᠠᠩ ᠢ ᠲᠡᠭᠦᠯᠳᠡᠷᠵᠢᠭᠦᠯᠦᠨ᠎ᠡ᠃︵ᠲᠦᠷᠦᠭᠦᠯᠡᠬᠦ | ᠨᠢᠭᠡᠴᠡ᠄ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠾᠧ ᠳ᠋ᠦᠩ | ᠪᠠᠯᠭᠠᠰᠤ᠂ ᠰᠢᠷᠴᠢᠨ ᠪᠠᠯᠭᠠᠰᠤ︶ | 9. ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ | ᠠᠬᠢᠭᠤᠯᠤᠨ᠎ᠠ | ᠮᠠᠯ ᠵᠢᠭᠦᠷᠲᠡᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠭᠠᠰᠤᠨ ᠪᠣᠬᠢᠷᠲᠤᠯ ᠢ | ᠰᠢᠢᠳᠪᠦᠷᠢᠯᠡᠬᠦ ᠪᠡᠯᠡᠳᠬᠡᠮᠵᠢ ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ | ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ ᠲᠣᠨᠤᠭ | ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠵᠢᠷᠤᠮᠵᠢᠭᠤᠯᠤᠨ᠂ ᠪᠡᠯᠡᠳᠬᠡᠮᠵᠢ ᠲᠣᠨᠤᠭ ᠲᠥᠬᠦᠭᠡᠷᠦᠮᠵᠢ ᠶᠢ ᠢᠵᠢ | ᠪᠦᠷᠢᠳᠦᠭᠦᠯᠦᠭᠰᠡᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ᠲᠡᠵᠢᠭᠡᠨ ᠦᠷᠡᠵᠢᠭᠦᠯᠬᠦ | ᠦᠢᠯᠡᠰ ᠤᠨ ᠣᠨᠴᠠᠯᠢᠭ ᠲᠠᠢ ᠤᠶᠠᠯᠳᠤᠭᠤᠯᠤᠨ᠂ ᠠᠵᠤ ᠠᠬᠤᠢ ᠶᠢᠨ ᠥᠨᠳᠥᠷ ᠦᠷ᠎ᠡ ᠪᠦᠲᠦᠮᠵᠢᠲᠡᠶ᠂ | ᠦᠷᠭᠦᠯᠵᠢᠯᠡᠨ ᠠᠵᠢᠯᠯᠠᠬᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠠᠭᠠᠰᠤᠨ ᠪᠣᠬᠢᠷᠲᠤᠯ ᠢ ᠶᠡᠷᠦᠩᠬᠡᠶᠢᠯᠡᠨ | ᠠᠰᠢᠭᠯᠠᠬᠤ ᠵᠠᠭᠪᠤᠷ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠡᠯᠭᠡᠷᠡᠭᠦᠯᠵᠦ᠂ | ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠶᠢ ᠰᠠᠶᠢᠲᠤᠷ ᠬᠢᠵᠦ᠂ ᠪᠠᠭᠠᠰᠤᠨ ᠪᠣᠷᠳᠣᠭᠤᠷ ᠢ ᠰᠢᠨᠵᠢᠯᠡᠬᠦ | ᠤᠬᠠᠭᠠᠨᠴᠢ ᠪᠠᠷ ᠲᠠᠷᠢᠶᠠᠨ ᠭᠠᠵᠠᠷ ᠲᠤ ᠪᠤᠴᠠᠭᠠᠬᠤ ᠶᠢ ᠠᠬᠢᠭᠤᠯᠤᠨ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ᠂ | ᠲᠠᠷᠢᠶᠠᠯᠠᠩ ᠮᠠᠯ ᠠᠵᠤ ᠠᠬᠤᠢ ᠶᠢ ᠡᠷᠭᠢᠯᠳᠦᠭᠦᠯᠦᠨ ᠬᠥᠭᠵᠢᠭᠦᠯᠬᠦ ᠲᠣᠭᠲᠠᠴᠠ ᠶᠢ ᠪᠠᠶᠢᠭᠤᠯᠤᠨ᠎ᠠ᠃ᠮᠠᠯ ᠵᠢᠭᠦᠷᠲᠡᠨ ᠢ | ᠲᠡᠵᠢᠭᠡᠨ ᠦᠷᠡᠵᠢᠭᠦᠯᠬᠦ ᠳᠤ ᠪᠠᠭᠠᠰᠤᠨ ᠪᠣᠬᠢᠷᠲᠤᠯ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠪᠦᠬᠦ | ᠣᠷᠣᠨ ᠢᠶᠠᠷ ᠨᠢ ᠲᠦᠯᠬᠢᠨ ᠠᠬᠢᠭᠤᠯᠤᠨ᠎ᠠ᠃2025 ᠣᠨ ᠤ ᠵᠢᠯ ᠤᠨ ᠡᠴᠦᠰ ᠪᠣᠯᠬᠤ ᠳᠤ᠂ ᠬᠡᠪᠴᠢᠶᠡᠵᠢᠭᠦᠯᠦᠭᠰᠡᠨ | ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢᠨ | ᠢᠵᠢ ᠪᠦᠷᠢᠳᠦᠭᠦᠯᠬᠦ ᠨᠣᠷᠮ᠎ᠠ ᠶᠢ 100% ᠳᠤ ᠬᠦᠷᠦᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃︵ᠲᠦᠷᠦᠭᠦᠯᠡᠬᠦ ᠨᠢᠭᠡᠴᠡ᠄ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠾᠧ ᠳ᠋ᠦᠩ ᠪᠠᠯᠭᠠᠰᠤ᠂ | ᠰᠢᠷᠴᠢᠨ ᠪᠠᠯᠭᠠᠰᠤ︶ | 10.ᠲᠠᠷᠢᠶᠠᠯᠠᠩ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠠᠰᠢᠭᠯᠠᠬᠤ ᠰᠢᠰᠲ᠋ᠧᠮ ᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠎ᠡ | ᠲᠠᠷᠢᠶᠠᠯᠠᠩ ᠤᠨ ᠵᠤᠯᠤᠮ᠎ᠠ ᠪᠦᠷᠬᠦᠪᠴᠢ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ᠂ ᠳᠤᠰᠤᠯᠭᠠᠨ | ᠤᠰᠤᠯᠠᠬᠤ ᠪᠢᠴᠢᠯ ᠰᠦᠷᠴᠢᠭᠦᠷ ᠬᠤᠭᠤᠯᠠᠢ ᠵᠡᠷᠭᠡ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠣᠷᠣᠭᠤᠯᠤᠯᠲᠠ ᠶᠢᠨ | ᠡᠳ᠋ ᠢ ᠪᠦᠷᠢᠳᠬᠡᠬᠦ ᠳᠦᠷᠢᠮ ᠢ ᠪᠠᠶᠢᠭᠤᠯᠵᠤ᠂ ᠪᠤᠢ ᠪᠣᠯᠤᠭᠰᠠᠨ ᠬᠡᠮᠵᠢᠶ᠎ᠡ᠂ ᠬᠤᠷᠢᠶᠠᠨ ᠠᠪᠴᠤ ᠰᠢᠢᠳᠪᠦᠷᠢᠯᠡᠭᠰᠡᠨ | ᠬᠡᠮᠵᠢᠶ᠎ᠡ ᠵᠡᠷᠭᠡ ᠪᠠᠶᠢᠳᠠᠯ ᠢ ᠪᠠᠶᠢᠳᠠᠯ ᠢ ᠣᠶᠢᠯᠠᠭᠠᠬᠤ ᠬᠡᠷᠡᠭᠲᠡᠢ᠃ᠵᠠᠳᠠᠷᠠᠵᠤ ᠪᠣᠯᠬᠤ ᠰᠦᠯᠢᠶᠥᠦ ᠪᠦᠷᠬᠦᠪᠴᠢ ᠵᠢᠴᠢ | ᠵᠤᠵᠠᠭᠠᠨ ᠰᠦᠯᠢᠶᠥᠦ ᠪᠦᠷᠬᠦᠪᠴᠢ ᠶᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠣᠷᠣᠭᠤᠯᠤᠯᠲᠠ ᠶᠢᠨ | ᠡᠳ᠋ ᠢ ᠬᠠᠮᠲᠤᠷᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠦᠨ᠂ ᠬᠡᠲᠦ ᠨᠢᠮᠭᠡᠨ ᠰᠦᠯᠢᠶᠥᠦ ᠪᠦᠷᠬᠦᠪᠴᠢ ᠵᠡᠷᠭᠡ ᠬᠢᠷᠢ | ᠲᠡᠩᠴᠡᠬᠦ ᠦᠭᠡᠢ ᠪᠦᠲᠦᠭᠡᠭᠳᠡᠬᠦᠨ ᠤ ᠦᠢᠯᠡᠳᠪᠦᠷᠢᠯᠡᠯ ᠭᠦᠢᠯᠭᠡᠭᠡᠨ ᠢ ᠲᠠᠰᠤ ᠵᠣᠭᠰᠤᠭᠠᠬᠤ ᠬᠡᠷᠡᠭᠲᠡᠢ᠃ | ᠡᠵᠡᠩᠨᠡᠯᠲᠡ ᠶᠢᠨ ᠭᠤᠣᠯ ᠴᠣᠭᠴᠠ ᠨᠢ ᠤᠯᠤᠰ ᠤᠨ ᠨᠥᠬᠦᠪᠦᠷᠢ ᠶᠢᠨ ᠭᠠᠷᠴᠠᠭ ᠲᠤ ᠣᠷᠣᠭᠤᠯᠤᠭᠰᠠᠨ ᠰᠦᠯᠢᠶᠥᠦ | ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠴᠦ ᠲᠠᠷᠢᠶᠠᠨ ᠡᠮ ᠤᠨ | ᠦᠢᠯᠡᠳᠪᠦᠷᠢᠯᠡᠭᠴᠢ ᠶᠢ ᠲᠦᠯᠬᠢᠨ ᠠᠬᠢᠭᠤᠯᠵᠤ᠂ ᠡᠵᠡᠩᠨᠡᠭᠴᠢ ᠨᠢ ︽ᠬᠡᠨ ᠦᠢᠯᠡᠳᠪᠦᠷᠢᠯᠡᠬᠦ᠂ ᠡᠵᠡᠩᠨᠡᠪᠡᠯ ᠬᠡᠨ | ᠡᠭᠡᠭᠦᠯᠦᠨ ᠬᠤᠷᠢᠶᠠᠬᠤ︾ ᠵᠠᠷᠴᠢᠮ ᠶᠣᠰᠣᠭᠠᠷ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ | ᠡᠭᠡᠭᠦᠯᠦᠨ ᠬᠤᠷᠢᠶᠠᠬᠤ ᠡᠭᠦᠷᠭᠡ ᠶᠢ ᠭᠦᠢᠴᠡᠳᠬᠡᠵᠦ᠂ ᠡᠭᠡᠭᠦᠯᠦᠨ ᠬᠤᠷᠢᠶᠠᠬᠤ ᠰᠢᠰᠲ᠋ᠧᠮᠵᠢ ᠶᠢ ᠪᠠᠶᠢᠭᠤᠯᠤᠨ᠂ | ᠰᠢᠶᠠᠩ ᠪᠠᠯᠭᠠᠰᠤ᠂ ᠲᠣᠰᠬᠤᠨ ᠤ ᠡᠭᠡᠭᠦᠯᠦᠨ ᠬᠤᠷᠢᠶᠠᠬᠤ ᠥᠷᠲᠡᠭᠡ ︵ᠴᠢᠭ᠋︶ ᠶᠢ ᠵᠦᠢ ᠵᠣᠬᠢᠰᠲᠠᠢ | ᠪᠠᠶᠢᠷᠢᠯᠠᠭᠤᠯᠤᠨ᠎ᠠ᠃︵ᠲᠦᠷᠦᠭᠦᠯᠡᠬᠦ ᠨᠢᠭᠡᠴᠡ᠄ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠬᠠᠮᠵᠢᠯᠴᠠᠬᠤ ᠨᠢᠭᠡᠴᠡ᠄ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠤ | ᠡᠳ᠋ ᠤᠨ ᠵᠠᠰᠠᠭ ᠤᠨ ᠲᠣᠪᠴᠢᠶ᠎ᠠ᠂ ᠾᠧ ᠳ᠋ᠦᠩ ᠪᠠᠯᠭᠠᠰᠤ᠂ ᠰᠢᠷᠴᠢᠨ ᠪᠠᠯᠭᠠᠰᠤ︶ | ︵ᠳᠥᠷᠪᠡ︶ ᠳᠤᠲᠠᠭᠤᠳᠠᠯ ᠢ ᠨᠥᠬᠦᠪᠦᠷᠢᠯᠡᠨ᠂ ᠴᠢᠩᠭ᠎ᠠ ᠪᠠᠭᠤᠷᠠᠢ ᠵᠦᠢᠯ ᠢ ᠨᠥᠬᠦᠪᠦᠷᠢᠯᠡᠵᠦ᠂ ᠬᠤᠳᠠ ᠶᠢᠨ | ᠬᠠᠲᠠᠭᠤ ᠪᠡᠶᠡᠲᠦ ᠬᠠᠶᠠᠭᠳᠠᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠢ ᠳᠡᠭᠡᠭᠰᠢᠯᠡᠭᠦᠯᠬᠦ | ᠬᠡᠷᠡᠭᠲᠡᠢ | 11. ᠭᠤᠣᠯ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ | ᠵᠢᠴᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ | ᠭᠤᠣᠯ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠪᠥᠬᠦ︽ᠰᠠᠭᠤᠯᠠᠭ᠎ᠠ ᠶᠢ ᠬᠠᠰᠤᠵᠤ ᠴᠢᠭ᠋ ᠢ ᠨᠡᠶᠢᠯᠡᠭᠦᠯᠬᠦ︾ ᠵᠠᠭᠪᠤᠷ ᠢ ᠲᠦᠷᠭᠡᠳᠬᠡᠨ | ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢᠨ ᠳᠠᠮᠵᠢᠭᠤᠯᠬᠤ ᠥᠷᠲᠡᠭᠡ ᠵᠢᠴᠢ ᠢᠯᠭᠠᠬᠤ ᠲᠥᠪ ᠢ | ᠪᠠᠶᠢᠭᠤᠯᠵᠤ᠂ ᠲᠣᠭᠲᠠᠭᠰᠠᠨ ᠴᠠᠭ ᠲᠣᠭᠲᠠᠭᠰᠠᠨ ᠴᠡᠭ ᠲᠤ ᠲᠥᠷᠥᠯ ᠬᠤᠪᠢᠶᠠᠨ ᠲᠥᠪᠯᠡᠷᠡᠭᠦᠯᠦᠨ ᠲᠠᠯᠪᠢᠬᠤ ᠶᠢ | ᠠᠯᠬᠤᠮ ᠠᠯᠬᠤᠮ ᠢᠶᠠᠷ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠦᠬᠦᠨ ᠢ | ᠬᠠᠮᠤᠷᠬᠤ ᠶᠢ ᠪᠡᠶᠡᠯᠡᠭᠦᠯᠦᠨ᠎ᠡ᠃ᠠᠮᠢᠳᠤᠷᠠᠯ ᠤᠨ ᠬᠤᠭ ᠨᠣᠪᠰᠢ ᠶᠢᠨ ︽ᠲᠡᠷᠭᠡᠨ ᠳᠤ ᠰᠠᠭᠤᠯᠠᠭ᠎ᠠ ᠰᠠᠪᠠᠯᠠᠬᠤ᠂ | ᠰᠠᠭᠤᠯᠠᠭ᠎ᠠ ᠰᠣᠯᠢᠵᠤ ᠰᠢᠭᠤᠳ ᠲᠡᠭᠡᠭᠡᠪᠦᠷᠢᠯᠡᠬᠦ︾ ᠵᠡᠷᠭᠡ ᠲᠡᠭᠡᠭᠡᠪᠦᠷᠢ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ︽ | ᠤᠷᠢᠳᠠᠪᠠᠷ ᠬᠤᠪᠢᠶᠠᠵᠤ ᠳᠠᠷᠠᠭ᠎ᠠ ᠨᠢ ᠬᠤᠯᠢᠯᠳᠤᠭᠤᠯᠬᠤ︾ ︽ᠬᠤᠯᠢᠯᠳᠤᠭᠤᠯᠤᠨ ᠰᠠᠪᠠᠯᠠᠵᠤ ᠬᠤᠯᠢᠯᠳᠤᠭᠤᠯᠤᠨ | ᠲᠡᠭᠡᠭᠡᠪᠦᠷᠢᠯᠡᠬᠦ︾ ᠦᠵᠡᠭᠳᠡᠯ ᠢ ᠲᠠᠰᠤ ᠵᠣᠭᠰᠤᠭᠠᠬᠤ ᠬᠡᠷᠡᠭᠲᠡᠢ᠃ᠰᠣᠳᠣᠨ ᠵᠢᠵᠢᠭ ᠲᠣᠭᠤᠷᠢᠭ ᠤᠨ ᠬᠤᠭ | ᠨᠣᠪᠰᠢ ᠶᠢ ᠲᠥᠷᠥᠯ ᠬᠤᠪᠢᠶᠠᠭᠰᠠᠨ ᠲᠤᠷᠰᠢᠯᠭ᠎ᠠ ᠶᠢᠨ ᠵᠠᠭᠪᠤᠷ ᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ | ᠣᠷᠣᠨ ᠪᠦᠰᠡ ᠲᠠᠰ ᠬᠤᠪᠢᠶᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠤᠨ᠎ᠠ᠃ᠬᠤᠭ | ᠨᠣᠪᠰᠢ ᠶᠢ ᠲᠥᠷᠥᠯ ᠬᠤᠪᠢᠶᠠᠨ ᠤᠬᠠᠭᠤᠯᠬᠤ ᠲᠥᠰᠥᠯ ᠢ ᠲᠣᠭᠲᠠᠭᠠᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ᠂ ᠰᠠᠭᠤᠭᠠᠯᠢ ︵ᠲᠣᠰᠬᠤᠨ︶ ᠶᠢᠨ ᠠᠷᠠᠳ ᠤᠨ ᠵᠥᠪᠯᠡᠯ᠂ ᠠᠳᠠᠯ ᠠᠬᠤᠢ᠂ ᠰᠤᠷᠭᠠᠭᠤᠯᠢ᠂ | ᠠᠵᠢᠯ ᠲᠥᠷᠥᠯ ᠤᠨ ᠨᠡᠶᠢᠭᠡᠮᠯᠢᠭ ᠵᠡᠷᠭᠡ ᠣᠯᠠᠨ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ᠂ ︽ᠵᠢᠵᠢᠭ | ᠭᠠᠷ ᠢᠶᠠᠷ ᠲᠣᠮᠣ ᠭᠠᠷ ᠢᠶᠠᠨ ᠬᠤᠯᠪᠣᠬᠤ︾᠂ ᠬᠤᠭ ᠨᠣᠪᠰᠢ ᠶᠢ ᠲᠥᠷᠥᠯ ᠬᠤᠪᠢᠶᠠᠨ ᠰᠤᠷᠭᠠᠭᠤᠯᠢ ᠶᠢᠨ ᠬᠦᠷᠢᠶ᠎ᠡ ︵ | ᠬᠢᠴᠢᠶᠡᠯ ᠤᠨ ᠲᠠᠩᠬᠢᠮ᠂ ᠭᠡᠷ ᠪᠦᠯᠢ︶ ᠳᠤ ᠣᠷᠣᠭᠤᠯᠬᠤ᠂ ᠲᠤᠰᠬᠠᠢ ᠵᠦᠢᠯ ᠤᠨ ᠪᠣᠯᠪᠠᠰᠤᠷᠠᠭᠤᠯᠤᠯ ᠵᠡᠷᠭᠡ | ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ᠰᠣᠳᠣᠨ ᠵᠢᠵᠢᠭ ᠲᠣᠭᠤᠷᠢᠭ ᠤᠨ ᠬᠤᠭ ᠨᠣᠪᠰᠢ ᠶᠢ ᠲᠥᠷᠥᠯ | ᠬᠤᠪᠢᠶᠠᠭᠰᠠᠨ ᠲᠤᠷᠰᠢᠯᠭ᠎ᠠ ᠶᠢᠨ ᠵᠠᠭᠪᠤᠷ ᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ ᠣᠷᠣᠨ ᠪᠦᠰᠡ ᠲᠠᠰ | ᠬᠤᠪᠢᠶᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠤᠨ᠎ᠠ᠃︵ᠲᠦᠷᠦᠭᠦᠯᠡᠬᠦ ᠨᠢᠭᠡᠴᠡ᠄ | ᠲᠣᠭᠤᠷᠢᠭ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠮᠵᠢᠯᠴᠠᠬᠤ ᠨᠢᠭᠡᠴᠡ᠄ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 12. ᠬᠤᠲᠠ ᠶᠢᠨ ᠭᠤᠣᠯᠳᠠᠯᠭ᠎ᠠ ᠲᠠᠢ ᠠᠮᠢᠳᠤᠷᠠᠯ ᠤᠨ ᠢᠷᠡᠯᠲᠡ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠵᠠᠰᠠᠵᠤ ᠪᠠᠲᠤᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ | ᠰᠦᠯᠢᠶᠥᠦ ᠶᠢᠨ ᠪᠣᠬᠢᠷᠲᠤᠯ ᠤᠨ ᠪᠦᠬᠦ ᠬᠡᠯᠬᠢᠶ᠎ᠡ ᠶᠢᠨ ᠵᠠᠰᠠᠯᠲᠠ ᠶᠢ ᠤᠯᠠᠮ ᠨᠢᠭᠡ ᠠᠯᠬᠤᠮᠵᠠᠬᠠ | ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠨᠢᠭᠡ ᠯᠡ ᠤᠳᠠᠭ᠎ᠠ ᠶᠢᠨ ᠴᠢᠨᠠᠷᠲᠠᠢ | ᠰᠦᠯᠢᠶᠥᠦ ᠪᠦᠲᠦᠭᠡᠭᠳᠡᠬᠦᠨ ᠢ ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠶᠢ ᠴᠠᠭᠠᠵᠠᠯᠠᠬᠤ ᠪᠤᠶᠤ ᠬᠢᠵᠠᠭᠠᠷᠯᠠᠨ᠎ᠠ᠃ | ᠨᠢᠭᠡ ᠯᠡ ᠤᠳᠠᠭ᠎ᠠ ᠶᠢᠨ ᠴᠢᠨᠠᠷᠲᠠᠢ ᠰᠦᠯᠢᠶᠥᠦ ᠪᠦᠲᠦᠭᠡᠭᠳᠡᠬᠦᠨ ᠢ ᠬᠡᠷᠡᠭᠯᠡᠭᠰᠡᠨ᠂ ᠡᠭᠡᠭᠦᠯᠦᠨ ᠬᠤᠷᠢᠶᠠᠭᠰᠠᠨ | ᠪᠠᠶᠢᠳᠠᠯ ᠢ ᠮᠡᠳᠡᠭᠦᠯᠬᠦ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠠᠤᠯᠢ ᠶᠢᠨ ᠬᠥᠮᠥᠨ ᠤ | ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ | ᠠᠰᠢᠭᠯᠠᠬᠤ ᠰᠢᠰᠲ᠋ᠧᠮᠵᠢ ᠶᠢ ᠪᠠᠶᠢᠭᠤᠯᠵᠤ᠂ ᠳᠠᠬᠢᠯᠲᠠ ᠡᠬᠢ ᠪᠠᠶᠠᠯᠢᠭ ᠢ ᠲᠥᠷᠥᠯ ᠬᠤᠪᠢᠶᠠᠨ ᠪᠦᠷᠢᠳᠬᠡᠬᠦ ᠳᠦᠷᠢᠮ ᠢ | ᠪᠠᠶᠢᠭᠤᠯᠤᠨ᠂ ᠪᠦᠷᠢᠳᠬᠡᠬᠦ ᠲᠠᠪᠴᠠᠩ ᠢ ᠪᠠᠶᠢᠭᠤᠯᠵᠤ᠂ ᠬᠤᠷᠢᠶᠠᠵᠤ ᠲᠡᠭᠡᠭᠡᠪᠦᠷᠢᠯᠡᠬᠦ ᠶᠢ ᠰᠢᠢᠳᠪᠦᠷᠢᠯᠡᠬᠦ | ᠪᠡᠯᠡᠳᠬᠡᠮᠵᠢ ᠶᠢᠨ ᠬᠡᠪᠴᠢᠶ᠎ᠡ᠂ ᠡᠭᠡᠭᠦᠯᠦᠨ ᠬᠤᠷᠢᠶᠠᠬᠤ ᠲᠥᠷᠥᠯ ᠵᠦᠢᠯ᠂ ᠲᠤᠭ᠎ᠠ ᠬᠡᠮᠵᠢᠶ᠎ᠡ᠂ ᠢᠷᠡᠯᠲᠡ ᠵᠢᠴᠢ | ᠬᠠᠮᠢᠭᠠᠰᠢ ᠴᠢᠭᠯᠡᠯ ᠢ ᠪᠥᠬᠦ ᠲᠠᠯ᠎ᠠ ᠪᠠᠷ ᠡᠵᠡᠮᠰᠢᠨ᠂ ᠳᠠᠬᠢᠯᠲᠠ ᠡᠬᠢ ᠪᠠᠶᠠᠯᠢᠭ ᠤᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢ ᠪᠡᠶᠡᠯᠡᠭᠦᠯᠦᠨ᠎ᠡ᠃ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠣᠣᠷ ᠴᠢᠭ᠋ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠣᠨ ᠢᠯᠭᠠᠨ | ᠰᠢᠢᠳᠪᠦᠷᠢᠯᠡᠬᠦ ᠲᠥᠪ ᠢ ᠨᠢᠭᠡᠳᠦᠯᠲᠡᠢ ᠲᠥᠯᠥᠪᠵᠢᠭᠦᠯᠦᠨ᠎ᠡ᠃ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ | ᠵᠠᠳᠠᠯᠬᠤ ᠪᠡᠯᠡᠳᠬᠡᠮᠵᠢ ᠪᠣᠯᠣᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠦᠢ ᠵᠣᠬᠢᠰᠲᠠᠢ | ᠪᠠᠶᠢᠷᠢᠰᠢᠭᠤᠯᠤᠨ᠎ᠠ᠃ᠰᠦᠯᠢᠶᠥᠦ ᠬᠤᠭ ᠨᠣᠪᠰᠢ ᠶᠢᠨ ᠪᠣᠬᠢᠷᠲᠤᠯ ᠢ ᠲᠤᠰᠬᠠᠶᠢᠯᠠᠨ ᠴᠡᠪᠡᠷᠯᠡᠬᠦ ᠶᠢ ᠥᠷᠨᠢᠭᠦᠯᠵᠦ᠂ | ᠭᠤᠣᠯ ᠤᠨ ᠳᠠᠷᠤᠭ᠎ᠠ ᠶᠢᠨ ᠳᠦᠷᠢᠮ ᠤᠨ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠪᠠᠶᠢᠩᠭᠤᠵᠢᠭᠤᠯᠤᠨ | ᠴᠡᠪᠡᠷᠯᠡᠬᠦ ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ ᠭᠤᠣᠯ ᠤᠨ ᠵᠠᠮ ᠤᠨ ᠲᠡᠦᠬᠡᠨ ᠠᠴᠠ ᠦᠯᠡᠳᠡᠭᠳᠡᠵᠦ | ᠢᠷᠡᠭᠰᠡᠨ ᠰᠦᠯᠢᠶᠥᠦ ᠬᠤᠭ ᠨᠣᠪᠰᠢ ᠶᠢ ᠴᠡᠪᠡᠷᠯᠡᠬᠦ ᠪᠠᠷ ᠴᠢᠷᠮᠠᠶᠢᠨ᠎ᠠ᠃︵ᠲᠦᠷᠦᠭᠦᠯᠡᠬᠦ ᠨᠢᠭᠡᠴᠡ᠄ ᠣᠷᠣᠨ ᠤ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠷᠣᠨ ᠤ ᠬᠠᠤᠯᠢ | ᠬᠡᠷᠡᠭᠵᠢᠭᠦᠯᠬᠦ ᠲᠣᠪᠴᠢᠶ᠎ᠠ᠂ ᠣᠷᠣᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ ︽ᠬᠠᠶᠠᠭᠳᠠᠮᠠᠯ ᠦᠭᠡᠢ ᠡᠰ︾ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃︽ᠬᠠᠶᠠᠭᠳᠠᠮᠠᠯ ᠦᠭᠡᠢ ᠪᠠᠶᠢᠭᠤᠯᠭ᠎ᠠ︾᠂ ᠪᠣᠬᠢᠷᠲᠤᠯ ᠦᠭᠡᠢ | ᠰᠤᠷᠭᠠᠭᠤᠯᠢ᠂ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ᠂ ᠪᠣᠬᠢᠷᠲᠤᠯ ᠦᠭᠡᠢ ᠢᠳᠡᠭᠡᠨ ᠤᠮᠳᠠᠭᠠᠨ᠂ | ᠪᠣᠬᠢᠷᠲᠤᠯ ᠦᠭᠡᠢ ᠲᠦᠷᠭᠡᠨ ᠬᠦᠷᠭᠡᠯᠲᠡ ᠶᠢᠨ ᠲᠣᠣᠷ ᠴᠢᠭ᠋ ︵ᠬᠤᠪᠢᠶᠠᠷᠢᠯᠠᠨ ᠰᠠᠯᠭᠠᠬᠤ ᠲᠥᠪ︶ ᠵᠡᠷᠭᠡ ︽ | ᠬᠠᠶᠠᠭᠳᠠᠮᠠᠯ ᠦᠭᠡᠢ ᠡᠰ︾ ᠤᠨ ᠪᠦᠲᠦᠭᠡᠨ ᠪᠠᠶᠢᠭᠤᠯᠤᠯᠲᠠ ᠶᠢ ᠥᠷᠭᠡᠨ ᠢᠶᠠᠷ ᠥᠷᠨᠢᠭᠦᠯᠵᠦ᠂ ᠳ᠋ᠦᠩ ᠾᠧ | ᠲᠣᠭᠤᠷᠢᠭ ᠤᠨ ︽ᠬᠠᠶᠠᠭᠳᠠᠮᠠᠯ ᠦᠭᠡᠢ ᠡᠰ︾ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠪᠦᠷᠢᠨᠰᠢᠭᠦᠯᠦᠨ᠎ᠡ᠃︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠠᠮᠵᠢᠯᠴᠠᠬᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ | ᠪᠠᠶᠢᠭᠤᠯᠭ᠎ᠠ ᠶᠢᠨ ᠶᠠᠪᠤᠳᠠᠯ ᠤᠨ ᠲᠥᠪ︶ ᠴᠠᠭᠠᠰᠤ ᠬᠡᠷᠡᠭᠯᠡᠬᠦ ᠦᠭᠡᠢ ᠪᠠᠷ ᠠᠵᠢᠯᠯᠠᠬᠤ ᠶᠢ ᠲᠦᠷᠭᠡᠳᠬᠡᠨ ᠠᠬᠢᠭᠤᠯᠵᠤ᠂ | ᠳᠠᠬᠢᠯᠲᠠ ᠴᠠᠭᠠᠰᠤᠨ ᠪᠦᠲᠦᠭᠡᠭᠳᠡᠬᠦᠨ ᠬᠡᠷᠡᠭᠯᠡᠬᠦ ᠶᠢ ᠵᠣᠷᠢᠭᠵᠢᠭᠤᠯᠤᠨ᠎ᠠ᠃︵ᠲᠦᠷᠦᠭᠦᠯᠡᠬᠦ ᠨᠢᠭᠡᠴᠡ᠄ ᠣᠷᠣᠨ ᠤ | ᠵᠠᠰᠠᠭ ᠤᠨ ᠣᠷᠳᠣᠨ ᠤ ᠠᠯᠪᠠᠨ ᠭᠡᠷ᠂ ᠬᠠᠮᠵᠢᠯᠴᠠᠬᠤ ᠨᠢᠭᠡᠴᠡ᠄ ᠡᠯ᠎ᠡ ᠪᠦᠷᠢᠯᠳᠦᠭᠦᠨ ᠨᠢᠭᠡᠴᠡ︶ | 13. ᠪᠠᠷᠢᠯᠭ᠎ᠠ ᠶᠢᠨ ᠬᠤᠭ ᠨᠣᠪᠰᠢ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ | ᠪᠠᠷᠢᠯᠭ᠎ᠠ ᠶᠢᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠶᠢ ᠴᠢᠩᠭᠠᠷᠠᠭᠤᠯᠤᠨ᠂ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ ᠬᠥᠭᠵᠢᠭᠦᠯᠵᠦ᠂ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ | ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠤᠭᠰᠠᠷᠠᠮᠠᠯ ᠮᠠᠶ᠋ᠢᠭ ᠤᠨᠪᠣᠬᠢᠷᠲᠤᠯ ᠦᠭᠡᠢ | ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠵᠦ᠂ ᠪᠣᠬᠢᠷᠲᠤᠯ ᠦᠭᠡᠢ ᠪᠠᠷᠢᠯᠭ᠎ᠠ ᠶᠢᠨ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ᠠᠵᠤ ᠠᠬᠤᠶᠢᠯᠠᠯ ᠤᠨ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠤᠨ ᠪᠦᠲᠦᠭᠡᠭᠳᠡᠬᠦᠨ ᠢ ᠦᠨᠡᠯᠡᠵᠦ ᠭᠡᠷᠡᠴᠢᠯᠡᠬᠦ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠴᠠᠭ ᠲᠤ ᠣᠷᠣᠭᠤᠯᠬᠤ ᠶᠢ ᠠᠬᠢᠭᠤᠯᠤᠨ᠂ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠤᠨ︽ᠬᠠᠶᠠᠭᠳᠠᠮᠠᠯ ᠦᠭᠡᠢ ᠪᠠᠷᠢᠯᠭ᠎ᠠ ᠶᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ | ᠰᠦᠪᠡᠭᠴᠢᠯᠡᠨ ᠥᠷᠨᠢᠭᠦᠯᠵᠦ᠂ ᠪᠣᠬᠢᠷᠲᠤᠯ ᠦᠭᠡᠢ ᠪᠠᠷᠢᠯᠭ᠎ᠠ ᠶᠢᠨ ᠠᠵᠢᠯ ᠢ ᠬᠡᠷᠡᠭᠵᠢᠭᠦᠯᠦᠨ᠂ ᠪᠠᠷᠢᠯᠭ᠎ᠠ ᠶᠢᠨ | ᠨᠢᠭᠡᠴᠡ ᠶᠢ ᠵᠢᠯᠤᠭᠤᠳᠴᠤ ᠪᠠᠶᠢᠭᠠᠳ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠲᠤᠰᠬᠠᠢ | ᠲᠥᠰᠥᠯ ᠢ ᠨᠠᠶᠢᠷᠠᠭᠤᠯᠤᠨ ᠵᠣᠬᠢᠶᠠᠵᠤ᠂ ᠪᠠᠷᠢᠯᠭ᠎ᠠ ᠶᠢᠨ ᠬᠤᠭ ᠨᠣᠪᠰᠢ ᠶᠢᠨ ᠭᠠᠷᠬᠤ ᠶᠢ ᠪᠠᠭᠠᠰᠬᠠᠨ᠎ᠠ᠃︵ | ᠲᠦᠷᠦᠭᠦᠯᠡᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠲᠣᠪᠴᠢᠶ᠎ᠠ︶ ᠨᠢ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ | ᠳᠦᠷᠢᠮ ᠢ ᠪᠦᠷᠢᠨᠰᠢᠭᠦᠯᠵᠦ᠂ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠢᠰᠲ᠋ᠧᠮ ᠲᠣᠬᠢᠷᠠᠭᠤᠯᠬᠤ ᠶᠢ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠨᠢᠭᠡᠴᠡ ᠵᠢᠴᠢ ᠲᠡᠷᠭᠡ | ᠬᠥᠰᠬᠡ ᠶᠢ ᠵᠣᠬᠢᠶᠠᠨ ᠪᠠᠶᠢᠭᠤᠯᠤᠨ ᠣᠨ ᠤ ᠳᠠᠬᠢᠨ ᠬᠢᠨᠠᠬᠤ ᠠᠵᠢᠯ ᠢ ᠥᠷᠨᠢᠭᠦᠯᠦᠨ᠎ᠡ᠃ᠬᠠᠲᠤᠨ ᠭᠤᠣᠯ ᠳᠠᠭᠠᠤ ᠶᠢᠨ | ᠣᠷᠣᠨ ᠪᠦᠰᠡ ᠪᠠᠷ ᠭᠤᠣᠯᠳᠠᠯᠭ᠎ᠠ ᠪᠣᠯᠭᠠᠨ᠂ ᠪᠠᠷᠢᠯᠭ᠎ᠠ ᠶᠢᠨ ᠬᠤᠭ ᠨᠣᠪᠰᠢ ᠣᠪᠣᠭᠠᠯᠠᠬᠤ ᠲᠠᠯᠠᠪᠤᠷ ᠢ ᠴᠡᠭᠴᠡᠯᠡᠨ | ᠵᠠᠰᠠᠬᠤ ᠠᠵᠢᠯ ᠢ ᠥᠷᠨᠢᠭᠦᠯᠦᠨ᠎ᠡ᠃ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠬᠠᠮᠵᠢᠯᠴᠠᠨ ᠬᠠᠮᠵᠢᠯᠴᠠᠬᠤ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃︵ᠲᠦᠷᠦᠭᠦᠯᠡᠬᠦ ᠨᠢᠭᠡᠴᠡ᠄ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠮᠵᠢᠯᠴᠠᠬᠤ ᠨᠢᠭᠡᠴᠡ᠄ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠲᠠᠪᠤ︶ ᠬᠢᠨᠠᠨ ᠬᠠᠮᠢᠶᠠᠷᠬᠤ ᠪᠠ ᠠᠰᠢᠭᠯᠠᠵᠤ ᠰᠢᠢᠳᠪᠦᠷᠢᠯᠡᠬᠦ ᠴᠢᠳᠠᠪᠤᠷᠢ ᠪᠠᠨ ᠴᠢᠩᠭᠠᠷᠠᠭᠤᠯᠵᠤ᠂ ᠣᠷᠴᠢᠨ | ᠲᠣᠭᠤᠷᠢᠨ ᠤ ᠲᠦᠭᠰᠢᠭᠦᠷᠢ ᠶᠢ ᠦᠨᠡᠨᠬᠦ ᠰᠡᠷᠭᠡᠶᠢᠯᠡᠨ ᠡᠵᠡᠮᠳᠡᠨ᠎ᠡ | 14. ᠠᠶᠤᠯᠲᠠᠢ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠤᠨ᠎ᠠ | ᠠᠶᠤᠯᠲᠠᠢ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠥᠪᠡᠷ ᠢ ᠪᠠᠨ ᠪᠠᠶᠢᠴᠠᠭᠠᠬᠤ ᠪᠠ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠶᠢ ᠥᠷᠨᠢᠭᠦᠯᠵᠦ᠂ ᠠᠵᠤ | ᠠᠬᠤᠶᠢᠯᠠᠯ ᠤᠨ ᠠᠶᠤᠯᠲᠠᠢ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠣᠷᠴᠢᠨ ᠲᠣᠭᠤᠷᠢᠨ ᠤ ᠬᠠᠮᠢᠶᠠᠷᠤᠯᠲᠠ ᠶᠢᠨ | ᠬᠢᠷᠢ ᠬᠡᠮᠵᠢᠶ᠎ᠡ ᠵᠢᠪᠤᠭᠤᠲᠤ ᠬᠤᠲᠠ ᠶᠢᠨ ᠠᠶᠤᠯᠲᠠᠢ ᠬᠠᠶᠠᠭᠳᠠᠮᠠᠯ ᠪᠣᠳᠠᠰ ᠤᠨ ᠮᠡᠳᠡᠭᠡ ᠵᠠᠩᠭᠢ ᠶᠢᠨ ᠰᠦᠯᠵᠢᠶ᠎ᠡ ᠶᠢᠨ | ᠬᠢᠨᠠᠨ ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ᠂ ᠠᠶᠤᠯᠲᠠᠢ ᠬᠠᠶᠠᠭᠳᠠᠮᠠᠯ ᠪᠣᠳᠠᠰ ᠤᠨ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠵᠤ᠂ ᠠᠶᠤᠯᠲᠠᠢ | ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠰᠢᠯᠵᠢᠭᠦᠯᠦᠨ ᠴᠢᠳᠬᠤᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃︵ᠲᠦᠷᠦᠭᠦᠯᠡᠬᠦ ᠨᠢᠭᠡᠴᠡ᠄ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠂ ᠬᠠᠮᠵᠢᠯᠴᠠᠬᠤ ᠨᠢᠭᠡᠴᠡ᠄ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | 15.ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ | ᠪᠦᠷᠢᠨᠰᠢᠭᠦᠯᠦᠨ᠎ᠡ | ᠠᠶᠤᠯᠲᠠᠢ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠠᠵᠤ | ᠠᠬᠤᠶᠢᠯᠠᠯ ᠤᠨ ᠵᠢᠵᠢᠭ ᠪᠢᠴᠢᠯ ᠠᠵᠤ ᠠᠬᠤᠶᠢᠯᠠᠯ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ | ᠵᠣᠷᠢᠭᠵᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ ᠴᠤᠭᠯᠠᠭᠤᠯᠬᠤ ᠶᠢ ᠲᠤᠰᠬᠠᠶᠢᠵᠢᠭᠤᠯᠬᠤ᠂ ᠬᠡᠪᠴᠢᠶᠡᠵᠢᠭᠦᠯᠬᠦ | ᠪᠠ ᠬᠦᠷᠢᠶᠡᠯᠡᠩ ᠲᠣᠭᠤᠷᠢᠭᠵᠢᠭᠤᠯᠬᠤ ᠳᠠᠰᠢ ᠬᠥᠭᠵᠢᠭᠦᠯᠬᠦ ᠶᠢ ᠠᠬᠢᠭᠤᠯᠤᠨ᠎ᠠ᠃ᠨᠡᠶᠢᠭᠡᠮ ᠤᠨ ᠢᠷᠡᠯᠲᠡ ᠲᠠᠢ | ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠤᠨ᠂ | ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠲᠥᠷᠥᠯ ᠤᠨ ᠬᠠᠶᠠᠭᠳᠠᠮᠠᠯ ᠡᠷᠦᠳᠡᠰᠦ ᠶᠢᠨ ᠲᠣᠰᠣ᠂ ᠬᠠᠶᠠᠭᠳᠠᠮᠠᠯ ᠬᠠᠷ᠎ᠠ | ᠲᠤᠭᠤᠯᠭ᠎ᠠ ᠶᠢᠨ ᠬᠡᠯᠬᠢᠶ᠎ᠡ ᠳ᠋ᠢᠶᠠᠨ ᡂᠢ᠂ ᠬᠠᠶᠠᠭᠳᠠᠮᠠᠯ ᠰᠢᠷ ᠤᠨ ᠰᠢᠭᠠᠷᠤ᠂ ᠬᠠᠶᠠᠭᠳᠠᠮᠠᠯ ᠢᠳᠡᠪᠬᠢᠵᠢᠭᠦᠯᠦᠭᠰᠡᠨ | ᠨᠡᠭᠦᠷᠡᠰᠦ ᠵᠡᠷᠭᠡ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ | ᠠᠯᠬᠤᠮ ᠵᠢᠷᠤᠮᠵᠢᠭᠤᠯᠤᠨ ᠳᠡᠭᠡᠭᠰᠢᠯᠡᠭᠦᠯᠦᠨ᠎ᠡ᠃ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠳᠡᠭᠡᠳᠦ | ᠵᠡᠷᠭᠡ ᠶᠢᠨ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠣᠷᠴᠢᠨ ᠠᠬᠤᠢ ᠶᠢ ᠬᠢᠨᠠᠨ ᠬᠡᠮᠵᠢᠬᠦ ᠪᠠᠶᠢᠭᠤᠯᠤᠮᠵᠢ ᠵᠡᠷᠭᠡ | ᠲᠤᠷᠰᠢᠯᠲᠠ ᠶᠢᠨ ᠲᠠᠰᠤᠭ ᠤᠨ ᠬᠠᠶᠠᠭᠳᠠᠮᠠᠯ ᠪᠣᠳᠠᠰ ᠢ ᠴᠤᠭᠯᠠᠭᠤᠯᠬᠤ᠂ ᠬᠠᠳᠠᠭᠠᠯᠠᠬᠤ᠂ ᠳᠠᠮᠵᠢᠭᠤᠯᠤᠨ ᠲᠡᠭᠡᠭᠡᠪᠦᠷᠢᠯᠡᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃︵ᠲᠦᠷᠦᠭᠦᠯᠡᠬᠦ ᠨᠢᠭᠡᠴᠡ᠄ ᠣᠷᠣᠨ ᠤ ᠠᠮᠢ ᠠᠬᠤᠢ ᠶᠢᠨ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠣᠷᠣᠨ ᠤ ᠠᠵᠤ ᠦᠢᠯᠡᠳᠪᠦᠷᠢ ᠶᠢᠨ | ᠰᠢᠨᠵᠢᠯᠡᠬᠦ ᠤᠬᠠᠭᠠᠨ ᠤ ᠲᠣᠪᠴᠢᠶ᠎ᠠ᠂ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ︶ | 16. ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ | ᠠᠶᠤᠯᠲᠠᠢ ᠬᠠᠶᠠᠭᠳᠠᠮᠠᠯ ᠪᠣᠳᠠᠰ ᠤᠨ ᠵᠢᠯ ᠤᠨ ᠭᠠᠷᠭᠠᠬᠤ ᠬᠡᠮᠵᠢᠶ᠎ᠡ ᠨᠢ 1000 ᠲᠣᠨ ᠠᠴᠠ ᠳᠡᠭᠡᠭᠰᠢᠬᠢ | ᠠᠵᠤ ᠠᠬᠤᠶᠢᠯᠠᠯ ᠢ ᠵᠣᠷᠢᠭᠵᠢᠭᠤᠯᠵᠤ᠂ ᠥᠪᠡᠰᠦᠪᠡᠨ ᠠᠰᠢᠭᠯᠠᠵᠤ ᠰᠢᠢᠳᠪᠦᠷᠢᠯᠡᠬᠦ ᠪᠡᠯᠡᠳᠬᠡᠮᠵᠢ ᠶᠢ ᠢᠵᠢ | ᠪᠦᠷᠢᠳᠦᠭᠦᠯᠦᠨ ᠪᠦᠲᠦᠭᠡᠨ ᠪᠠᠶᠢᠭᠤᠯᠵᠤ᠂ ᠰᠢᠯᠵᠢᠭᠦᠯᠬᠦ ᠣᠷᠴᠢᠨ ᠲᠣᠭᠤᠷᠢᠨ ᠤ ᠲᠦᠭᠰᠢᠭᠦᠷᠢ ᠶᠢ ᠪᠠᠭᠠᠰᠬᠠᠨ᠎ᠠ᠃︵ | ᠲᠦᠷᠦᠭᠦᠯᠡᠬᠦ ᠨᠢᠭᠡᠴᠡ᠄ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ | ᠬᠠᠮᠵᠢᠯᠴᠠᠬᠤ ᠨᠢᠭᠡᠴᠡ᠄ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ | ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ︶ ᠨᠢ ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠶᠢᠨ | ᠶᠣᠰᠣᠭᠠᠷ᠂ ᠪᠥᠬᠦ ᠤᠯᠤᠰ ᠤᠨ ᠡᠮᠴᠢᠯᠡᠭᠡᠨ ᠤ ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ | ᠬᠠᠮᠢᠶᠠᠷᠤᠯᠲᠠ ᠶᠢᠨ ᠲᠠᠪᠴᠠᠩ ᠢ ᠬᠠᠮᠵᠢᠯᠴᠠᠨ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ | ᠬᠠᠶᠠᠭᠳᠠᠮᠠᠯ ᠪᠣᠳᠠᠰ ᠢ ᠲᠥᠪᠯᠡᠷᠡᠭᠦᠯᠦᠨ ᠬᠠᠳᠠᠭᠠᠯᠠᠬᠤ ᠴᠢᠭ᠋ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ | ᠲᠥᠪᠯᠡᠷᠡᠭᠦᠯᠦᠨ ᠰᠢᠢᠳᠪᠦᠷᠢᠯᠡᠬᠦ ᠨᠢᠭᠡᠴᠡ ᠶᠢ ᠬᠠᠮᠤᠷᠴᠤ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ | ᠭᠥᠷᠳᠡᠬᠦ ᠶᠢ ᠪᠡᠶᠡᠯᠡᠭᠦᠯᠦᠨ᠎ᠡ᠃︵ᠲᠦᠷᠦᠭᠦᠯᠡᠬᠦ ᠨᠢᠭᠡᠴᠡ᠄ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠠᠮᠵᠢᠯᠴᠠᠬᠤ ᠨᠢᠭᠡᠴᠡ᠄ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | 17. ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠮᠡᠷᠭᠡᠵᠢᠯ ᠤᠨ ᠪᠠᠷᠢᠮᠵᠢᠶᠠᠨ ᠤ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ | ᠡᠷᠴᠢᠮ ᠢ ᠴᠢᠩᠭᠠᠳᠬᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ | ᠮᠥᠴᠢᠷ ᠬᠢᠭᠡᠳ ᠪᠠᠶᠢᠭᠠᠯᠢ ᠶᠢᠨ ᠡᠬᠢ ᠪᠠᠶᠠᠯᠢᠭ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ | ᠮᠥᠴᠢᠷ ᠤᠨ ᠬᠤᠭᠤᠷᠣᠨᠳᠤ ᠪᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ | ᠡᠯ᠎ᠡ ᠰᠠᠯᠠᠭ᠎ᠠ ᠮᠥᠴᠢᠷ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ | ᠵᠠᠭᠠᠭ ᠬᠢᠵᠠᠭᠠᠷ ᠢ ᠲᠣᠳᠣᠷᠬᠠᠶᠢᠯᠠᠨ᠎ᠠ᠃ᠰᠠᠪᠠ ᠭᠠᠵᠠᠷ ᠤᠨ ︽ᠬᠠᠶᠠᠭᠳᠠᠮᠠᠯ ᠪᠣᠳᠠᠰ ᠢ ᠴᠡᠪᠡᠷᠯᠡᠬᠦ ᠠᠵᠢᠯᠯᠠᠭ᠎ᠠ︾ ᠪᠠ | ︽ᠲᠦᠷᠪᠡᠨ ᠳᠤᠷ᠎ᠠ ᠪᠠᠷ ᠢᠶᠠᠨ ᠬᠡᠷᠡᠭᠯᠡᠬᠦ︾ ᠶᠢ ᠴᠡᠪᠡᠷᠯᠡᠬᠦ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ᠬᠠᠳᠤᠨ ᠭᠤᠣᠯ | ᠳᠠᠭᠠᠤ ᠶᠢᠨ ᠭᠤᠣᠯ ᠰᠠᠯᠪᠤᠷᠢ ᠤᠷᠤᠰᠬᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠴᠢᠳᠬᠤᠬᠤ ᠶᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠦᠷᠭᠡᠪᠴᠢᠯᠡᠨ ᠲᠦᠯᠬᠢᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠬᠠᠤᠯᠢ ᠪᠤᠰᠤ ᠪᠠᠷ ᠣᠪᠣᠭᠠᠯᠠᠨ ᠬᠠᠳᠠᠭᠠᠯᠠᠬᠤ ᠶᠢ ᠪᠦᠬᠦ ᠲᠠᠯ᠎ᠠ ᠪᠠᠷ ᠴᠡᠭᠴᠡᠯᠡᠨ ᠵᠠᠰᠠᠨ᠎ᠠ᠃ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠠᠷᠢᠶ᠎ᠠ | ᠣᠷᠣᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠡᠩ ᠤᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ | ᠬᠠᠶᠠᠭᠳᠠᠮᠠᠯ ᠪᠣᠳᠠᠰ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ | ᠪᠡᠶᠡᠲᠦ ᠮᠠᠶ᠋ᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠭ᠎ᠠ ᠪᠠᠷᠢᠮᠲᠠ ᠶᠢᠨ ᠬᠥᠮᠥᠷᠭᠡ ᠶᠢ | ᠠᠯᠬᠤᠮ︽ᠢᠨᠲ᠋ᠧᠷ ᠰᠦᠯᠵᠢᠶ᠎ᠡ + ᠨᠢᠭᠡᠳᠦᠯᠲᠡᠢ ᠵᠢᠯᠣᠭᠤᠳᠤᠯᠭ᠎ᠠ + ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ︾ | ᠶᠢᠨ ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠳᠡᠯᠭᠡᠷᠡᠭᠦᠯᠵᠦ᠂ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠤᠰᠤ ᠬᠡᠷᠡᠭᠯᠡᠬᠦ᠂ | ᠴᠠᠬᠢᠯᠭᠠᠨ ᠬᠡᠷᠡᠭᠯᠡᠬᠦ ᠶᠢ ᠬᠢᠨᠠᠨ ᠡᠵᠡᠮᠳᠡᠬᠦ ᠵᠡᠷᠭᠡ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠵᠦ᠂ ᠵᠢᠯᠣᠭᠤᠴᠢ ᠦᠭᠡᠢ ᠨᠢᠰᠬᠡᠯ ᠵᠢᠴᠢ ᠳᠠᠭᠠᠭᠤᠯᠢ ᠤᠳᠤᠨ ᠤ ᠠᠯᠤᠰ ᠰᠡᠷᠡᠯ ᠵᠡᠷᠭᠡ | ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠢ ᠠᠰᠢᠭᠯᠠᠵᠤ᠂ ᠲᠡᠭᠷᠢ ᠭᠠᠵᠠᠷ ᠪᠠ ᠠᠭᠠᠷ ᠤᠨ | ᠠᠶᠠᠯᠠᠯ ᠢ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ | ᠪᠦᠷᠢᠯᠳᠦᠬᠦ ᠶᠢ ᠲᠦᠯᠬᠢᠨ ᠠᠬᠢᠭᠤᠯᠤᠨ᠎ᠠ᠃︵ᠲᠦᠷᠦᠭᠦᠯᠡᠬᠦ ᠨᠢᠭᠡᠴᠡ᠄ ᠲᠣᠭᠤᠷᠢᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ | ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠦᠲᠦᠮᠵᠢᠲᠡᠶ ᠠᠵᠢᠯ ᠤᠨ | ᠲᠣᠭᠲᠠᠴᠠ ᠶᠢ ᠪᠣᠶ ᠪᠣᠯᠭᠠᠨ᠎ᠠ᠃ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ ︽ᠳ᠋ᠦᠩ ᠾᠧ ᠲᠣᠭᠤᠷᠢᠭ ᠤᠨ ᠬᠠᠶᠠᠭᠳᠠᠮᠠᠯ ᠦᠭᠡᠢ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ︾ ᠢ ᠪᠠᠶᠢᠭᠤᠯᠵᠤ᠂ ᠳᠤᠭᠤᠶᠢᠯᠠᠩ ᠤᠨ | ᠳᠡᠳ᠋ ᠳᠠᠷᠤᠭ᠎ᠠ ᠶᠢ ᠬᠠᠮᠢᠶ᠎ᠠ ᠪᠦᠬᠦᠢ ᠬᠤᠪᠢᠳᠠᠨ ᠬᠠᠮᠢᠶᠠᠷᠴᠤ ᠪᠦᠬᠦᠢ ᠲᠣᠭᠤᠷᠢᠭ ᠤᠨ ᠤᠳᠤᠷᠢᠳᠤᠯᠭ᠎ᠠ ᠠᠴᠠ | ᠡᠭᠦᠷᠭᠡᠯᠡᠵᠦ᠂ ᠪᠦᠷᠢᠯᠳᠦᠭᠦᠨ ᠳᠤ ᠭᠤᠣᠯᠳᠠᠭᠤ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ ᠶᠢᠨ ᠭᠤᠣᠯ | ᠬᠠᠷᠢᠭᠤᠴᠠᠯᠭᠠᠲᠠᠨ ᠢ ᠪᠠᠭᠲᠠᠭᠠᠨ᠎ᠠ᠃ᠤᠳᠤᠷᠢᠳᠬᠤ ᠳᠤᠭᠤᠶᠢᠯᠠᠩ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ︽ | ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠪᠠ | ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠰᠢᠢᠳᠪᠦᠷᠢᠲᠦ | ᠪᠣᠳᠣᠯᠭ᠎ᠠ ᠶᠢ ᠶᠠᠷᠢᠯᠴᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠤᠨ ᠳᠤᠮᠳᠠᠬᠢ | ᠴᠢᠬᠤᠯᠠ ᠵᠦᠢᠯᠡᠰ ᠪᠠ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ᠤᠳᠤᠷᠢᠳᠬᠤ | ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠭᠤᠯᠤᠨ᠂ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠤᠳᠤᠷᠢᠳᠤᠯᠭ᠎ᠠ | ᠠᠴᠠ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠭᠤᠣᠯ ᠤᠳᠤᠷᠢᠳᠤᠯᠭ᠎ᠠ ᠠᠴᠠ ᠬᠠᠪᠰᠤᠷᠭᠠᠨ | ᠬᠠᠷᠢᠭᠤᠴᠠᠨ᠎ᠠ᠃ᠠᠯᠪᠠᠨ ᠭᠡᠷ ᠤᠨ ᠪᠦᠷᠢᠯᠳᠦᠭᠦᠨ ᠨᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ | ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠬᠠᠶᠢᠯᠠᠭᠰᠠᠨ | ᠠᠵᠢᠯ ᠤᠨ ᠭᠤᠣᠯᠯᠠᠭᠴᠢ ᠬᠦᠴᠦᠨ ᠢᠶᠠᠷ ᠪᠦᠷᠢᠯᠳᠦᠵᠦ᠂ ᠭᠤᠣᠯᠳᠠᠭᠤ ᠤᠳᠤᠷᠢᠳᠬᠤ ᠳᠤᠭᠤᠶᠢᠯᠠᠩ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠢᠭᠡᠳᠦᠯᠲᠡᠢ | ᠲᠥᠯᠥᠪᠯᠡᠨ ᠵᠣᠬᠢᠴᠠᠭᠤᠯᠬᠤ᠂ ᠠᠵᠢᠯ ᠲᠣᠬᠢᠷᠠᠭᠤᠯᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ | ᠪᠢᠴᠢᠭ ᠮᠠᠲ᠋ᠧᠷᠢᠶᠠᠯ ᠲᠤᠭᠤᠷᠪᠢᠬᠤ᠂ ᠤᠬᠠᠭᠤᠯᠤᠨ ᠮᠡᠳᠡᠭᠡᠯᠡᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ᠃ | ︵ᠬᠤᠶᠠᠷ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ᠡᠯ᠎ᠡ ᠲᠦᠷᠦᠭᠦᠯᠡᠨ ᠬᠢᠬᠦ ᠨᠢᠭᠡᠴᠡ ᠨᠦᠭᠦᠳ ᠤᠯᠤᠰ ᠲᠥᠷᠥ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ | ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ ᠨᠠᠶᠢᠳᠠᠪᠤᠷᠢᠵᠢᠭᠤᠯᠬᠤ ᠳᠤ᠂ ᠲᠣᠰ ᠲᠥᠰᠥᠯ ᠤᠨ | ᠭᠤᠣᠯᠳᠠᠯᠭ᠎ᠠ ᠲᠠᠢ ᠡᠭᠦᠷᠭᠡ ᠲᠠᠢ ᠬᠠᠷᠢᠴᠠᠭᠤᠯᠤᠨ᠂ ᠡᠭᠦᠷᠭᠡ ᠪᠠᠨ ᠨᠠᠷᠢᠯᠢᠭᠵᠢᠭᠤᠯᠵᠤ᠂ ᠠᠷᠭ᠎ᠠ ᠬᠡᠮᠵᠢᠶ᠎ᠡ ᠪᠠᠨ | ᠴᠢᠩᠭᠠᠷᠠᠭᠤᠯᠤᠨ᠂ ᠬᠠᠷᠢᠭᠤᠴᠠᠯᠭᠠᠲᠤ ᠤᠳᠤᠷᠢᠳᠤᠯᠭ᠎ᠠ᠂ ᠠᠵᠢᠯᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ᠭᠠᠵᠠᠷ ᠰᠢᠷᠣᠢ᠂ | ᠲᠥᠯᠦᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢ | ᠶᠡᠷᠦᠩᠬᠡᠶᠢᠯᠡᠨ ᠬᠡᠷᠡᠭᠯᠡᠵᠦ᠂ ᠡᠯ᠎ᠡ ᠲᠦᠷᠦᠯ ᠤᠨ ᠨᠡᠶᠢᠭᠡᠮ ᠤᠨ ᠪᠡᠯᠡ ᠣᠷᠣᠭᠤᠯᠤᠯᠲᠠ ᠶᠢᠨ ᠪᠡᠶᠡᠴᠢ ᠴᠣᠭᠴᠠ ᠶᠢ | ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠤᠯᠠᠨ ᠵᠦᠢᠯ ᠤᠨ ᠬᠡᠯᠪᠡᠷᠢ ᠪᠠᠷ ︽ᠬᠠᠶᠠᠭᠳᠠᠯ ᠦᠭᠡᠢ ᠬᠤᠳᠠ︾ ᠶᠢᠨ | ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ᠡᠯ᠎ᠡ ᠲᠥᠷᠥᠯ ᠤᠨ ᠲᠤᠰᠬᠠᠢ ᠵᠦᠢᠯ ᠤᠨ ᠪᠡᠯᠡ ᠮᠥᠩᠭᠦ ᠶᠢ | ᠡᠮᠬᠢᠯᠡᠨ ᠨᠡᠶᠢᠯᠡᠭᠦᠯᠬᠦ ᠡᠷᠴᠢᠮ ᠢ ᠴᠢᠩᠭᠠᠷᠠᠭᠤᠯᠵᠤ᠂ ᠪᠡᠯᠡ ᠮᠥᠩᠭᠦ ᠶᠢᠨ ᠬᠡᠪᠴᠢᠶ᠎ᠡ ᠪᠠ ᠬᠡᠪᠴᠢᠶ᠎ᠡ ᠶᠢ | ᠲᠣᠳᠣᠷᠬᠠᠶᠢᠯᠠᠨ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠪᠡᠯᠡ ᠣᠷᠣᠭᠤᠯᠵᠤ ᠪᠡᠯᠡ | ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠯᠤᠭ᠎ᠠ | ᠬᠠᠨᠳᠤᠯᠭ᠎ᠠ ᠲᠠᠢ ᠪᠠᠷ ᠵᠣᠯᠭᠠᠭᠤᠯᠵᠤ᠂ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠪᠠᠶᠢᠭᠠᠳ | ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ᠠᠵᠤ | ᠠᠬᠤᠶᠢᠯᠠᠯ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ | ᠥᠷᠨᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠠᠵᠤ ᠠᠬᠤᠶᠢᠯᠠᠯ ᠳᠤ | ᠦᠢᠯᠡᠴᠢᠯᠡᠬᠦ ᠶᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠰᠢᠨ᠎ᠡ ᠵᠢᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠳᠡᠯᠭᠡᠷᠡᠭᠦᠯᠦᠯᠲᠡ ᠶᠢ ᠵᠣᠯᠭᠠᠭᠤᠯᠬᠤ᠂ ᠰᠣᠯᠢᠯᠴᠠᠬᠤ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠨᠤᠲᠠᠯᠠᠯᠲᠠ ᠦᠨᠡᠯᠡᠯᠲᠡ ᠶᠢ | ᠥᠷᠨᠢᠭᠦᠯᠦᠨ᠎ᠡ | ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠵᠢᠱᠢᠨ ᠠᠬᠢᠭᠤᠯᠤᠨ᠎ᠠ᠃ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠷᠢᠶ᠎ᠡ ᠳᠠᠰᠢ | ᠬᠡᠯᠪᠡᠶᠢᠯᠭᠡᠬᠦ ᠶᠢ ᠠᠬᠢᠭᠤᠯᠤᠨ᠎ᠠ᠃ | ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠬᠤ ᠬᠡᠷᠡᠭᠲᠡᠢ᠃ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠵᠤ᠂ ᠦᠨᠡᠯᠡᠨ ᠵᠢᠱᠢᠵᠦ | ᠰᠢᠯᠭᠠᠨ ᠬᠢᠨᠠᠬᠤ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ︽ᠬᠠᠶᠠᠭᠳᠠᠮᠠᠯ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠪᠣᠳᠠᠲᠤ ᠠᠮᠵᠢᠯᠲᠠ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ | ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠡᠯ᠎ᠡ ᠵᠦᠢᠯ ᠤᠨ ᠭᠦᠢᠴᠡᠳᠬᠡᠯ | ᠲᠤᠭ᠎ᠠ ᠶᠢᠨ ᠡᠭᠦᠷᠭᠡ ᠶᠢᠨ ᠢᠯᠡᠳᠲᠡ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ᠡᠯ᠎ᠡ | ᠲᠦᠷᠦᠭᠦᠯᠡᠬᠦ ᠨᠢᠭᠡᠴᠡ ᠨᠦᠭᠦᠳ ᠰᠠᠷ᠎ᠠ ᠪᠦᠷᠢ ᠶᠢᠨ 5 ᠡᠳᠦᠷ ᠠᠴᠠ ᠡᠮᠦᠨ᠎ᠡ ᠠᠵᠢᠯ ᠤᠨ ᠠᠬᠢᠴᠠ ᠶᠢᠨ | ᠪᠠᠶᠢᠳᠠᠯ ᠢᠶᠠᠨ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠮᠡᠳᠡᠭᠦᠯᠬᠦ ᠬᠡᠷᠡᠭᠲᠡᠢ ︵ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳ᠋ᠦᠩ | ᠾᠧ ᠲᠣᠭᠤᠷᠢᠭ ᠤᠨ ᠲᠣᠭᠤᠷᠢᠭ ᠤᠨ ᠲᠣᠪᠴᠢᠶ᠎ᠠ ᠶᠢᠨ 309 ᠠᠯᠪᠠᠨ ᠭᠡᠷ︔ᠬᠠᠷᠢᠯᠴᠠᠬᠤ ᠤᠲᠠᠰᠤ᠄ | 5191757;ᠰᠢᠤᠳᠠᠨ ᠤ ᠬᠠᠶᠢᠷᠴᠠᠭ᠄ www.dhqwfcs@163.com)᠃ | ︵ᠲᠠᠪᠤ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠨ᠎ᠠ᠃︽ᠬᠠᠶᠠᠭᠳᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢᠨ | ᠲᠣᠭᠤᠷᠢᠨ ᠳᠤ᠂ ᠰᠣᠨᠢᠨ ᠵᠡᠷᠭᠡ ᠭᠤᠣᠯ ᠵᠠᠭᠤᠴᠢᠯᠠᠭᠤᠷ ᠵᠢᠴᠢ ᠪᠢᠴᠢᠯ ᠪᠦᠷᠭᠡ᠂ ᠸᠢᠴᠠᠲ ᠵᠡᠷᠭᠡ ᠰᠢᠨ᠎ᠡ | ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠣᠯᠠᠨ ᠬᠡᠯᠪᠡᠷᠢ ᠮᠠᠶ᠋ᠢᠭ ᠤᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠠᠵᠢᠯ ᠲᠦᠷᠦᠯ ᠤᠨ ᠬᠢᠯᠠᠰ ᠴᠡᠭ᠂ ᠨᠡᠶᠢᠲᠡᠯᠢᠭ ᠲᠤᠷᠰᠢᠯᠭ᠎ᠠ᠂ | ᠲᠡᠷᠢᠭᠦᠨ ᠤ ᠬᠥᠮᠥᠰ᠂ ᠲᠡᠷᠢᠭᠦᠨ ᠤ ᠦᠢᠯᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠰᠡᠳᠦᠪᠲᠦ | ᠤᠬᠠᠭᠤᠯᠭ᠎ᠠ ᠪᠠ ᠲᠥᠪᠯᠡᠷᠡᠩᠭᠦᠢ ᠮᠡᠳᠡᠭᠡᠯᠡᠯ ᠢ ᠥᠷᠭᠡᠨ ᠢᠶᠠᠷ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ | ᠣᠷᠣᠯᠴᠠᠬᠤ ᠶᠢ ᠢᠳᠡᠪᠬᠢᠲᠡᠢ ᠬᠥᠲᠥᠯᠥᠨ ᠳᠠᠭᠠᠭᠤᠯᠵᠤ᠂ ︽ᠬᠦᠴᠦᠨ ᠦᠭᠡᠢ ᠵᠡᠭᠦᠨ ᠭᠤᠣᠯ︾ ᠢ ᠬᠠᠮᠲᠤ ᠪᠠᠷ | ᠪᠠᠶᠢᠭᠤᠯᠬᠤ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠬᠠᠮᠲᠤ ᠪᠠᠷ ᠪᠠᠶᠢᠭᠤᠯᠬᠤ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ http://www.donghe.gov. | cn/zcjd/24983084.jhtml | |