ᠵᠠᠩ ᠯᠢ ᠵᠢᠶᠦ᠋ᠨ ᠬᠥᠩᠭᠡᠨᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/21
     6 ᠰᠠᠷ᠎ᠠ ᠶᠢᠨ 9 ᠤ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠵᠠᠩ ᠯᠢ ᠵᠢᠶᠦ᠋ᠨ ᠤᠷᠢᠳ ᠬᠤᠵᠢᠳ ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ 9.1 ᠲᠦᠮᠡᠨ ᠲᠣᠨ ᠥᠨᠳᠥᠷ ᠴᠢᠳᠠᠪᠬᠢᠲᠤ ᠬᠥᠩᠭᠡᠨ ᠴᠠᠭᠠᠨ ᠤ ᠬᠠᠶᠢᠯᠤᠰᠢ ᠶᠢᠨ ᠬᠡᠪᠰᠢᠭᠦᠯᠭᠡ ᠶᠢᠨ ᠲᠦᠷᠦᠯ ᠵᠦᠢᠯ᠂ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠲᠦᠷᠦᠯ ᠵᠦᠢᠯ᠂ ᠲᠦᠩ ᠪᠢᠶᠣᠣ ᠬᠥᠩᠭᠡᠨ ᠴᠠᠭᠠᠨ ᠤ ᠦᠢᠯᠡᠰ ᠤᠨ 1.36 ᠲᠦᠮᠡᠨ ᠲᠣᠨ ᠰᠢᠨ᠎ᠡ ᠬᠡᠯᠪᠡᠷᠢ ᠶᠢᠨ ᠥᠨᠳᠥᠷ ᠬᠦᠴᠦᠲᠦ ᠥᠨᠳᠥᠷ ᠤᠶᠠᠨ ᠬᠠᠳᠠᠨ ᠢᠳᠡᠭᠳᠡᠯ ᠳᠤ ᠳᠠᠭᠠᠭᠠᠮᠠᠭᠠᠢ ᠬᠤᠪᠣᠷ ᠰᠢᠷᠣᠢ ᠶᠢᠨ ᠬᠥᠩᠭᠡᠨ ᠴᠠᠭᠠᠨ ᠤ ᠬᠠᠶᠢᠯᠤᠰᠢ ᠶᠢᠨ ᠲᠦᠷᠦᠯ ᠵᠦᠢᠯ᠂ ᠬᠤᠩ ᠴᠢ ᠠᠭᠤᠷᠬᠠᠢ ᠶᠢᠨ ᠮᠠᠰᠢᠨ ᠮᠧᠬᠠᠨᠢᠭ ᠤᠨ 2 ᠲᠦᠮᠡᠨ ᠲᠣᠨ ᠤᠯᠠᠨ ᠲᠡᠮᠦᠷᠯᠢᠭ ᠤᠨ ᠨᠡᠶᠢᠯᠡᠮᠡᠯ ᠦᠷᠦᠯᠲᠡ ᠳᠤ ᠳᠠᠭᠠᠭᠠᠮᠠᠭᠠᠢ ᠰᠡᠯᠪᠢᠭ ᠲᠤᠨᠤᠭ ᠦᠢᠯᠡᠳᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠵᠢᠴᠢ ᠪᠤᠭᠤᠲᠤ ᠬᠤᠳᠠ ᠶᠢᠨ ᠲᠡᠮᠦᠷᠯᠢᠭ ᠬᠠᠶᠢᠯᠤᠭᠤᠯᠬᠤ ᠠᠭᠤᠷᠬᠠᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠳᠤ ᠬᠦᠷᠴᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠠᠵᠢᠯᠯᠠᠵᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠢ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠠᠬᠢᠪᠠ᠃ᠵᠠᠩ ᠯᠢ ᠵᠢᠶᠦ᠋ᠨ ᠴᠢᠬᠤᠯᠠᠴᠢᠯᠠᠭᠰᠠᠨ ᠨᠢ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠪᠣᠯᠣᠨ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠦᠬᠦ ᠬᠦᠴᠦᠨ ᠢᠶᠠᠷ ᠢᠶᠠᠨ ᠦᠢᠯᠡᠴᠢᠯᠡᠭᠡᠨ ᠤ ᠪᠠᠲᠤᠯᠠᠪᠤᠷᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃      ᠳᠠᠷᠠᠭ᠎ᠠ ᠨᠢ᠂ ᠵᠠᠩ ᠯᠢ ᠵᠢᠶᠦ᠋ᠨ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠬᠦᠷᠴᠦ᠂ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ᠵᠠᠩ ᠯᠢ ᠵᠢᠶᠦ᠋ᠨ᠂ ᠣᠶᠤᠨᠲᠤ ᠬᠦᠷᠢᠶᠡᠯᠡᠩ ᠲᠣᠭᠤᠷᠢᠭ ᠤᠨ ᠰᠢᠰᠲ᠋ᠥᠮ ᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠴᠢᠨᠠᠭᠰᠢᠳᠠ ᠨᠠᠷᠢᠯᠢᠭᠵᠢᠭᠤᠯᠵᠤ᠂ ᠵᠠᠭᠠᠭ ᠭᠠᠳᠠᠷᠭᠤ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠢᠯᠯᠠᠭᠠᠨ ᠤ ᠬᠠᠮᠠᠭᠠᠯᠠᠯᠲᠠ ᠶᠢ ᠴᠢᠩᠭᠠᠳᠬᠠᠵᠤ᠂ ᠰᠢᠰᠲ᠋ᠥᠮ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠡᠬᠢ ᠪᠠᠶᠠᠯᠢᠭ ᠤᠨ ᠡᠯᠧᠮᠧᠨ᠋ᠲ ᠤᠨ ᠣᠳᠣᠬᠢ ᠪᠠᠶᠢᠳᠠᠯ ᠪᠣᠯᠣᠨ ᠰᠡᠭᠦᠯᠴᠢ ᠶᠢᠨ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠢᠯᠡᠷᠡᠭᠦᠯᠵᠦ᠂ ᠬᠦᠷᠢᠶᠡᠯᠡᠩ ᠲᠣᠭᠤᠷᠢᠭ ᠤᠨ ᠲᠣᠭᠠᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠯᠢ ᠰᠦᠸᠧ᠂ ᠶᠤᠸᠠᠨ ᠮᠣᠣ ᠯᠢᠨ᠂ ᠲᠢᠶᠠᠨ ᠶᠦᠩ ᠭᠤᠸᠠᠩ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠪᠤᠭᠤᠲᠤ ᠬᠤᠳᠠ ᠶᠢᠨ ᠳ᠋ᠦᠩ ᠡᡁᠸ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1