︽ᠪᠤᠭᠤᠲᠤ ᠪᠠᠨ ᠬᠠᠶᠢᠷᠠᠯᠠᠵᠤ ᠬᠤᠪᠢ ᠨᠡᠮᠡᠷᠢ ᠦᠵᠡᠭᠦᠯᠦᠶ᠎ᠡ︾ 2023 ᠣᠨ ᠤ ︽ᠪᠢᠴᠢᠭ ᠤᠨ ᠰᠠᠶᠢᠬᠠᠨ ᠦᠨᠦᠷ ᠬᠠᠩᠬᠤᠯᠤᠨ ᠰᠢᠨ᠎ᠡ ᠵᠢᠯ ᠢᠶᠠᠨ ᠤᠭᠲᠤᠨ᠎ᠠ᠂ ᠤᠯᠠᠭᠠᠨ ᠨᠣᠭᠤᠭᠠᠨ ᠵᠢᠷᠤᠭ ᠤᠨ ᠢᠷᠠᠭᠤ ᠨᠠᠶᠢᠷᠠᠭ ᠤᠨ ᠢᠷᠠᠭᠤ ᠬᠠᠭᠤᠳᠠᠰᠤ︾ ᠴᠠᠭᠠᠨ ᠰᠠᠷ᠎ᠠ ᠶᠢᠨ ᠤᠷᠠᠨ ᠪᠢᠴᠢᠯᠭᠡ ᠤᠷᠠᠨ ᠵᠢᠷᠤᠭ ᠤᠨ ᠰᠢᠷᠢᠰ ᠪᠦᠲᠦᠭᠡᠯ ᠤᠨ ᠦᠵᠡᠰᠬᠦᠯᠡᠩ  ᠢ ᠪᠠᠶᠠᠷᠯᠠᠨ ᠤᠭᠲᠤᠨ᠎ᠠ ︵ᠲᠠᠪᠤᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2023/6/28
      ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠤᠳᠬ᠎ᠠ ᠤᠷᠠᠯᠢᠭ ᠤᠨ ᠬᠢᠨ ᠤ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠡᠶ᠎ᠡ ᠵᠣᠬᠢᠴᠠᠩᠭᠤᠢ ᠪᠣᠯᠪᠠᠰᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠴᠣᠭᠴᠠᠯᠠᠬᠤ ᠳᠤ᠂ 2023 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ᠂ ᠳ᠋ᠦᠩ ᠾᠧ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠠᠴᠠ ᠳᠠᠭᠠᠭᠠᠴᠢᠯᠠᠨ ᠡᠷᠬᠢᠯᠡᠭᠰᠡᠨ 2023 ᠣᠨ ᠤ︽ᠪᠢᠴᠢᠭ ᠤᠨ ᠪᠡᠭᠡ ᠪᠠᠷ ᠰᠢᠨ᠎ᠡ ᠵᠢᠯ ᠢ ᠤᠭᠲᠤᠵᠤ᠂ ᠳ᠋ᠠᠨ ᠴᠢᠩ ᠤᠷᠠᠨ ᠪᠢᠴᠢᠯᠭᠡ ᠤᠷᠠᠨ ᠵᠢᠷᠤᠭ ᠤᠨ ᠢᠷᠠᠭᠤ ᠬᠠᠭᠤᠳᠠᠰᠤ︾ᠴᠠᠭᠠᠨ ᠰᠠᠷ᠎ᠠ ᠶᠢᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠢ ᠪᠠᠶᠠᠷᠯᠠᠨ ᠤᠭᠲᠤᠵᠤ᠂ ᠰᠦᠯᠵᠢᠶᠡᠨ ᠳᠡᠭᠡᠷ᠎ᠡ ᠬᠥᠰᠢᠭᠡ ᠪᠠᠨ ᠰᠡᠬᠦᠪᠡ᠃ᠲᠣᠰ ᠤᠳᠠᠭᠠᠨ ᠤ ᠦᠵᠡᠭᠦᠯᠦᠯᠭᠡ ᠳᠤ ᠨᠢᠭᠡ ᠪᠦᠯᠦᠭ ᠵᠢᠷᠤᠭᠴᠢᠨ ᠵᠢᠴᠢ ᠤᠷᠠᠨ ᠪᠢᠴᠢᠯᠭᠡ ᠤᠷᠠᠨ ᠵᠢᠷᠤᠭ ᠲᠤ ᠪᠠᠭ᠋ᠠᠲᠠᠢ ᠬᠥᠮᠥᠰ ᠤᠨ ᠰᠢᠯᠢᠳᠡᠭ ᠪᠥᠭᠡᠳ ᠪᠣᠯᠬᠢ ᠪᠦᠳᠦᠭᠦᠯᠢᠭ ᠬᠠᠮᠲᠤ ᠪᠠᠷ ᠰᠣᠨᠢᠷᠬᠠᠳᠠᠭ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠳ ᠎ ᠢ ᠵᠠᠯᠭᠠᠭ᠎ᠠ ᠪᠠᠷ ᠭᠠᠷᠭᠠᠵᠤ᠂ ᠠᠭᠤᠯᠭ᠎ᠠ  ᠶᠢᠨ ᠰᠡᠳᠦᠪᠯᠡᠬᠦᠨ ᠪᠠᠶᠠᠯᠢᠭ᠂ ᠬᠡᠪ ᠨᠠᠮᠪᠠ ᠣᠯᠠᠨ ᠶᠠᠩᠵᠤ  ᠶᠢᠨ ᠪᠠᠶᠢᠵᠤ᠂ ᠥᠷᠭᠡᠨ ᠣᠯᠠᠨ ᠬᠤᠲᠠ  ᠶᠢᠨ ᠠᠷᠠᠳ ᠣᠯᠠᠨ ᠳᠤ ᠴᠠᠭᠠᠨ ᠰᠠᠷ᠎ᠠ  ᠶᠢ ᠪᠠᠶᠠᠷ ᠬᠥᠷ ᠲᠠᠢ ᠥᠩᠭᠡᠷᠡᠭᠦᠯᠵᠦ᠂ ᠡᠯᠪᠡᠭ ᠪᠠᠶᠠᠯᠢᠭ ᠰᠣᠶᠣᠯ ᠤᠷᠠᠯᠢᠭ ᠤᠨ ᠦᠪᠡᠳᠡᠭᠰᠢ ᠨᠠᠶᠢᠷ  ᠢ ᠡᠷᠭᠦᠨ ᠳᠡᠪᠰᠢᠭᠦᠯᠵᠡᠢ᠃ᠵᠢᠢ ᠳ᠋ᠦᠩ ᠮᠧᠶ ᠶᠢᠨ ︽ᠬᠦᠢᠲᠡᠨ ᠴᠠᠰᠤᠲᠤ ᠲᠡᠷᠢᠭᠦᠯᠡᠭᠴᠢ ᠴᠡᠴᠡᠭ ᠤᠨ ᠳᠤᠮᠳᠠ᠂ ᠬᠠᠪᠤᠷ ᠤᠳᠠ ᠶᠢᠨ ᠢᠪᠡᠭᠡᠯ︾
ᠵᠠᠩ ᠵᠧᠨ ︽ᠬᠠᠪᠤᠷ ᠤᠨ ᠤᠷᠢᠬᠠᠨ ᠡᠶᠡᠪᠡᠷᠭᠦᠦ ᠰᠠᠯᠬᠢ︾
ᠯᠦ ᠱᠧᠩ ᠯᠢ ᠶᠢᠨ ︽ᠠᠷᠢᠭᠤᠨ ᠣᠷᠣᠨ︾
ᠦ᠋ ᠬᠦᠶ ᠴᠧᠩ ᠤᠨ ︽ᠠᠷᠤ ᠭᠠᠵᠠᠷ ᠤᠨ ᠠᠩᠬᠠᠨ ᠤ ᠴᠠᠰᠤ︾
ᠶᠠᠨ ᠪᠦᠦ ᠵᠢᠶᠦ᠋ᠨ ᠤ ︽ᠡᠶ᠎ᠡ ᠵᠣᠬᠢᠴᠠᠯᠳᠤ ᠪᠠᠳᠠᠷᠠᠯᠲᠤ ᠴᠠᠭ ᠦᠶ᠎ᠡ︾
ᠤᠯᠠᠭᠠᠨ ᠭᠤᠶᠦ
ᠱᠢ ᠷᠦᠢ ᠹᠧᠩ ︽ᠰᠠᠨ ᠶᠠᠩ ᠺᠠᠢ  ᠲᠠᠢ︾
ᠭᠤᠸᠠᠨ ᠶᠢᠨ ᠤ ︽ᠴᠡᠴᠡᠭ ᠤᠨ ᠠᠩᠬᠢᠯᠤᠮ᠎ᠠ ᠵᠢᠭᠠᠰᠤᠨ ᠤ ᠪᠣᠷᠳᠣᠭᠤᠷ︾
ᠯᠢᠦ ᠼᠦᠢ ᠵᠢᠶᠦ᠋ᠨ ︽ᠥᠯᠵᠡᠢ ᠪᠡᠯᠭᠡᠲᠦ︾
ᠸᠠᠩ ᠵᠢᠶᠠᠨ ᠴᠧᠩ
ᠯᠢ ᠯᠢ ᠹᠧᠩ
ᠠᠶᠤᠩᠭ᠎ᠠ ᠶᠢᠨ ᠲᠤᠶᠠᠭ᠎ᠠ
ᠭᠦᠸᠧ ᠶᠦᠩ ᠹᠧᠩ ︽ᠬᠥᠮᠥᠨ ᠤ ᠶᠢᠷᠲᠢᠨᠴᠦ  ᠶᠢᠨ ᠪᠣᠯᠵᠣᠮᠣᠷ ᠰᠢᠪᠠᠭᠤᠳ ᠤᠨ ᠥᠯᠵᠡᠶᠢᠲᠦ ᠬᠠᠪᠤᠷ ᠤᠨ ᠤᠯᠠᠷᠢᠯ︾
ᠬᠠᠨ ᠬᠤᠩ ᠼᠠᠢ ︽ᠬᠠᠪᠤᠷ ᠵᠤᠨ ᠨᠠᠮᠤᠷ ᠡᠪᠦᠯ︾
ᠭᠧᠩ ᠰᠢᠶᠠᠩ ᠳ᠋ᠦᠩ
 
ᠢᠷᠡᠯᠲᠡ᠄ ᠳ᠋ᠦᠩ ᠾᠧ ᠲᠣᠭᠤᠷᠢᠭ ᠤᠨ ᠰᠣᠶᠣᠯ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1