ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠪᠦᠬᠦ ᠣᠷᠣᠨ ᠤ ᠰᠣᠶᠣᠯ ᠤᠷᠠᠯᠢᠭ ᠤᠨ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/28
ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠰᠣᠶᠣᠯ ᠤᠷᠠᠯᠢᠭ ᠤᠨ ᠲᠦᠷᠦᠯ ᠤᠨ ᠬᠢᠨ ᠢ ᠬᠤᠷᠠᠯᠳᠤᠭᠤᠯᠪᠠᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠵᠢᠯ ᠤᠨ ᠪᠣᠯᠪᠠᠰᠤᠷᠠᠭᠤᠯᠤᠯ ᠤᠨ ᠬᠤᠷᠠᠯ      ᠰᠢᠨ᠎ᠡ ᠰᠤᠷᠤᠯᠭ᠎ᠠ ᠶᠢᠨ ᠬᠤᠭᠤᠴᠠᠭ᠎ᠠ ᠬᠦᠷᠴᠦ ᠢᠷᠡᠭᠰᠡᠨ ᠤ ᠳᠠᠷᠠᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠬᠠᠮᠢᠶᠠᠷᠤᠯᠲᠠ ᠪᠠᠨ ᠬᠡᠷᠬᠢᠨ ᠴᠢᠩᠭᠠᠳᠬᠠᠵᠤ᠂ ᠰᠤᠷᠭᠠᠭᠤᠯᠢ ᠡᠷᠭᠢᠯᠡᠬᠦ ᠶᠢ ᠬᠡᠷᠬᠢᠨ ᠵᠢᠷᠤᠮᠵᠢᠭᠤᠯᠬᠤ ᠪᠣᠶ︖ᠣᠶᠢᠷ᠎ᠠ ᠳᠤ᠂ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠪᠥᠬᠦ ᠣᠷᠣᠨ ᠤ 40 ᠭᠠᠷᠤᠢ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
     ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠳ᠋ᠦ᠋ ᠷᠦᠢ ᠫᠢᠩ ᠣᠶᠢᠷ᠎ᠠ ᠶᠢᠨ ᠬᠤᠭᠤᠴᠠᠭᠠᠨ ᠤ ᠬᠤᠲᠠ ᠶᠢᠨ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠭᠠᠷᠭᠠᠭᠰᠠᠨ ᠪᠥᠭᠡᠳ ᠲᠣᠰ ᠵᠢᠯ ᠤᠨ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠪᠣᠳᠠᠲᠠᠢ ᠠᠭᠤᠯᠭ᠎ᠠ ᠶᠢᠨ ᠲᠤᠬᠠᠢ ᠴᠢᠬᠤᠯᠠ ᠴᠢᠬᠤᠯᠠᠴᠢᠯᠠᠭᠰᠠᠨ ᠪᠠᠶᠢᠨ᠎ᠠ᠃ᠡᠭᠦᠨ ᠤ ᠳᠠᠷᠠᠭ᠎ᠠ᠂ ᠮᠠᠨ ᠤ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ ᠮᠠᠨ ᠤ ᠬᠤᠲᠠ ᠶᠢᠨ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠪᠠᠷᠢᠮᠵᠢᠶ᠎ᠠ᠂ ᠬᠢᠨᠠᠨ ᠵᠥᠪᠰᠢᠶᠡᠷᠡᠬᠦ ᠶᠠᠪᠤᠴᠠ ᠶᠢᠨ ᠲᠤᠬᠠᠢ ᠨᠠᠷᠢᠨ ᠲᠠᠶᠢᠯᠤᠮᠵᠢ ᠬᠢᠵᠦ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠪᠰᠤᠷᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠠᠯᠢ ᠲᠦᠷᠭᠡᠨ ᠢᠶᠠᠷ ᠣᠶᠢᠯᠠᠭᠠᠭᠤᠯᠪᠠ᠃
     ᠬᠤᠷᠠᠯ ᠤᠨ ᠳᠠᠷᠠᠭ᠎ᠠ᠂ ᠮᠠᠨ ᠤ ᠣᠷᠣᠨ ᠤ ᠬᠤᠷᠠᠯ ᠳᠤ ᠣᠷᠣᠯᠴᠠᠭᠰᠠᠨ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠵᠤ᠂ ︽ᠳ᠋ᠦᠩ ᠾᠧ ᠲᠣᠭᠤᠷᠢᠭ ᠤᠨ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠠᠯᠲᠠᠲᠤ ᠬᠠᠮᠢᠶᠠᠷᠤᠯᠲᠠ ᠵᠢᠴᠢ ᠵᠢᠷᠤᠮᠵᠢᠭᠰᠠᠨ ᠰᠤᠷᠭᠠᠭᠤᠯᠢ ᠡᠷᠭᠢᠯᠡᠬᠦ ᠬᠠᠷᠢᠭᠤᠴᠠᠯᠭ᠎ᠠ ᠶᠢᠨ ᠪᠢᠴᠢᠭ︾ ᠢ ᠭᠠᠷᠳᠠᠭᠤᠯᠪᠠ᠃ ᠡᠭᠦᠨ ᠳᠤ ᠬᠠᠷᠠᠯᠲᠠᠲᠤ ᠬᠠᠮᠢᠶᠠᠷᠤᠯᠲᠠ ᠳᠤ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ ᠶᠢ ᠪᠠᠭᠲᠠᠭᠠᠵᠤ᠂ ᠰᠤᠷᠭᠠᠭᠤᠯᠢ ᠡᠷᠭᠢᠯᠡᠬᠦ ᠬᠠᠷᠢᠭᠤᠴᠠᠯᠭ᠎ᠠ ᠶᠢ ᠵᠢᠷᠤᠮᠵᠢᠭᠤᠯᠬᠤ ᠳᠤ ︽ᠦᠨᠡᠮᠯᠡᠯ ᠦᠨᠡᠮᠯᠡᠯ ᠢ ᠳᠠᠭᠢᠵᠤ ᠬᠢᠨᠠᠨ ᠬᠠᠷᠭᠤᠭᠤᠯᠵᠤ ᠳᠠᠩᠰᠠᠯᠠᠬᠤ︾᠂ ︽ᠪᠣᠯᠪᠠᠰᠤᠷᠠᠭᠤᠯᠤᠯ ᠤᠨ ᠴᠠᠭ ᠤᠨ ᠲᠣᠭᠲᠠᠭᠠᠯ︾᠂ ︽ᠠᠵᠢᠯ ᠡᠷᠬᠢᠯᠡᠭᠰᠡᠳ ᠢ ᠤᠷᠢᠵᠤ ᠬᠡᠷᠡᠭᠯᠡᠬᠦ ᠱᠠᠭᠠᠷᠳᠠᠯᠭ᠎ᠠ︾᠂ ︽ᠰᠦᠢᠳᠬᠡᠯ ᠬᠤᠷᠢᠶᠠᠬᠤ ᠪᠠᠷᠢᠮᠵᠢᠶ᠎ᠠ︾ ᠵᠡᠷᠭᠡ 14 ᠵᠦᠢᠯ ᠤᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠪᠠᠭᠲᠠᠭᠠᠨ᠎ᠠ᠃
     ᠳᠠᠷᠠᠭ᠎ᠠ ᠶᠢᠨ ᠠᠯᠬᠤᠮ ᠳᠤ᠂ ᠣᠷᠣᠨ ᠤ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠰᠤᠷᠭᠠᠨ ᠬᠥᠮᠦᠵᠢᠯ᠂ ᠵᠠᠬ᠎ᠠ ᠳᠡᠯᠭᠡᠭᠦᠷ᠂ ᠠᠷᠠᠳ ᠤᠨ ᠶᠠᠪᠤᠳᠠᠯ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠬᠤᠪᠢᠶᠠᠷᠢᠯᠠᠨ ᠬᠠᠮᠵᠢᠯᠴᠠᠵᠤ᠂ ᠬᠢᠨᠠᠨ ᠵᠥᠪᠰᠢᠶᠡᠷᠡᠵᠦ ᠳᠠᠩᠰᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠴᠡᠭᠴᠡᠯᠡᠨ ᠵᠠᠰᠠᠬᠤ ᠲᠥᠰᠥᠯ᠂ ᠠᠵᠢᠯ ᠤᠨ ᠡᠬᠡ ᠲᠠᠩᠰᠠ ᠪᠠᠶᠢᠭᠤᠯᠤᠨ᠂ ᠬᠠᠷ᠎ᠠ ᠴᠠᠭᠠᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠴᠡᠭᠴᠡᠯᠡᠨ ᠵᠠᠰᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠭᠤᠣᠯᠳᠠᠯᠭ᠎ᠠ ᠲᠠᠢ ᠰᠢᠮᠳᠠᠭᠤᠯᠵᠤ᠂ ᠣᠯᠠᠨ ᠲᠦᠮᠡᠨ ᠳᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠭᠦᠢᠴᠡᠳ ᠮᠡᠳᠡᠷᠡᠭᠦᠯᠵᠦ᠂ ᠣᠯᠠᠨ ᠲᠦᠮᠡᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠣᠶᠢᠯᠠᠭᠠᠬᠤ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1