ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠬᠥᠮᠥᠨ ᠣᠯᠠᠨ ᠴᠤᠭᠯᠠᠷᠠᠳᠠᠭ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/28
     ᠣᠶᠢᠷ᠎ᠠ ᠳᠤ᠂ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠳ᠋ᠦᠩ ᠾᠧ ᠶᠡᠭᠡ ᠠᠩᠭᠢ ᠶᠢ ᠤᠷᠢᠵᠤ ᠳ᠋ᠦᠩ ᠾᠧ ᠲᠣᠭᠤᠷᠢᠭ ᠤᠨ ᠨᠣᠮ ᠤᠨ ᠰᠠᠩ᠂ ᠰᠣᠶᠣᠯ ᠤᠨ ᠣᠷᠳᠣᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠵᠢᠯᠣᠭᠤᠳᠤᠯᠭ᠎ᠠ ᠪᠠ ᠪᠠᠶᠢᠴᠠᠭᠠᠯᠲᠠ ᠶᠢᠨ ᠠᠵᠢᠯ ᠬᠢᠯᠭᠡᠵᠡᠢ᠃ᠪᠠᠶᠢᠴᠠᠭᠠᠯᠲᠠ ᠶᠢᠨ ᠳᠤᠮᠳᠠ᠂ ᠭᠠᠯ ᠤᠨᠲᠠᠷᠠᠭᠠᠬᠤ ᠶᠡᠭᠡ ᠠᠩᠭᠢ ᠶᠢᠨ ᠠᠵᠢᠯᠲᠠᠳ ᠡᠩ ᠲᠡᠷᠢᠭᠦᠨ ᠳᠤ ᠬᠤᠶᠠᠷ ᠣᠷᠳᠣᠨ ᠤ ᠡᠳᠦᠷ ᠲᠤᠲᠤᠮ ᠤᠨ ᠭᠦᠢᠯᠭᠡᠭᠡᠨ ᠤ ᠬᠥᠮᠥᠨ ᠤ ᠲᠤᠭ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠣᠳᠣᠬᠢ ᠪᠠᠶᠢᠳᠠᠯ᠂ ᠭᠠᠯ ᠤᠨᠲᠠᠷᠠᠭᠠᠬᠤ ᠠᠮᠤᠷ ᠲᠦᠪᠰᠢᠨ ᠤ ᠨᠡᠪᠲᠡᠷᠡᠬᠦ ᠵᠠᠮ ᠤᠨ ᠪᠠᠶᠢᠳᠠᠯ᠂ ᠭᠠᠯ ᠤᠨᠲᠠᠷᠠᠭᠠᠬᠤ ᠠᠮᠤᠷ ᠲᠦᠪᠰᠢᠨ ᠤ ᠳᠦᠷᠢᠮ ᠵᠢᠴᠢ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
ᠪᠠᠶᠢᠴᠠᠭᠠᠯᠲᠠ ᠬᠢᠭᠰᠡᠨ ᠤ ᠲᠠᠷᠠᠭ᠎ᠠ᠂ ᠭᠠᠯ ᠰᠡᠷᠭᠡᠶᠢᠯᠡᠨ ᠤᠨᠲᠠᠷᠠᠭᠠᠬᠤ ᠶᠡᠭᠡ ᠠᠩᠭᠢ ᠶᠢᠨ ᠠᠵᠢᠯᠲᠠᠳ ᠮᠠᠨ ᠤ ᠲᠣᠪᠴᠢᠶᠠᠨ ᠤ ᠪᠦᠬᠦ ᠺᠠᠳ᠋ᠷᠴᠤᠳ ᠲᠤ ᠠᠶᠤᠯᠭᠦᠢ ᠶᠢᠨ ᠮᠡᠳᠡᠯᠭᠡ ᠶᠢ ᠲᠦᠭᠡᠮᠡᠯᠵᠢᠭᠦᠯᠦᠨ ᠪᠣᠯᠪᠠᠰᠤᠷᠠᠭᠤᠯᠵᠠᠢ᠃
     ᠲᠣᠰ ᠤᠳᠠᠭᠠᠨ ᠤ ᠪᠠᠶᠢᠴᠠᠭᠠᠯᠲᠠ ᠪᠠ ᠪᠣᠯᠪᠠᠰᠤᠷᠠᠭᠤᠯᠤᠯ ᠢᠶᠠᠷ ᠳᠡᠮᠵᠢᠨ᠂ ᠬᠤᠶᠠᠷ ᠣᠷᠳᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠤᠨ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠬᠤᠯᠠᠴᠢᠯᠠᠭᠰᠠᠨ ᠪᠠᠶᠢᠨ᠎ᠠ᠃ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠠᠯᠳᠠ ᠬᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ᠂ ᠡᠯ᠎ᠡ ᠵᠦᠢᠯ ᠤᠨ ᠳᠦᠷᠢᠮ ᠢ ᠲᠡᠭᠦᠯᠳᠡᠷᠵᠢᠭᠦᠯᠬᠦ᠂ ᠲᠥᠬᠦᠭᠡᠷᠦᠮᠵᠢ ᠲᠥᠬᠦᠭᠡᠷᠦᠮᠵᠢ ᠶᠢ ᠬᠠᠮᠠᠭᠠᠯᠠᠬᠤ᠂ ᠵᠣᠬᠢᠶᠠᠨ ᠪᠠᠶᠢᠭᠤᠯᠤᠨ ᠪᠣᠯᠪᠠᠰᠤᠷᠠᠭᠤᠯᠬᠤ᠂ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠵᠡᠷᠭᠡ ᠠᠵᠢᠯ ᠢ ᠬᠢᠨᠠᠮᠠᠭᠠᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1