︽ᠰᠣᠶᠣᠯ ᠢ ᠴᠡᠷᠢᠭ ᠤᠨ ᠬᠤᠸᠠᠷᠠᠨ ᠳᠤ ᠬᠦᠷᠭᠡᠬᠦ ᠪᠢᠴᠢᠭ ᠤᠨ ᠦᠨᠦᠷ ᠴᠡᠷᠢᠭ ᠤᠨ ᠰᠡᠳᠬᠢᠯ ᠢ ᠤᠮᠳᠠᠯᠠᠨ᠎ᠠ︾ᠳ᠋ᠦᠩ ᠾᠧ ᠲᠣᠭᠤᠷᠢᠭ ᠲᠤ︽ᠪᠢᠴᠢᠭ ᠢ ᠴᠡᠷᠢᠭ ᠤᠨ ᠬᠤᠸᠠᠷᠠᠨ ᠳᠤ ᠬᠦᠷᠭᠡᠬᠦ︾ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/29
     ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠤᠯᠠᠮ ᠴᠢᠨᠠᠭᠰᠢᠳᠠ ᠪᠠᠳᠠᠷᠠᠭᠤᠯᠵᠤ᠂ ᠳᠠᠷᠤᠭ᠎ᠠ ᠪᠠᠶᠢᠯᠳᠤᠭᠴᠢᠳ ᠤᠨ ᠰᠣᠶᠣᠯ ᠤᠩᠰᠢᠬᠤ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ 6 ᠰᠠᠷ᠎ᠠ ᠶᠢᠨ 16 ᠤ ᠦᠳᠡ ᠶᠢᠨ ᠡᠮᠦᠨ᠎ᠡ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠᠨ ᠫᠢᠩ᠂ ᠬᠡᠰᠡᠭ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠲᠣᠭᠤᠷᠢᠭ ᠲᠤ ᠰᠠᠭᠤᠭ᠎ᠠ ᠨᠢᠭᠡᠨ ᠴᠡᠷᠢᠭ ᠠᠩᠭᠢ ᠳᠤ ᠬᠦᠷᠴᠦ᠂ ︽ᠪᠢᠴᠢᠭ ᠢ ᠴᠡᠷᠢᠭ ᠤᠨ ᠬᠤᠸᠠᠷᠠᠨ ᠳᠤ ᠬᠦᠷᠭᠡᠬᠦ︾ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ᠃
     ᠠᠵᠢᠯᠯᠠᠭᠠᠨ ᠤ ᠳᠤᠮᠳᠠ᠂ ᠸᠠᠩ ᠵᠢᠶᠠᠨ ᠫᠢᠩ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠴᠡᠷᠢᠭ ᠠᠩᠭᠢ ᠶᠢᠨ ᠪᠠᠶᠢᠭᠤᠯᠤᠯᠲᠠ᠂ ᠴᠡᠷᠢᠭ ᠤᠨ ᠶᠠᠪᠤᠳᠠᠯ ᠤᠨ ᠪᠣᠯᠪᠠᠰᠤᠷᠠᠯ᠂ ᠳᠠᠷᠤᠭ᠎ᠠ ᠪᠠᠶᠢᠯᠳᠤᠭᠴᠢ ᠶᠢᠨ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠳ᠋ᠦᠩ ᠡᡁᠸ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠵᠤ᠂ ᠰᠠᠭᠤᠭ᠎ᠠ ᠭᠠᠵᠠᠷ ᠤᠨ ᠴᠡᠷᠢᠭ ᠠᠩᠭᠢ ᠶᠢᠨ ᠪᠠᠶᠢᠭᠤᠯᠤᠯᠲᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠲᠡᠮᠵᠢᠵᠤ᠂ ᠨᠢᠭᠡ ᠰᠡᠳᠬᠢᠯ ᠨᠢᠭᠡ ᠵᠣᠷᠢᠭ ᠢᠶᠠᠷ ᠨᠢᠭᠲᠠ ᠭᠠᠷ ᠬᠤᠯᠪᠣᠯᠴᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠪᠠᠷ ᠴᠢᠷᠮᠠᠶᠢᠨ᠎ᠠ ᠭᠡᠵᠦ ᠢᠯᠡᠳᠬᠡᠪᠡ᠃
     ᠲᠣᠬᠤᠨᠢᠭᠤᠯᠬᠤ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠠᠯᠠᠭᠤᠨ  ᠠᠴᠠ ᠰᠡᠷᠭᠡᠶᠢᠯᠡᠵᠦ ᠬᠠᠯᠠᠭᠤᠨ  ᠢ ᠪᠠᠭᠤᠷᠠᠭᠤᠯᠬᠤ ᠬᠡᠷᠡᠭᠰᠡᠯ ᠪᠣᠯᠣᠨ ᠤᠳᠬ᠎ᠠ ᠵᠣᠬᠢᠶᠠᠯ᠂ ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠡᠯ᠎ᠡ ᠲᠥᠷᠥᠯ ᠤᠨ ᠨᠣᠮ ᠪᠢᠴᠢᠭ  ᠢ 100 ᠭᠠᠷᠤᠢ ᠳᠡᠪᠲᠡᠷ ᠪᠡᠯᠡᠭᠯᠡᠨ ᠬᠦᠷᠭᠡᠵᠦ᠂ ᠴᠡᠷᠢᠭ ᠠᠩᠭᠢ  ᠶᠢᠨ ᠳᠠᠷᠤᠭ᠎ᠠ ᠪᠠᠶᠢᠯᠳᠤᠭᠴᠢᠳ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠯᠠᠮᠵᠢᠯᠠᠯ ᠪᠣᠯᠣᠨ ᠢᠷᠦᠭᠡᠯ ᠳᠡᠪᠰᠢᠭᠦᠯᠵᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1