ᠳ᠋ᠦᠩ ᠾᠧ ᠲᠣᠭᠤᠷᠢᠭ ︽ᠳ᠋ᠦᠩ ᠾᠧ ᠲᠣᠭᠤᠷᠢᠭ ᠤᠨ ᠳᠣᠯᠣᠳᠤᠭᠠᠷ ᠪᠦᠯᠦᠭ ᠤᠨ ᠣᠷᠣᠨ ᠤ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠵᠢᠴᠢ ᠳ᠋ᠦᠩ ᠾᠧ ᠲᠣᠭᠤᠷᠢᠭ ᠤᠨ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢᠨ | ᠮᠡᠳᠡᠭᠳᠡᠯ︾ ᠢ ᠨᠡᠶᠢᠲᠡᠯᠡᠪᠡ᠂ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠠᠶᠢᠯᠪᠤᠷᠢᠯᠠᠶ᠎ᠠ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠪᠠ ᠪᠤᠭᠤᠲᠤ ᠬᠤᠲᠠ ᠶᠢᠨ ᠰᠣᠶᠣᠯ ᠪᠠ | ᠵᠢᠭᠤᠯᠴᠢᠯᠠᠯ ᠤᠨ ᠳᠠᠷᠠᠭᠠᠬᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠨ᠂ 2023 ᠣᠨ ᠳᠤ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ | ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠪᠦᠬᠦ ᠣᠷᠣᠨ ᠤ ᠬᠡᠪᠴᠢᠶᠡᠨ ᠳᠤ ᠳᠣᠯᠣᠳᠤᠭᠠᠷ ᠪᠦᠯᠦᠭ ᠤᠨ ᠳ᠋ᠦᠩ | ᠾᠧ ᠲᠣᠭᠤᠷᠢᠭ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ | ᠪᠣᠯᠣᠨ ᠤᠯᠠᠮᠵᠢᠯᠠᠭᠴᠢ ᠶᠢ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ ᠠᠵᠢᠯ ᠢ ᠥᠷᠨᠢᠭᠦᠯᠵᠡᠢ᠃ | ᠭᠤᠣᠯ ᠠᠭᠤᠯᠭ᠎ᠠ ᠶᠢ ᠲᠥᠷᠥᠯ ᠵᠦᠢᠯ ᠤᠨ ᠬᠠᠮᠠᠭᠠᠯᠠᠯᠲᠠ ᠶᠢᠨ ᠨᠢᠭᠡᠴᠡ ᠠᠴᠠ ᠰᠠᠨᠠᠭᠠᠴᠢᠯᠠᠭ᠎ᠠ ᠠᠴᠠ ᠪᠠᠨ | ᠮᠡᠳᠡᠭᠦᠯᠵᠦ᠂ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ ᠲᠣᠭᠤᠷᠢᠭ ᠤᠨ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠠᠵᠢᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠲᠠᠨᠢᠯᠴᠠᠭᠤᠯᠵᠤ | ᠮᠡᠳᠡᠭᠦᠯᠬᠦ ᠨᠥᠬᠦᠴᠡᠯ ᠤᠨ ᠪᠣᠳᠠᠲᠠᠢ ᠱᠠᠭᠠᠷᠳᠠᠯᠭ᠎ᠠ ᠶᠢ ᠦᠨᠳᠦᠰᠦᠯᠡᠨ ᠬᠢᠨᠠᠨ ᠰᠢᠯᠭᠠᠷᠠᠭᠤᠯᠵᠤ᠂ ᠨᠡᠶᠢᠭᠡᠮ | ᠨᠡᠶᠢᠲᠡ ᠳᠤ ᠬᠠᠨᠳᠤᠭᠤᠯᠤᠨ ᠢᠯᠡ ᠨᠡᠶᠢᠲᠡᠯᠡᠬᠦ ᠵᠡᠷᠭᠡ ᠠᠵᠢᠯ ᠢ ᠬᠢᠭᠰᠡᠨ ᠤ ᠳᠠᠷᠠᠭ᠎ᠠ᠂ ᠣᠲᠣ ᠪᠠᠶᠢᠭ᠎ᠠ ᠨᠡᠶᠢᠭᠡᠮ ᠤᠨ | ᠭᠠᠯ ᠴᠢᠷᠠᠢ ᠶᠢᠨ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ 7 ᠲᠥᠯᠥᠭᠡᠯᠡᠬᠦ ᠴᠢᠨᠠᠷᠲᠠᠢ ᠵᠦᠢᠯᠡᠰ ᠢ | ᠳᠣᠯᠣᠳᠤᠭᠠᠷ ᠪᠦᠯᠦᠭ ᠤᠨ ᠳ᠋ᠦᠩ ᠾᠧ ᠲᠣᠭᠤᠷᠢᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠢ ᠵᠦᠢᠯᠡᠰ ᠢᠶᠠᠷ ᠲᠣᠭᠲᠠᠭᠠᠵᠤ᠂ ᠯᠢᠦᠢ ᠰᠢ ᠹᠧᠩ ᠵᠡᠷᠭᠡ ᠪᠣᠳᠠᠰ ᠤᠨ ᠪᠤᠰᠤ ᠰᠣᠶᠣᠯ ᠤᠨ | ᠥᠪ ᠤᠨ 16 ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢ ᠳᠣᠯᠣᠳᠤᠭᠠᠷ ᠪᠦᠯᠦᠭ ᠤᠨ ᠳ᠋ᠦᠩ ᠾᠧ | ᠲᠣᠭᠤᠷᠢᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ | ᠵᠠᠯᠭᠠᠮᠵᠢᠯᠠᠭᠴᠢ ᠪᠠᠷ ᠲᠣᠭᠲᠠᠭᠠᠵᠠᠢ᠃ | ᠬᠢᠲᠠᠳ ᠪᠢᠴᠢᠭ ᠮᠠᠲ᠋ᠧᠷᠢᠶᠠᠯ᠄ http://www.donghe.gov. | cn/zfxxgkml/24987516.jhtml | | | |