ᠳ᠋ᠦᠩ ᠾᠧ ᠎ ᠶᠢᠨ ᠪᠣᠳᠠᠰ ᠤᠨ ᠪᠤᠰᠤ ᠰᠣᠶᠣᠯ ᠤᠨ ᠥᠪ ᠳᠡᠯᠡᠬᠡᠢ ᠳᠤ ᠬᠠᠨᠳᠤᠬᠤ
ᠨᠡᠶᠢᠲᠡᠯᠡᠭᠰᠡᠨ ᠴᠠᠭ᠄
2023/7/26
ᠳ᠋ᠦᠩ ᠾᠧ  ᠎ ᠶᠢᠨ ᠪᠣᠳᠠᠰ ᠤᠨ ᠪᠤᠰᠤ ᠰᠣᠶᠣᠯ ᠤᠨ ᠥᠪ ᠳᠡᠯᠡᠬᠡᠢ ᠳᠤ ᠬᠠᠨᠳᠤᠬᠤ      ᠤᠷᠢᠬᠠᠨ ᠬᠠᠪᠤᠷ ᠤᠨ 4 ᠰᠠᠷ᠎ᠠ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠤᠯᠠᠮᠵᠢᠯᠠᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ ᠰᠣᠶᠣᠯ ᠪᠠ ᠵᠤᠭᠠᠴᠠᠯ ᠤᠨ ᠶᠠᠮᠤᠨ ᠤ ᠵᠢᠯᠣᠭᠤᠳᠤᠯᠭ᠎ᠠ ᠳᠣᠣᠷ᠎ᠠ᠂︽ᠳᠤᠮᠳᠠᠳᠤ ᠤᠯᠤᠰ ᠤᠨ ᠰᠣᠶᠣᠯ ᠪᠠ ᠵᠤᠭᠠᠴᠠᠯ ᠤᠨ ip ᠡᠷᠬᠡ ᠣᠯᠭᠤᠬᠤ ᠰᠢᠷᠢᠰ ᠠᠵᠢᠯᠯᠠᠭ᠎ᠠ︾ᠳᠤᠮᠳᠠᠬᠢ ᠰᠢᠶᠠᠩᠭᠠᠩ ᠤᠨ ᠤᠯᠠᠨ ᠤᠯᠤᠰ ᠤᠨ ᠡᠷᠬᠡ ᠣᠯᠭᠤᠬᠤ ᠦᠵᠡᠰᠬᠦᠯᠡᠩ︽ᠳᠤᠮᠳᠠᠳᠤ ᠤᠯᠤᠰ ᠤᠨ ᠳᠣᠲᠣᠷ᠎ᠠ ᠭᠠᠵᠠᠷ ᠤᠨ ᠣᠷᠳᠣᠨ︾᠂ ᠰᠢᠶᠠᠩᠭᠠᠩ ᠤᠨ ᠪᠡᠯᠡᠭ ᠰᠡᠯᠲᠡ ᠵᠢᠴᠢ ᠪᠡᠯᠡᠭ ᠤᠨ ᠡᠳ᠋ ᠤᠨ ᠦᠵᠡᠰᠬᠦᠯᠡᠩ︽ᠳᠤᠮᠳᠠᠳᠤ ᠤᠯᠤᠰ ᠤᠨ ᠰᠣᠶᠣᠯ ᠤᠨ ᠦᠵᠡᠰᠬᠦᠯᠡᠩ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠣᠷᠳᠣᠨ︾ᠰᠢᠶᠠᠩᠭᠠᠩ ᠤᠨ ᠬᠤᠷᠠᠯ ᠤᠨ ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ᠳ᠋ᠦᠩ ᠾᠧ ᠶᠢᠨ ᠰᠣᠶᠣᠯ ᠵᠤᠭᠠᠴᠠᠯ ᠤᠨ ᠪᠦᠯᠦᠭᠯᠡᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠤᠷ ᠤᠨ ᠭᠠᠭᠴᠠ ᠦᠵᠡᠰᠬᠦᠯᠡᠩ ᠳᠤ ᠣᠷᠣᠯᠴᠠᠬᠤ ᠨᠢᠭᠡᠴᠡ ᠪᠣᠯᠤᠭᠰᠠᠨ ᠤ ᠬᠤᠪᠢ ᠳᠤ᠂︽ᠳᠣᠷᠣᠨᠠᠳᠠᠬᠢᠨ ᠤ ᠰᠤᠪᠤᠳ︾ᠰᠢᠶᠠᠩᠭᠠᠩ ᠤᠨ ᠰᠢᠯᠢᠳᠡᠭ ᠤᠯᠠᠨ ᠤᠯᠤᠰ ᠤᠨ ᠰᠣᠶᠣᠯ ᠠᠷᠠᠯᠵᠢᠶᠠᠨ ᠤ ᠲᠠᠪᠴᠠᠩ ᠢ ᠠᠰᠢᠭᠯᠠᠵᠤ᠂ ᠳ᠋ᠦᠩ ᠾᠧ ᠶᠢᠨ ᠪᠣᠳᠠᠰ ᠤᠨ ᠪᠤᠰᠤ ᠰᠣᠶᠣᠯ ᠤᠨ ᠥᠪ ᠢ ᠳᠠᠭᠠᠭᠤᠯᠤᠨ ᠰᠢᠶᠠᠩᠭᠠᠩ ᠳᠤ ᠬᠦᠷᠴᠦ᠂ ᠳᠡᠯᠡᠬᠡᠢ ᠳ᠋ᠠᠬᠢᠨ ᠳᠤ ᠬᠠᠨᠳᠤᠪᠠ᠃      ᠰᠢᠶᠠᠩᠭᠠᠩ ᠤᠨ ᠪᠡᠯᠡᠭ ᠤᠨ ᠡᠳ᠋ ᠵᠢᠴᠢ ᠪᠡᠯᠡᠭ ᠤᠨ ᠡᠳ᠋ ᠤᠨ ᠦᠵᠡᠭᠦᠯᠦᠯᠭᠡ ︽ᠳᠤᠮᠳᠠᠳᠤ ᠤᠯᠤᠰ ᠤᠨ ᠰᠣᠶᠣᠯ ᠤᠨ ᠦᠵᠡᠰᠬᠦᠯᠡᠩ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠣᠷᠳᠣᠨ︾᠎ ᠨᠢ ᠲᠣᠰ ᠤᠳᠠᠭᠠᠨ ᠤ ᠰᠢᠷᠢᠰ ᠠᠵᠢᠯᠯᠠᠭ᠎ᠠ ᠶᠢᠨ ᠭᠤᠣᠯ ᠠᠭᠤᠯᠭ᠎ᠠ ᠪᠣᠯᠤᠭᠰᠠᠨ ᠤ ᠬᠤᠪᠢ ᠳᠤ ᠬᠥᠮᠥᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠂ ᠲᠣᠰ ᠦᠵᠡᠭᠦᠯᠦᠯᠭᠡ ᠪᠣᠯ ᠪᠥᠬᠦ ᠳᠡᠯᠡᠬᠡᠢ ᠶᠢᠨ ᠬᠡᠪᠴᠢᠶᠡᠨ ᠳᠤ ᠬᠡᠪᠴᠢᠶ᠎ᠡ ᠪᠠᠷ ᠬᠠᠮᠤᠭ ᠤᠨ ᠶᠡᠭᠡ ᠪᠡᠯᠡᠭ ᠤᠨ ᠡᠳ᠋ ᠤᠨ ᠦᠵᠡᠭᠦᠯᠦᠯᠭᠡ ᠮᠥᠨ᠂ ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭ ᠠᠳᠡ ᠬᠤᠷᠠᠨ ᠴᠤᠭᠯᠠᠷᠠᠵᠤ᠂ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠪᠠᠶᠢᠷᠢ ᠶᠢᠨ ᠲᠠᠷᠬᠠᠯᠲᠠ ᠡᠮᠬᠢ ᠳᠢᠭᠯᠢᠮ ᠲᠠᠢ ᠪᠠᠶᠢᠵᠤ᠂ ᠲᠠᠯᠠᠪᠤᠷ ᠤᠨ ᠳᠡᠯᠭᠡᠯᠲᠡ ᠶᠢᠨ ᠪᠠᠶᠢᠷᠢᠯᠠᠭᠤᠯᠤᠯᠲᠠ ᠶᠢᠨ ᠠᠭᠤᠷ ᠠᠮᠢᠰᠬᠤᠯ ᠥᠳᠬᠡᠨ ᠪᠠᠶᠢᠵᠤ᠂ ᠨᠠᠭᠠᠰᠢ ᠴᠠᠭᠠᠰᠢ ᠳᠡᠯᠭᠡᠨ ᠦᠵᠡᠭᠦᠯᠬᠦ ᠬᠥᠮᠥᠰ ᠲᠠᠰᠤᠷᠠᠯᠲᠠ ᠦᠭᠡᠢ ᠣᠯᠠᠰᠢᠷᠠᠵᠤ ᠪᠠᠶᠢᠨ᠎ᠠ᠃
     ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ ᠭᠠᠳᠠᠷ ᠦᠵᠡᠮᠵᠢ ᠶᠢᠨ ᠦᠵᠡᠭᠦᠯᠦᠯᠭᠡ ᠶᠢᠨ ᠬᠥᠮᠥᠰ ᠮᠠᠰᠢ ᠤᠯᠠᠨ ᠪᠠᠶᠢᠵᠤ᠂ ᠳ᠋ᠦᠩ ᠾᠧ ᠲᠣᠭᠤᠷᠢᠭ ᠤᠨ ᠦᠵᠡᠭᠦᠯᠦᠯᠭᠡ ᠶᠢᠨ ᠡᠮᠦᠨ᠎ᠡ ᠬᠤᠶᠢᠨ᠎ᠠ ᠬᠤᠶᠢᠨ᠎ᠠ ᠠᠴᠠ ᠪᠠᠨ ᠵᠣᠭᠰᠣᠵᠤ᠂ ᠳ᠋ᠦᠩ ᠾᠧ ᠲᠣᠭᠤᠷᠢᠭ ᠤᠨ ᠥᠪᠡᠷᠮᠢᠴᠡ ᠰᠣᠶᠣᠯ ᠵᠤᠭᠠᠴᠠᠯ ᠤᠨ ᠪᠦᠲᠦᠭᠡᠭᠳᠡᠬᠦᠨ ᠢ ᠣᠶᠢᠯᠠᠭᠠᠨ ᠰᠣᠨᠢᠷᠬᠠᠪᠠ᠃ᠯᠢᠦ ᠾᠧ ᠳᠡᠷ᠎ᠡ᠂ ᠲᠠᠯ᠎ᠠ ᠨᠤᠲᠤᠭ ᠤᠨ ᠤᠯᠠᠮᠵᠢᠯᠠᠯᠲᠤ ᠬᠤᠨᠢᠨ ᠥᠭᠡᠬᠦ ᠰᠠᠪᠤᠩ᠂ ᠱᠢ ᠶᠤᠸᠠᠢ ᠶᠢᠨ ᠴᠠᠭᠠᠰᠤᠨ ᠬᠠᠶᠢᠴᠢᠯᠠᠮᠠᠯ᠂ ᠳ᠋ᠧ ᠵᠢᠢ ᠰᠢᠬᠢᠷ ᠵᠢᠮᠢᠰ ᠤᠨ ᠫᠦᠰᠡ᠂ ᠰᠢᠦᠢ ᠣᠪᠣᠭᠲᠤ ᠶᠢᠨ ᠭᠦᠢᠯᠡᠰᠦ ᠵᠡᠷᠭᠡ ᠣᠷᠣᠨ ᠨᠤᠲᠤᠭ ᠤᠨ ᠪᠠ ᠦᠨᠳᠦᠰᠦᠲᠡᠨ ᠤ ᠣᠨᠴᠠᠯᠢᠭ ᠪᠦᠬᠦᠢ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠠᠪᠴᠠᠩ ᠨᠢ ᠳ᠋ᠦᠩ ᠾᠧ ᠲᠣᠭᠤᠷᠢᠭ ᠤᠨ ᠥᠪ ᠬᠥᠷᠥᠩᠭᠡ ᠶᠢᠨ ᠪᠤᠰᠤ ᠪᠦᠲᠦᠭᠡᠭᠳᠡᠬᠦᠨ ᠤ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ᠰᠣᠶᠣᠯ ᠵᠤᠭᠠᠴᠠᠯ ᠤᠨ ᠶᠠᠮᠤᠨ ᠤ ᠰᠢᠶᠠᠩᠭᠠᠩ ᠣᠣᠮᠧᠨ ᠲᠠᠶᠢᠸᠠᠨ ᠤ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠺᠦᠩ ᠯᠦᠨ᠂ ᠵᠦᠩ ᠴᠤᠸᠠᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠳᠤᠮᠳᠠᠳᠤ ᠤᠯᠤᠰ ᠤᠨ ᠰᠣᠶᠣᠯ ᠰᠣᠨᠢᠨ ᠤ ᠬᠤᠷᠢᠶ᠎ᠠ ᠶᠢᠨ ᠳᠠᠷᠤᠭ᠎ᠠ ᠯᠢᠦ ᠴᠢᠶᠠᠩ᠂ ᠰᠢᠶᠠᠩᠭᠠᠩ ᠤᠨ ᠠᠷᠠᠯᠵᠢᠶᠠᠨ ᠤ ᠬᠥᠭᠵᠢᠭᠦᠯᠦᠯᠲᠡ ᠶᠢᠨ ᠲᠣᠪᠴᠢᠶ᠎ᠠ ᠶᠢᠨ ᠳᠡᠳ᠋ ᠶᠡᠷᠦᠩᠬᠡᠢ ᠵᠠᠬᠢᠷᠤᠭᠴᠢ ᠵᠠᠩ ᠱᠣ ᠹᠥ᠋ᠨ᠂ ᠠᠽᠢᠶ᠎ᠠ ᠲᠢᠪ ᠤᠨ ᠵᠤᠭᠠᠴᠠᠯ ᠤᠨ ᠰᠣᠯᠢᠯᠴᠠᠭᠠᠨ ᠤ ᠲᠥᠪ ᠤᠨ ᠡᠷᠬᠢᠯᠡᠭᠴᠢ ᠵᠠᠩ ᠳ᠋ᠦᠩ ᠵᠡᠷᠭᠡ ᠤᠳᠤᠷᠢᠳᠤᠯᠭ᠎ᠠ ᠮᠠᠨ ᠤ ᠣᠷᠣᠨ ᠤ ᠣᠨᠴᠠᠯᠢᠭ ᠢᠶᠠᠷ ᠢᠯᠡ ᠲᠣᠳᠣ ᠳᠡᠯᠭᠡᠨ ᠦᠵᠡᠭᠦᠯᠦᠯᠭᠡ᠂ ᠨᠢᠳᠦ ᠳᠦᠭᠦᠷᠡᠩ ᠪᠦᠲᠦᠭᠡᠭᠳᠡᠬᠦᠨ ᠢ ᠮᠠᠭᠲᠠᠭᠠᠳ ᠪᠠᠷᠠᠰᠢ ᠦᠭᠡᠢ ᠪᠠᠶᠢᠯ᠎ᠠ᠃
     ᠲᠤᠰ ᠤᠳᠠᠭ᠎ᠠ ᠶᠢᠨ ᠠᠵᠢᠯᠯᠠᠭ᠎ᠠ ᠨᠢ ᠵᠠᠰᠠᠭ ᠵᠠᠬᠢᠷᠭ᠎ᠠ᠂ ᠠᠵᠤ ᠠᠬᠤᠶᠢᠯᠠᠯ ᠭᠠᠷ ᠬᠤᠯᠪᠣᠨ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠵᠢᠷᠤᠭᠯᠠᠵᠠᠢ᠃ᠳ᠋ᠦᠩ ᠡᡁᠸ ᠰᠣᠶᠣᠯ ᠵᠤᠭᠠᠴᠠᠯ ᠤᠨ ᠦᠢᠯᠡᠰ ᠬᠦᠴᠦᠨ ᠴᠢᠳᠠᠯ ᠢᠶᠠᠨ ᠬᠤᠷᠠᠮᠳᠤᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠢᠶᠠᠩᠭᠠᠩ ᠭᠡᠬᠦ ᠡᠨᠡᠬᠦ ᠰᠢᠯᠢᠳᠡᠭ ᠤᠯᠠᠨ ᠤᠯᠤᠰ ᠤᠨ ᠰᠣᠶᠣᠯ ᠠᠷᠠᠯᠵᠢᠶ᠎ᠠ ᠬᠤᠳᠠᠯᠳᠤᠭᠠᠨ ᠤ ᠲᠠᠪᠴᠠᠩ ᠢ ᠠᠰᠢᠭᠯᠠᠵᠤ᠂ ᠰᠢᠯᠢᠳᠡᠭ ᠰᠣᠶᠣᠯ ᠵᠤᠭᠠᠴᠠᠯ ᠤᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠪ ᠤᠨ ᠪᠤᠰᠤ ᠪᠦᠲᠦᠭᠡᠭᠳᠡᠬᠦᠨ ᠢ ᠥᠷᠭᠡᠨ ᠠᠭᠤᠳᠠᠮ ᠤᠯᠠᠨ ᠤᠯᠤᠰ ᠤᠨ ᠵᠠᠬ᠎ᠠ ᠳᠡᠯᠭᠡᠭᠦᠷ ᠲᠤ ᠨᠡᠩ ᠭᠦᠨᠵᠡᠭᠡᠢ ᠣᠷᠣᠭᠤᠯᠬᠤ ᠶᠢ ᠳᠡᠯᠭᠡᠷᠡᠭᠦᠯᠦᠨ᠎ᠡ᠃      ᠤᠷᠢᠬᠠᠨ ᠬᠠᠪᠤᠷ ᠤᠨ 4 ᠰᠠᠷ᠎ᠠ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠤᠯᠠᠮᠵᠢᠯᠠᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ ᠰᠣᠶᠣᠯ ᠪᠠ ᠵᠤᠭᠠᠴᠠᠯ ᠤᠨ ᠶᠠᠮᠤᠨ ᠤ ᠵᠢᠯᠣᠭᠤᠳᠤᠯᠭ᠎ᠠ ᠳᠣᠣᠷ᠎ᠠ᠂︽ᠳᠤᠮᠳᠠᠳᠤ ᠤᠯᠤᠰ ᠤᠨ ᠰᠣᠶᠣᠯ ᠪᠠ ᠵᠤᠭᠠᠴᠠᠯ ᠤᠨ ip ᠡᠷᠬᠡ ᠣᠯᠭᠤᠬᠤ ᠰᠢᠷᠢᠰ ᠠᠵᠢᠯᠯᠠᠭ᠎ᠠ︾ᠳᠤᠮᠳᠠᠬᠢ ᠰᠢᠶᠠᠩᠭᠠᠩ ᠤᠨ ᠤᠯᠠᠨ ᠤᠯᠤᠰ ᠤᠨ ᠡᠷᠬᠡ ᠣᠯᠭᠤᠬᠤ ᠦᠵᠡᠰᠬᠦᠯᠡᠩ︽ᠳᠤᠮᠳᠠᠳᠤ ᠤᠯᠤᠰ ᠤᠨ ᠳᠣᠲᠣᠷ᠎ᠠ ᠭᠠᠵᠠᠷ ᠤᠨ ᠣᠷᠳᠣᠨ︾᠂ ᠰᠢᠶᠠᠩᠭᠠᠩ ᠤᠨ ᠪᠡᠯᠡᠭ ᠰᠡᠯᠲᠡ ᠵᠢᠴᠢ ᠪᠡᠯᠡᠭ ᠤᠨ ᠡᠳ᠋ ᠤᠨ ᠦᠵᠡᠰᠬᠦᠯᠡᠩ︽ᠳᠤᠮᠳᠠᠳᠤ ᠤᠯᠤᠰ ᠤᠨ ᠰᠣᠶᠣᠯ ᠤᠨ ᠦᠵᠡᠰᠬᠦᠯᠡᠩ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠣᠷᠳᠣᠨ︾4 ᠰᠠᠷ᠎ᠠ ᠶᠢᠨ 19 ᠋ ᠤ ᠡᠳᠦᠷ ᠰᠢᠶᠠᠩᠭᠠᠩ ᠤᠨ ᠬᠤᠷᠠᠯ ᠤᠨ ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ᠳ᠋ᠦᠩ ᠾᠧ ᠶᠢᠨ ᠰᠣᠶᠣᠯ ᠵᠤᠭᠠᠴᠠᠯ ᠤᠨ ᠪᠦᠯᠦᠭᠯᠡᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠤᠷ ᠤᠨ ᠭᠠᠭᠴᠠ ᠦᠵᠡᠰᠬᠦᠯᠡᠩ ᠳᠤ ᠣᠷᠣᠯᠴᠠᠬᠤ ᠨᠢᠭᠡᠴᠡ ᠪᠣᠯᠤᠭᠰᠠᠨ ᠤ ᠬᠤᠪᠢ ᠳᠤ᠂︽ᠳᠣᠷᠣᠨᠠᠳᠠᠬᠢᠨ ᠤ ᠰᠤᠪᠤᠳ︾ᠰᠢᠶᠠᠩᠭᠠᠩ ᠤᠨ ᠰᠢᠯᠢᠳᠡᠭ ᠤᠯᠠᠨ ᠤᠯᠤᠰ ᠤᠨ ᠰᠣᠶᠣᠯ ᠠᠷᠠᠯᠵᠢᠶᠠᠨ ᠤ ᠲᠠᠪᠴᠠᠩ ᠢ ᠠᠰᠢᠭᠯᠠᠵᠤ᠂ ᠳ᠋ᠦᠩ ᠾᠧ ᠶᠢᠨ ᠪᠣᠳᠠᠰ ᠤᠨ ᠪᠤᠰᠤ ᠰᠣᠶᠣᠯ ᠤᠨ ᠥᠪ ᠢ ᠳᠠᠭᠠᠭᠤᠯᠤᠨ ᠰᠢᠶᠠᠩᠭᠠᠩ ᠳᠤ ᠬᠦᠷᠴᠦ᠂ ᠳᠡᠯᠡᠬᠡᠢ ᠳ᠋ᠠᠬᠢᠨ ᠳᠤ ᠬᠠᠨᠳᠤᠪᠠ᠃      ᠰᠢᠶᠠᠩᠭᠠᠩ ᠤᠨ ᠪᠡᠯᠡᠭ ᠤᠨ ᠡᠳ᠋ ᠵᠢᠴᠢ ᠪᠡᠯᠡᠭ ᠤᠨ ᠡᠳ᠋ ᠤᠨ ᠦᠵᠡᠭᠦᠯᠦᠯᠭᠡ ︽ᠳᠤᠮᠳᠠᠳᠤ ᠤᠯᠤᠰ ᠤᠨ ᠰᠣᠶᠣᠯ ᠤᠨ ᠦᠵᠡᠰᠬᠦᠯᠡᠩ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠣᠷᠳᠣᠨ︾᠎ ᠨᠢ ᠲᠣᠰ ᠤᠳᠠᠭᠠᠨ ᠤ ᠰᠢᠷᠢᠰ ᠠᠵᠢᠯᠯᠠᠭ᠎ᠠ ᠶᠢᠨ ᠭᠤᠣᠯ ᠠᠭᠤᠯᠭ᠎ᠠ ᠪᠣᠯᠤᠭᠰᠠᠨ ᠤ ᠬᠤᠪᠢ ᠳᠤ ᠬᠥᠮᠥᠰ ᠤᠨ ᠠᠩᠬᠠᠷᠤᠯ ᠢ ᠶᠡᠬᠡᠳᠡ ᠲᠠᠲᠠᠵᠤ ᠪᠣᠶ᠂ ᠲᠣᠰ ᠦᠵᠡᠭᠦᠯᠦᠯᠭᠡ ᠪᠣᠯ ᠪᠥᠬᠦ ᠳᠡᠯᠡᠬᠡᠢ ᠶᠢᠨ ᠬᠡᠪᠴᠢᠶᠡᠨ ᠳᠤ ᠬᠡᠪᠴᠢᠶ᠎ᠡ ᠪᠠᠷ ᠬᠠᠮᠤᠭ ᠤᠨ ᠶᠡᠭᠡ ᠪᠡᠯᠡᠭ ᠤᠨ ᠡᠳ᠋ ᠤᠨ ᠦᠵᠡᠭᠦᠯᠦᠯᠭᠡ ᠮᠥᠨ᠂ ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭ ᠠᠳᠡ ᠬᠤᠷᠠᠨ ᠴᠤᠭᠯᠠᠷᠠᠵᠤ᠂ ᠲᠤᠬᠠᠢ ᠶᠢᠨ ᠲᠠᠯᠠᠪᠤᠷ ᠤᠨ ᠳᠡᠯᠭᠡᠨ ᠦᠵᠡᠭᠦᠯᠬᠦ ᠪᠠᠶᠢᠷᠢ ᠶᠢᠨ ᠲᠠᠷᠬᠠᠯᠲᠠ ᠡᠮᠬᠢ ᠳᠢᠭᠯᠢᠮ ᠲᠠᠢ ᠪᠠᠶᠢᠵᠤ᠂ ᠲᠠᠯᠠᠪᠤᠷ ᠤᠨ ᠳᠡᠯᠭᠡᠨ ᠦᠵᠡᠭᠦᠯᠦᠯᠭᠡ ᠶᠢᠨ ᠪᠠᠶᠢᠷᠢᠯᠠᠭᠤᠯᠤᠯᠲᠠ ᠶᠢᠨ ᠠᠭᠤᠷ ᠠᠮᠢᠰᠬᠤᠯ ᠢᠶᠠᠷ ᠥᠳᠬᠡᠨ ᠪᠠᠶᠢᠵᠤ᠂ ᠨᠠᠭᠠᠰᠢ ᠴᠠᠭᠠᠰᠢ ᠳᠡᠯᠭᠡᠨ ᠦᠵᠡᠭᠦᠯᠬᠦ ᠬᠥᠮᠥᠰ ᠵᠠᠯᠭᠠᠭ᠎ᠠ ᠪᠠᠷ ᠣᠯᠠᠰᠢᠷᠠᠵᠤ ᠪᠠᠶᠢᠨ᠎ᠠ᠃
     ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ ᠭᠠᠳᠠᠷ ᠦᠵᠡᠮᠵᠢ ᠶᠢᠨ ᠦᠵᠡᠭᠦᠯᠦᠯᠭᠡ ᠶᠢᠨ ᠬᠥᠮᠥᠰ ᠮᠠᠰᠢ ᠤᠯᠠᠨ ᠪᠠᠶᠢᠵᠤ᠂ ᠳ᠋ᠦᠩ ᠾᠧ ᠲᠣᠭᠤᠷᠢᠭ ᠤᠨ ᠦᠵᠡᠭᠦᠯᠦᠯᠭᠡ ᠶᠢᠨ ᠡᠮᠦᠨ᠎ᠡ ᠬᠤᠶᠢᠨ᠎ᠠ ᠬᠤᠶᠢᠨ᠎ᠠ ᠠᠴᠠ ᠪᠠᠨ ᠵᠣᠭᠰᠣᠵᠤ᠂ ᠳ᠋ᠦᠩ ᠾᠧ ᠲᠣᠭᠤᠷᠢᠭ ᠤᠨ ᠥᠪᠡᠷᠮᠢᠴᠡ ᠰᠣᠶᠣᠯ ᠵᠤᠭᠠᠴᠠᠯ ᠤᠨ ᠪᠦᠲᠦᠭᠡᠭᠳᠡᠬᠦᠨ ᠢ ᠣᠶᠢᠯᠠᠭᠠᠨ ᠰᠣᠨᠢᠷᠬᠠᠪᠠ᠃ᠯᠢᠦ ᠾᠧ ᠳᠡᠷ᠎ᠡ᠂ ᠲᠠᠯ᠎ᠠ ᠨᠤᠲᠤᠭ ᠤᠨ ᠤᠯᠠᠮᠵᠢᠯᠠᠯᠲᠤ ᠬᠤᠨᠢᠨ ᠥᠭᠡᠬᠦ ᠰᠠᠪᠤᠩ᠂ ᠱᠢ ᠶᠤᠸᠠᠢ ᠶᠢᠨ ᠴᠠᠭᠠᠰᠤᠨ ᠬᠠᠶᠢᠴᠢᠯᠠᠮᠠᠯ᠂ ᠳ᠋ᠧ ᠵᠢᠢ ᠰᠢᠬᠢᠷ ᠵᠢᠮᠢᠰ ᠤᠨ ᠫᠦᠰᠡ᠂ ᠰᠢᠦᠢ ᠣᠪᠣᠭᠲᠤ ᠶᠢᠨ ᠭᠦᠢᠯᠡᠰᠦ ᠵᠡᠷᠭᠡ ᠣᠷᠣᠨ ᠨᠤᠲᠤᠭ ᠤᠨ ᠪᠠ ᠦᠨᠳᠦᠰᠦᠲᠡᠨ ᠤ ᠣᠨᠴᠠᠯᠢᠭ ᠪᠦᠬᠦᠢ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠠᠪᠴᠠᠩ ᠨᠢ ᠳ᠋ᠦᠩ ᠾᠧ ᠲᠣᠭᠤᠷᠢᠭ ᠤᠨ ᠥᠪ ᠬᠥᠷᠥᠩᠭᠡ ᠶᠢᠨ ᠪᠤᠰᠤ ᠪᠦᠲᠦᠭᠡᠭᠳᠡᠬᠦᠨ ᠤ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ᠰᠣᠶᠣᠯ ᠵᠤᠭᠠᠴᠠᠯ ᠤᠨ ᠶᠠᠮᠤᠨ ᠤ ᠰᠢᠶᠠᠩᠭᠠᠩ ᠣᠣᠮᠧᠨ ᠲᠠᠶᠢᠸᠠᠨ ᠤ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠺᠦᠩ ᠯᠦᠨ᠂ ᠵᠦᠩ ᠴᠤᠸᠠᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠳᠤᠮᠳᠠᠳᠤ ᠤᠯᠤᠰ ᠤᠨ ᠰᠣᠶᠣᠯ ᠰᠣᠨᠢᠨ ᠤ ᠬᠤᠷᠢᠶ᠎ᠠ ᠶᠢᠨ ᠳᠠᠷᠤᠭ᠎ᠠ ᠯᠢᠦ ᠴᠢᠶᠠᠩ᠂ ᠰᠢᠶᠠᠩᠭᠠᠩ ᠤᠨ ᠠᠷᠠᠯᠵᠢᠶᠠᠨ ᠤ ᠬᠥᠭᠵᠢᠭᠦᠯᠦᠯᠲᠡ ᠶᠢᠨ ᠲᠣᠪᠴᠢᠶ᠎ᠠ ᠶᠢᠨ ᠳᠡᠳ᠋ ᠶᠡᠷᠦᠩᠬᠡᠢ ᠵᠠᠬᠢᠷᠤᠭᠴᠢ ᠵᠠᠩ ᠱᠣ ᠹᠥ᠋ᠨ᠂ ᠠᠽᠢᠶ᠎ᠠ ᠲᠢᠪ ᠤᠨ ᠵᠤᠭᠠᠴᠠᠯ ᠤᠨ ᠰᠣᠯᠢᠯᠴᠠᠭᠠᠨ ᠤ ᠲᠥᠪ ᠤᠨ ᠡᠷᠬᠢᠯᠡᠭᠴᠢ ᠵᠠᠩ ᠳ᠋ᠦᠩ ᠵᠡᠷᠭᠡ ᠤᠳᠤᠷᠢᠳᠤᠯᠭ᠎ᠠ ᠮᠠᠨ ᠤ ᠣᠷᠣᠨ ᠤ ᠣᠨᠴᠠᠯᠢᠭ ᠢᠶᠠᠷ ᠢᠯᠡ ᠲᠣᠳᠣ ᠳᠡᠯᠭᠡᠨ ᠦᠵᠡᠭᠦᠯᠦᠯᠭᠡ᠂ ᠨᠢᠳᠦ ᠳᠦᠭᠦᠷᠡᠩ ᠪᠦᠲᠦᠭᠡᠭᠳᠡᠬᠦᠨ ᠢ ᠮᠠᠭᠲᠠᠭᠠᠳ ᠪᠠᠷᠠᠰᠢ ᠦᠭᠡᠢ ᠪᠠᠶᠢᠯ᠎ᠠ᠃
     ᠲᠤᠰ ᠤᠳᠠᠭ᠎ᠠ ᠶᠢᠨ ᠠᠵᠢᠯᠯᠠᠭ᠎ᠠ ᠨᠢ ᠵᠠᠰᠠᠭ ᠵᠠᠬᠢᠷᠭ᠎ᠠ᠂ ᠠᠵᠤ ᠠᠬᠤᠶᠢᠯᠠᠯ ᠭᠠᠷ ᠬᠤᠯᠪᠣᠨ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠵᠢᠷᠤᠭᠯᠠᠵᠠᠢ᠃ᠳ᠋ᠦᠩ ᠡᡁᠸ ᠰᠣᠶᠣᠯ ᠵᠤᠭᠠᠴᠠᠯ ᠤᠨ ᠦᠢᠯᠡᠰ ᠬᠦᠴᠦᠨ ᠴᠢᠳᠠᠯ ᠢᠶᠠᠨ ᠬᠤᠷᠠᠮᠳᠤᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠢᠶᠠᠩᠭᠠᠩ ᠭᠡᠬᠦ ᠡᠨᠡᠬᠦ ᠰᠢᠯᠢᠳᠡᠭ ᠤᠯᠠᠨ ᠤᠯᠤᠰ ᠤᠨ ᠰᠣᠶᠣᠯ ᠠᠷᠠᠯᠵᠢᠶ᠎ᠠ ᠬᠤᠳᠠᠯᠳᠤᠭᠠᠨ ᠤ ᠲᠠᠪᠴᠠᠩ ᠢ ᠠᠰᠢᠭᠯᠠᠵᠤ᠂ ᠰᠢᠯᠢᠳᠡᠭ ᠰᠣᠶᠣᠯ ᠵᠤᠭᠠᠴᠠᠯ ᠤᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠪ ᠤᠨ ᠪᠤᠰᠤ ᠪᠦᠲᠦᠭᠡᠭᠳᠡᠬᠦᠨ ᠢ ᠥᠷᠭᠡᠨ ᠠᠭᠤᠳᠠᠮ ᠤᠯᠠᠨ ᠤᠯᠤᠰ ᠤᠨ ᠵᠠᠬ᠎ᠠ ᠳᠡᠯᠭᠡᠭᠦᠷ ᠲᠤ ᠨᠡᠩ ᠭᠦᠨᠵᠡᠭᠡᠢ ᠣᠷᠣᠭᠤᠯᠬᠤ ᠶᠢ ᠳᠡᠯᠭᠡᠷᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1