ᠳ᠋ᠦᠩ ᠾᠧ ᠲᠣᠭᠤᠷᠢᠭ ᠤᠨ ᠮᠣᠯ ᠬᠤᠲᠠ ᠶᠢᠨ ᠳᠠᠭᠤᠤ ᠬᠥᠭᠵᠢᠮ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2023/7/26
     ᠪᠤᠭᠤᠲᠤ ᠬᠤᠳᠠ ᠶᠢᠨ ᠰᠣᠶᠣᠯ ᠵᠤᠭᠠᠴᠠᠯ ᠤᠨ ᠲᠣᠪᠴᠢᠶ᠎ᠠ ᠪᠣᠯᠣᠨ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ ᠳᠠᠭᠠᠭᠠᠴᠢᠯᠠᠨ ᠡᠷᠬᠢᠯᠡᠭᠰᠡᠨ 2023 ᠣᠨ ᠤ ᠳ᠋ᠦᠩ ᠾᠧ ᠲᠣᠭᠤᠷᠢᠭ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠰᠢᠷᠢᠰ ᠠᠵᠢᠯᠯᠠᠭ᠎ᠠ ᠶᠢᠨ ᠳᠠᠭᠤᠤ ᠬᠥᠭᠵᠢᠮ ᠤᠨ ᠨᠠᠶᠢᠷ ᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠣᠷᠣᠢ ᠶᠢᠨ 20 ᠴᠠᠭ ᠲᠤ ᠮᠤᠷᠸ ᠬᠤᠳᠠ ᠶᠢᠨ ᠬᠤᠶᠢᠲᠤ ᠲᠠᠯ᠎ᠠ ᠶᠢᠨ ᠠᠭᠤᠳᠠᠮ ᠲᠠᠯᠠᠪᠠᠢ ᠶᠢᠨ ᠨᠢᠭᠡᠳᠦᠭᠡᠷ ᠡᠭᠦᠳᠡᠨ ᠤ ᠡᠮᠦᠨ᠎ᠡ ᠲᠣᠭᠲᠠᠭᠰᠠᠨ ᠴᠠᠭ ᠲᠠᠭᠠᠨ ᠳᠠᠭᠤᠯᠠᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠶᠡᠭᠡ ᠤᠯᠠᠨ ᠳ᠋ᠦᠩ ᠡᡁᠸ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ᠂ ᠲᠤᠬᠠᠢ ᠶᠢᠨ ᠲᠠᠯᠠᠪᠠᠢ ᠳᠤ ᠬᠥᠮᠥᠨ ᠤ ᠲᠠᠯᠠᠢ ᠳᠦᠭᠦᠷᠴᠦ᠂ ᠬᠥᠮᠥᠰ ᠤᠨ ᠬᠦᠷᠢᠶᠡᠯᠡᠯ ᠢ ᠣᠯᠵᠤ᠂ ᠲᠤᠬᠠᠢ ᠶᠢᠨ ᠲᠠᠯᠠᠪᠠᠢ ᠶᠢᠨ ᠳᠠᠭᠤᠴᠢᠳ ᠤᠨ ᠭᠤᠶᠢᠳᠠ ᠰᠠᠶᠢᠬᠠᠨ ᠲᠣᠭᠯᠠᠯᠲᠠ ᠨᠢ ᠥᠷᠭᠡᠨ ᠤᠯᠠᠨ ᠬᠤᠳᠠ ᠶᠢᠨ ᠠᠷᠠᠳ ᠢ ᠳᠠᠭᠠᠭᠤᠯᠤᠨ ᠬᠠᠯᠠᠭᠤᠨ ᠢᠶᠠᠷ ᠳᠠᠭᠤᠯᠠᠵᠤ᠂ ᠭᠠᠷ ᠳᠠᠯᠠᠯᠤᠨ ᠬᠥᠳᠡᠯᠦᠯᠴᠡᠵᠦ᠂ ᠳ᠋ᠦᠩ ᠡᡁᠸ ᠶᠢᠨ ᠵᠤᠨ ᠤ ᠤᠯᠠᠷᠢᠯ ᠢ ᠨᠡᠩ ᠪᠠᠶᠠᠷ ᠬᠦᠷ ᠲᠠᠢ᠂ ᠨᠡᠩ ᠭᠤᠶᠢᠳᠠ ᠰᠠᠶᠢᠬᠠᠨ ᠪᠣᠯᠭᠠᠵᠠᠢ᠃      ᠲᠣᠰ ᠤᠳᠠᠭᠠᠨ ᠤ ᠳᠠᠭᠤᠤ ᠬᠥᠭᠵᠢᠮ ᠤᠨ ᠨᠠᠶᠢᠷ ᠢ ᠬᠤᠲᠠ ᠶᠢᠨ ᠲᠣᠭᠤᠷᠢᠭ ᠤᠨ ᠬᠤᠶᠠᠷ ᠱᠠᠲᠤᠨ ᠤ ᠭᠤᠣᠯ ᠵᠠᠭᠤᠴᠢᠯᠠᠭᠤᠷ ᠪᠠ ᠡᠯ᠎ᠡ ᠰᠦᠯᠵᠢᠶᠡᠨ ᠤ ᠲᠠᠪᠴᠠᠩ᠂ ᠲᠠᠭᠤ ᠴᠡᠴᠡᠷᠡᠭᠦᠯᠬᠦ ᠵᠡᠷᠭᠡ ᠵᠥᠭᠡᠯᠡᠨ ᠲᠣᠨᠤᠭ ᠢᠶᠠᠷ ᠰᠢᠭᠤᠳ ᠨᠡᠪᠲᠡᠷᠡᠭᠦᠯᠦᠨ ᠤᠬᠠᠭᠤᠯᠪᠠ᠃ᠮᠣᠯ ᠬᠤᠲᠠ  ᠶᠢᠨ ᠳᠠᠭᠤᠤ ᠬᠥᠭᠵᠢᠮ ᠤᠨ ᠨᠠᠶᠢᠷ ᠨᠢ ᠲᠠᠩ ᠴᠤᠯᠭᠤᠢ ᠳᠠᠭᠤᠤ ᠬᠥᠭᠵᠢᠮ ᠤᠨ ᠨᠠᠶᠢᠷ ᠲᠡᠳᠦᠢ ᠪᠢᠰᠢ᠂ ᠬᠤᠲᠠ  ᠶᠢᠨ ᠠᠷᠠᠳ ᠢᠷᠭᠡᠳ ᠪᠣᠯ ᠰᠠᠶ᠋ᠢ ᠵᠤᠭ᠎ᠠ ᠴᠡᠩᠭᠡᠯ ᠤᠨ ᠭᠤᠣᠯ ᠲᠣᠭᠯᠠᠭᠴᠢ ᠶᠤᠮ᠂ ᠳᠠᠭᠤᠤ ᠬᠥᠭᠵᠢᠮ ᠤᠨ ᠨᠠᠶᠢᠷ ᠨᠢ ᠬᠤᠯᠪᠣᠬᠤ ᠦᠢᠯᠡᠳᠦᠯ ᠦᠵᠡᠭᠦᠯᠵᠦ᠂ ᠳᠠᠭᠤᠤ ᠬᠥᠭᠵᠢᠮ  ᠢ ᠬᠤᠲᠠ  ᠶᠢᠨ ᠠᠷᠠᠳ ᠲᠠᠢ ᠬᠠᠷᠢᠯᠴᠠᠨ ᠨᠡᠪᠲᠡᠷᠡᠯᠴᠡᠬᠦ ᠬᠥᠭᠦᠷᠭᠡ ᠪᠣᠯᠭᠠᠨ ᠴᠣᠭᠴᠠᠯᠠᠭᠰᠠᠨ ᠪᠥᠭᠡᠳ ᠵᠠᠰᠠᠭ ᠤᠨ ᠣᠷᠳᠣᠨ ᠤ ᠰᠣᠶᠣᠯ ᠢᠶᠠᠷ ᠠᠵᠤ ᠠᠬᠤᠶᠢᠯᠠᠯ  ᠢ ᠲᠤᠰᠠᠯᠠᠬᠤ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠶᠤᠮ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1