ᠪᠢᠴᠢᠭ ᠤᠨ ᠳ᠋ᠤᠭᠠᠷ ᠪᠦᠦ ᠳ᠋ᠦᠩ ᠵᠠᠰᠠᠭ ᠠᠯᠪᠠᠨ ᠲᠠᠷᠬᠠᠭᠠᠭᠰᠠᠨ ﹇2023﹈ 8 ᠳ᠋ᠤᠭᠠᠷ ᠲᠣᠭᠠᠲᠤ | ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ | ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠳ᠋ᠦᠩ ᠾᠧ ᠲᠣᠭᠤᠷᠢᠭ ᠤᠨ ᠦᠨᠳᠦᠰᠦᠨ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠠᠨ ᠢ | ᠳᠠᠭᠠᠭᠠᠵᠤ ᠬᠠᠨᠤᠮᠵᠢᠲᠠᠶ ᠪᠠᠶᠢᠯᠭᠠᠬᠤ︾ ︽ᠳ᠋ᠦᠩ ᠾᠧ ᠲᠠᠨ ᠢ ᠣᠶᠢᠯᠠᠭᠠᠬᠤ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ︽ᠭᠤᠯᠳᠤ ᠪᠠᠷ ᠳᠥᠷᠪᠡᠨ ᠱᠠᠲᠤ ᠬᠤᠯᠪᠤᠭᠠᠯᠠᠨ | ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ ᠮᠥᠴᠢᠷ ᠬᠠᠮᠵᠢᠯᠴᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠪᠠᠶᠢᠷᠢᠰᠢᠯ ᠢ ᠪᠥᠬᠦ ᠲᠠᠯ᠎ᠠ ᠪᠠᠷ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠲᠤᠰᠠᠳᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠦᠨᠳᠦᠰᠦᠨ ᠱᠠᠲᠤᠨ ᠤ ᠠᠵᠤ | ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷ᠂ ᠠᠵᠢᠯ ᠶᠠᠪᠤᠳᠠᠯ ᠭᠦᠢᠴᠡᠳᠬᠡᠬᠦ ᠳᠤ | ᠤᠳᠠᠭᠠᠨ᠂ ᠣᠯᠠᠨ ᠲᠠᠯ᠎ᠠ ᠠᠴᠠ ᠭᠦᠶᠦᠯᠭᠡᠬᠦ᠂ ᠨᠠᠰᠢ ᠴᠠᠰᠢ ᠭᠦᠶᠦᠯᠭᠡᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠷ | ᠬᠠᠷᠠᠯᠲᠠ ᠪᠣᠯᠭᠠᠵᠤ᠂ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠳᠡᠭᠡᠭᠰᠢᠯᠡᠭᠦᠯᠬᠦ ᠣᠨ | ︾ ᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ | ᠲᠣᠭᠤᠷᠢᠭ︶ ᠬᠤᠶᠠᠷ ᠱᠠᠲᠤᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ | ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠣᠭᠠᠵᠢᠭᠤᠯᠬᠤ᠂ ᠳᠥᠭᠦᠮᠴᠢᠯᠡᠬᠦ᠂ ᠰᠢᠨ᠎ᠡ ᠶᠢ ᠡᠭᠦᠳᠬᠦ ᠲᠠᠪᠤᠨ ᠶᠡᠭᠡ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ ᠭᠡᠵᠦ ᠲᠣᠪᠴᠢᠯᠠᠨ᠎ᠠ︶᠂ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠥᠷᠲᠡᠭᠡ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠭᠡᠵᠦ ᠲᠣᠪᠴᠢᠯᠠᠨ᠎ᠠ︶ | ᠶᠢᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ︽ᠭᠦᠢᠴᠡᠳᠬᠡᠵᠦ ᠳᠡᠶᠢᠯᠬᠦ︾ ᠪᠠᠶᠢᠭᠰᠠᠨ ᠠᠴᠠ ︽ | ᠲᠦᠷᠭᠡᠨ ᠭᠦᠢᠴᠡᠳᠬᠡᠬᠦ︾ ︽ᠠᠮᠠᠷᠬᠠᠨ ᠭᠦᠢᠴᠡᠳᠬᠡᠬᠦ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃2023 | ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ | ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ᠂ ᠬᠡᠷᠡᠭ | ᠶᠠᠪᠤᠳᠠᠯ ᠤᠨ ᠣᠷᠣᠵᠤ ᠰᠠᠭᠤᠬᠤ᠂ ᠬᠡᠷᠡᠭ ᠶᠠᠪᠤᠳᠠᠯ ᠤᠨ ᠨᠠᠷᠢᠨ ᠲᠠᠩᠰᠠ᠂ ᠬᠡᠷᠡᠭ ᠭᠦᠢᠴᠡᠳᠬᠡᠬᠦ ᠵᠦᠭᠯᠡᠭᠦᠷ᠂ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠪᠠᠷᠢᠮᠵᠢᠶ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠰᠠᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠢᠯᠠᠭᠠᠯᠲᠠ | ᠬᠠᠩᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠪᠠ ᠵᠣᠯ ᠵᠢᠷᠭᠠᠯ ᠤᠨ | ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠡᠭᠦᠷᠭᠡ | ︵ᠨᠢᠭᠡ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ | 1. ᠦᠨᠳᠦᠰᠦᠨ ᠱᠠᠲᠤᠨᠦ ᠭᠠᠵᠠᠷ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠶᠢ | ᠲᠦᠯᠬᠢᠨ ᠠᠬᠢᠭᠤᠯᠤᠨ᠎ᠠ᠃ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠲᠤ ᠬᠡᠪ ᠳᠠᠭᠤᠷᠢᠶᠠᠯ ᠤᠨ ᠬᠡᠯᠪᠡᠷᠢ᠂ ᠪᠠᠷᠢᠮᠵᠢᠶ᠎ᠠ ᠶᠢᠨ | ᠬᠡᠯᠪᠡᠷᠢ᠂ ᠰᠠᠭᠤᠷᠢ ᠬᠡᠯᠪᠡᠷᠢ ᠶᠢᠨ ᠭᠤᠷᠪᠠᠨ ᠳᠡᠰ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠬᠡᠷᠡᠭᠵᠢᠭᠦᠯᠦᠨ᠎ᠡ ︵ᠳᠠᠭᠠᠯᠳᠤᠭᠤᠯᠤᠯ ᠳᠤ ᠨᠠᠷᠢᠪᠴᠢᠯᠠᠨ ᠦᠵᠡ︶᠃2023 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠪᠥᠬᠦ ᠣᠷᠣᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ︽ᠰᠠᠭᠤᠷᠢ | ᠬᠡᠯᠪᠡᠷᠢ︾ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ | ᠬᠦᠷᠦᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ︽ᠪᠠᠷᠢᠮᠵᠢᠶᠠᠲᠤ | ᠬᠡᠯᠪᠡᠷᠢ︾ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 90% ᠠᠴᠠ ᠳᠣᠣᠷ᠎ᠠ | ᠪᠠᠶᠢᠯᠭᠠᠬᠤ ᠦᠭᠡᠢ᠂ ᠪᠣᠳᠠᠲᠤ ᠪᠠᠶᠢᠳᠠᠯ ᠢᠶᠠᠨ ᠦᠨᠳᠦᠰᠦᠯᠡᠨ 40% ᠶᠢᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ ᠰᠣᠩᠭᠤᠨ ︽ᠬᠡᠪ | ᠳᠠᠭᠤᠷᠢᠶᠠᠯ ᠬᠡᠯᠪᠡᠷᠢ︾ ᠶᠢᠨ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠵᠦ᠂ ᠢᠯᠡ ᠲᠣᠳᠣ | ᠣᠨᠴᠠᠯᠢᠭ ᠲᠠᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠤᠭᠤ ᠶᠢᠨ ᠬᠤᠲᠠ ᠶᠢᠨ | ᠥᠯᠢᠭᠡᠷ ᠬᠡᠪ︾ ᠢ ᠪᠦᠷᠢᠯᠳᠦᠬᠦ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ | ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 10 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | 2. ᠦᠨᠳᠦᠰᠦᠨ ᠱᠠᠲᠤᠨ ᠤ ᠬᠡᠷᠡᠭᠵᠢᠭᠦᠯᠬᠦ ᠨᠠᠷᠢᠨ ᠬᠠᠭᠤᠳᠠᠰᠤ ᠶᠢᠨ ᠪᠠᠷᠢᠮᠵᠢᠶᠠᠵᠢᠭᠤᠯᠤᠯᠲᠠ ᠶᠢ | ᠠᠬᠢᠭᠤᠯᠤᠨ᠎ᠠ᠃ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠰᠤᠷᠭᠠᠨ ᠬᠥᠮᠦᠵᠢᠯ᠂ | ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ | ᠦᠢᠯᠡᠴᠢᠯᠡᠭᠡ᠂ ᠨᠡᠶᠢᠭᠡᠮ ᠤᠨ ᠦᠢᠯᠡᠴᠢᠯᠡᠭᠡ᠂ ᠡᠷᠦᠬᠡ ᠠᠮᠠ ᠶᠢᠨ ᠬᠠᠷᠢᠶ᠎ᠠ ᠶᠢᠨ ᠬᠠᠮᠢᠶᠠᠷᠤᠯᠲᠠ ᠵᠡᠷᠭᠡ ᠬᠦᠷᠢᠶ᠎ᠡ | ᠴᠠᠷᠠᠭ᠎ᠠ ᠶᠢᠨ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠮᠥᠷᠲᠡᠭᠡᠨ ᠦᠨᠳᠦᠰᠦᠨ ᠱᠠᠲᠤᠨ ᠳᠤ ᠪᠦᠲᠦᠮᠵᠢᠲᠡᠶ | ᠵᠠᠯᠭᠠᠨ ᠠᠪᠴᠤ ᠳᠡᠶᠢᠯᠬᠦ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠠᠶᠢᠳᠠᠵᠤ | ᠭᠥᠯᠢᠶᠡᠨ ᠠᠪᠴᠤ ᠰᠢᠢᠳᠪᠦᠷᠢᠯᠡᠬᠦ᠂ ᠡᠷᠬᠡ ᠣᠯᠭᠤᠵᠤ ᠭᠦᠢᠴᠡᠳᠬᠡᠬᠦ᠂ ᠬᠠᠪᠰᠤᠷᠤᠨ ᠭᠦᠢᠴᠡᠳᠬᠡᠵᠦ ᠣᠷᠣᠯᠠᠨ | ᠭᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ | ᠪᠠᠭᠤᠯᠭᠠᠵᠤ ᠭᠦᠢᠴᠡᠳᠬᠡᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠭᠤᠶᠤᠴᠢᠯᠠᠭᠰᠠᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ | ᠦᠨᠳᠦᠰᠦᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠵᠡᠷᠭᠡ ᠶᠢᠨ | ᠨᠠᠷᠢᠨ ᠬᠠᠭᠤᠳᠠᠰᠤ ᠶᠢ ᠦᠨᠳᠦᠰᠦᠯᠡᠨ᠂ ᠠᠳᠠᠯᠢ ᠨᠢᠭᠡᠨ ᠲᠠᠰ ᠳᠠᠪᠬᠤᠷᠭ᠎ᠠ ᠶᠢᠨ ᠨᠢᠭᠡᠳᠦᠯᠲᠡᠢ ᠪᠠᠷᠢᠮᠵᠢᠶ᠎ᠠ ᠶᠣᠰᠣᠭᠠᠷ᠂ | ᠬᠥᠳᠡᠯᠦᠩᠭᠦᠢ ᠪᠠᠷ ᠲᠣᠬᠢᠷᠠᠭᠤᠯᠬᠤ ᠪᠠ ᠲᠠᠨᠢᠵᠤ ᠠᠪᠬᠤ ᠶᠢ ᠵᠠᠯᠭᠠᠨ ᠵᠣᠯᠭᠠᠭᠤᠯᠬᠤ᠂ ᠨᠡᠶᠢᠲᠡᠯᠡᠬᠦ ᠶᠢ ᠴᠠᠭ ᠲᠤᠬᠠᠢ | ᠳᠤᠨᠢ ᠰᠠᠶᠢᠲᠤᠷ ᠬᠢᠵᠦ᠂ ᠬᠥᠳᠡᠭᠡ ᠲᠣᠰᠬᠤᠨ ᠬᠤᠶᠠᠷ ᠱᠠᠲᠤᠨ ᠤ ᠵᠦᠢᠯᠡᠰ ᠤᠨ ᠬᠦᠴᠦᠨ ᠵᠦᠢᠯ N ᠠᠳᠠᠯᠢ᠂ | ᠲᠤᠭ᠎ᠠ ᠪᠠᠷᠢᠮᠲᠠ ᠠᠳᠠᠯᠢ ᠢᠷᠡᠯᠲᠡ ᠲᠠᠢ᠂ ᠬᠥᠳᠡᠯᠦᠩᠭᠦᠢ ᠪᠠᠷ ᠰᠢᠨᠡᠳᠬᠡᠬᠦ ᠪᠠ ᠬᠤᠯᠪᠤᠭᠠᠯᠠᠨ ᠬᠥᠳᠡᠯᠦᠯᠴᠡᠵᠦ | ᠬᠠᠮᠢᠶᠠᠷᠬᠤ ᠶᠢ ᠪᠡᠶᠡᠯᠡᠭᠦᠯᠦᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ᠨᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠨᠠᠷᠢᠨ ᠬᠠᠭᠤᠳᠠᠰᠤ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ | ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 8 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | 3.ᠦᠨᠳᠦᠰᠦᠨ ᠱᠠᠲᠤᠨ ᠤ ᠦᠢᠯᠡᠴᠢᠯᠡᠭᠡᠨ ᠤ ᠴᠤᠪᠤᠷᠠᠯ ᠤᠨ ᠪᠠᠷᠢᠮᠵᠢᠶᠠᠵᠢᠭᠤᠯᠤᠯᠲᠠ ᠶᠢ ᠲᠦᠯᠬᠢᠨ | ᠠᠬᠢᠭᠤᠯᠤᠨ᠎ᠠ᠃ᠨᠢᠭᠡ ᠳᠤ᠂ ᠬᠡᠷᠡᠭ ᠶᠠᠪᠤᠳᠠᠯ ᠤᠨ ᠡᠯᠧᠮᠧᠨ᠋ᠲ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠡᠷᠡᠭᠵᠢᠭᠦᠯᠬᠦ ᠪᠠᠶᠢᠭᠤᠯᠤᠮᠵᠢ ᠨᠢ ᠪᠤᠭᠤᠲᠤ ᠬᠤᠲᠠ ᠶᠢᠨ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠡᠯᠧᠮᠧᠨ᠋ᠲ ᠢ ᠪᠠᠷᠢᠮᠵᠢᠶᠠᠵᠢᠭᠤᠯᠤᠨ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ | ᠬᠤᠶᠠᠷ ᠱᠠᠲᠤᠨ ᠤ ᠵᠦᠢᠯ ᠳᠠᠷᠠᠭᠠᠯᠠᠨ ᠰᠢᠯᠢᠳᠡᠭᠵᠢᠭᠦᠯᠬᠦ ᠵᠦᠢᠯᠡᠰ ᠤᠨ ᠨᠡᠷᠡᠶᠢᠳᠦᠯ᠂ ᠳ᠋ᠤᠭᠠᠷᠯᠠᠯ᠂ ᠲᠥᠷᠥᠯ ᠬᠡᠯᠪᠡᠷᠢ᠂ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠡᠷᠡᠭᠵᠢᠭᠦᠯᠬᠦ ᠦᠨᠳᠦᠰᠦᠯᠡᠯ ᠵᠡᠷᠭᠡ ᠦᠨᠳᠦᠰᠦᠨ ᠬᠦᠴᠦᠨ ᠵᠦᠢᠯ᠂ | ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠭᠦᠢᠴᠡᠳᠬᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ | ᠵᠠᠭᠤᠴᠢᠯᠠᠬᠤ ᠦᠢᠯᠡᠴᠢᠯᠡᠭᠡ᠂ ᠭᠦᠢᠴᠡᠳᠬᠡᠵᠦ ᠳᠠᠭᠤᠰᠬᠠᠬᠤ ᠴᠠᠭ ᠬᠢᠵᠠᠭᠠᠷ᠂ ᠰᠦᠢᠳᠬᠡᠯ ᠬᠤᠷᠢᠶᠠᠬᠤ᠂ ᠣᠨ ᠤ | ᠪᠠᠶᠢᠴᠠᠭᠠᠯᠲᠠ ᠣᠨ ᠤ ᠮᠡᠳᠡᠭᠦᠯᠦᠯᠲᠡ ᠵᠡᠷᠭᠡ ᠡᠩ ᠤᠨ ᠬᠦᠴᠦᠨ ᠵᠦᠢᠯ ᠪᠠ ᠲᠤᠬᠠᠢ ᠶᠢᠨ ᠲᠠᠯᠠᠪᠤᠷ ᠤᠨ ᠬᠠᠶᠢᠨ | ᠰᠢᠯᠭᠠᠯᠲᠠ᠂ ᠭᠡᠷᠡᠴᠢᠯᠡᠭᠡ ᠰᠣᠨᠣᠰᠬᠤ᠂ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠰᠢᠯᠭᠠᠨ | ᠪᠠᠶᠢᠴᠠᠭᠠᠬᠤ᠂ ᠪᠠᠶᠢᠴᠠᠭᠠᠨ ᠬᠡᠮᠵᠢᠬᠦ᠂ ᠬᠢᠵᠢᠭ ᠪᠠᠶᠢᠴᠠᠭᠠᠬᠤ᠂ ᠬᠢᠨᠠᠨ ᠲᠣᠭᠲᠠᠭᠠᠬᠤ᠂ ᠲᠤᠰᠬᠠᠢ ᠮᠡᠷᠭᠡᠵᠢᠯᠲᠡᠨ ᠬᠢᠨᠠᠨ | ᠲᠣᠭᠲᠠᠭᠠᠬᠤ᠂ ᠢᠯᠡ ᠨᠡᠶᠢᠲᠡᠯᠡᠬᠦ ᠵᠡᠷᠭᠡ ᠣᠨᠴᠣᠭᠤᠢ ᠲᠠᠰ ᠳᠠᠷᠠᠭᠠᠯᠠᠯ ᠢ ᠵᠢᠯᠣᠭᠤᠳᠤᠨ᠎ᠠ᠃ᠡᠷᠬᠡ ᠲᠤᠰᠢᠶᠠᠯ | ᠶᠣᠰᠣᠭᠠᠷ ᠵᠠᠰᠠᠭ ᠵᠠᠬᠢᠷᠭᠠᠨ ᠤ ᠡᠷᠬᠡ ᠶᠢᠨ ᠬᠡᠷᠡᠭ ᠶᠠᠪᠤᠳᠠᠯ ᠢ ᠤᠯᠠᠮ ᠨᠢᠭᠡ ᠠᠯᠬᠤᠮ ᠴᠣᠮᠬᠠᠳᠬᠠᠨ ᠪᠠᠭᠠᠰᠬᠠᠨ᠎ᠠ᠃ | ᠬᠤᠶᠠᠷ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠦᠨᠤᠯᠤᠰ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠦᠨᠳᠦᠰᠦᠯᠡᠨ᠂ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠡᠮᠬᠢᠯᠡᠨ ᠨᠡᠶᠢᠲᠡᠯᠡᠵᠦ᠂ ᠵᠦᠢᠯᠡᠰ ᠤᠨ ᠬᠦᠴᠦᠨ ᠵᠦᠢᠯ ᠤᠨ ᠬᠤᠶᠠᠷ | ᠱᠠᠲᠤᠨ ᠤ ᠨᠢᠭᠡᠳᠦᠯᠲᠡᠢ ᠪᠠᠶᠢᠬᠤ ᠶᠢ ᠪᠡᠶᠡᠯᠡᠭᠦᠯᠦᠨ᠎ᠡ᠃2023 ᠣᠨ ᠤ ᠵᠢᠯ ᠤᠨ ᠰᠡᠭᠦᠯᠴᠢ ᠠᠴᠠ ᠡᠮᠦᠨ᠎ᠡ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠵᠦᠢᠯᠡᠰ ᠤᠨ ᠦᠨᠳᠦᠰᠦᠨ ᠭᠠᠷᠴᠠᠭ ᠢ ᠪᠠᠷᠢᠮᠵᠢᠶᠠᠵᠢᠭᠤᠯᠤᠨ᠎ᠠ᠃ | ᠭᠤᠷᠪᠠ ᠳᠤ ᠤᠴᠢᠷ ᠶᠠᠪᠤᠳᠠᠯ ᠢ ᠰᠢᠢᠳᠪᠦᠷᠢᠯᠡᠬᠦ ᠵᠦᠭᠯᠡᠭᠦᠷ ᠢ ᠰᠢᠯᠢᠳᠡᠭᠵᠢᠭᠦᠯᠦᠨ᠎ᠡ᠃ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠦᠨᠳᠦᠰᠦᠯᠡᠨ᠂ ᠠᠵᠤ ᠠᠬᠤᠶᠢᠯᠠᠯ ᠪᠠ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠪᠣᠳᠠᠲᠠᠢ ᠬᠡᠷᠡᠭᠴᠡᠭᠡ ᠪᠦᠬᠦᠢ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ︵ᠥᠷᠲᠡᠭᠡ︶ ᠢ ᠦᠨᠳᠦᠰᠦᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠰᠢᠯᠢᠳᠡᠭᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠦᠨ᠎ᠡ᠃︽ | ᠶᠠᠷᠢᠶᠠᠨ ᠤ ᠬᠡᠯᠡᠨ ᠤ ᠬᠡᠪᠯᠡᠯ︾ ︽ᠵᠢᠷᠤᠭ ᠤᠨ ᠵᠢᠱᠢᠶ᠎ᠡ ᠶᠢᠨ ᠬᠡᠪᠯᠡᠯ︾ ︽ᠬᠠᠷᠠᠭᠠᠨ ᠳᠠᠪᠲᠠᠮᠵᠢ ᠶᠢᠨ ᠬᠡᠪᠯᠡᠯ︾ ᠤᠨ | ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠬᠠᠩᠭᠠᠬᠤ ᠶᠢ ᠵᠣᠷᠢᠭᠵᠢᠭᠤᠯᠤᠨ᠎ᠠ᠃︵ᠲᠦᠷᠦᠭᠦᠯᠡᠬᠦ ᠨᠢᠭᠡᠴᠡ᠄ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ | ᠬᠢᠵᠠᠭᠠᠷ ᠨᠢ᠄ ᠵᠦᠢᠯᠡᠰ ᠤᠨ ᠬᠦᠴᠦᠨ ᠵᠦᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠭᠠᠷᠴᠠᠭ ᠢ ᠨᠢᠭᠡᠳᠬᠡᠵᠦ᠂ ᠵᠦᠢᠯᠡᠰ ᠤᠨ ᠬᠡᠷᠡᠭ ᠭᠦᠢᠴᠡᠳᠬᠡᠬᠦ ᠵᠦᠭᠯᠡᠭᠦᠷ ᠢ ᠰᠢᠯᠢᠳᠡᠭᠵᠢᠭᠦᠯᠦᠨ 2023 ᠣᠨ ᠤ 8 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠥᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠦᠨᠳᠦᠰᠦᠨ ᠭᠠᠷᠴᠠᠭ ᠢ ᠪᠠᠷᠢᠮᠵᠢᠶᠠᠵᠢᠭᠤᠯᠬᠤ ᠶᠢ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ | ᠡᠮᠦᠨ᠎ᠡ ᠪᠡᠶᠡᠯᠡᠭᠦᠯᠬᠦ ᠶᠢᠨ ᠬᠠᠮᠲᠤ ᠦᠷᠭᠦᠯᠵᠢᠯᠡᠨ ᠠᠬᠢᠭᠤᠯᠤᠨ᠎ᠠ︶᠃ | ︵ᠬᠤᠶᠠᠷ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠵᠢᠷᠤᠮᠵᠢᠭᠤᠯᠤᠨ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ | 4. ᠤᠴᠢᠷ ᠶᠠᠪᠤᠳᠠᠯ ᠢ ᠲᠥᠪᠯᠡᠷᠡᠭᠦᠯᠦᠨ ᠣᠷᠣᠭᠤᠯᠵᠤ ᠰᠠᠭᠤᠯᠭᠠᠬᠤ ᠶᠢ ᠠᠬᠢᠭᠤᠯᠤᠨ᠎ᠠ᠃ᠰᠢᠶᠠᠩ ᠪᠠᠯᠭᠠᠰᠤ | ︵ᠵᠡᠭᠡᠯᠢ ᠭᠤᠳᠤᠮᠵᠢ︶ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢᠨ | ᠭᠦᠢᠴᠡᠳᠬᠡᠬᠦ ᠵᠦᠢᠯᠡᠰ ᠢᠶᠠᠷ ᠪᠠᠷᠢᠮᠵᠢᠶ᠎ᠠ ᠪᠣᠯᠭᠠᠵᠤ᠂ ︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ | ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠬᠦ ᠶᠢᠨ ᠬᠠᠮᠲᠤ ᠢᠯᠡ ᠨᠡᠶᠢᠲᠡᠯᠡᠨ᠎ᠡ᠃︽ᠣᠷᠣᠭᠤᠯᠬᠤ | ᠶᠣᠰᠣᠲᠠᠢ ᠶᠢ ᠨᠢ ᠵᠠᠪᠠᠯ ᠣᠷᠣᠭᠤᠯᠬᠤ᠂ ᠣᠷᠣᠭᠤᠯᠬᠤ ᠶᠣᠰᠣᠲᠠᠢ ᠶᠢ ᠨᠢ ᠵᠠᠪᠠᠯ ᠡᠷᠬᠡ ᠣᠯᠭᠤᠬᠤ︾ ᠵᠠᠷᠴᠢᠮ ᠢ | ᠵᠢᠷᠤᠮᠯᠠᠨ᠂ ᠲᠠᠯᠠᠪᠤᠷ ᠭᠠᠵᠠᠷ ᠤᠨ ᠬᠢᠵᠠᠭᠠᠷᠯᠠᠯ ᠪᠤᠶᠤ ᠤᠯᠤᠰ ᠤᠨ ᠨᠢᠭᠤᠴᠠ ᠳᠤ ᠬᠤᠯᠪᠣᠭᠳᠠᠬᠤ ᠵᠡᠷᠭᠡ ᠪᠠᠶᠢᠳᠠᠯ ᠢ | ᠭᠠᠷᠭᠠᠪᠠᠯ᠂ ᠵᠠᠷᠴᠢᠮ ᠳᠡᠭᠡᠷ᠎ᠡ ᠪᠠᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠯ᠎ᠡ ᠰᠠᠯᠠᠭ᠎ᠠ ᠮᠥᠴᠢᠷ ᠤᠨ | ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ᠲᠤ ᠣᠷᠣᠭᠤᠯᠤᠨ ᠲᠥᠪᠯᠡᠷᠡᠭᠦᠯᠦᠨ ᠭᠦᠢᠴᠡᠳᠬᠡᠨ᠎ᠡ᠃ᠣᠷᠣᠵᠤ ᠰᠠᠭᠤᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠷᠬᠡᠪᠰᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ ᠲᠤ ᠪᠣᠳᠠᠲᠠᠢ ᠪᠠᠷ ᠠᠵᠢᠯᠯᠠᠭᠤᠯᠵᠤ᠂ ︽ᠢᠯᠡ ᠪᠠᠷ ᠣᠷᠣᠭᠤᠯᠵᠤ ᠳᠠᠯᠳᠠᠭᠤᠷ ᠣᠷᠣᠭᠤᠯᠬᠤ ᠦᠭᠡᠢ︾ | ᠪᠠᠶᠢᠬᠤ ᠶᠢ ᠴᠢᠩᠭ᠎ᠠ ᠴᠠᠭᠠᠵᠠᠯᠠᠨ᠎ᠠ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ | ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | 5. ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ᠃ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ︽ᠨᠢᠭᠡ ᠴᠣᠩᠬᠤ ᠪᠠᠷ ᠭᠥᠯᠢᠶᠡᠨ ᠠᠪᠴᠤ | ᠰᠢᠢᠳᠪᠦᠷᠢᠯᠡᠬᠦ︾ ᠦᠢᠯᠡᠴᠢᠯᠡᠭᠡᠨ ᠤ ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | 2023 ᠣᠨ ᠤ ᠡᠴᠦᠰ ᠲᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠨ | ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢᠨ ᠵᠦᠢᠯᠡᠰ ᠢ ᠨᠡᠶᠢᠳᠡᠮ ᠭᠦᠢᠴᠡᠳᠬᠡᠬᠦ ᠬᠠᠷᠢᠴᠠᠯ ᠢ | 100% ᠳᠤ ᠬᠦᠷᠦᠭᠦᠯᠵᠦ᠂ ᠴᠣᠩᠬᠤᠪᠴᠢ ᠶᠢᠨ ᠦᠢᠯᠡᠴᠢᠯᠡᠭᠡ ᠶᠢ ᠭᠦᠢᠴᠡᠳᠬᠡᠨ ᠳᠠᠭᠤᠰᠬᠠᠬᠤ ᠳᠤ ᠬᠠᠨᠤᠮᠵᠢᠲᠠᠶ | ᠪᠠᠶᠢᠬᠤ ᠨᠣᠷᠮ᠎ᠠ ᠶᠢ 95% ᠠᠴᠠ ᠳᠡᠭᠡᠭᠰᠢ ᠳ᠋ᠦ᠋ᠨᠢᠭᠡ ᠳᠤ ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ | ᠠᠪᠴᠤ ᠰᠢᠢᠳᠪᠦᠷᠢᠯᠡᠵᠦ᠂ ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠠᠵᠢᠯ ᠢ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠠᠴᠠ ᠡᠭᠦᠷᠭᠡᠯᠡᠵᠦ᠂ ᠴᠣᠩᠬᠤᠨ ᠤ ᠲᠡᠮᠳᠡᠭ ᠢ | ᠨᠢᠭᠡᠳᠬᠡᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠨ᠎ᠡ︔ᠬᠤᠶᠠᠷ ᠲᠤ ᠠᠷᠤ ᠲᠠᠪᠴᠠᠩ ᠳᠤ ᠲᠥᠷᠥᠯ | ᠬᠤᠪᠢᠶᠠᠨ ᠬᠢᠨᠠᠨ ᠵᠥᠪᠰᠢᠶᠡᠷᠡᠨ᠎ᠡ᠂ ᠠᠷᠤ ᠲᠠᠪᠴᠠᠩ ᠤᠨ ᠬᠢᠨᠠᠨ ᠵᠥᠪᠰᠢᠶᠡᠷᠡᠬᠦ ᠠᠵᠢᠯᠲᠠᠨ ᠪᠦᠬᠦᠨ ᠢᠶᠠᠷ ᠢᠶᠠᠨ | ᠰᠢᠶᠠᠨ᠂ ᠰᠢᠶᠠᠩ ᠬᠤᠶᠠᠷ ᠱᠠᠲᠤᠨ ᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠠᠵᠢᠯᠲᠠᠨ ᠢ ᠲᠣᠮᠢᠯᠠᠨ ᠰᠠᠭᠤᠯᠭᠠᠬᠤ ᠪᠤᠶᠤ ᠡᠷᠬᠡ ᠣᠯᠭᠤᠨ᠎ᠠ︔ᠭᠤᠷᠪᠠ ᠳᠤ ᠨᠢᠭᠡᠳᠦᠯᠲᠡᠢ ᠴᠣᠩᠬᠤ ᠪᠠᠷ ᠦᠨᠡᠮᠯᠡᠯ | ᠭᠠᠷᠭᠠᠵᠤ᠂ ᠨᠢᠭᠡᠳᠦᠯᠲᠡᠢ ᠦᠨᠡᠮᠯᠡᠯ ᠣᠯᠭᠤᠬᠤ ᠠᠵᠢᠯ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ ᠠᠴᠠ ᠡᠭᠦᠷᠭᠡᠯᠡᠨ᠎ᠡ᠃ᠠᠷᠤ ᠲᠠᠪᠴᠠᠩ ᠤᠨ ᠠᠵᠢᠯᠲᠠᠨ ᠢ ᠲᠥᠷᠥᠯ ᠬᠤᠪᠢᠶᠠᠨ ᠬᠢᠨᠠᠨ ᠵᠥᠪᠰᠢᠶᠡᠷᠡᠵᠦ | ᠭᠦᠢᠴᠡᠳᠬᠡᠭᠰᠡᠨ ᠤ ᠳᠠᠷᠠᠭ᠎ᠠ᠂ ᠦᠨᠡᠮᠯᠡᠯ ᠢ ᠲᠡᠷᠡ ᠳᠠᠷᠤᠢ ᠳᠤᠨᠢ ᠦᠨᠡᠮᠯᠡᠯ ᠤᠨ ᠲᠠᠪᠴᠠᠩ ᠳᠤ ᠳᠠᠮᠵᠢᠭᠤᠯᠬᠤ ᠶᠢᠨ | ᠬᠠᠮᠲᠤ ᠨᠢᠭᠡᠳᠦᠯᠲᠡᠢ ᠦᠨᠡᠮᠯᠡᠯ ᠭᠠᠷᠭᠠᠬᠤ ᠴᠣᠩᠬᠤᠨ ᠳᠤ ᠲᠤᠰᠢᠶᠠᠬᠤ ᠬᠡᠷᠡᠭᠲᠡᠢ᠃ᠦᠨᠡᠮᠯᠡᠯ ᠣᠯᠭᠤᠬᠤ ᠴᠣᠩᠬᠤᠨ ᠤ | ᠠᠵᠢᠯᠲᠠᠨ ᠰᠦᠯᠵᠢᠶᠡᠨ ᠥᠷᠲᠡᠭᠡ᠂ ᠸᠢᠴᠠᠲ᠂ APP ᠲᠠᠪᠴᠠᠩ᠂ ᠳ᠋ᠢᠶᠠᠩᠬᠤᠸᠠ᠂ ᠣᠬᠤᠷ ᠮᠡᠳᠡᠭᠡ ᠵᠡᠷᠭᠡ | ᠠᠷᠭ᠎ᠠ ᠮᠠᠶ᠋ᠢᠭ ᠢᠶᠠᠷ ᠭᠤᠶᠤᠴᠢᠯᠠᠭᠴᠢ ᠳᠤ ᠮᠡᠳᠡᠭᠳᠡᠵᠦ ᠠᠪᠬᠤ ᠪᠤᠶᠤ ᠲᠦᠷᠭᠡᠨ ᠬᠦᠷᠭᠡᠯᠲᠡ ᠪᠠᠷ ᠳᠠᠮᠵᠢᠭᠤᠯᠵᠤ | ᠬᠦᠷᠭᠡᠨ᠎ᠡ᠃ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢᠨ ᠠᠵᠢᠯᠲᠠᠨ ᠢ ᠠᠵᠢᠯᠲᠠᠨ ᠢ | ᠰᠢᠯᠵᠢᠭᠦᠯᠦᠨ ᠲᠣᠬᠢᠷᠠᠭᠤᠯᠬᠤ᠂ ᠲᠠᠲᠠᠵᠤ ᠰᠠᠭᠤᠯᠭᠠᠬᠤ ᠰᠠᠯᠠᠭ᠎ᠠ ᠮᠥᠴᠢᠷ ᠤᠨ ᠴᠣᠩᠬᠤᠪᠴᠢ ᠶᠢᠨ ᠠᠵᠢᠯᠲᠠᠨ ᠪᠤᠶᠤ | ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠰᠢᠢᠳᠪᠦᠷᠢᠯᠡᠵᠦ ᠪᠣᠯᠣᠨ᠎ᠠ᠃ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠨᠢ ︽ᠨᠢᠭᠡ ᠴᠣᠩᠬᠤᠪᠴᠢ ᠮᠠᠶ᠋ᠢᠭ︾ ᠤᠨ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠢᠯᠡ ᠨᠡᠶᠢᠲᠡᠯᠡᠬᠦ ᠬᠡᠷᠡᠭᠲᠡᠢ | ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ | ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | 6. ᠠᠵᠢᠯᠲᠠᠨ ᠤ ᠪᠣᠯᠪᠠᠰᠤᠷᠠᠭᠤᠯᠤᠯ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ᠡᠯ᠎ᠡ ᠰᠢᠶᠠᠩ ᠪᠠᠯᠭᠠᠰᠤ ︵ | ᠵᠡᠭᠡᠯᠢ ᠭᠤᠳᠤᠮᠵᠢ︶ ᠨᠢ 2023 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ | ᠱᠠᠲᠤᠨ ᠤ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠰᠢᠯᠭᠠᠨ ᠬᠢᠨᠠᠬᠤ ᠠᠵᠢᠯ ᠤᠨ ᠲᠥᠰᠥᠯ ᠢ ᠲᠥᠷᠥᠯ | ᠬᠤᠪᠢᠶᠠᠨ ᠲᠣᠭᠲᠠᠭᠠᠵᠤ᠂ 3 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠰᠢᠤᠳᠠᠨ ᠤ ᠬᠠᠶᠢᠷᠴᠠᠭ | dhqzwfjzws@126.com | ᠬᠦᠷᠲᠡᠯ᠎ᠡ ᠬᠠᠷᠢᠭᠤ ᠲᠤᠰᠬᠠᠬᠤ ᠶᠢᠨ ᠬᠠᠮᠲᠤ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ᠲᠤ ᠣᠷᠣᠵᠤ ᠰᠠᠭᠤᠬᠤ ᠠᠵᠢᠯᠲᠠᠨ ᠢ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ᠠᠴᠠ ᠨᠢᠭᠡᠳᠦᠯᠲᠡᠢ ᠬᠠᠮᠢᠶᠠᠷᠬᠤ᠂ ᠬᠢᠨᠠᠨ ᠰᠢᠯᠭᠠᠬᠤ᠂ ᠰᠢᠯᠵᠢᠭᠦᠯᠦᠨ ᠲᠣᠬᠢᠷᠠᠭᠤᠯᠬᠤ᠂ | ᠲᠣᠮᠢᠯᠠᠨ ᠰᠠᠭᠤᠯᠭᠠᠭᠰᠠᠨ ᠨᠢᠭᠡᠴᠡ ᠠᠴᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠬᠤ ᠬᠡᠷᠡᠭᠲᠡᠢ | ᠭᠡᠵᠦ ᠲᠣᠳᠣᠷᠬᠠᠢ ᠱᠠᠭᠠᠷᠳᠠᠪᠠ︔ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠬᠥᠮᠥᠰ ᠢ | ᠡᠯ᠎ᠡ ᠭᠠᠴᠠᠭᠠᠨ ᠤ ᠭᠠᠴᠠᠭᠠᠨ ᠤ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠠᠴᠠ | ᠬᠠᠮᠢᠶᠠᠷᠤᠨ᠎ᠠ︔ᠡᠯ᠎ᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠳᠤ ᠲᠤᠰᠬᠠᠢ ᠪᠠ ᠲᠤᠰᠢᠶᠠᠯ | ᠬᠠᠪᠰᠤᠷᠭᠠᠭᠰᠠᠨ ᠠᠵᠢᠯᠲᠠᠨ ᠲᠣᠬᠢᠷᠠᠭᠤᠯᠵᠤ᠂ ᠪᠡᠶ᠎ᠡ ᠪᠠᠨ ᠳᠠᠭᠠᠭᠠᠨ ᠬᠠᠮᠢᠶᠠᠷᠬᠤ ᠶᠢ ᠬᠡᠷᠡᠭᠵᠢᠭᠦᠯᠦᠨ᠂ | ᠦᠢᠯᠡᠴᠢᠯᠡᠭᠡᠨ ᠤ ᠥᠷᠲᠡᠭᠡ ᠳᠤ ᠣᠷᠣᠵᠤ ᠰᠠᠭᠤᠬᠤ ᠠᠵᠢᠯᠲᠠᠨ ᠤ ᠶᠡᠷᠦᠩᠬᠡᠶᠢᠯᠡᠭᠰᠡᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ ᠶᠢ ᠴᠢᠩᠭᠠᠳᠬᠠᠬᠤ ᠬᠡᠷᠡᠭᠲᠡᠢ᠃ᠡᠯ᠎ᠡ ᠲᠥᠷᠥᠯ ᠤᠨ ᠡᠬᠢ ᠪᠠᠶᠠᠯᠢᠭ ᠢ ᠭᠦᠢᠴᠡᠳ | ᠡᠮᠬᠢᠯᠡᠨ ᠨᠡᠶᠢᠯᠡᠭᠦᠯᠵᠦ ᠠᠰᠢᠭᠯᠠᠨ᠂ ᠲᠥᠪᠯᠡᠷᠡᠭᠦᠯᠦᠨ ᠪᠣᠯᠪᠠᠰᠤᠷᠠᠭᠤᠯᠬᠤ᠂ ᠲᠣᠭᠤᠷᠢᠨ ᠵᠢᠯᠤᠭᠤᠳᠬᠤ᠂ | ᠠᠵᠢᠯᠯᠠᠬᠤ ᠪᠠᠷ ᠪᠣᠯᠪᠠᠰᠤᠷᠠᠭᠤᠯᠤᠯ ᠢ ᠣᠷᠣᠯᠠᠭᠤᠯᠬᠤ᠂ ᠲᠣᠭᠤᠷᠢᠨ ᠦᠵᠡᠵᠦ ᠰᠣᠯᠢᠯᠴᠠᠬᠤ᠂ ᠠᠵᠢᠯ ᠤᠨ | ᠪᠠᠶᠢᠷᠢ ᠶᠢᠨ ᠪᠣᠯᠪᠠᠰᠤᠷᠠᠭᠤᠯᠤᠯ᠂ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ | ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ︽ᠨᠢᠭᠡ ᠯᠡ ᠴᠣᠩᠬᠤ ᠪᠠᠷ | ᠭᠦᠢᠴᠡᠳᠬᠡᠬᠦ︾᠂ ︽ᠨᠢᠭᠡ ᠴᠣᠩᠬᠤ ᠪᠠᠷ ᠭᠦᠢᠴᠡᠳᠬᠡᠬᠦ︾᠂ ︽ᠬᠡᠯᠬᠢᠶ᠎ᠡ︾ ᠦᠢᠯᠡᠴᠢᠯᠡᠭᠡ ᠶᠢ ᠠᠯᠬᠤᠮ | ᠠᠯᠬᠤᠮ ᠢᠶᠠᠷ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠩᠨᠡᠭᠡ ᠶᠢᠨ ᠲᠤᠬᠠᠶᠢᠯᠠᠭᠰᠠᠨ ᠠᠵᠢᠯ ᠤᠨ | ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ᠴᠣᠩᠬᠤᠪᠴᠢ ᠦᠢᠯᠡᠴᠢᠯᠡᠭᠡᠨ ᠤ ᠶᠣᠰᠣ ᠵᠢᠷᠤᠮ ᠤᠨ | ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠢᠨᠢᠶᠡᠮᠰᠦᠩᠭᠦᠢ ᠦᠢᠯᠡᠴᠢᠯᠡᠭᠡ ᠶᠢ ᠥᠷᠨᠢᠭᠦᠯᠦᠨ᠂ ᠦᠢᠯᠡᠴᠢᠯᠡᠭᠡᠨ ᠤ | ᠳᠤᠯᠠᠭᠠᠨ ᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ ︵ᠲᠦᠷᠦᠭᠦᠯᠡᠨ ᠭᠦᠢᠴᠡᠳᠬᠡᠬᠦ ᠨᠢᠭᠡᠴᠡ᠄ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ | ᠬᠢᠵᠠᠭᠠᠷ ᠨᠢ᠄ 2023 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | ᠃ | 7. ᠦᠢᠯᠡᠴᠢᠯᠡᠭᠡᠨ ᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠲᠥᠪ ︵ᠥᠷᠲᠡᠭᠡ︶ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠮᠠᠭᠤ ᠦᠨᠡᠯᠡᠯᠲᠡ | ᠶᠢ ᠴᠢᠩᠭ᠎ᠠ ᠬᠡᠷᠡᠭᠵᠢᠭᠦᠯᠵᠦ᠂ ︽ᠦᠨᠡᠯᠡᠬᠦ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ᠂ ᠬᠢᠨᠠᠯᠲᠠ | ᠲᠠᠯᠪᠢᠬᠤ︾ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ | ᠴᠣᠩᠬᠤᠨ ᠤ ᠠᠵᠢᠯᠲᠠᠨ ᠤ ᠠᠵᠢᠯ ᠤᠨ ᠳᠦᠷᠢᠮ᠂ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ᠂ ᠴᠠᠭ | ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ ᠳᠦᠷᠢᠮ᠂ ᠨᠢᠭᠡ ᠯᠡ ᠤᠳᠠᠭ᠎ᠠ ᠳᠤ ᠮᠡᠳᠡᠭᠳᠡᠬᠦ ᠳᠦᠷᠢᠮ᠂ | ᠴᠣᠩᠬᠤᠨ ᠳᠤ ᠦᠭᠡᠶᠢᠰᠬᠡᠬᠦ ᠡᠷᠬᠡ ᠦᠭᠡᠢ ᠳᠦᠷᠢᠮ᠂ AB ᠥᠨᠴᠥᠭ ᠤᠨ ᠭᠦᠢᠴᠡᠳᠬᠡᠬᠦ ᠳᠦᠷᠢᠮ᠂ | ᠦᠢᠯᠡᠴᠢᠯᠡᠭᠡᠨ ᠤ ᠵᠢᠷᠤᠮᠵᠢᠯ᠂ ᠦᠢᠯᠡᠴᠢᠯᠡᠭᠡᠨ ᠤ ᠠᠮᠠᠯᠠᠯᠲᠠ ᠵᠡᠷᠭᠡ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠦᠨ᠎ᠡ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ | ᠠᠵᠢᠯᠲᠠᠨ ᠤ ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠬᠢᠷᠢ ᠬᠡᠮᠵᠢᠶ᠎ᠡ ᠪᠠ ᠦᠢᠯᠡᠴᠢᠯᠡᠭᠡᠨ ᠤ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠬᠤᠶᠠᠷ ᠱᠠᠲᠤᠨ ᠤ ᠠᠵᠢᠯ ᠤᠨ | ᠳᠦᠷᠢᠮ ᠢ ᠠᠵᠢᠯ ᠤᠨ ᠡᠪᠬᠡᠮᠡᠯ ᠬᠠᠭᠤᠳᠠᠰᠤ᠂ ᠡᠯᠧᠺᠲᠷᠣᠨ ᠳᠡᠯᠭᠡᠴᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠲᠠᠯᠠᠪᠤᠷ ᠲᠤ ᠢᠯᠡ ᠨᠡᠶᠢᠲᠡᠯᠡᠵᠦ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ | ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ | ᠨᠡᠮᠡᠭᠳᠡᠭᠦᠯᠬᠦ ᠬᠡᠷᠡᠭᠲᠡᠢ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ | ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 4 ᠳ᠋ᠦᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | ︵ᠭᠤᠷᠪᠠ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠣᠭᠠᠴᠢᠯᠠᠨ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ | 8. ᠲᠣᠭᠠᠴᠢᠯᠠᠭᠰᠠᠨ ᠵᠠᠰᠠᠭ ᠤᠨ ᠶᠠᠪᠤᠳᠠᠯ ᠤᠨ ︽ᠰᠦᠯᠵᠢᠶᠡᠨ ᠳᠡᠭᠡᠷ᠎ᠡ ᠭᠦᠢᠴᠡᠳᠬᠡᠬᠦ︾ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ | ᠬᠤᠶᠠᠷ ᠱᠠᠲᠤᠨ ᠤ ᠰᠦᠯᠵᠢᠶᠡᠨ ᠳᠡᠭᠡᠷ᠎ᠡ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠰᠢᠶᠠᠩ ᠲᠣᠰᠬᠤᠨ ᠬᠤᠶᠠᠷ ᠱᠠᠲᠤᠨ ᠤ ᠰᠦᠯᠵᠢᠶᠡᠨ ᠳᠡᠭᠡᠷ᠎ᠡ ᠭᠦᠢᠴᠡᠳᠬᠡᠵᠦ | ᠪᠣᠯᠬᠤ ᠵᠦᠢᠯᠡᠰ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ᠣᠯᠠᠨ ᠲᠦᠮᠡᠨ ᠤ ᠭᠠᠳᠠᠨ᠎ᠠ ᠰᠦᠯᠵᠢᠶᠡᠨ ᠳᠡᠭᠡᠷ᠎ᠡ | ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ ᠶᠢ ᠰᠦᠯᠵᠢᠶᠡᠨ ᠳᠡᠭᠡᠷ᠎ᠡ ᠰᠢᠯᠵᠢᠭᠦᠯᠬᠦ ᠶᠢ ᠪᠡᠶᠡᠯᠡᠭᠦᠯᠵᠦ᠂ ᠦᠷ᠎ᠡ | ᠳ᠋ᠦᠩ ᠢ ᠰᠦᠯᠵᠢᠶᠡᠨ ᠳᠡᠭᠡᠷ᠎ᠡ ᠪᠠᠶᠢᠴᠠᠭᠠᠵᠤ ᠪᠣᠯᠣᠨ᠎ᠠ᠃ᠰᠦᠯᠵᠢᠶ᠎ᠡ ᠪᠠᠷ ᠭᠦᠢᠴᠡᠳᠬᠡᠬᠦ ᠵᠦᠢᠯᠡᠰ ᠤᠨ ᠬᠦᠴᠦᠨ | ᠵᠦᠢᠯ ᠢ ᠦᠷᠭᠦᠯᠵᠢᠯᠡᠨ ᠵᠦᠢᠯ ᠳᠠᠷᠠᠭᠠᠯᠠᠨ ᠡᠮᠬᠢᠯᠡᠨ ᠲᠡᠭᠦᠯᠳᠡᠷᠵᠢᠭᠦᠯᠵᠦ᠂ ᠰᠦᠯᠵᠢᠶᠡᠨ ᠤ ᠲᠢᠩᠬᠢᠮ ᠤᠨ | ᠵᠦᠢᠯᠡᠰ ᠤᠨ ᠴᠤᠪᠤᠷᠠᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠳᠡᠭᠡᠳᠦ ᠱᠠᠲᠤᠨ ᠤ ᠰᠦᠯᠵᠢᠶ᠎ᠡ ᠪᠠᠷ | ᠭᠦᠢᠴᠡᠳᠬᠡᠬᠦ ᠵᠦᠢᠯᠡᠰ ᠲᠠᠢ ᠤᠶᠠᠯᠳᠤᠭᠤᠯᠤᠨ ᠴᠠᠭ ᠬᠤᠭᠤᠴᠠᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ | ᠭᠤᠭᠴᠤᠭ᠎ᠠ ᠶᠢ ᠪᠠᠭᠠᠰᠬᠠᠬᠤ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠤ | ᠰᠦᠯᠵᠢᠶ᠎ᠡ ᠪᠠᠷ ᠭᠦᠢᠴᠡᠳᠬᠡᠬᠦ ᠵᠦᠢᠯᠡᠰ ᠤᠨ ᠣᠷᠣᠨ ᠪᠦᠰᠡ ᠶᠢ ᠨᠢᠭᠡᠳᠦᠯᠲᠡᠢ ᠪᠠᠶᠢᠯᠭᠠᠬᠤ᠂ ᠪᠠᠷᠢᠮᠵᠢᠶ᠎ᠠ ᠶᠢ | ᠵᠢᠷᠤᠮᠵᠢᠭᠤᠯᠤᠨ᠂ ᠬᠥᠳᠡᠭᠡ ᠲᠣᠰᠬᠤᠨ ᠤ ᠰᠦᠯᠵᠢᠶ᠎ᠡ ᠪᠠᠷ ᠭᠦᠢᠴᠡᠳᠬᠡᠬᠦ ᠥᠷᠲᠡᠭᠡ ᠴᠢᠭ᠋ ᠢ ᠪᠦᠷᠢᠨ ᠪᠦᠷᠬᠦᠭᠦᠯᠬᠦ᠂ | ᠴᠤᠪᠤᠷᠠᠯ ᠢ ᠪᠦᠷᠢᠨ ᠰᠠᠭᠠᠳ ᠦᠭᠡᠢ ᠨᠡᠪᠲᠡᠷᠡᠭᠦᠯᠬᠦ᠂ ᠵᠦᠢᠯᠡᠰ ᠢ ᠪᠦᠷᠢᠨ ᠨᠢᠭᠡᠳᠬᠡᠬᠦ ᠶᠢ ᠪᠡᠶᠡᠯᠡᠭᠦᠯᠦᠨ᠎ᠡ᠃ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠰᠦᠯᠵᠢᠶᠡᠨ ᠭᠠᠳᠠᠨᠠᠬᠢ ᠪᠣᠳᠠᠲᠤ | ᠴᠣᠭᠴᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠢ ᠠᠭᠤᠰᠤᠯᠴᠠᠭᠤᠯᠤᠨ | ᠬᠥᠭᠵᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ ᠨᠢᠭᠡᠨᠲᠡ | ᠪᠡᠶᠡᠯᠡᠭᠦᠯᠦᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠵᠠᠷᠴᠢᠮ ᠳᠡᠭᠡᠷ᠎ᠡ ᠪᠠᠨ ᠰᠦᠯᠵᠢᠶᠡᠨ | ᠭᠠᠳᠠᠨᠠᠬᠢ ᠴᠣᠩᠬᠤᠪᠴᠢ ᠪᠠᠷ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠵᠡᠷᠭᠡᠪᠡᠷ ᠬᠠᠩᠭᠠᠵᠤ᠂ ᠠᠵᠤ | ᠠᠬᠤᠶᠢᠯᠠᠯ ᠪᠠ ᠣᠯᠠᠨ ᠲᠦᠮᠡᠨ ᠠᠴᠠ ᠭᠦᠢᠴᠡᠳᠬᠡᠬᠦ ᠠᠷᠭ᠎ᠠ ᠵᠠᠮ ᠢ ᠥᠪᠡᠰᠦᠪᠡᠨ ᠰᠣᠩᠭᠤᠬᠤ ᠬᠡᠷᠡᠭᠲᠡᠢ ︵ | ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ | ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | 9. ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ ᠦᠨᠳᠦᠰᠦᠨ ᠱᠠᠲᠤ ᠳᠠᠰᠢ | ᠥᠷᠭᠡᠳᠬᠡᠨ᠎ᠡ᠃ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ ᠡᠯᠧᠺᠲᠷᠣᠨ ᠵᠠᠰᠠᠭ ᠤᠨ | ᠶᠠᠪᠤᠳᠠᠯ ᠤᠨ ᠭᠠᠳᠠᠷ ᠰᠦᠯᠵᠢᠶ᠎ᠡ ᠳᠤ ᠵᠠᠯᠭᠠᠨ ᠣᠷᠣᠭᠤᠯᠬᠤ ᠶᠢ ᠪᠡᠶᠡᠯᠡᠭᠦᠯᠵᠦ᠂ ᠲᠣᠰᠬᠤᠨ ︵ᠨᠡᠶᠢᠭᠡᠮ ᠲᠣᠭᠤᠷᠢᠭ︶ | ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠵᠠᠯᠭᠠᠨ ᠣᠷᠣᠭᠤᠯᠬᠤ ᠪᠠ ᠪᠠᠲᠤᠯᠠᠬᠤ ᠶᠢ | ᠠᠬᠢᠭᠤᠯᠤᠨ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠰᠠᠨ | ᠲᠠᠪᠴᠠᠩ ᠢ ᠵᠠᠯᠭᠠᠨ ᠣᠷᠣᠭᠤᠯᠬᠤ ᠪᠠ ᠬᠡᠷᠡᠭᠯᠡᠬᠦ ᠵᠢᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠥᠪᠡᠰᠦᠪᠡᠨ ᠦᠢᠯᠡᠴᠢᠯᠡᠬᠦ ᠵᠡᠷᠭᠡ ᠠᠵᠢᠯ ᠢ | ᠰᠠᠶᠢᠲᠤᠷ ᠬᠢᠵᠦ᠂ ᠰᠦᠯᠵᠢᠶᠡᠨ ᠤ ᠰᠠᠭᠤᠷᠢ ᠪᠠᠲᠤᠯᠠᠭ᠎ᠠ ᠶᠢ ᠰᠠᠶᠢᠲᠤᠷ ᠬᠢᠨ᠎ᠡ ︵ᠲᠦᠷᠦᠭᠦᠯᠡᠨ ᠭᠦᠢᠴᠡᠳᠬᠡᠬᠦ | ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ︔ᠬᠠᠷᠢᠭᠤᠴᠠᠯᠭᠠᠲᠤ | ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ | ᠴᠠᠭ ᠤᠨ ᠬᠢᠵᠠᠭᠠᠷ ᠨᠢ᠄ 2023 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ | ᠠᠬᠢᠭᠤᠯᠤᠨ᠎ᠠ︶᠃ | 10᠂ ᠨᠠᠷᠢᠯᠢᠭ ᠣᠨᠣᠴᠠᠲᠠᠢ ᠪᠠᠷ ᠠᠵᠢᠯ ᠶᠠᠪᠤᠳᠠᠯ ᠭᠦᠢᠴᠡᠳᠬᠡᠬᠦ ᠶᠢᠨ ᠵᠠᠮᠴᠢᠯᠠᠬᠤ ᠴᠢᠳᠠᠪᠤᠷᠢ ᠶᠢ | ᠰᠢᠯᠢᠳᠡᠭᠵᠢᠭᠦᠯᠦᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠵᠢᠷᠤᠭ ᠤᠨ ᠵᠠᠮᠴᠢᠯᠠᠬᠤᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ᠲᠣᠬᠢᠷᠠᠭᠤᠯᠤᠯᠲᠠ ᠶᠢᠨ PC ᠦᠵᠦᠭᠦᠷ᠂ | ᠰᠢᠯᠵᠢᠮᠡᠯ ᠦᠵᠦᠭᠦᠷ᠂ ᠥᠪᠡᠰᠦᠪᠡᠨ ᠦᠢᠯᠡᠴᠢᠯᠡᠬᠦ ᠦᠵᠦᠭᠦᠷ ᠵᠡᠷᠭᠡ ᠠᠷᠭ᠎ᠠ ᠵᠠᠮ ᠤᠨ ᠠᠭᠤᠯᠭ᠎ᠠ ᠶᠢ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠭᠠᠵᠠᠷ ᠤᠨ ᠵᠢᠷᠤᠭ ᠤᠨ | ᠦᠢᠯᠡᠴᠢᠯᠡᠭᠡᠨ ᠤ ᠣᠯᠠᠨ ᠠᠷᠭ᠎ᠠ ᠵᠠᠮ ᠤᠨ ᠲᠤᠭ᠎ᠠ ᠪᠠᠷᠢᠮᠲᠠ ᠶᠢᠨ ᠠᠳᠠᠯᠢ ᠢᠷᠡᠯᠲᠡ ᠲᠠᠢ ᠬᠠᠮᠢᠶᠠᠷᠤᠯᠲᠠ᠂ | ᠦᠢᠯᠡᠴᠢᠯᠡᠭᠡᠨ ᠤ ᠠᠳᠠᠯᠢ ᠢᠷᠡᠯᠲᠡ ᠲᠠᠢ ᠠᠵᠤ ᠠᠬᠤᠶᠢᠯᠠᠯ ᠪᠠ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠯᠠᠪᠤᠷ ᠭᠠᠵᠠᠷ ᠤᠨ ᠣᠷᠣᠨ ᠪᠠᠶᠢᠷᠢ᠂ ᠡᠯ᠎ᠡ ᠲᠥᠷᠥᠯ ᠤᠨ ᠦᠢᠯᠡᠴᠢᠯᠡᠭᠡᠨ ᠤ ᠲᠣᠣᠷ ᠴᠢᠭ᠋ ᠤᠨ | ᠪᠠᠶᠢᠷᠢᠰᠢᠭᠤᠯᠤᠯᠲᠠ ᠶᠢ ᠲᠣᠳᠣᠷᠬᠠᠶᠢᠯᠠᠬᠤ᠂ ᠥᠪᠡᠰᠦᠪᠡᠨ ᠦᠢᠯᠡᠴᠢᠯᠡᠬᠦ ᠦᠵᠦᠭᠦᠷ ᠢ ᠪᠠᠶᠢᠷᠢᠯᠠᠭᠤᠯᠬᠤ᠂ ᠠᠵᠢᠯᠯᠠᠬᠤ | ᠴᠠᠭ᠂ ᠠᠰᠠᠭᠤᠨ ᠯᠠᠪᠯᠠᠬᠤ ᠳ᠋ᠢᠶᠠᠩᠬᠤᠸᠠ᠂ ᠲᠤᠬᠠᠶᠢᠯᠠᠭᠰᠠᠨ ᠠᠵᠢᠯ ᠭᠦᠢᠴᠡᠳᠬᠡᠵᠦ ᠪᠣᠯᠬᠤ᠂ ᠤᠷᠢᠳᠴᠢᠯᠠᠨ | ᠪᠣᠯᠵᠣᠵᠤ ᠭᠤᠶᠤᠴᠢᠯᠠᠬᠤ᠂ ᠪᠠᠶᠢᠷᠢᠰᠢᠯ ᠢᠶᠠᠷ ᠵᠠᠮᠴᠢᠯᠠᠬᠤ ᠵᠡᠷᠭᠡ ᠦᠢᠯᠡᠴᠢᠯᠡᠭᠡ ᠶᠢ ᠬᠠᠩᠭᠠᠵᠤ᠂ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠣᠯᠵᠤ ᠬᠠᠷᠠᠬᠤ᠂ ᠪᠠᠶᠢᠴᠠᠭᠠᠵᠤ ᠣᠯᠬᠤ᠂ ᠠᠵᠢᠯᠯᠠᠭᠤᠯᠵᠤ | ᠳᠡᠶᠢᠯᠬᠦ ᠶᠢ ᠪᠡᠶᠡᠯᠡᠭᠦᠯᠦᠨ᠎ᠡ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ | ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 11 ᠳ᠋ᠦᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | ︵ᠳᠥᠷᠪᠡ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮᠴᠢᠯᠡᠨ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ | 11. ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠎ᠡ᠃ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶ᠎ᠠ | ᠪᠣᠯᠭᠠᠵᠤ᠂ ︽ᠵᠠᠰᠠᠭ ᠪᠠᠩᠬᠢ ᠬᠠᠮᠲᠤᠷᠠᠯᠴᠠᠬᠤ︾ ᠵᠠᠭᠪᠤᠷ ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ᠃ᠪᠠᠩᠬᠢ | ᠪᠣᠯᠣᠨ ᠠᠵᠤ ᠠᠬᠤᠶᠢᠯᠠᠯ ᠤᠨ ᠴᠢᠭ᠋ ᠣᠯᠠᠨ ᠲᠠᠯ᠎ᠠ ᠥᠷᠭᠡᠨ᠂ ᠣᠶᠢᠷ᠎ᠠ ᠬᠠᠪᠢ ᠳᠠᠭᠠᠨ ᠦᠢᠯᠡᠴᠢᠯᠡᠬᠦ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠦᠷᠭᠦᠯᠵᠢᠯᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ᠂ ᠠᠷᠠᠯᠵᠢᠶ᠎ᠠ ᠬᠤᠳᠠᠯᠳᠤᠭᠠᠨ ᠤ ᠬᠦᠷᠢᠶᠡᠯᠡᠩ ᠲᠣᠭᠤᠷᠢᠭ ᠲᠤ ᠲᠦᠰᠢᠭᠯᠡᠨ᠂ ᠵᠡᠷᠭᠡ | ᠬᠥᠮᠥᠰ ᠤᠨ ᠤᠷᠤᠰᠬᠠᠯ ᠤᠨ ᠬᠡᠮᠵᠢᠶ᠎ᠡ ᠶᠡᠭᠡ ᠪᠠᠶᠢᠵᠤ᠂ ᠬᠡᠷᠡᠭᠴᠡᠭᠡ ᠱᠠᠭᠠᠷᠳᠠᠯᠭ᠎ᠠ ᠶᠡᠬᠡᠲᠡᠢ ᠣᠯᠠᠨ ᠨᠡᠶᠢᠲᠡ ᠶᠢᠨ | ᠲᠠᠯᠠᠪᠤᠷ ᠲᠤ ᠬᠡᠷᠡᠭᠴᠡᠭᠡ ᠪᠠᠨ ᠦᠨᠳᠦᠰᠦᠯᠡᠨ ︽ᠵᠠᠰᠠᠭ ᠪᠠᠩᠬᠢ ᠠᠵᠤ ᠠᠬᠤᠶᠢᠯᠠᠯ︾ ᠤᠨ ᠬᠠᠮᠲᠤᠷᠠᠯᠴᠠᠭᠠᠨ ᠤ ᠴᠡᠭ | ᠭᠠᠷᠭᠠᠵᠤ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢᠶᠠᠷ ᠬᠥᠲᠥᠴᠢ ᠪᠣᠯᠭᠠᠭᠰᠠᠨ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢᠶᠠᠷ ᠨᠢᠷᠤᠭᠤᠪᠴᠢ ᠪᠣᠯᠭᠠᠭᠰᠠᠨ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠥᠷᠲᠡᠭᠡ ᠴᠢᠭ᠋ ᠢᠶᠠᠷ ᠰᠠᠭᠤᠷᠢ ᠪᠣᠯᠭᠠᠭᠰᠠᠨ᠂ ᠪᠠᠩᠬᠢ᠂ ᠬᠤᠲᠠ ᠶᠢᠨ | ᠶᠡᠷᠦᠩᠬᠡᠶᠢᠯᠡᠭᠰᠡᠨ ᠴᠣᠭᠴᠠ᠂ ᠵᠠᠬ᠎ᠠ ᠳᠡᠯᠭᠡᠭᠦᠷ᠂ ᠠᠵᠤ ᠠᠬᠤᠶᠢᠯᠠᠯ ᠤᠨ ᠪᠦᠯᠦᠭᠯᠡᠯ ᠵᠡᠷᠭᠡ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠣᠣᠷ ᠴᠢᠭ᠋ ᠢᠶᠠᠷ ᠨᠥᠬᠦᠪᠦᠷᠢ ᠪᠣᠯᠭᠠᠭᠰᠠᠨ᠂ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠬᠡᠬᠦ ᠲᠢᠩᠬᠢᠮ ᠢᠶᠠᠷ ᠠᠴᠢᠶᠠᠯᠠᠪᠤᠷᠢ ᠪᠣᠯᠭᠠᠭᠰᠠᠨ ᠪᠠᠷᠢᠮᠵᠢᠶᠠᠵᠢᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ︽ | ᠣᠶᠢᠷ᠎ᠠ ᠬᠠᠪᠢ ᠳᠠᠭᠠᠨ ᠭᠦᠢᠴᠡᠳᠬᠡᠬᠦ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ ︵ᠲᠦᠷᠦᠭᠦᠯᠡᠨ ᠭᠦᠢᠴᠡᠳᠬᠡᠬᠦ | ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ | ᠬᠢᠵᠠᠭᠠᠷ ᠨᠢ᠄ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ | ︶᠃ | 12. ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠎ᠡ᠃ᠦᠷᠭᠦᠯᠵᠢᠯᠡᠨ ︽ᠠᠵᠤ ᠠᠬᠤᠶᠢᠯᠠᠯ ᠤᠨ ᠪᠦᠬᠦ | ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠪᠠ ︽ᠬᠤᠪᠢ ᠬᠥᠮᠥᠨ ᠤ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭ᠎ᠠ︾ ᠶᠢᠨ ᠲᠣᠭᠤᠷᠢᠨ ᠳᠤ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠳᠡᠰ ᠳᠠᠪᠬᠤᠷᠭ᠎ᠠ ᠶᠢᠨ | ᠬᠤᠯᠪᠣᠭᠳᠠᠬᠤ ᠤᠴᠢᠷ ᠶᠠᠪᠤᠳᠠᠯ ᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠣᠷᠣᠵᠤ | ᠰᠠᠭᠤᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ︽ | ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠬᠦᠯᠢᠶᠡᠨ ᠠᠪᠴᠤ ᠰᠢᠢᠳᠪᠦᠷᠢᠯᠡᠬᠦ ᠴᠣᠩᠬᠤ ᠭᠠᠷᠭᠠᠵᠤ | ᠂ ᠦᠨᠳᠦᠰᠦᠨ ᠱᠠᠲᠤᠨ ᠳᠤ ᠬᠡᠷᠡᠭᠵᠢᠭᠦᠯᠦᠭᠰᠡᠨ ︽ᠨᠢᠭᠡ ᠤᠴᠢᠷ︾ ᠤᠨ ᠭᠠᠷᠴᠠᠭ ᠢ ᠴᠠᠭ ᠲᠤᠬᠠᠢ ᠳᠤᠨᠢ | ᠨᠡᠶᠢᠲᠡᠯᠡᠵᠦ᠂ ᠪᠠᠷᠢᠮᠵᠢᠶᠠᠵᠢᠭᠤᠯᠤᠭᠰᠠᠨ ᠦᠢᠯᠡᠴᠢᠯᠡᠭᠡᠨ ᠤ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ | ᠥᠪᠡᠷᠮᠢᠴᠡ ᠣᠨᠴᠠᠯᠢᠭ ᠲᠠᠢ ᠲᠣᠭᠲᠠᠭᠠᠨ ᠦᠢᠯᠡᠳᠬᠦ ᠳᠤ ᠬᠡᠷᠡᠭᠰᠡᠬᠦ ᠦᠢᠯᠡᠴᠢᠯᠡᠭᠡ ᠶᠢ ᠬᠢᠵᠦ᠂ ︽ᠨᠢᠭᠡ | ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠴᠣᠩᠬᠤ ᠪᠠᠷ ᠭᠥᠯᠢᠶᠡᠨ ᠠᠪᠴᠤ | ᠰᠢᠢᠳᠪᠦᠷᠢᠯᠡᠬᠦ᠂ ᠨᠢᠭᠡ ᠥᠷᠲᠡᠭᠡ ᠪᠠᠷ ᠬᠠᠪᠰᠤᠷᠤᠨ ᠭᠦᠢᠴᠡᠳᠬᠡᠬᠦ᠂ ᠨᠢᠭᠡ ᠬᠡᠯᠬᠢᠶ᠎ᠡ ᠪᠠᠷ ᠰᠢᠢᠳᠪᠦᠷᠢᠯᠡᠵᠦ | ᠳᠠᠭᠤᠰᠬᠠᠬᠤ᠂ ᠨᠢᠭᠡ ᠴᠣᠩᠬᠤ ᠪᠠᠷ ᠮᠠᠲ᠋ᠧᠷᠢᠶᠠᠯ ᠭᠠᠷᠭᠠᠵᠤ᠂ ᠨᠢᠭᠡ ᠤᠳᠠᠭ᠎ᠠ ᠳᠤ ᠰᠠᠶᠢᠲᠤᠷ ᠭᠦᠢᠴᠡᠳᠬᠡᠬᠦ︾ ᠶᠢ | ᠪᠡᠶᠡᠯᠡᠭᠦᠯᠵᠦ᠂ ᠨᠠᠩ ᠣᠯᠠᠨ ᠥᠭᠡᠷᠡᠴᠢᠯᠡᠯᠲᠡ ᠶᠢᠨ ᠵᠦᠢᠯᠡᠰ ᠢ ᠰᠢᠶᠠᠩ ᠤᠨ ᠱᠠᠲᠤᠨ ᠤ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ᠲᠤ ᠪᠠᠶᠢᠩᠭᠤᠵᠢᠭᠤᠯᠤᠨ ᠠᠵᠢᠯᠯᠠᠭᠤᠯᠬᠤ ᠶᠢ ᠰᠦᠪᠡᠭᠴᠢᠯᠡᠨ᠎ᠡ ︵ᠲᠦᠷᠦᠭᠦᠯᠡᠨ | ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ | ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | 13. ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠴᠢᠩᠭᠠᠷᠠᠭᠤᠯᠤᠨ᠎ᠠ᠃︽ᠲᠢᠩᠬᠢᠮ ᠤᠨ | ᠳᠣᠲᠣᠷᠠᠬᠢ ᠬᠠᠪᠰᠤᠷᠤᠨ ᠭᠦᠢᠴᠡᠳᠬᠡᠬᠦ ᠦᠢᠯᠡᠴᠢᠯᠡᠭᠡ + ᠲᠢᠩᠬᠢᠮ ᠤᠨ ᠭᠠᠳᠠᠨᠠᠬᠢ ᠨᠡᠭᠦᠳᠡᠯ ᠦᠢᠯᠡᠴᠢᠯᠡᠭᠡ︾ ᠶᠢᠨ | ᠠᠵᠢᠯ ᠤᠨ ᠵᠠᠭᠪᠤᠷ ᠢ ᠲᠡᠭᠦᠯᠳᠡᠷᠵᠢᠭᠦᠯᠵᠦ᠂ ᠨᠥᠬᠦᠴᠡᠯ ᠲᠠᠢ ᠭᠠᠵᠠᠷ ᠣᠷᠣᠨ ᠤ ᠬᠢᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠲᠥᠪ ᠲᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ | ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠰᠦᠪᠡᠭᠴᠢᠯᠡᠵᠦ᠂ ᠲᠣᠰᠬᠤᠨ ︵ᠨᠡᠶᠢᠭᠡᠮ ᠲᠣᠭᠤᠷᠢᠭ︶ ᠳᠤ | ᠨᠠᠮ ᠤᠨ ᠭᠡᠰᠢᠭᠦᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ᠂ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ | ᠠᠵᠢᠯᠯᠠᠭᠴᠢ ᠵᠡᠷᠭᠡ ᠳᠤ ᠲᠦᠰᠢᠭᠯᠡᠵᠦ᠂ ᠦᠨᠳᠦᠰᠦᠨ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠬᠦᠴᠦᠨ ᠢ ᠲᠡᠭᠦᠯᠳᠡᠷᠵᠢᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠦᠢᠯᠡᠴᠢᠯᠡᠭᠡ ᠶᠢ ᠴᠢᠩᠭᠠᠷᠠᠭᠤᠯᠤᠨ᠂ ᠦᠨᠳᠦᠰᠦᠨ ᠱᠠᠲᠤᠨ ᠤ ᠠᠵᠤ ᠠᠬᠤᠶᠢᠯᠠᠯ ᠤᠨ ᠣᠯᠠᠨ ᠲᠦᠮᠡᠨ ᠳᠤ | ᠲᠣᠰᠬᠤᠨ ᠳᠤ ᠣᠷᠣᠵᠤ ᠡᠷᠦᠬᠡ ᠳᠤ ᠣᠷᠣᠬᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ᠂ ᠠᠬᠢᠴᠠ ᠶᠢ ᠮᠥᠷᠳᠡᠬᠦ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠵᠡᠷᠭᠡ | ᠦᠢᠯᠡᠴᠢᠯᠡᠭᠡ ᠬᠠᠩᠭᠠᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠢ ᠢᠯᠡ ᠪᠣᠯᠭᠠᠬᠤ ᠪᠤᠯᠤᠩ᠂ ᠤᠬᠠᠭᠤᠯᠭ᠎ᠠ ᠶᠢᠨ ᠪᠤᠯᠤᠩ | ᠵᠡᠷᠭᠡ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠳᠦᠷᠢᠮ᠂ ᠬᠡᠷᠡᠭ ᠶᠠᠪᠤᠳᠠᠯ ᠤᠨ ᠨᠠᠷᠢᠨ ᠬᠠᠭᠤᠳᠠᠰᠤ | ᠂ ᠠᠵᠢᠯᠲᠠᠨ ᠤ ᠨᠡᠷᠡᠰ᠂ ᠬᠠᠷᠢᠯᠴᠠᠬᠤ ᠠᠷᠭ᠎ᠠ ᠮᠠᠶ᠋ᠢᠭ ᠵᠢᠴᠢ ᠦᠢᠯᠡᠴᠢᠯᠡᠬᠦ ᠬᠦᠷᠢᠶ᠎ᠡ ᠬᠡᠪᠴᠢᠶ᠎ᠡ ᠵᠡᠷᠭᠡ ᠠᠭᠤᠯᠭ᠎ᠠ ᠶᠢ | ᠢᠯᠡ ᠨᠡᠶᠢᠲᠡᠯᠡᠨ᠎ᠡ︔ᠭᠠᠷᠠᠭ ᠤᠨ ᠰᠡᠭᠦᠯᠴᠢ ᠵᠢᠴᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠵᠤ ᠠᠬᠤᠶᠢᠯᠠᠯ ᠪᠠ | ᠣᠯᠠᠨ ᠲᠦᠮᠡᠨ ᠳᠤ ᠦᠢᠯᠡᠴᠢᠯᠡᠭᠡ ᠬᠠᠩᠭᠠᠵᠤ᠂ ︽365 ᠡᠳᠦᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠡᠭᠦᠳᠡ ᠪᠠᠨ ᠬᠠᠭᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠦᠨ᠎ᠡ︔ᠪᠣᠳᠠᠲᠤ ᠴᠣᠭᠴᠠ ᠶᠢᠨ ᠶᠡᠭᠡ | ᠲᠢᠩᠬᠢᠮ ᠳᠤ ᠬᠠᠷᠰᠢ ᠰᠠᠭᠠᠳ ᠦᠭᠡᠢ ᠥᠭᠡᠷᠡᠴᠢᠯᠡᠨ ᠰᠠᠶᠢᠵᠢᠷᠠᠭᠤᠯᠬᠤ ᠪᠠ ᠨᠠᠰᠤᠵᠢᠯᠲᠠ ᠳᠤ ᠲᠣᠬᠢᠷᠠᠭᠤᠯᠤᠨ | ᠳᠡᠭᠡᠭᠰᠢᠯᠡᠭᠦᠯᠬᠦ ᠶᠢ ᠥᠷᠨᠢᠭᠦᠯᠵᠦ᠂ ᠬᠠᠭᠤᠴᠢᠨ ᠰᠢᠯ᠂ ᠬᠦᠷᠳᠦᠲᠦ ᠰᠠᠨᠳᠠᠯᠢ᠂ ᠲᠦᠷᠭᠡᠨ ᠠᠪᠤᠷᠠᠯᠳᠠ ᠶᠢᠨ ᠡᠮ ᠤᠨ | ᠬᠠᠶᠢᠷᠴᠠᠭ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ᠂ | ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠣᠭᠤᠢ ᠬᠠᠮᠲᠤᠯᠢᠭ ᠤᠨ ᠠᠵᠢᠯ ᠶᠠᠪᠤᠳᠠᠯ ᠭᠦᠢᠴᠡᠳᠬᠡᠬᠦ ᠳᠤ ᠰᠠᠭᠠᠳ | ᠦᠭᠡᠢ ᠨᠡᠪᠲᠡᠷᠡᠬᠦ ᠵᠠᠮ ᠢ ᠨᠡᠪᠲᠡᠷᠡᠭᠦᠯᠦᠨ᠎ᠡ᠃ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠷᠠᠭᠤᠯᠵᠤ᠂ ᠪᠠᠷᠠᠭᠠᠨ ᠤ | ᠭᠦᠢᠯᠭᠡᠭᠡᠨ ᠤ ᠢᠯᠡᠬᠡᠨ ᠬᠦᠷᠭᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ ᠵᠡᠷᠭᠡ | ᠬᠡᠯᠪᠡᠷᠢ ᠪᠠᠷ ᠳᠠᠮᠵᠢᠭᠤᠯᠤᠨ᠂ ᠰᠦᠢᠳᠬᠡᠯ ᠬᠤᠷᠢᠶᠠᠬᠤ ᠦᠭᠡᠢ ᠪᠠᠷ ᠭᠡᠷ ᠲᠤᠨᠢ ᠬᠦᠷᠴᠦ ᠦᠢᠯᠡᠴᠢᠯᠡᠬᠦ᠂ ᠭᠡᠷ ᠲᠤᠨᠢ | ᠣᠴᠢᠵᠤ ᠦᠢᠯᠡᠴᠢᠯᠡᠬᠦ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ | ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | ︵ᠲᠠᠪᠤ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠢᠨ᠎ᠡ ᠶᠢ ᠡᠭᠦᠳᠦᠨ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ | 14᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠦᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠵᠢᠵᠢᠭ ᠬᠡᠷᠴᠢᠮ︾ ᠠᠴᠠ ᠭᠠᠷᠳᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠣᠰ ᠲᠣᠰ ᠤᠨ ᠣᠨᠴᠠᠯᠢᠭ ᠲᠠᠢ᠂ ᠣᠷᠣᠨ ᠪᠠᠶᠢᠷᠢ | ᠰᠣᠯᠢᠨ ᠬᠥᠭᠵᠢᠭᠰᠡᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ︽ᠨᠢᠭᠡ ᠣᠷᠣᠨ ᠨᠢᠭᠡ ᠲᠥᠷᠥᠯ ᠵᠦᠢᠯ︾ | ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠵᠦᠢᠯ ᠢ ᠪᠣᠶ ᠪᠣᠯᠭᠠᠨ᠎ᠠ᠃ᠡᠭᠦᠨ ᠤ ᠬᠠᠮᠲᠤ᠂ ︽ | ᠳᠣᠷᠣᠭᠰᠢ ᠪᠠᠭᠤᠵᠤ ᠦᠢᠯᠡᠴᠢᠯᠡᠬᠦ︾ ᠶᠢᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ᠂ ᠬᠦᠷᠢᠶᠡᠯᠡᠩ ᠲᠣᠭᠤᠷᠢᠭ ᠲᠤ | ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠭᠡᠷ ᠪᠦᠯᠢ ᠳᠤ | ᠣᠷᠣᠭᠤᠯᠬᠤ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠭᠤᠣᠯ ᠴᠣᠭᠴᠠ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ | ᠬᠠᠩᠭᠠᠵᠤ᠂ ᠠᠵᠤ ᠠᠬᠤᠶᠢᠯᠠᠯ ᠤᠨ ᠬᠠᠷᠢᠶᠠᠯᠠᠭᠳᠠᠬᠤ ᠰᠡᠳᠬᠢᠯᠭᠡ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ | ᠬᠥᠭᠵᠢᠯᠲᠡ ᠶᠢᠨ ᠴᠢᠭᠯᠡᠯ ᠢ ᠦᠨᠳᠦᠰᠦᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ | ᠬᠠᠶᠢᠨ ᠰᠦᠪᠡᠭᠴᠢᠯᠡᠵᠦ᠂ ︽ᠨᠢᠭᠡ ᠰᠢᠶᠠᠩ ᠪᠠᠯᠭᠠᠰᠤ ᠨᠢᠭᠡ ᠨᠠᠷᠠᠲᠤ ᠲᠡᠮᠳᠡᠭᠲᠦ︾ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠲᠡᠯᠢᠭ | ᠲᠤᠷᠰᠢᠯᠭ᠎ᠠ ᠶᠢ ᠪᠥᠬᠦ ᠬᠤᠲᠠ ᠶᠢᠨ ᠬᠡᠪᠴᠢᠶᠡᠨ ᠳᠤ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠶᠢ ᠪᠡᠶᠡᠯᠡᠭᠦᠯᠦᠨ᠎ᠡ ︵ | ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ | ᠲᠣᠭᠤᠷᠢᠭ ᠤᠨᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ | ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 11 ᠳ᠋ᠦᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | 15. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠵᠢᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡᠨ ᠤ ᠵᠠᠭᠪᠤᠷ ᠤᠨ ᠰᠢᠨ᠎ᠡ | ᠨᠥᠬᠦᠴᠡᠯ ᠲᠠᠢ ᠬᠢᠷᠢ ᠬᠡᠮ ᠲᠠᠢ ᠴᠢᠳᠠᠪᠤᠷᠢ ᠲᠠᠢ ᠨᠡᠶᠢᠭᠡᠮ ᠤᠨ ᠭᠤᠷᠪᠠᠳᠠᠭᠢ ᠡᠲᠡᠭᠡᠳ ᠢ ᠤᠷᠢᠵᠤ ᠰᠢᠶᠠᠩ ᠤᠨ | ᠳᠡᠰ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠣᠴᠢᠭᠤᠯᠤᠨ ᠨᠡᠶᠢᠭᠡᠮᠴᠢᠯᠡᠭᠰᠡᠨ ᠨᠠᠶᠢᠳᠠᠨ | ᠬᠠᠮᠢᠶᠠᠷᠤᠭᠤᠯᠬᠤ ᠶᠢ ᠬᠡᠷᠡᠭᠵᠢᠭᠦᠯᠵᠦ᠂ ᠴᠣᠩᠬᠤᠨ ᠤ ᠡᠮᠦᠨᠡᠬᠢ ᠭᠥᠯᠢᠶᠡᠨ ᠠᠪᠴᠤ ᠰᠢᠢᠳᠪᠦᠷᠢᠯᠡᠬᠦ ᠴᠤᠪᠤᠷᠠᠯ ᠢ | ᠰᠢᠯᠢᠳᠡᠭᠵᠢᠭᠦᠯᠬᠦ᠂ ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ ᠴᠤᠪᠤᠷᠠᠯ ᠢ ᠰᠢᠯᠢᠳᠡᠭᠵᠢᠭᠦᠯᠬᠦ᠂ ᠮᠠᠲ᠋ᠧᠷᠢᠶᠠᠯ | ᠭᠠᠷᠭᠠᠬᠤ ᠴᠤᠪᠤᠷᠠᠯ ᠢ ᠰᠢᠯᠢᠳᠡᠭᠵᠢᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ 4 ᠲᠠᠯ᠎ᠠ ᠠᠴᠠ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ | ᠵᠣᠭᠤᠰ ᠢᠶᠠᠷ ᠬᠥᠮᠥᠨ ᠢ ᠲᠡᠵᠢᠭᠡᠬᠦ︾ ᠠᠴᠠ ︽ᠵᠣᠭᠤᠰ ᠢᠶᠠᠷ ᠠᠵᠢᠯ ᠶᠠᠪᠤᠳᠠᠯ ᠭᠦᠢᠴᠡᠳᠬᠡᠬᠦ︾ ᠪᠣᠯᠭᠠᠨ | ᠬᠤᠪᠢᠷᠠᠭᠤᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠭᠦᠢᠴᠡᠳᠬᠡᠬᠦ ᠨᠢᠭᠡᠴᠡ᠄ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ︔ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 11 | ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠬᠤ ᠬᠡᠷᠡᠭᠲᠡᠢ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠬᠢᠨᠠᠨ ᠵᠢᠯᠤᠭᠤᠳᠴᠤ ᠠᠬᠢᠭᠤᠯᠬᠤ ᠬᠡᠷᠡᠭᠲᠡᠢ︔ᠡᠯ᠎ᠡ ᠰᠢᠶᠠᠩ ᠪᠠᠯᠭᠠᠰᠤ ︵ | ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠨᠢ ᠬᠡᠷᠡᠭᠵᠢᠭᠦᠯᠬᠦ ᠲᠥᠰᠥᠯ ᠶᠣᠰᠣᠭᠠᠷ ᠪᠣᠳᠠᠲᠠᠢ | ᠠᠵᠢᠯ ᠤᠨ ᠠᠷᠭ᠎ᠠ ᠬᠡᠮᠵᠢᠶ᠎ᠡ ᠲᠣᠭᠲᠠᠭᠠᠵᠤ᠂ 3 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠰᠢᠤᠳᠠᠨ ᠤ | ᠬᠠᠶᠢᠷᠴᠠᠭ dhqzwfjzws@126.com ᠬᠦᠷᠲᠡᠯ᠎ᠡ ᠬᠠᠷᠢᠭᠤ ᠲᠤᠰᠬᠠᠵᠤ᠂ ᠡᠭᠦᠷᠭᠡ ᠶᠢᠨ ᠪᠢᠴᠢᠭ᠂ ᠵᠠᠮ | ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ | ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠬᠤᠶᠠᠷ︶ ᠢᠳᠡᠪᠬᠢᠲᠡᠢ ᠪᠠᠷ ᠤᠬᠠᠭᠤᠯᠤᠨ ᠳᠡᠯᠭᠡᠷᠡᠭᠦᠯᠬᠦ ᠬᠡᠷᠡᠭᠲᠡᠢ | ᠡᠯ᠎ᠡ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠠᠷᠭ᠎ᠠ ᠬᠡᠮᠵᠢᠶ᠎ᠡ ᠶᠢ | ᠢᠳᠡᠪᠬᠢᠲᠡᠢ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ᠨᠠᠩ ᠣᠯᠠᠨ ᠡᠭᠦᠳᠦᠨ ᠪᠦᠲᠦᠭᠡᠬᠦ᠂ ᠲᠤᠰᠠᠲᠠᠢ ᠰᠠᠶᠢᠨ | ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠪᠣᠶ ᠪᠣᠯᠭᠠᠬᠤ ᠬᠡᠷᠡᠭᠲᠡᠢ᠃ᠠᠵᠢᠯ ᠤᠨ ᠳᠤᠮᠳᠠᠬᠢ ᠲᠡᠷᠢᠭᠦᠨ ᠤ ᠲᠤᠷᠰᠢᠯᠭ᠎ᠠ | ᠪᠣᠯᠣᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠳ᠋ᠦᠩᠨᠡᠵᠦ᠂ ᠰᠦᠯᠵᠢᠶ᠎ᠡ᠂ ᠷᠠᠳᠢᠣ᠋ ᠬᠤᠷᠢᠶ᠎ᠠ᠂ | ᠲᠧᠯᠸᠢᠰ ᠬᠤᠷᠢᠶ᠎ᠠ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠤᠨ ᠠᠷᠭ᠎ᠠ ᠵᠠᠮ ᠢᠶᠠᠷ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠪᠠ ᠠᠵᠢᠯ ᠤᠨ ᠦᠷ᠎ᠡ ᠪᠦᠲᠦᠮᠵᠢ ᠶᠢ ᠥᠷᠭᠡᠨ ᠬᠦᠷᠢᠶ᠎ᠡ ᠬᠡᠪᠴᠢᠶ᠎ᠡ ᠪᠠᠷ ᠤᠬᠠᠭᠤᠯᠤᠨ | ᠲᠠᠶᠢᠯᠪᠤᠷᠢᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ | ᠬᠠᠨᠤᠮᠵᠢᠲᠠᠶ ᠪᠠᠶᠢᠬᠤ ᠨᠣᠷᠮ᠎ᠠ ᠶᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠢᠯᠡᠴᠢᠯᠡᠭᠡ ᠶᠢ | ᠰᠢᠯᠢᠳᠡᠭᠵᠢᠭᠦᠯᠬᠦ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠭᠠᠵᠠᠷ ᠣᠷᠣᠨ ᠪᠠ ᠰᠠᠯᠠᠭ᠎ᠠ | ᠮᠥᠴᠢᠷ ᠤᠨ ᠬᠠᠷᠢᠯᠴᠠᠨ ᠯᠠᠪᠯᠠᠯᠲᠠ ᠪᠣᠯᠭᠠᠬᠤ᠂ ᠥᠷᠢᠰᠦᠯᠳᠦᠨ ᠬᠥᠭᠵᠢᠬᠦ ᠶᠢ ᠠᠬᠢᠭᠤᠯᠬᠤ ᠶᠢᠨ ᠬᠠᠮᠲᠤ ᠠᠵᠤ | ᠠᠬᠤᠶᠢᠯᠠᠯ ᠪᠠ ᠣᠯᠠᠨ ᠲᠦᠮᠡᠨ ᠤ ᠬᠢᠨᠠᠯᠲᠠ ᠲᠠᠯᠪᠢᠯᠲᠠ ᠪᠠᠷ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ | ᠳᠡᠭᠡᠭᠰᠢᠯᠡᠯᠲᠡ ᠶᠢ ᠠᠬᠢᠭᠤᠯᠤᠨ᠎ᠠ᠃ | |