ᠰᠢᠨ᠎ᠡ ᠠᠵᠠ ᠲᠣᠬᠢᠶᠠᠯ ᠢ ᠡᠵᠡᠮᠳᠡᠵᠦ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠰᠦᠭᠡᠢ ︱ ᠶᠡᠷᠦᠩᠬᠡᠢ ᠱᠦᠵᠢ ᠰᠢ ᠶᠢᠨ ᠫᠢᠩ ᠤ ᠰᠢᠨᠵᠢᠶᠠᠩ ᠳᠤ ᠲᠠᠯᠪᠢᠭᠰᠠᠨ ᠴᠢᠬᠤᠯᠠ ᠶᠠᠷᠢᠶ᠎ᠠ ᠥᠷᠭᠡᠨ ᠤᠯᠠᠨ ᠺᠠᠳ᠋ᠷ ᠤᠯᠠᠨ ᠲᠦᠮᠡᠨ ᠤ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠢᠨ᠎ᠡ ᠠᠶᠠᠨ ᠢ ᠵᠣᠷᠢᠭᠵᠢᠭᠤᠯᠵᠠᠢ
ᠨᠡᠶᠢᠲᠡᠯᠡᠭᠰᠡᠨ ᠴᠠᠭ᠄
2023/8/30
     ︽ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨᠵᠢᠶᠠᠩ ᠤᠨ ᠤᠯᠤᠰ ᠤᠨ ᠪᠦᠬᠦ ᠲᠠᠯ᠎ᠠ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠠᠵᠢᠯ ᠤᠨ ᠶᠡᠷᠦᠩᠬᠡᠢ ᠬᠠᠷᠠᠯᠲᠠ  ᠶᠢ ᠠᠳᠬᠤᠵᠤ᠂ ᠬᠠᠤᠯᠢ ᠶᠣᠰᠣᠭᠠᠷ ᠰᠢᠨᠵᠢᠶᠠᠩ  ᠢ ᠵᠠᠰᠠᠬᠤ᠂ ᠪᠦᠯᠬᠦᠮᠳᠡᠵᠦ ᠪᠠᠶᠢᠭᠠᠳ ᠰᠢᠨᠵᠢᠶᠠᠩ  ᠢ ᠲᠣᠭᠲᠠᠪᠤᠷᠢᠵᠢᠭᠤᠯᠬᠤ᠂ ᠰᠣᠶᠣᠯ ᠢᠶᠠᠷ ᠰᠢᠨᠵᠢᠶᠠᠩ  ᠢ ᠤᠮᠳᠠᠯᠠᠬᠤ᠂ ᠠᠷᠠᠳ  ᠢ ᠪᠠᠶᠠᠵᠢᠭᠤᠯᠤᠨ ᠰᠢᠨᠵᠢᠶᠠᠩ  ᠢ ᠬᠥᠭᠵᠢᠭᠦᠯᠬᠦ᠂ ᠤᠷᠲᠤ ᠬᠤᠭᠤᠴᠠᠭ᠎ᠠ ᠪᠠᠷ ᠰᠢᠨᠵᠢᠶᠠᠩ  ᠢ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ  ᠢ ᠭᠦᠨᠵᠡᠭᠡᠢ ᠪᠥᠭᠡᠳ ᠨᠠᠷᠢᠯᠢᠭ ᠪᠥᠭᠡᠳ ᠪᠣᠳᠠᠲᠠᠢ ᠬᠢᠵᠦ᠂ ᠲᠣᠭᠲᠠᠭᠤᠨ ᠪᠠᠶᠢᠯᠭᠠᠬᠤ  ᠶᠢᠨ ᠵᠡᠷᠭᠡ ᠳᠤ ᠤᠷᠤᠭᠰᠢᠯᠠᠭᠤᠯᠤᠨ᠂ ᠦᠷᠭᠦᠯᠵᠢᠯᠡᠨ ᠴᠢᠷᠮᠠᠶᠢᠵᠤ᠂ ᠥᠨᠢ ᠤᠳᠠᠭᠠᠨ ᠴᠢᠷᠮᠠᠶᠢᠨ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠶᠢᠨ ᠶᠠᠪᠤᠴᠠ ᠳᠤ ᠪᠦᠯᠬᠦᠮᠳᠡᠯ ᠲᠠᠢ ᠡᠶ᠎ᠡ ᠵᠣᠬᠢᠴᠠᠯ  ᠲᠠᠢ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ ᠳᠠᠪᠰᠢᠯᠲᠠ  ᠲᠠᠢ᠂ ᠠᠮᠤᠷ ᠲᠠᠶᠢᠪᠤᠩ ᠠᠵᠤ ᠲᠦᠷᠦᠭᠦ᠂ ᠠᠮᠢ ᠠᠬᠤᠢ ᠰᠠᠶᠢᠨ ᠰᠠᠶᠢᠬᠠᠨ ᠦᠵᠡᠰᠬᠦᠯᠡᠩᠲᠦ ᠰᠠᠶᠢᠬᠠᠨ ᠰᠢᠨᠵᠢᠶᠠᠩ  ᠢ ᠨᠡᠩ ᠰᠠᠶᠢᠨ ᠪᠦᠲᠦᠭᠡᠨ ᠪᠠᠶᠢᠭᠤᠯᠬᠤ ᠬᠡᠷᠡᠭᠲᠡᠢ︾ ᠭᠡᠵᠡᠢ᠃      8 ᠰᠠᠷ᠎ᠠ ᠶᠢᠨ 26᠎ ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ ᠨᠢ ᠥᠷᠭᠡᠨ ᠤᠯᠠᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ᠃      ᠲᠡᠭᠷᠢ ᠠᠭᠤᠯᠠ ᠶᠢᠨ ᠡᠮᠦᠨ᠎ᠡ ᠤᠮᠠᠷ᠎ᠠ ᠠᠴᠠ ᠴᠠᠰᠤᠲᠤ ᠥᠨᠳᠦᠷᠯᠢᠭ ᠬᠦᠷᠲᠡᠯ᠎ᠡ᠂ ᠴᠠᠭᠠᠨ ᠠᠭᠤᠯᠠ ᠬᠠᠷ᠎ᠠ ᠤᠰᠤᠨ ᠠᠴᠠ ᠡᠮᠦᠨᠡᠲᠦ ᠲᠠᠩᠭᠢᠰ ᠤᠨ ᠬᠥᠪᠡᠭᠡ ᠬᠦᠷᠲᠡᠯ᠎ᠡ ᠥᠷᠭᠡᠨ ᠣᠯᠠᠨ ᠺᠠᠳ᠋ᠷ ᠣᠯᠠᠨ ᠲᠦᠮᠡᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠰᠢᠨ᠎ᠡ ᠠᠵᠠ ᠲᠣᠬᠢᠶᠠᠯ ᠢ ᠡᠵᠡᠮᠳᠡᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠰᠢᠨᠲᠠᠷᠠᠰᠢ ᠦᠭᠡᠢ ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠪᠣᠳᠠᠲᠠᠢ ᠠᠳᠬᠤᠬᠤ      ᠰᠢᠨᠵᠢᠶᠠᠩ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠤᠳᠤᠯᠭᠠᠨ ᠤ ᠰᠠᠭᠤᠷᠢᠨ ᠢ ᠪᠠᠲᠤ ᠴᠣᠭᠴᠠᠯᠠᠬᠤ ᠳᠤ᠂ ᠮᠥ᠋ᠩ ᠨᠠᠨ ᠫᠷᠤᠹᠥᠰᠰᠤᠷ ᠪᠣᠯᠣᠨ ᠪᠠᠭᠰᠢ ᠰᠤᠷᠤᠭᠴᠢᠳ ᠣᠶᠢᠷ᠎ᠠ ᠳᠤ ᠭᠠᠳᠠᠭᠰᠢ ᠭᠠᠷᠴᠤ ᠪᠠᠶᠢᠴᠠᠭᠠᠨ ᠰᠤᠳᠤᠯᠤᠯᠲᠠ ᠬᠢᠭᠰᠡᠨ ᠲᠥᠷᠥᠭᠳᠡᠯ ᠢᠶᠠᠨ ᠬᠤᠪᠢᠶᠠᠯᠴᠠᠵᠤ᠄︽ᠬᠡᠳᠦᠢ ᠪᠤᠶᠢᠳᠠ ᠪᠥᠭᠯᠡᠭᠦᠦ ᠠᠭᠤᠯᠠᠨ ᠲᠣᠰᠬᠤᠨ ᠳᠤ ᠴᠤ ᠭᠡᠰᠡᠨ ᠡᠬᠡ ᠤᠯᠤᠰ ᠤᠨ ᠬᠥᠭᠵᠢᠯᠲᠡ ᠶᠢᠨ ᠰᠤᠳᠠᠯ ᠤᠨ ᠯᠤᠭᠰᠢᠯᠲᠠ ᠲᠠᠢ ᠵᠡᠷᠭᠡᠪᠡᠷ ᠤᠷᠤᠭᠰᠢᠯᠠᠨ᠎ᠠ᠃ ᠡᠨᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ ᠭᠡᠳᠡᠭ ᠢ ᠨᠠᠳᠠ ᠳᠤ ᠭᠦᠨᠵᠡᠭᠡᠢ ᠣᠶᠢᠯᠠᠭᠠᠭᠤᠯᠤᠭᠰᠠᠨ ᠶᠤᠮ᠃ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠲᠠᠢ ᠳᠤᠮᠳᠠᠳᠤ ᠤᠯᠤᠰ ᠯᠠᠪᠲᠠᠢ ᠬᠠᠨᠳᠤᠭᠰᠠᠨ ᠵᠦᠭ ᠲᠤ ᠢᠯᠠᠭᠳᠠᠰᠢ ᠦᠭᠡᠢ ᠶᠤᠮ᠃︾      ︽ᠵᠢᠯ ᠭᠠᠷᠤᠢ ᠶᠢᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠠᠳᠡ ᠰᠢᠨᠵᠢᠯᠡᠨ ᠪᠠᠶᠢᠴᠠᠭᠠᠬᠤ ᠳᠠᠭᠠᠨ︿ᠦᠨᠳᠦᠰᠦᠲᠡᠨ ᠨᠦᠭᠦᠳ ᠤᠨ ᠬᠤᠪᠢ ᠵᠠᠶᠠᠭ᠎ᠠ ᠢᠮᠠᠭᠲᠠ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠬᠤᠪᠢ ᠵᠠᠶᠠᠭ᠎ᠠ ᠲᠠᠢ ᠨᠢᠭᠲᠠ ᠬᠤᠯᠪᠣᠯᠳᠤᠨ᠎ᠠ﹀ᠭᠡᠵᠦ ᠴᠢᠬᠤᠯᠠᠴᠢᠯᠠᠵᠠᠢ᠂ ᠡᠨᠡ ᠤᠳᠠᠭ᠎ᠠ ᠰᠢᠨᠵᠢᠶᠠᠩ ᠳᠤ ᠪᠠᠰᠠ︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ﹀ᠭᠡᠵᠦ ᠳᠤᠷᠠᠳᠴᠤ᠂ ᠪᠢᠳᠡᠨ ᠤ ᠬᠤᠯᠪᠣᠭᠳᠠᠯ ᠪᠦᠬᠦᠢ ᠰᠤᠳᠤᠯᠭᠠᠨ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ︾᠃ ᠮᠧᠩ ᠨᠠᠨ ᠬᠡᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠴᠢᠩᠭᠠᠳᠬᠠᠬᠤ ᠪᠠᠷ ᠰᠤᠳᠤᠯᠭᠠᠨ ᠤ ᠭᠤᠣᠯᠳᠠᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠠᠵᠢᠯ ᠢ ᠪᠣᠳᠠᠲᠠᠢ ᠪᠠᠷ ᠠᠳᠬᠤᠬᠤ ᠳᠤ ᠨᠠᠩ ᠪᠠᠶᠠᠯᠢᠭ ᠶᠣᠰᠣ ᠵᠦᠢ ᠶᠢᠨ ᠳᠡᠮᠵᠢᠯᠭᠡ ᠬᠠᠩᠭᠠᠨ᠎ᠠ ᠭᠡᠵᠡᠢ᠃      ᠰᠣᠶᠣᠯ ᠪᠣᠯ ᠦᠨᠳᠦᠰᠦᠲᠡᠨ ᠤ ᠰᠦᠭ ᠰᠦᠨᠡᠰᠦ ᠮᠥᠨ᠂ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠶᠤᠨ ᠰᠠᠨᠠᠭᠠᠨ ᠤ ᠬᠤᠯᠪᠣᠭᠠᠰᠤ ᠮᠥᠨ᠃      ᠲᠡᠷᠡ ᠳᠠᠷᠤᠢ ᠳᠤᠨᠢ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶ᠎ᠠ ᠶᠢ ᠰᠤᠷᠤᠯᠴᠠᠵᠤ᠂ ᠲᠥᠪᠡᠳ ᠤᠨ ᠮᠦᠽᠧᠢ ᠶᠢᠨ ᠳᠠᠷᠤᠭ᠎ᠠ ᠮᠢᠮᠠᠵᠤᠮᠠ ᠶᠡᠷᠦᠩᠬᠡᠢ ᠱᠦᠵᠢ ᠰᠢ ᠶᠢᠨ ᠫᠢᠩ ᠤ ︽ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ︾ᠨᠠᠶᠢᠳᠠᠯᠭ᠎ᠠ ᠳᠤ ᠭᠦᠨ ᠰᠠᠭᠤᠭᠳᠠᠯ ᠲᠠᠢ ᠪᠠᠶᠢᠯ᠎ᠠ᠃      ︽ᠰᠢ ᠶᠢᠨ ᠫᠢᠩ ᠶᠡᠷᠦᠩᠬᠡᠢ ᠱᠦᠵᠢ ᠲᠥᠪᠡᠳ ᠤᠨ ᠦᠨᠳᠦᠰᠦᠲᠡᠨ ᠤ ᠤᠯᠠᠮᠵᠢᠯᠠᠯᠲᠤ ᠰᠣᠶᠣᠯ  ᠢ ᠲᠤᠶᠢᠯ ᠢᠶᠠᠷ ᠬᠠᠯᠠᠮᠵᠢᠯᠠᠵᠤ᠂ ︽ᠭᠡᠰᠡᠷ ᠸᠠᠩ︾ ᠭᠡᠬᠦ ᠲᠤᠤᠯᠢᠰ ᠵᠡᠷᠭᠡ  ᠶᠢ ᠠᠳᠠᠯᠢ ᠪᠤᠰᠤ ᠭᠠᠵᠠᠷ ᠲᠤ ᠳᠤᠷᠠᠳᠴᠤ ᠥᠩᠭᠡᠷᠡᠭᠰᠡᠨ ᠶᠤᠮ︾᠃ ᠮᠢᠮᠠᠵᠤᠮᠠ᠂ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠨᠢ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠵᠥᠪ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠬᠤ ᠳᠤ ᠠᠰᠢᠭᠲᠠᠢ ᠶᠤᠮ᠃ᠲᠥᠪᠡᠳ ᠤᠨ ᠮᠦᠽᠧᠢ ᠨᠢ ᠬᠤᠪᠣᠷ ᠨᠠᠨᠳᠢᠨ ᠲᠡᠦᠬᠡ  ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠤᠨ ᠡᠬᠢ ᠪᠠᠶᠠᠯᠢᠭ  ᠢ ᠰᠠᠶᠢᠲᠤᠷ ᠬᠠᠮᠠᠭᠠᠯᠠᠬᠤ᠂ ᠰᠠᠶᠢᠲᠤᠷ ᠤᠯᠠᠮᠵᠢᠯᠠᠬᠤ᠂ ᠰᠠᠶᠢᠲᠤᠷ ᠠᠰᠢᠭᠯᠠᠬᠤ ᠴᠢᠬᠤᠯᠠ ᠡᠭᠦᠷᠭᠡ ᠲᠤᠰᠢᠶᠠᠯ  ᠢ ᠡᠭᠦᠷᠭᠡᠯᠡᠵᠦ ᠪᠠᠶᠢᠳᠠᠭ᠃ᠨᠣᠮ ᠤᠨ ᠰᠠᠩ ᠤᠨ ᠳᠠᠷᠤᠭ᠎ᠠ ᠪᠣᠯᠤᠭᠰᠠᠨ ᠤ ᠬᠤᠪᠢ ᠳᠤ᠂ ᠥᠪᠡᠷ ᠢᠶᠠᠨ ᠬᠠᠮᠲᠤ ᠠᠵᠢᠯᠯᠠᠭᠰᠠᠳ ᠲᠠᠢ ᠪᠠᠨ ᠬᠠᠮᠲᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠨᠡᠩ ᠤᠯᠠᠨ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ︽ᠠᠮᠢᠳᠤᠯᠢᠭ ᠪᠣᠯᠭᠠᠬᠤ︾᠎ ᠪᠠᠷ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ᠦᠭᠡ ᠬᠡᠯᠡᠨ ᠤ ᠶᠡᠷᠦᠩᠬᠡᠢ ᠳᠦᠷᠢᠮ ᠮᠡᠳᠡᠭᠡ ᠵᠠᠩᠭᠢ  ᠶᠢᠨ ᠨᠡᠪᠲᠡᠷᠬᠡᠢ ᠳᠦᠷᠢᠮ᠂ ᠮᠡᠳᠡᠭᠡ ᠵᠠᠩᠭᠢ  ᠶᠢᠨ ᠶᠡᠷᠦᠩᠬᠡᠢ ᠳᠦᠷᠢᠮ ᠰᠡᠳᠬᠢᠯᠭᠡ  ᠶᠢᠨ ᠨᠡᠪᠲᠡᠷᠬᠡᠢ ᠳᠦᠷᠢᠮ᠂ ᠰᠡᠳᠬᠢᠯᠭᠡ  ᠶᠢᠨ ᠶᠡᠷᠦᠩᠬᠡᠢ ᠳᠦᠷᠢᠮ ᠰᠡᠳᠬᠢᠯ ᠰᠠᠨᠠᠭᠠᠨ ᠤ ᠨᠡᠪᠲᠡᠷᠬᠡᠢ ᠳᠦᠷᠢᠮ᠃      ᠶᠡᠷᠦᠩᠬᠡᠢ ᠱᠦᠵᠢ ᠰᠢ ᠶᠢᠨ ᠫᠢᠩ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠡᠷᠡᠰ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠠᠴᠠ ᠶᠦᠨᠨᠠᠨ ᠮᠤᠵᠢ ᠶᠢᠨ ᠬᠤᠩ ᠾᠧ ᠶᠢᠨ ᠬᠠᠨᠢ ᠦᠨᠳᠦᠰᠦᠲᠡᠨ ᠢ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠦᠨᠳᠦᠰᠦᠲᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ ᠨᠢᠶᠠᠨ ᠶᠦᠨ ᠵᠢᠶᠠᠩ ᠳᠤ ᠬᠦᠨᠳᠦ ᠡᠭᠦᠷᠭᠡ ᠡᠭᠦᠷᠭᠡᠯᠡᠵᠦ ᠪᠠᠶᠢᠬᠤ ᠶᠢ ᠭᠦᠨᠵᠡᠭᠡᠢ ᠣᠶᠢᠯᠠᠭᠠᠭᠤᠯᠪᠠ᠃      ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ  ᠢ ᠰᠠᠶᠢᠲᠤᠷ ᠬᠢᠬᠦ ᠨᠢ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ  ᠢ ᠬᠥᠮᠥᠵᠢᠭᠦᠯᠬᠦ ᠳᠤ ᠬᠤᠯᠪᠣᠭᠳᠠᠬᠤ ᠪᠠᠷ ᠪᠠᠷᠠᠬᠤ ᠦᠭᠡᠢ ᠨᠡᠩ ᠴᠤ ᠦᠨᠳᠦᠰᠦᠲᠡᠨ ᠤ ᠪᠦᠯᠬᠦᠮᠳᠡᠯ  ᠢ ᠠᠬᠢᠭᠤᠯᠬᠤ ᠡᠭᠦᠷᠭᠡ  ᠶᠢ ᠡᠭᠦᠷᠭᠡᠯᠡᠵᠦ ᠪᠠᠶᠢᠳᠠᠭ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ ᠪᠢᠳᠡ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠲᠠᠢ ᠶᠤᠮ︾᠃ ᠨᠢᠶᠠᠨ ᠶᠦᠨ ᠵᠢᠶᠠᠩ ᠢᠯᠡᠷᠬᠡᠶᠢᠯᠡᠬᠦ ᠳᠡᠭᠡᠨ᠂ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ᠂ ᠬᠢᠲᠠᠳ ᠥᠰᠥᠭ ᠤᠨ ᠪᠢᠴᠢᠯᠭᠡ ᠶᠢᠨ ᠤᠷᠤᠯᠳᠤᠭᠠᠨ ᠢ ᠵᠢᠷᠤᠮᠵᠢᠭᠤᠯᠬᠤ ᠵᠡᠷᠭᠡ ᠰᠢᠷᠢᠰ ᠠᠵᠢᠯᠯᠠᠭ᠎ᠠ ᠶᠢ ᠢᠳᠡᠪᠬᠢᠲᠡᠢ ᠪᠠᠷ ᠰᠦᠪᠡᠭᠴᠢᠯᠡᠨ ᠥᠷᠨᠢᠭᠦᠯᠵᠦ᠂ ᠰᠤᠷᠤᠭᠴᠢᠳ ᠤᠨ ᠳᠤᠮᠳᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠨ᠎ᠠ ᠭᠡᠵᠡᠢ᠃      ᠲᠡᠭᠷᠢ ᠠᠭᠤᠯᠠ ᠶᠢᠨ ᠴᠠᠰᠤᠨ ᠨᠠᠷᠠᠰᠤ ᠦᠨᠳᠦᠰᠦ ᠪᠠᠷ ᠢᠶᠠᠨ ᠬᠤᠯᠪᠣᠯᠳᠤᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠨ᠎ᠠ᠃      ᠰᠥᠨᠢ ᠶᠢᠨ ᠬᠠᠷᠠᠩᠭᠤᠢ ᠳᠤ᠂ ᠰᠢᠨᠵᠢᠶᠠᠩ ᠤᠨ ᠦᠷᠦᠮᠴᠢ ᠶᠢᠨ ᠲᠢᠶᠠᠨᠱᠠᠨ ᠲᠣᠭᠤᠷᠢᠭ ᠤᠨ ᠬᠦ᠋ ᠶᠤᠸᠠᠨ ᠭᠤᠳᠤᠮᠵᠢ ᠶᠢᠨ ᠨᠡᠶᠢᠭᠡᠮ ᠲᠣᠭᠤᠷᠢᠭ ᠲᠤ᠂ ᠠᠳᠠᠯᠢ ᠪᠤᠰᠤ ᠦᠨᠳᠦᠰᠦᠲᠡᠨ ᠤ ᠰᠠᠭᠤᠭᠠᠯᠢ ᠠᠷᠠᠳ ᠴᠤᠭᠯᠠᠷᠠᠨ ᠲᠠᠯᠠᠪᠠᠢ ᠶᠢᠨ ᠪᠥᠵᠢᠭ ᠢ ᠪᠥᠵᠢᠭᠯᠡᠨ᠎ᠡ᠃      ︽ᠰᠢ ᠶᠢᠨ ᠫᠢᠩ ᠨᠢᠳᠤᠨᠤᠨ ᠮᠠᠨ ᠤ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠬᠤ ᠳᠠᠭᠠᠨ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠪᠠᠶᠠᠷ ᠪᠠᠶᠠᠰᠬᠤᠯᠠᠩ ᠲᠠᠢ ᠪᠠᠶᠢᠬᠤ ᠶᠢ ᠮᠡᠳᠡᠷᠡᠵᠦ ᠪᠣᠯᠣᠨ᠎ᠠ ᠭᠡᠵᠦ ᠬᠡᠯᠡᠭᠰᠡᠨ ᠨᠢ ᠪᠢᠳᠡᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢ ᠤᠯᠠᠮ ᠬᠥᠪᠴᠢᠯᠡᠭᠰᠡᠨ ᠪᠠᠶᠢᠨ᠎ᠠ︾ ᠭᠡᠵᠡᠢ᠃ ᠬᠥ᠋ ᠶᠤᠸᠠᠨ ᠰᠢᠶᠠᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠵᠠᠩ ᠶᠣᠣ ᠸᠧᠨ ᠢᠯᠡᠷᠬᠡᠶᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠲᠣᠰ ᠤᠳᠠᠭ᠎ᠠ ︽ᠬᠠᠷᠢᠯᠴᠠᠨ ᠰᠢᠭᠢᠳᠬᠦ ᠬᠡᠯᠪᠡᠷᠢ ᠶᠢᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠠᠬᠤᠢ ᠶᠢ ᠲᠦᠷᠭᠡᠪᠴᠢᠯᠡᠨ ᠪᠠᠶᠢᠭᠤᠯᠬᠤ︾ ᠱᠠᠭᠠᠷᠳᠠᠯᠭ᠎ᠠ ᠳᠤᠷᠠᠳᠤᠭᠰᠠᠨ ᠠᠴᠠ ᠲᠡᠭᠦᠨ ᠳᠤ ᠮᠠᠰᠢ ᠶᠡᠭᠡ ᠰᠡᠩᠬᠡᠷᠡᠭᠦᠯᠦᠯ ᠪᠣᠯᠤᠭᠰᠠᠨ ᠪᠠᠶᠢᠨ᠎ᠠ ᠭᠡᠵᠡᠢ᠃ᠲᠠᠳᠠ ᠡᠯ᠎ᠡ ᠲᠥᠷᠥᠯ ᠤᠨ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠪᠣᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠳᠠᠯᠢ ᠪᠤᠰᠤ ᠦᠨᠳᠦᠰᠦᠲᠡᠨ ᠤ ᠭᠡᠷ ᠪᠦᠯᠢ ᠶᠢᠨ ᠬᠤᠭᠤᠷᠣᠨᠳᠤ ᠪᠠᠨ ᠢᠯᠡᠭᠦᠬᠡᠨ ᠰᠣᠯᠢᠯᠴᠠᠵᠤ᠂ ᠢᠯᠡᠭᠦᠬᠡᠨ ᠶᠠᠪᠤᠵᠤ ᠰᠠᠭᠤᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠢ ︽ᠠᠨᠠᠷ ᠤᠨ ᠦᠷ᠎ᠡ ᠰᠢᠭ ᠨᠢᠭᠲᠠ ᠨᠢᠭᠲᠠᠷᠠᠭᠤᠯᠬᠤ︾ ᠪᠣᠯᠣᠨ᠎ᠠ᠃ᠴᠢᠨᠠᠷ ᠰᠠᠶᠢᠲᠠᠢ ᠬᠥᠭᠵᠢᠯᠲᠡ ᠶᠢᠨ ᠵᠠᠮ ᠳᠤ ᠣᠷᠣᠶ᠎ᠠ      ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠶᠠᠩ ᠳᠤ ᠰᠢᠨ᠎ᠡ ᠠᠵᠠ ᠲᠣᠬᠢᠶᠠᠯ ᠲᠤᠯᠭᠠᠷᠠᠵᠤ ᠪᠠᠶᠢᠨ᠎ᠠ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃      ᠰᠢᠨᠵᠢᠶᠠᠩ ᠪᠣᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠪᠠᠶᠢᠳᠠᠭ ᠢᠶᠠᠷ ᠢᠶᠠᠨ ᠠᠯᠳᠠᠷᠰᠢᠭᠰᠠᠨ ᠶᠤᠮ᠃ᠨᠠᠮᠤᠷ ᠤᠨ ᠡᠬᠢ ᠪᠠᠷ᠂ ᠲᠠᠯᠠᠢ ᠶᠢᠨ ᠲᠦᠪᠰᠢᠨ ᠠᠴᠠ 5000 ᠮᠥ᠋ᠲᠷ ᠡᠷᠭᠦᠭᠳᠡᠭᠰᠡᠨ ᠴᠠᠰᠤᠲᠤ ᠶᠢᠨ ᠥᠨᠳᠦᠷᠯᠢᠭ ᠲᠤ᠂ ᠡᠨᠡ ᠵᠢᠯ ᠤᠨ 3 ᠰᠠᠷ᠎ᠠ ᠳᠤ ᠡᠬᠢᠯᠡᠭᠦᠯᠦᠭᠰᠡᠨ ᠪᠦᠬᠦ ᠤᠯᠤᠰ ᠤᠨ ᠬᠠᠳᠠᠭᠠᠯᠠᠭᠳᠠᠴᠠ ᠪᠠᠷ ᠬᠠᠮᠤᠭ ᠤᠨ ᠶᠡᠭᠡ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ︱ ᠰᠢᠨᠵᠢᠶᠠᠩ ᠤᠨ ᠬᠤᠲ᠋ᠢᠶᠠᠨ ᠤ ᠾᠦᠸ᠋ᠸ ᠱᠤᠤ ᠶᠦᠨ ᠤ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠶᠢᠨ ᠲᠦᠷᠦᠯ ᠵᠦᠢᠯ ᠢ ᠶᠠᠭ ᠡᠮᠬᠢ ᠵᠢᠷᠤᠮ ᠲᠠᠢ ᠪᠠᠷ ᠠᠬᠢᠭᠤᠯᠵᠤ ᠪᠤᠢ᠃      ︽ᠶᠡᠷᠦᠩᠬᠡᠢ ᠱᠦᠵᠢ ᠰᠢ ᠶᠢᠨ ᠫᠢᠩ ᠡᠨᠡ ᠤᠳᠠᠭᠠᠨ ᠤ ᠴᠢᠬᠤᠯᠠ ᠶᠠᠷᠢᠶᠠᠨ ᠳᠠᠭᠠᠨ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ  ᠶᠢᠨ ᠳᠠᠪᠠᠭᠤᠯᠢᠭ ᠪᠣᠯᠣᠨ ᠠᠵᠤ ᠦᠢᠯᠡᠰ ᠤᠨ ᠰᠠᠭᠤᠷᠢ ᠳᠤ ᠰᠠᠭᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠂ ᠡᠨᠡ ᠨᠢ ᠮᠠᠨ ᠤ ᠺᠣᠮᠫᠠᠨᠢ  ᠶᠢᠨ ᠰᠢᠨᠵᠢᠶᠠᠩ ᠤᠨ ᠣᠨᠴᠠᠯᠢᠭ ᠪᠣᠯᠣᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠦᠭᠰᠡᠨ ᠬᠥᠭᠵᠢᠯᠲᠡ  ᠶᠢᠨ ᠴᠢᠭᠯᠡᠯ ᠪᠣᠯ ᠵᠥᠪ ᠭᠡᠳᠡᠭ  ᠢ ᠪᠢᠳᠡᠨ ᠳᠤ ᠣᠶᠢᠯᠠᠭᠠᠭᠤᠯᠵᠠᠢ ︾᠃ ᠰᠢᠨᠵᠢᠶᠠᠩ ᠤᠨ ᠾᠦᠸ᠋ᠸ ᠱᠤᠤ ᠶᠦᠨ ᠋ ᠤ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠰᠢᠶᠣᠣ ᠪᠢᠩ᠂ ᠶᠡᠷᠦᠩᠬᠡᠢ ᠱᠦᠵᠢ ᠰᠢ ᠶᠢᠨ ᠫᠢᠩ ᠋ ᠤ ᠲᠤᠰ ᠤᠳᠠᠭ᠎ᠠ ᠶᠢᠨ ᠴᠢᠬᠤᠯᠠ ᠶᠠᠷᠢᠶ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠨᠵᠢᠶᠠᠩ ᠤᠨ ᠣᠨᠴᠠᠯᠢᠭ ᠪᠣᠯᠣᠨ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠥᠮ ᠢ ᠲᠦᠷᠭᠡᠨ ᠪᠠᠶᠢᠭᠤᠯᠬᠤ ᠶᠢ ᠠᠵᠤ ᠠᠬᠤᠶᠢᠯᠠᠯ ᠤᠨ ᠬᠠᠷᠠᠯᠲᠠ ᠪᠣᠯᠭᠠᠵᠤ᠂ ᠪᠣᠬᠢᠷᠲᠤᠯ ᠦᠭᠡᠢ ᠠᠭᠤᠷᠬᠠᠢ ᠶᠢᠨ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠪᠠᠶᠢᠭᠤᠯᠵᠤ᠂ ᠰᠢᠨᠵᠢᠶᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃      ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠬᠠᠮᠤᠭ ᠤᠨ ᠪᠡᠷᠬᠡ ᠬᠠᠲᠠᠭᠤᠵᠢᠯᠲᠠᠢ ᠡᠭᠦᠷᠭᠡ ᠨᠢ ᠬᠥᠳᠡᠭᠡ ᠲᠣᠰᠬᠤᠨ ᠳᠤ ᠪᠤᠢ᠃ᠰᠢ ᠶᠢᠨ ᠫᠢᠩ ᠶᠡᠷᠦᠩᠬᠡᠢ ᠱᠦᠵᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠬᠥᠭᠵᠢᠯᠲᠡ ᠶᠢᠨ ᠴᠢᠬᠤᠯᠠ ᠭᠠᠷᠳᠠᠴᠠ ᠪᠣᠯᠭᠠᠵᠤ᠂ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠥᠬᠡᠨᠠᠭᠤᠷ ᠮᠤᠵᠢ ᠶᠢᠨ ᠬᠠᠶᠢᠨᠠᠨ ᠤ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠪᠦᠭᠦᠳᠡ ᠨᠠᠶᠢᠷᠠᠮᠳᠠᠬᠤ ᠰᠢᠶᠠᠨ ᠤ ᠰᠢᠶᠠ ᠾᠧ ᠯᠸ ᠰᠧ ᠲᠣᠰᠬᠤᠨ ᠪᠣᠯ ᠬᠥᠬᠡᠨᠠᠭᠤᠷ ᠤᠨ ᠡᠮᠦᠨ᠎ᠡ ᠡᠷᠭᠢ ᠳᠠᠬᠢ ᠥᠨᠢ ᠤᠳᠠᠭᠠᠨ ᠲᠡᠦᠬᠡ ᠲᠠᠢ ᠮᠠᠯᠵᠢᠬᠤ ᠲᠣᠰᠬᠤᠨ ᠪᠣᠯᠣᠨ᠎ᠠ᠃ᠲᠤᠬᠠᠢ ᠶᠢᠨ ᠭᠠᠵᠠᠷ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠬᠦᠷᠢᠶᠡᠯᠡᠩ ᠲᠣᠭᠤᠷᠢᠭ ᠤᠨ ︽ᠬᠡᠷᠡᠯ ᠴᠡᠨᠡᠭ ᠤᠨ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠵᠤ᠂ ᠬᠡᠷᠡᠯ ᠴᠡᠨᠡᠭ ᠤᠨ ᠬᠠᠪᠲᠠᠰᠤᠨ ᠳᠣᠣᠷ᠎ᠠ ᠬᠤᠨᠢ ᠬᠠᠷᠢᠭᠤᠯᠬᠤ︾ ︽ᠮᠠᠯ ᠠᠵᠤ ᠠᠬᠤᠢ ᠪᠠ ᠬᠡᠷᠡᠯ ᠤᠨ ᠬᠠᠷᠢᠯᠴᠠᠨ ᠨᠥᠬᠦᠪᠦᠷᠢᠯᠡᠬᠦ︾ ᠵᠠᠭᠪᠤᠷ ᠢᠶᠠᠷ ᠳᠠᠮᠵᠢᠭᠤᠯᠤᠨ᠂ ᠲᠣᠰ ᠲᠣᠰᠬᠤᠨ ᠨᠢ ᠠᠵᠤ ᠠᠬᠤᠢ᠂ ᠣᠷᠴᠢᠨ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠦᠭᠰᠡᠨ ᠪᠠᠶᠢᠨ᠎ᠠ᠃     ︽ᠥᠩᠭᠡᠷᠡᠭᠰᠡᠨ ᠳᠤ ᠲᠣᠰᠬᠤᠨ ᠤ ᠲᠡᠵᠢᠭᠡᠪᠦᠷᠢ ᠶᠢᠨ ᠬᠤᠷᠰᠢᠶ᠎ᠠ ᠶᠢᠨ ᠬᠤᠨᠢ ᠶᠢ ᠡᠪᠡᠰᠦ ᠪᠣᠷᠳᠤᠭ᠎ᠠ ᠪᠠᠷ ᠲᠡᠵᠢᠭᠡᠵᠦ ᠪᠠᠶᠢᠭᠰᠠᠨ ᠪᠣᠯᠬᠤᠷ᠂ ᠰᠠᠷ᠎ᠠ ᠪᠦᠷᠢ 10 ᠭᠠᠷᠤᠢ ᠲᠦᠮᠡᠨ ᠲᠥᠭᠦᠷᠢᠭ ᠵᠠᠷᠤᠴᠠᠭᠤᠯᠳᠠᠭ ᠪᠠᠶᠢᠵᠠᠢ᠂ ᠤᠳᠤ︿ᠮᠠᠯ ᠠᠵᠤ ᠠᠬᠤᠢ ᠪᠠ ᠭᠡᠷᠡᠯ ᠭᠢᠯᠪᠠᠭ᠎ᠠ ᠶᠢᠨ ᠬᠠᠷᠢᠯᠴᠠᠨ ᠨᠥᠬᠦᠪᠦᠷᠢᠯᠡᠬᠦ﹀᠎ ᠪᠠᠷ ᠲᠣᠰᠬᠤᠨ ᠤ ᠠᠷᠠᠳ ᠶᠡᠭᠡ ᠬᠡᠮᠵᠢᠶᠡᠨ ᠤ ᠥᠪᠡᠷ ᠤᠨ ᠦᠷᠳᠡᠭ ᠢ ᠠᠷᠪᠢᠯᠠᠵᠠᠢ︾᠃ ᠲᠣᠰᠬᠤᠨ ᠤ ᠨᠠᠮ ᠤᠨ ᠡᠭᠦᠷ ᠤᠨ ᠱᠦᠵᠢ ᠴᠧᠨ ᠯᠢᠶᠸ ᠳ᠋ᠦᠩ ᠵᠦ᠄︽ᠶᠡᠷᠦᠩᠬᠡᠢ ᠱᠦᠵᠢ ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠬᠥᠭᠵᠢᠯᠲᠡ ᠶᠢᠨ ᠴᠢᠬᠤᠯᠠ ᠭᠠᠷᠳᠠᠴᠠ ᠪᠣᠯᠭᠠᠬᠤ ᠬᠡᠷᠡᠭᠲᠡᠢ ᠭᠡᠵᠦ ᠳᠤᠷᠠᠳᠤᠭᠰᠠᠨ ᠨᠢ ᠰᠢᠨᠵᠢᠶᠠᠩ ᠣᠷᠣᠨ ᠳᠤ ᠴᠢᠭᠯᠡᠭᠦᠯᠦᠭᠰᠡᠨ ᠢᠶᠠᠷ ᠪᠠᠷᠠᠬᠤ ᠦᠭᠡᠢ᠂ ᠪᠦᠬᠦ ᠤᠯᠤᠰ ᠲᠤ ᠴᠤ ᠲᠦᠭᠡᠮᠡᠯ ᠠᠴᠢ ᠬᠤᠯᠪᠣᠭᠳᠠᠯ ᠲᠠᠢ ᠶᠤᠮ᠂ ᠲᠣᠰᠬᠤᠨ ᠤ ᠨᠠᠮ ᠤᠨ ᠡᠭᠦᠷ ᠤᠨ ᠱᠦᠵᠢ ᠪᠣᠯᠤᠭᠰᠠᠨ ᠤ ᠬᠤᠪᠢ ᠳᠤ ᠪᠢ ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ᠠᠵᠤ ᠦᠢᠯᠡᠰ ᠢᠶᠠᠨ ᠬᠥᠭᠵᠢᠭᠦᠯᠵᠦ᠂ ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ ᠤᠯᠠᠨ ᠤ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠨ᠎ᠠ︾ᠭᠡᠵᠦ ᠬᠡᠯᠡᠪᠡ᠃     ᠰᠢᠨᠵᠢᠶᠠᠩ ᠣᠷᠣᠨ ᠤ ᠬᠥᠭᠵᠢᠯᠲᠡ ᠪᠦᠲᠦᠭᠡᠨ ᠪᠠᠶᠢᠭᠤᠯᠤᠯᠲᠠ ᠨᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠺᠠᠳ᠋ᠷᠴᠤᠳ ᠤᠨ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠬᠦ ᠠᠴᠠ ᠰᠠᠯᠵᠤ ᠴᠢᠳᠠᠬᠤ ᠦᠭᠡᠢ ᠶᠤᠮ᠃      ᠫᠠᠮᠢᠷ ᠤᠨ ᠥᠨᠳᠦᠷᠯᠢᠭ ᠲᠤ᠂ ᠱᠧᠨᠵᠧᠨ ᠬᠤᠳᠠ ᠶᠢᠨ ᠰᠢᠨᠵᠢᠶᠠᠩ ᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠠᠵᠢᠯ ᠤᠨ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠰᠢᠶᠸ ᠬᠠᠢ ᠱᠧᠩ ᠶᠠᠭ ᠳᠤᠭᠤᠶᠢᠯᠠᠩ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠵᠦ᠂ ᠳᠠᠷᠠᠭᠠᠴᠢ ᠶᠢᠨ ᠠᠯᠬᠤᠮ ᠳᠤ ᠰᠢᠨᠵᠢᠶᠠᠩ ᠢ ᠳᠡᠮᠵᠢᠬᠦ ᠠᠵᠢᠯ ᠢ ᠠᠬᠢᠭᠤᠯᠬᠤ ᠳᠤ ᠰᠡᠳᠬᠢᠴᠡ ᠶᠢ ᠡᠷᠢᠯᠬᠢᠯᠡᠵᠦ᠂ ᠠᠷᠭ᠎ᠠ ᠪᠣᠳᠣᠯᠭ᠎ᠠ ᠶᠢ ᠰᠦᠪᠡᠭᠴᠢᠯᠡᠵᠦ ᠪᠠᠶᠢᠨ᠎ᠠ᠃︽ᠱᠧᠨᠵᠧᠨ ᠤ ᠬᠢᠨ ᠺᠠᠱᠭᠠᠷ ᠢ ᠳᠡᠮᠵᠢᠵᠦ ᠪᠠᠶᠢᠭᠠᠳ ᠰᠢᠨᠵᠢᠶᠠᠩ ᠤᠨ ᠡᠮᠦᠨᠡᠲᠦ ᠬᠡᠰᠡᠭ ᠤᠨ ᠠᠩᠬᠠᠳᠠᠭᠴᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠᠶᠢᠭᠤᠯᠵᠤ᠂ ᠱᠧᠨᠵᠧᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠪᠢᠳᠡ ᠶᠡᠷᠦᠩᠬᠡᠢ ᠱᠦᠵᠢ ᠶᠢᠨ ᠳᠤᠷᠠᠳᠤᠭᠰᠠᠨ︿ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠠᠵᠢᠯ ᠢ ᠰᠠᠶᠢᠲᠤᠷ ᠬᠢᠬᠦ᠂ ᠰᠢᠨᠵᠢᠶᠠᠩ ᠪᠣᠯᠣᠨ ᠳᠣᠲᠣᠷ᠎ᠠ ᠭᠠᠵᠠᠷ ᠤᠨ ᠠᠵᠤ ᠦᠢᠯᠡᠰ ᠤᠨ ᠬᠠᠮᠲᠤᠷᠠᠯᠴᠠᠭ᠎ᠠ᠂ ᠬᠥᠮᠥᠰ ᠤᠨ ᠶᠠᠪᠤᠯᠴᠠᠭ᠎ᠠ ᠶᠢ ᠴᠢᠩᠭᠠᠳᠬᠠᠬᠤ﹀ᠵᠡᠷᠭᠡ ᠠᠯᠢ ᠤᠯᠠᠨ ᠴᠢᠬᠤᠯᠠ ᠱᠠᠭᠠᠷᠳᠠᠯᠭ᠎ᠠ ᠶᠣᠰᠣᠭᠠᠷ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨᠵᠢᠶᠠᠩ ᠢ ᠳᠡᠮᠵᠢᠬᠦ ᠠᠵᠢᠯ ᠳᠤ ᠪᠦᠬᠦ ᠬᠦᠴᠦᠨ ᠢᠶᠠᠷ ᠢᠶᠠᠨ ᠣᠷᠣᠯᠴᠠᠵᠤ᠂ ᠱᠧᠨᠵᠧᠨ ᠺᠠᠽᠠᠭᠰᠲ᠋ᠠᠨ ᠤ ᠬᠠᠮᠵᠢᠯᠴᠠᠭᠠᠨ ᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾ᠭᠡᠵᠦ ᠰᠢᠶᠸ ᠬᠠᠢ ᠱᠧᠩ ᠬᠡᠯᠡᠪᠡ᠃      ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠪᠣᠳᠠᠲᠠᠢ ᠠᠴᠠ ᠡᠭᠦᠰᠦᠨ ᠭᠠᠳᠠᠭᠠᠳᠤ ᠨᠡᠭᠡᠭᠡᠯᠲᠡ ᠶᠢᠨ ᠠᠵᠢᠯ ᠢ ᠰᠠᠶᠢᠲᠤᠷ ᠠᠳᠬᠤᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠭᠤᠣᠯ ᠠᠭᠤᠯᠭ᠎ᠠ ᠪᠣᠯᠣᠨ᠎ᠠ᠃      ᠨᠠᠮᠤᠷ ᠤᠨ ᠰᠡᠷᠢᠭᠦᠨ ᠲᠤᠩᠭᠠᠯᠠᠭ ᠠᠭᠤᠷ ᠠᠮᠢᠰᠬᠤᠯ ᠢ ᠳᠠᠭᠠᠯᠳᠤᠨ᠂ ᠰᠢᠨᠵᠢᠶᠠᠩ ᠤᠨ ᠬᠤᠷᠭᠤᠰ ᠪᠣᠭᠤᠮᠲᠠ ᠳᠤ︽ᠪᠣᠯᠣᠳ ᠲᠡᠮᠦᠷ ᠤᠨ ᠲᠡᠮᠡᠭᠡᠨ ᠵᠢᠩ︾ᠡᠮᠬᠢ ᠵᠢᠷᠤᠮ ᠲᠠᠢ ᠪᠠᠷ ᠪᠣᠭᠤᠮᠲᠠ ᠥᠩᠭᠡᠷᠡᠵᠦ᠂ ᠪᠠᠷᠠᠭ᠎ᠠ ᠶᠢ ᠳᠡᠯᠡᠬᠡᠢ ᠶᠢᠨ ᠡᠯ᠎ᠡ ᠭᠠᠵᠠᠷ ᠲᠤ ᠲᠠᠰᠤᠷᠠᠯᠳᠡ ᠦᠭᠡᠢ ᠵᠥᠭᠡᠭᠡᠪᠦᠷᠢᠯᠡᠵᠦ ᠪᠠᠶᠢᠯ᠎ᠠ᠃      ︽︿ᠨᠢᠭᠡ ᠪᠦᠰᠡ ᠨᠢᠭᠡ ᠵᠠᠮ﹀᠎ ᠤᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠶᠠᠩ ᠢ ᠮᠠᠨ ᠤ ᠤᠯᠤᠰ ᠤᠨ ᠪᠠᠷᠠᠭᠤᠨᠰᠢ ᠨᠡᠭᠡᠭᠡᠯᠲᠡ ᠬᠢᠬᠦ ᠪᠠᠬᠢᠯᠡᠯᠲᠡ ᠪᠣᠯᠭᠠᠬᠤ ᠪᠣᠯ ᠶᠡᠷᠦᠩᠬᠡᠢ ᠱᠦᠵᠢ ᠰᠢ ᠶᠢᠨ ᠫᠢᠩ ᠶᠢᠨ ᠳᠤᠷᠠᠳᠤᠭᠰᠠᠨ ᠴᠢᠬᠤᠯᠠ ᠱᠠᠭᠠᠷᠳᠠᠯᠭ᠎ᠠ ᠮᠥᠨ᠃ ᠪᠢᠳᠡ ᠳᠤᠮᠳᠠᠳᠤ ᠤᠯᠤᠰ ︱ ᠠᠽᠢᠶ᠎ᠠ ᠡᠸᠦ᠋ᠷᠦᠫᠡ ᠶᠢᠨ ᠦᠵᠡᠰᠬᠦᠯᠡᠩ ᠤᠨ ᠴᠤᠭᠯᠠᠭᠠᠨ ᠵᠡᠷᠭᠡ ᠴᠢᠬᠤᠯᠠ ᠨᠡᠭᠡᠭᠡᠯᠲᠡ ᠶᠢᠨ ᠲᠠᠪᠴᠠᠩ ᠤᠨ ᠳᠠᠯᠳᠠ ᠬᠦᠴᠦᠨ ᠢ ᠭᠦᠢᠴᠡᠳ ᠬᠥᠭᠵᠢᠭᠡᠵᠦ᠂ ᠪᠣᠭᠤᠮᠲᠠ ᠶᠢᠨ ᠵᠠᠮ ᠤᠨ ᠳᠠᠯᠳᠠ ᠬᠦᠴᠦᠨ ᠢ ᠪᠠᠳᠠᠷᠠᠭᠤᠯᠵᠤ᠂ ᠠᠷᠠᠯᠵᠢᠶᠠᠴᠢᠨ ᠤᠷᠢᠵᠤ ᠲᠠᠲᠠᠬᠤ ᠬᠢᠷᠢ ᠬᠡᠮ ᠪᠠ ᠦᠷ᠎ᠡ ᠠᠰᠢᠭ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ︾ ᠭᠡᠵᠦ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠡᠳ᠋ ᠳᠠᠷᠤᠭ᠎ᠠ ᠯᠢ ᠰᠢᠤᠸᠠᠨ ᠬᠡᠯᠡᠪᠡ᠃      ︽ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ ᠨᠢ ᠰᠢᠨᠵᠢᠶᠠᠩ ᠤᠨ ᠭᠠᠳᠠᠭᠰᠢ ᠨᠡᠭᠡᠭᠡᠯᠲᠡ ᠬᠢᠬᠦ ᠠᠵᠢᠯ  ᠢ ᠰᠠᠶᠢᠲᠤᠷ ᠠᠳᠬᠤᠬᠤ ᠳᠤ ᠴᠢᠭᠯᠡᠯ  ᠢ ᠲᠣᠳᠣᠷᠬᠠᠢ ᠵᠢᠭᠠᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠭᠤᠸᠠᠩᠰᠢ  ᠶᠢᠨ ︿ᠨᠢᠭᠡ ᠪᠦᠰᠡ ᠨᠢᠭᠡ ᠵᠠᠮ﹀᠎ ᠤᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠨ ᠠᠭᠤᠰᠤᠯᠴᠠᠬᠤ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ 21 ᠳ᠋ᠦᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ ᠤᠨ ᠴᠢᠬᠤᠯᠠ ᠬᠦᠢᠰᠦ ᠪᠣᠯᠤᠭᠰᠠᠨ ᠤ ᠬᠤᠪᠢ ᠳᠤ᠂ ᠮᠠᠨ ᠤ ᠪᠧᠢ ᠪᠦ᠋ ᠸᠠᠨ ᠭᠠᠷᠠᠮ ᠴᠤ ᠰᠢᠨ᠎ᠡ ᠬᠥᠭᠵᠢᠯᠲᠡ  ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠨᠡᠩ ᠶᠡᠭᠡ ᠰᠢᠪᠲᠤᠯᠤᠯᠲᠠ ᠭᠠᠷᠭᠠᠬᠤ ᠬᠡᠷᠡᠭᠲᠡᠢ︾᠃ ᠭᠤᠸᠠᠩᠰᠢ ᠶᠢᠨ ᠪᠧᠢ ᠪᠦ᠋ ᠸᠠᠨ ᠤ ᠤᠯᠠᠨ ᠤᠯᠤᠰ ᠤᠨ ᠭᠠᠷᠠᠮ ᠤᠨ ᠶᠠᠪᠤᠳᠠᠯ ᠤᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠶᠠᠨ ᠴᠢᠶᠠᠩ᠂ ᠪᠦᠯᠦᠭᠯᠡᠯ ᠤᠨ ᠬᠢᠨ ᠪᠠᠷᠠᠭᠤᠨ ᠣᠷᠣᠨ ᠤ ᠬᠠᠭᠤᠷᠠᠢ ᠲᠠᠯᠠᠢ ᠶᠢᠨ ᠰᠢᠨ᠎ᠡ ᠨᠡᠪᠲᠡᠷᠡᠬᠦ ᠵᠠᠮ ᠤᠨ ᠪᠧᠢ ᠪᠦ᠋ ᠸᠠᠨ ᠤ ᠤᠯᠠᠨ ᠤᠯᠤᠰ ᠤᠨ ᠡᠭᠦᠳᠡ ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠭᠤᠷᠢ ᠲᠥᠬᠦᠭᠡᠷᠦᠮᠵᠢ ᠶᠢᠨ ᠶᠡᠭᠡ ᠦᠰᠦᠷᠦᠯᠲᠡ ᠪᠣᠯᠣᠨ ᠶᠡᠷᠦᠩᠬᠡᠶᠢᠯᠡᠭᠰᠡᠨ ᠴᠢᠳᠠᠪᠤᠷᠢ ᠶᠢᠨ ᠶᠡᠭᠡ ᠳᠡᠭᠡᠭᠰᠢᠯᠡᠯᠲᠡ ᠪᠠᠷ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠢ ᠬᠠᠮᠲᠤᠪᠠᠷ ᠪᠦᠲᠦᠭᠡᠨ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃     ᠠᠵᠢᠯ ᠤᠨ ᠬᠦᠴᠦᠨ ᠢᠶᠠᠨ ᠳᠣᠷᠣᠭᠰᠢᠯᠠᠭᠤᠯᠬᠤ ᠶᠢ ᠪᠠᠷᠢᠮᠲᠠᠯᠠᠬᠤ      ᠰᠢᠨᠵᠢᠶᠠᠩ ᠤᠨ ᠲᠦᠷᠫᠠᠨ ᠬᠤᠳᠠ ᠶᠢᠨ ᠰᠢᠨ᠎ᠡ ᠬᠤᠳᠠ ᠶᠢᠨ ᠰᠢ ᠮᠥ᠋ᠨ ᠲᠣᠰᠬᠤᠨ ᠤ ᠤᠯᠠᠭᠠᠨ ᠠᠨᠠᠷ ᠤᠨ ᠰᠣᠶᠣᠯ ᠤᠨ ᠠᠭᠤᠳᠠᠮ ᠲᠠᠯᠠᠪᠠᠢ ᠶᠢᠨ ᠬᠠᠵᠠᠭᠤ ᠳᠤ᠂ ᠰᠢᠨ᠎ᠡ ᠬᠤᠳᠠ ᠶᠢᠨ ᠰᠢ ᠮᠥ᠋ᠨ ᠲᠣᠰᠬᠤᠨ ᠤ ᠨᠠᠮ ᠤᠨ ᠡᠭᠦᠷ ᠤᠨ ᠨᠢᠭᠡᠳᠦᠭᠡᠷ ᠱᠦᠵᠢ ᠨᠢᠶᠸ ᠵᠤᠤ ᠢᠦᠢ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠰᠢᠨ᠎ᠡ ᠪᠠᠷ ᠪᠠᠶᠢᠭᠤᠯᠤᠭᠰᠠᠨ ᠦᠵᠦᠮ ᠤᠨ ᠬᠦᠷᠢᠶᠡᠯᠡᠩ ᠳᠤ ᠳ᠋ᠧᠩ ᠤᠨ ᠪᠦᠴᠡ᠂ ᠱᠦᠢᠨᠢ ᠶᠢᠨ ᠲᠦᠪᠰᠢᠨ ᠵᠡᠷᠭᠡ ᠶᠢ ᠨᠠᠷᠢᠨ ᠬᠢᠨᠠᠮᠠᠭᠠᠢ ᠪᠠᠶᠢᠴᠠᠭᠠᠵᠤ ᠪᠠᠶᠢᠯ᠎ᠠ᠃      ᠲᠦᠷᠫᠠᠨ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠮᠢᠯᠠᠭᠰᠠᠨ ᠰᠢᠨ᠎ᠡ ᠬᠤᠳᠠ ᠶᠢᠨ ᠰᠢ ᠮᠥ᠋ᠨ ᠲᠣᠰᠬᠤᠨ ᠤ ᠺᠠᠳ᠋ᠷ ᠪᠣᠯᠤᠭᠰᠠᠨ ᠤ ᠬᠤᠪᠢ ᠳᠤ᠂ ᠨᠢᠶᠸ ᠵᠤᠤ ᠢᠦᠢ ᠶᠡᠷᠦᠩᠬᠡᠢ ᠱᠦᠵᠢ ᠰᠢ ᠶᠢᠨ ᠫᠢᠩ ᠤ ︽ᠰᠢᠨᠵᠢᠶᠠᠩ ᠤᠨ ᠠᠵᠢᠯ ᠢ ᠰᠠᠶᠢᠲᠤᠷ ᠬᠢᠬᠦ ᠳᠤ᠂ ᠠᠵᠢᠯ ᠤᠨ ᠬᠦᠴᠦᠨ ᠢᠶᠠᠨ ᠳᠣᠷᠣᠭᠰᠢ ᠪᠠᠭᠤᠯᠭᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ᠂ ᠺᠠᠳ᠋ᠷ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠥᠮ ᠪᠣᠯᠣᠨ ᠠᠵᠢᠯ ᠤᠨ ᠬᠦᠴᠦᠨ ᠢᠶᠠᠨ ᠦᠨᠳᠦᠰᠦᠨ ᠱᠠᠲᠤᠨ ᠳᠤ ᠰᠢᠭᠤᠳ ᠬᠦᠷᠭᠡᠬᠦ ᠬᠡᠷᠡᠭᠲᠡᠢ︾ᠭᠡᠬᠦ ᠱᠠᠭᠠᠷᠳᠠᠯᠭ᠎ᠠ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ᠃     ︽ᠲᠣᠰᠬᠤᠨ ᠤ ᠠᠷᠠᠳ ᠤᠨ ᠪᠠᠶᠠᠵᠢᠭᠰᠠᠨ ᠡᠰᠡᠬᠦ ᠶᠢ ᠦᠵᠡᠬᠦ ᠳᠤ ᠵᠠᠩᠭᠢᠯᠠᠭ᠎ᠠ ᠨᠢ ᠨᠠᠮ ᠤᠨ ᠡᠭᠦᠷ ᠢ ᠦᠵᠡᠨ᠎ᠡ︔ ᠲᠣᠰᠬᠤᠨ ᠤ ᠬᠦᠴᠦᠷᠬᠡᠭ ᠡᠰᠡᠬᠦ ᠶᠢ ᠦᠵᠡᠬᠦ ᠳᠤ︿ᠳᠠᠭᠠᠭᠤᠯᠤᠭᠴᠢ﹀᠎ ᠶᠢ ᠦᠵᠡᠬᠦ ᠬᠡᠷᠡᠭᠲᠡᠢ︾᠃ ᠨᠢᠶ᠋ᠧ ᠵᠣᠣ ᠢᠦᠢ ᠬᠡᠯᠡᠬᠦ ᠳᠡᠭᠡᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠬᠦᠴᠦᠷᠬᠡᠭᠵᠢᠭᠦᠯᠵᠦ᠂ ᠲᠤᠬᠠᠢ ᠶᠢᠨ ᠭᠠᠵᠠᠷ ᠤᠨ ᠺᠠᠳ᠋ᠷᠴᠤᠳ ᠢ ᠬᠥᠮᠥᠵᠢᠭᠦᠯᠦᠨ᠂ ᠠᠷᠭ᠎ᠠ ᠪᠦᠬᠦᠨ ᠢ ᠰᠦᠪᠡᠭᠴᠢᠯᠡᠨ ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ᠠᠮᠢᠳᠤᠷᠠᠯ ᠢᠶᠠᠨ ᠤᠯᠠᠮ ᠰᠠᠶᠢᠨ ᠪᠣᠯᠭᠠᠨ᠎ᠠ ᠭᠡᠵᠡᠢ᠃     ᠦᠨᠳᠦᠰᠦᠨ ᠱᠠᠲᠤ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠵᠦ᠂ ᠦᠨᠳᠦᠰᠦᠨ ᠱᠠᠲᠤ ᠠᠮᠤᠷ ᠲᠦᠪᠰᠢᠨ ᠪᠠᠶᠢᠪᠠᠯ ᠤᠯᠤᠰ ᠣᠷᠣᠨ ᠠᠮᠤᠷ ᠠᠮᠤᠭᠤᠯᠠᠩ ᠪᠣᠯᠣᠨ᠎ᠠ᠃     ᠨᠢᠩᠰᠢᠶᠠ ᠶᠢᠨ ᠭᠦ᠋ ᠶᠤᠸᠠᠨ ᠬᠤᠳᠠ ᠶᠢᠨ ᠰᠢ ᠵᠢᠢ ᠰᠢᠶᠠᠨ ᠤ ᠰᠢᠩ ᠯᠦᠩ ᠪᠠᠯᠭᠠᠰᠤᠨ ᠤ ᠰᠢᠶᠠ ᠹᠠᠨ ᠲᠣᠰᠬᠤᠨ ᠪᠣᠯ ᠬᠤᠲᠣᠩ ᠬᠢᠲᠠᠳ ᠬᠠᠮᠲᠤᠷᠠᠨ ᠰᠠᠭᠤᠷᠢᠰᠢᠭᠰᠠᠨ ᠲᠣᠰᠬᠤᠨ ᠪᠣᠯᠣᠨ᠎ᠠ᠃︽ᠶᠡᠷᠦᠩᠬᠡᠢ ᠱᠦᠵᠢ ᠰᠢᠨ᠎ᠡ ᠴᠠᠭ ᠦᠶ᠎ᠡ ᠶᠢᠨ︿ᠹᠥ᠋ᠩᠴᠢᠶᠤᠤ ᠶᠢᠨ ᠲᠤᠷᠰᠢᠯᠭ᠎ᠠ﹀᠎ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ ᠭᠡᠵᠦ ᠱᠠᠭᠠᠷᠳᠠᠵᠠᠢ᠂ ᠡᠨᠡ ᠪᠣᠯ ᠮᠠᠨ ᠤ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠤ ᠦᠨᠳᠦᠰᠦᠨ ᠱᠠᠲᠤᠨ ᠤ ᠠᠵᠢᠯ ᠢ ᠰᠠᠶᠢᠲᠤᠷ ᠬᠢᠬᠦ ᠶᠢᠨ︿ᠡᠷᠳᠡᠨᠢ﹀ᠪᠣᠯᠣᠨ᠎ᠠ︾᠃ ᠰᠢᠶᠠ ᠹᠠᠨ ᠼᠦᠨ ᠲᠣᠰᠬᠤᠨ ᠤ ᠨᠠᠮ ᠤᠨ ᠡᠭᠦᠷ ᠤᠨ ᠱᠦᠵᠢ ᠲᠢᠶᠠᠨ ᠯᠧᠢ ᠬᠡᠯᠡᠬᠦ ᠳᠡᠭᠡᠨ᠂ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ︽ᠹᠧᠩ ᠴᠢᠶᠣᠤ ᠶᠢᠨ ᠲᠤᠷᠰᠢᠯᠭ᠎ᠠ︾᠎ ᠶᠢ ᠣᠷᠣᠨ ᠨᠤᠲᠤᠭᠴᠢᠯᠠᠬᠤ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠪᠦᠲᠦᠮᠵᠢᠲᠡᠶ ᠪᠠᠷ ᠴᠢᠩᠭᠠᠳᠬᠠᠨ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠶᠢᠨ ᠬᠠᠮᠲᠤ ᠲᠡᠭᠦᠨ ᠢ ᠰᠢᠢᠳᠪᠦᠷᠢᠯᠡᠨ᠎ᠡ ᠭᠡᠵᠡᠢ᠃     ᠴᠡᠷᠢᠭ ᠭᠠᠵᠠᠷ ᠨᠢᠭᠡ ᠬᠥᠯᠭᠡ ᠰᠢᠲᠠᠷ᠎ᠠ ᠮᠡᠲᠦ᠂ ᠴᠡᠷᠢᠭ ᠭᠠᠵᠠᠷ ᠨᠢᠭᠡ ᠭᠡᠷ ᠤᠨ ᠬᠥᠮᠥᠨ ᠮᠡᠲᠦ᠃     ︽ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠠᠭᠠᠨ ᠴᠡᠷᠢᠭ ᠠᠩᠭᠢ ᠣᠷᠣᠨ ᠨᠤᠲᠤᠭ ᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠬᠤ ᠲᠤᠬᠠᠢ ᠨᠡᠩ ᠥᠨᠳᠥᠷ ᠱᠠᠭᠠᠷᠳᠠᠯᠭ᠎ᠠ ᠳᠤᠷᠠᠳᠪᠠ︾᠃ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠷᠪᠠᠨ ᠬᠤᠶᠠᠳᠤᠭᠠᠷ ᠳ᠋ᠢᠸᠢᠽᠢ ᠶᠢᠨ ᠨᠠᠮ ᠤᠨ ᠬᠤᠷᠢᠶᠠᠨ ᠤ ᠱᠦᠵᠢ᠂ ᠤᠯᠤᠰ ᠲᠦᠷᠦ ᠶᠢᠨ ᠭᠡᠰᠢᠭᠦᠨ ᠯᠢ ᠪᠢᠨ᠂ ᠣᠳᠣᠬᠠᠨ ᠳᠤ ᠠᠷᠪᠠᠨ ᠬᠤᠶᠠᠳᠤᠭᠠᠷ ᠳ᠋ᠢᠸᠢᠽᠢ ᠦᠷᠦᠮᠴᠢ ᠲᠠᠢ ᠬᠠᠮᠲᠤᠷᠠᠨ 3 ᠴᠡᠷᠢᠭ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠣᠷᠣᠨ ᠢ ᠪᠠᠶᠢᠭᠤᠯᠵᠤ ᠪᠠᠶᠢᠨ᠎ᠠ᠃ᠪᠢᠩᠲ᠋ᠤᠸᠠᠨ ᠤ ᠨᠠᠮ ᠤᠨ ᠭᠡᠰᠢᠭᠦᠨ ᠺᠠᠳ᠋ᠷ ᠰᠢ ᠶᠢᠨ ᠫᠢᠩ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠠᠮᠲᠤᠷᠠᠯᠴᠠᠭᠠᠨ ᠤ ᠣᠷᠣᠨ ᠤ ᠤᠯᠠᠨ ᠲᠦᠮᠡᠨ ᠤ ᠬᠦᠰᠡᠯ ᠡᠷᠡᠮᠡᠯᠵᠡᠯ ᠢ ᠭᠦᠨᠵᠡᠭᠡᠢ ᠣᠶᠢᠯᠠᠭᠠᠵᠤ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠡᠯ᠎ᠡ ᠵᠦᠢᠯ ᠤᠨ ᠬᠡᠷᠡᠭᠴᠡᠭᠡ ᠳᠤ ᠨᠡᠩ ᠰᠠᠶᠢᠲᠤᠷ ᠦᠢᠯᠡᠴᠢᠯᠡᠵᠦ᠂ ᠴᠡᠷᠢᠭ ᠠᠩᠭᠢ ᠪᠠ ᠣᠷᠣᠨ ᠨᠤᠲᠤᠭ ᠤᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃     ᠰᠤᠷᠲᠠᠯ ᠲᠥᠪ ᠪᠣᠯᠪᠠᠰᠤ ᠺᠠᠳ᠋ᠷ ᠬᠦᠴᠦᠷᠬᠡᠭᠵᠢᠵᠦ᠂ ᠺᠠᠳ᠋ᠷ ᠬᠦᠴᠦᠷᠬᠡᠭ ᠪᠣᠯᠪᠠᠰᠤ ᠠᠵᠢᠯ ᠦᠢᠯᠡᠰ ᠮᠠᠨᠳᠤᠨ᠎ᠠ᠃      ᠰᠢ ᠶᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠭᠰᠠᠨ ᠨᠢ᠂ ︽ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠪᠠᠶᠢᠴᠠᠭᠠᠨ ᠰᠤᠳᠤᠯᠤᠯᠲᠠ ᠬᠢᠬᠦ᠂ ᠲᠥᠷᠥ  ᠶᠢᠨ ᠪᠣᠳᠣᠯᠭ᠎ᠠ  ᠶᠢ ᠡᠵᠡᠮᠰᠢᠬᠦ᠂ ᠠᠵᠢᠯ ᠢᠶᠠᠨ ᠠᠬᠢᠭᠤᠯᠬᠤ᠂ ᠣᠯᠠᠨ ᠲᠦᠮᠡᠨ ᠲᠠᠢ ᠬᠠᠷᠢᠯᠴᠠᠬᠤ ᠴᠢᠳᠠᠪᠤᠷᠢ  ᠶᠢ ᠳᠡᠭᠡᠭᠰᠢᠯᠡᠭᠦᠯᠬᠦ ᠬᠡᠷᠡᠭᠲᠡᠢ︾ ᠭᠡᠵᠡᠢ᠃ᠡᠨᠡ ᠨᠢ ᠭᠠᠨᠰᠤ ᠮᠤᠵᠢ  ᠶᠢᠨ ᠵᠠᠩ ᠵᠢᠶᠠ ᠴᠤᠸᠠᠨ ᠤ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᡁᠢ ᠵᠢᠶᠧ  ᠶᠢ ᠬᠤᠶᠢᠰᠢᠳᠠ  ᠶᠢᠨ ᠠᠵᠢᠯ ᠤᠨ ᠴᠢᠭᠯᠡᠯ ᠳᠤ ᠨᠡᠩ ᠲᠣᠳᠣᠷᠬᠠᠢ ᠲᠠᠨᠢᠯᠲᠠ  ᠲᠠᠢ ᠪᠣᠯᠭᠠᠵᠠᠢ᠃      ︽ᠪᠢᠳᠡ ᠶᠡᠷᠦᠩᠬᠡᠢ ᠱᠦᠵᠢ ᠰᠢ ᠶᠢᠨ ᠫᠢᠩ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠠᠨᠰᠤ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠺᠠᠳ᠋ᠷ ᠤᠨ ᠡᠩᠨᠡᠭᠡᠨ ᠤ ᠤᠨᠤᠯ ᠤᠨ ᠰᠤᠷᠤᠯᠴᠠᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠪᠣᠯᠪᠠᠰᠤᠷᠠᠯ ᠢ ᠲᠠᠰᠤᠷᠠᠯᠳᠡ ᠦᠭᠡᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠲᠣᠭᠲᠠᠭᠤᠨ ᠢ ᠠᠳᠬᠤᠬᠤ ᠪᠠ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠣᠭᠲᠠᠭᠤᠨ ᠢᠶᠠᠷ ᠬᠥᠭᠵᠢᠯᠲᠡ ᠶᠢ ᠪᠠᠲᠤᠯᠠᠵᠤ᠂ ᠬᠥᠭᠵᠢᠯᠲᠡ ᠪᠠᠷ ᠲᠣᠭᠲᠠᠭᠤᠨ ᠢ ᠠᠬᠢᠭᠤᠯᠤᠨ᠎ᠠ︾᠃ ᠭᠡᠵᠦ ᠸᠠᠩ ᡁᠢ ᠵᠢᠶᠸ ᠬᠡᠯᠡᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1