ᠰᠢ ᠨᠣᠣ ᠪᠦᠦ ᠵᠡᠭᠡᠯᠢ ᠭᠤᠳᠤᠮᠵᠢ ᠶᠢᠨ ᠬᠤᠩ ᠶᠤᠸᠠᠨ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ︽ᠢᠨᠲ᠋ᠧᠷ ᠰᠦᠯᠵᠢᠶᠡᠨ ᠤ ᠱᠠᠰᠢᠨ ᠰᠤᠷᠲᠠᠬᠤᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠶᠢ ᠲᠥᠪᠯᠡᠷᠡᠭᠦᠯᠦᠨ ᠰᠤᠷᠤᠯᠴᠠᠪᠠ
ᠨᠡᠶᠢᠲᠡᠯᠡᠭᠰᠡᠨ ᠴᠠᠭ᠄
2023/8/30
    ︽ᠢᠨᠲ᠋ᠧᠷ ᠰᠦᠯᠵᠢᠶᠡᠨ ᠤ ᠱᠠᠰᠢᠨ ᠰᠤᠷᠲᠠᠬᠤᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠠᠶᠢᠨ ᠰᠠᠶᠢᠬᠠᠨ ᠰᠦᠯᠵᠢᠶᠡᠨ ᠤ ᠣᠷᠣᠨ ᠵᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠪᠠ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ᠂ ᠰᠢ ᠨᠣᠣ ᠪᠦᠦ ᠵᠡᠭᠡᠯᠢ ᠭᠤᠳᠤᠮᠵᠢ ᠶᠢᠨ ᠬᠤᠩ ᠶᠤᠸᠠᠨ ᠨᠡᠶᠢᠭᠡᠮ ᠲᠣᠭᠤᠷᠢᠭ ᠤᠨ ᠬᠢᠨ ᠣᠶᠢᠷ᠎ᠠ ᠳᠤ ᠨᠡᠶᠢᠭᠡᠮ ᠲᠣᠭᠤᠷᠢᠭ ᠤᠨ ᠪᠥᠬᠦ ᠠᠵᠢᠯᠲᠠᠳ ᠢ ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠵᠤ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃      ᠬᠤᠷᠠᠯ ᠳᠡᠭᠡᠷ᠎ᠡ ᠨᠡᠶᠢᠭᠡᠮ ᠲᠣᠭᠤᠷᠢᠭ ᠤᠨ ᠱᠦᠵᠢ ᠣᠯᠠᠨ  ᠢ ᠳᠠᠭᠠᠭᠤᠯᠤᠨ ︽ᠢᠨᠲ᠋ᠧᠷ ᠰᠦᠯᠵᠢᠶᠡᠨ ᠤ ᠱᠠᠰᠢᠨ ᠰᠤᠷᠲᠠᠬᠤᠨ ᠤ ᠮᠡᠳᠡᠭᠡ ᠵᠠᠩᠭᠢ  ᠶᠢᠨ ᠦᠢᠯᠡᠴᠢᠯᠡᠭᠡᠨ ᠤ ᠬᠠᠮᠢᠶᠠᠷᠤᠯᠲᠠ  ᠶᠢᠨ ᠠᠷᠭ᠎ᠠ︾ ᠶᠢᠨ ᠬᠤᠯᠪᠣᠭᠳᠠᠯ ᠪᠦᠬᠦᠢ ᠵᠦᠢᠯ ᠵᠤᠷᠪᠤᠰ  ᠢ ᠨᠢᠭᠡᠳ ᠨᠢᠭᠡ ᠪᠠᠷ ᠵᠠᠳᠠᠯᠤᠨ ᠲᠠᠶᠢᠯᠪᠤᠷᠢᠯᠠᠵᠤ ᠶᠠᠷᠢᠯᠴᠠᠪᠠ᠃ᠲᠥᠪᠯᠡᠷᠡᠩᠭᠦᠢ ᠰᠤᠷᠤᠯᠴᠠᠯᠭ᠎ᠠ ᠪᠠᠷ ᠳᠡᠮᠵᠢᠨ᠂ ᠣᠯᠠᠨ ᠢᠶᠠᠷ ᠢᠶᠠᠨ ᠲᠣᠰ ᠪᠢᠴᠢᠭ ᠮᠠᠲ᠋ᠧᠷᠢᠶᠠᠯ ᠤᠨ ᠲᠤᠬᠠᠢ ᠨᠠᠩ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠣᠯᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠤ ᠠᠵᠢᠯᠯᠠᠭᠠᠨ ᠤ ᠵᠦᠭᠯᠡᠭᠦᠷ ᠪᠣᠯᠭᠠᠨ ᠬᠤᠪᠢᠷᠠᠭᠤᠯᠵᠤ᠂ ᠰᠣᠷᠣᠭᠰᠠᠨ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠰᠢ ᠨᠣᠣ ᠪᠦᠦ ᠵᠡᠭᠡᠯᠢ ᠭᠤᠳᠤᠮᠵᠢ ᠶᠢᠨ ᠬᠢᠨ ᠤᠬᠠᠭᠤᠯᠭ᠎ᠠ ᠪᠠᠨ ᠴᠢᠩᠭᠠᠳᠬᠠᠵᠤ᠂ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠪᠣᠯᠣᠨ ᠰᠦᠯᠵᠢᠶᠡᠨ ᠤ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠵᠤ᠂ ᠰᠠᠷᠠᠭᠤᠯ ᠰᠠᠶᠢᠬᠠᠨ ᠰᠦᠯᠵᠢᠶᠡᠨ ᠤ ᠣᠷᠣᠨ ᠵᠠᠢ ᠪᠣᠯᠣᠨ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1