ᠲᠢᠶᠠᠨ ᠵᠢᠶᠣᠣ ᠵᠡᠭᠡᠯᠢ ᠭᠤᠳᠤᠮᠵᠢ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭᠤᠨ ᠨᠡᠶᠢᠭᠡᠮ ᠲᠣᠭᠤᠷᠢᠭ ᠲᠤ ᠣᠷᠴᠢᠨ ᠲᠣᠭᠤᠷᠢᠨ ᠢ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ
ᠨᠡᠶᠢᠲᠡᠯᠡᠭᠰᠡᠨ ᠴᠠᠭ᠄
2023/8/30
     ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠠᠷᠠᠳ ᠣᠯᠠᠨ ᠤ ᠭᠤᠶᠣ ᠰᠠᠶᠢᠬᠠᠨ ᠠᠮᠢ ᠠᠬᠤᠢ ᠣᠷᠴᠢᠨ ᠲᠣᠭᠤᠷᠢᠨ ᠤ ᠬᠡᠷᠡᠭᠴᠡᠭᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠤᠷᠢᠨ ᠳᠤ᠂ ᠠᠮᠢ ᠠᠬᠤᠢ ᠶᠢᠨ ᠪᠣᠯᠪᠠᠰᠤᠨ ᠤ ᠰᠠᠶᠢᠨ ᠳᠤᠷ᠎ᠠ ᠶᠢᠨ ᠦᠢᠯᠡᠴᠢᠯᠡᠭᠡ  ᠶᠢ ᠶᠡᠭᠡ ᠪᠠᠷ ᠠᠬᠢᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠨ ᠪᠠᠳᠠᠷᠠᠭᠤᠯᠬᠤ ᠳᠤ ᠰᠠᠭᠤᠭᠠᠯᠢ ᠠᠷᠠᠳ ᠤᠨ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭᠤᠨ ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠵᠢᠴᠢ ᠠᠵᠢᠯᠲᠠᠳ ᠢ ᠵᠣᠬᠢᠶᠠᠨ ᠪᠠᠶᠢᠭᠤᠯᠤᠨ ᠲᠠᠶᠢᠴᠢᠯᠠᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ᠬᠠᠷᠢᠶ᠎ᠠ ᠣᠷᠣᠨ ᠤ ᠳᠣᠲᠣᠷ᠎ᠠ ᠴᠤᠯᠤ᠂ ᠡᠮᠬᠢ ᠵᠠᠮᠪᠠᠷᠠᠭ᠎ᠠ ᠦᠭᠡᠢ ᠭᠠᠵᠠᠷ ᠢ ᠴᠡᠭᠴᠡᠯᠡᠨ ᠵᠠᠰᠠᠵᠤ᠂ ᠠᠷᠢᠭᠤᠨ ᠴᠡᠪᠡᠷ ᠠᠮᠢᠳᠤᠷᠠᠯ ᠤᠨ ᠬᠦᠷᠢᠶ᠎ᠡ ᠶᠢ ᠪᠠᠶᠢᠭᠤᠯᠤᠨ᠎ᠠ᠃      ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠭᠠᠨ ᠥᠩᠭᠡ ᠶᠢᠨ ᠤᠤᠵᠢ ᠡᠮᠦᠰᠴᠦ᠂ ᠭᠠᠷ ᠲᠠᠭᠠᠨ ᠱᠦᠭᠦᠷ᠂ ᠲᠡᠮᠦᠷ ᠬᠦᠷᠵᠡ᠂ ᠬᠤᠭ ᠤᠨ ᠤᠭᠤᠲᠠ ᠵᠡᠷᠭᠡ ᠠᠷᠢᠭᠤᠨ ᠴᠡᠪᠡᠷ ᠤᠨ ᠪᠠᠭᠠᠵᠢ ᠬᠡᠷᠡᠭᠰᠡᠯ ᠢ ᠪᠠᠷᠢᠵᠤ᠂ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠢᠵᠢᠭ ᠲᠣᠭᠤᠷᠢᠭ ᠤᠨ ᠡᠯ᠎ᠡ ᠥᠨᠴᠥᠭ ᠪᠤᠯᠤᠩ ᠢ ᠨᠠᠷᠢᠨ ᠨᠢᠮᠪᠠᠢ ᠪᠠᠶᠢᠴᠠᠭᠠᠵᠤ᠂ ᠵᠢᠵᠢᠭ ᠲᠣᠭᠤᠷᠢᠭ ᠤᠨ ᠬᠠᠵᠠᠭᠤ ᠳᠤ ᠣᠪᠣᠭᠠᠷᠠᠭᠰᠠᠨ ᠶᠠᠭᠤᠮ᠎ᠠ ᠬᠡᠦᠮ᠎ᠡ ᠶᠢ ᠴᠡᠪᠡᠷᠯᠡᠨ ᠴᠡᠪᠡᠷᠯᠡᠵᠦ᠂ ᠬᠥᠮᠥᠰ ᠢ ᠲᠤᠶᠢᠯᠪᠤᠷᠢᠲᠠᠢ ᠴᠡᠪᠡᠷᠯᠡᠨ ᠵᠥᠭᠡᠭᠡᠪᠦᠷᠢᠯᠡᠵᠦ᠂ ᠮᠠᠰᠢᠨ ᠲᠡᠷᠭᠡ ᠶᠢ ᠬᠥᠳᠡᠯᠭᠡᠨ ᠵᠠᠮ ᠡᠵᠡᠯᠡᠭᠰᠡᠨ ᠲᠣᠮᠣ ᠶᠠᠭᠤᠮ᠎ᠠ ᠬᠡᠦᠮ᠎ᠡ ᠶᠢ ᠵᠥᠭᠡᠭᠡᠪᠦᠷᠢᠯᠡᠵᠦ᠂ ᠵᠢᠵᠢᠭ ᠲᠣᠭᠤᠷᠢᠭ ᠤᠨ ᠬᠤᠭ ᠨᠣᠪᠰᠢ᠂ ᠬᠤᠪᠠᠭ᠋ᠠᠢ ᠮᠣᠳᠣ ᠪᠤᠵᠠᠷ ᠡᠪᠡᠰᠦ᠂ ᠪᠤᠵᠠᠷ ᠪᠤᠷᠲᠠᠭ ᠢ ᠪᠦᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠴᠡᠪᠡᠷ ᠲᠡᠭᠰᠢ ᠠᠵᠢᠯᠯᠠᠭ᠎ᠠ ᠶᠢ ᠪᠦᠬᠦᠨ ᠢ ᠪᠦᠷᠬᠦᠭᠦᠯᠵᠦ᠂ ᠥᠨᠴᠥᠭ ᠪᠤᠯᠤᠩ ᠦᠭᠡᠢ ᠪᠠᠶᠢᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠪᠠ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠰᠠᠭᠤᠭᠠᠯᠢ ᠠᠷᠠᠳ ᠤᠨ ᠲᠣᠭᠤᠷᠢᠭ ᠤᠨ ᠥᠩᠭᠡ ᠵᠢᠰᠦ ᠴᠣ᠋ ᠰᠢᠨ᠎ᠡ ᠪᠣᠯᠵᠤ᠂ ︽ᠵᠢᠵᠢᠭ ᠰᠠᠵᠢᠭ ᠭᠠᠵᠠᠷ︾ ᠲᠤ ᠬᠦᠴᠦᠯᠡᠨ ᠴᠢᠷᠮᠠᠶᠢᠵᠤ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭᠤᠨ ᠨᠡᠶᠢᠭᠡᠮ ᠲᠣᠭᠤᠷᠢᠭ ᠤᠨ ᠬᠢᠨ ᠴᠡᠪᠡᠷ ᠲᠡᠭᠰᠢ ᠠᠮᠢᠳᠤᠷᠠᠯ ᠤᠨ ᠣᠷᠴᠢᠨ ᠲᠣᠭᠤᠷᠢᠨ ᠢ ᠦᠷᠭᠦᠯᠵᠢᠯᠡᠨ ᠪᠣᠶ ᠪᠣᠯᠭᠠᠵᠤ᠂ ᠣᠯᠠᠨ ᠲᠦᠮᠡᠨ ᠤ ᠵᠣᠯ ᠵᠢᠷᠭᠠᠯ ᠤᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1