ᠲᠢᠶᠠᠨ ᠵᠢᠶᠣᠣ ᠵᠡᠭᠡᠯᠢ ᠭᠤᠳᠤᠮᠵᠢ ᠶᠢᠨ ᠱᠦᠨ ᠳ᠋ᠡ ᠯᠦ ᠨᠡᠶᠢᠭᠡᠮ ᠲᠣᠭᠤᠷᠢᠭ︽ᠪᠦᠬᠦ ᠤᠯᠤᠰ ᠤᠨ ᠠᠮᠢ ᠠᠬᠤᠢ ᠶᠢᠨ ᠡᠳᠦᠷ︾ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/30
     ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠠᠭᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ᠭᠡᠬᠦ ᠪᠦᠬᠦ ᠤᠯᠤᠰ ᠤᠨ ᠠᠮᠢ ᠠᠬᠤᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠰᠠᠭᠤᠭᠠᠯᠢ ᠠᠷᠠᠳ ᠲᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠡᠷᠭᠡ ᠪᠠᠭ᠎ᠠ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠰᠢᠨ᠎ᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠰᠠᠭᠤᠭᠠᠯᠢ ᠠᠷᠠᠳ ᠤᠨ ᠳᠤᠷᠠᠳᠤᠭᠰᠠᠨ ᠡᠳᠦᠷ ᠲᠤᠳᠤᠮ ᠤᠨ ᠬᠤᠭ ᠨᠣᠪᠰᠢ ᠶᠢ ᠲᠦᠷᠦᠯ ᠬᠤᠪᠢᠶᠠᠬᠤ ᠳᠤᠮᠳᠠ ᠲᠣᠬᠢᠶᠠᠯᠳᠤᠭᠰᠠᠨ ᠠᠰᠠᠭᠤᠳᠠᠯ ᠳᠤ ᠬᠦᠯᠢᠴᠡᠩᠭᠦᠢ ᠬᠠᠷᠢᠭᠤᠯᠲᠠ ᠥᠭᠴᠡᠢ᠃ᠠᠵᠢᠯᠲᠠᠳ ᠠᠮᠢᠳᠤᠷᠠᠯ ᠤᠨ ᠳᠤᠮᠳᠠᠬᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠶᠢᠨ ᠲᠣᠭᠤᠷᠢᠨ ᠳᠤ᠂ ᠰᠠᠭᠤᠭᠠᠯᠢ ᠠᠷᠠᠳ ᠲᠤ ᠲᠦᠭᠦᠮ ᠣᠶᠢᠯᠠᠭᠠᠮᠵᠢᠲᠠᠢ ᠲᠠᠶᠢᠯᠪᠤᠷᠢᠯᠠᠯᠲᠠ ᠬᠢᠭᠰᠡᠨ ᠪᠥᠭᠡᠳ ᠰᠠᠭᠤᠭᠠᠯᠢ ᠠᠷᠠᠳ ᠢ ᠰᠠᠶᠢᠨ ᠰᠠᠶᠢᠬᠠᠨ ᠪᠣᠬᠢᠷᠲᠤᠯ ᠦᠭᠡᠢ ᠠᠮᠢᠳᠤᠷᠠᠯ ᠤᠨ ᠵᠠᠩ ᠳᠠᠳᠬᠠᠯ ᠲᠠᠢ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠤᠭᠴᠢ᠂ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠨᠧᠷᠭᠢ ᠶᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1