ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠳᠤ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ·ᠲᠣᠮᠣ ᠭᠠᠷ ᠵᠢᠵᠢᠭ ᠭᠠᠷ ᠢᠶᠠᠨ ᠬᠤᠯᠪᠣᠯᠴᠠᠬᠤ︾ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠦᠨ᠎ᠡ
ᠨᠡᠶᠢᠲᠡᠯᠡᠭᠰᠡᠨ ᠴᠠᠭ᠄
2023/8/30
     ᠵᠤᠨ ᠤ ᠠᠮᠠᠷᠠᠯᠲᠠ ᠶᠢᠨ ᠬᠤᠭᠤᠴᠠᠭᠠᠨ ᠳᠠᠬᠢ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠯᠦ ᠸᠠᠩ ᠨᠡᠶᠢᠭᠡᠮ ᠲᠣᠭᠤᠷᠢᠭ ᠤᠨ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ·ᠲᠣᠮᠣ ᠭᠠᠷ ᠵᠢᠵᠢᠭ ᠭᠠᠷ ᠢᠶᠠᠨ ᠬᠤᠯᠪᠣᠯᠴᠠᠬᠤ︾ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠦᠨ᠎ᠡ᠃ ᠠᠵᠢᠯᠯᠠᠭ᠎ᠠ ᠶᠢᠨ ᠳᠤᠮᠳᠠ᠂ ᠡᠯ᠎ᠡ ᠦᠨᠳᠦᠰᠦᠲᠡᠨ ᠤ ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢ ᠨᠠᠷ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠳᠠᠭᠠᠭᠤᠯᠭ᠎ᠠ ᠳᠣᠣᠷ᠎ᠠ ᠪᠦᠯᠬᠦᠮᠳᠡᠨ ᠬᠠᠮᠵᠢᠯᠴᠠᠵᠤ᠂ ᠬᠠᠷᠢᠶ᠎ᠠ ᠣᠷᠣᠨ ᠤ ᠪᠠᠨ ᠴᠠᠭᠠᠰᠤᠨ ᠦᠷᠦᠪᠳᠡᠰᠦ ᠵᠢᠴᠢ ᠲᠠᠮᠠᠬᠢᠨ ᠤᠲᠤᠭᠠᠨ ᠳᠤ ᠴᠡᠪᠡᠷᠯᠡᠯᠲᠡ ᠬᠢᠵᠦ᠂ ᠴᠣᠪᠣᠭᠤ ᠳᠡᠭᠵᠢᠨ ᠨᠥᠬᠦᠷᠰᠡᠭ ᠠᠭᠤᠷ ᠠᠮᠢᠰᠬᠤᠯ ᠤᠨ ᠳᠤᠮᠳᠠ ᠣᠷᠴᠢᠨ ᠠᠬᠤᠢ ᠶᠢ ᠬᠠᠮᠠᠭᠠᠯᠠᠬᠤ ᠲᠤᠬᠠᠢ ᠴᠢᠬᠤᠯᠠ ᠲᠠᠨᠢᠯᠲᠠ ᠪᠠᠨ ᠴᠢᠩᠭᠠᠳᠬᠠᠵᠠᠢ᠃ᠲᠣᠰ ᠤᠳᠠᠭᠠᠨ ᠤ ᠠᠵᠢᠯᠯᠠᠭ᠎ᠠ ᠨᠢ ᠬᠡᠦᠬᠡᠳ ᠤᠳ ᠲᠤ ᠨᠡᠶᠢᠭᠡᠮ ᠤᠨ ᠦᠢᠯᠡᠳᠦᠯᠭᠡ ᠶᠢᠨ ᠰᠠᠶᠢᠨ ᠲᠣᠬᠢᠶᠠᠯ ᠣᠯᠭᠤᠵᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤ ᠪᠠᠷ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1