W ᠪᠦᠷᠬᠦᠪᠴᠢ ᠪᠠᠷ ᠪᠣᠷᠣᠭᠠᠨ ᠤ ᠤᠰᠤ ᠶᠢ ᠴᠤᠭᠯᠠᠭᠤᠯᠵᠤ ᠤᠰᠤᠯᠠᠯᠲᠠ ᠶᠢ ᠨᠥᠬᠦᠪᠦᠷᠢᠯᠡᠬᠦ ᠥᠨᠳᠥᠷ ᠪᠦᠲᠦᠮᠵᠢᠲᠡᠶ ᠳᠠᠷᠢᠬᠤ ᠮᠡᠷᠭᠡᠵᠢᠯ
ᠨᠡᠶᠢᠲᠡᠯᠡᠭᠰᠡᠨ ᠴᠠᠭ᠄
2023/9/1
      W ᠪᠦᠷᠬᠦᠪᠴᠢ ᠪᠠᠷ ᠪᠣᠷᠣᠭᠠᠨ ᠤ ᠤᠰᠤ ᠶᠢ ᠬᠤᠷᠠᠮᠳᠤᠭᠤᠯᠬᠤ ᠮᠡᠷᠭᠡᠵᠢᠯ ᠢ ᠬᠡᠷᠡᠭᠯᠡᠬᠦ ᠳᠤ ᠬᠢᠯᠪᠡᠷ᠂ ᠡᠵᠡᠮᠰᠢᠬᠦ ᠳᠤ ᠠᠮᠠᠷᠬᠠᠨ ᠪᠠᠶᠢᠳᠠᠭ᠃ ᠡᠭᠦᠨ ᠳᠤ ᠭᠤᠣᠯᠳᠠᠭᠤ ᠬᠠᠭᠤᠷᠠᠢ ᠬᠤᠳᠳᠤᠭ ᠮᠠᠯᠲᠠᠬᠤ᠂ ᠭᠤᠤ ᠰᠤᠪᠠᠭ ᠢ ᠨᠡᠭᠡᠭᠡᠨ ᠪᠦᠷᠬᠦᠪᠴᠢ ᠶᠢ ᠳᠡᠪᠢᠰᠬᠦ᠂ ᠬᠡᠪ ᠵᠠᠭᠪᠤᠷ ᠢᠶᠠᠷ ᠲᠠᠷᠢᠵᠤ ᠪᠣᠶᠢᠵᠢᠭᠤᠯᠬᠤ ᠵᠡᠷᠭᠡ ᠭᠤᠷᠪᠠᠨ ᠬᠡᠰᠡᠭ ᠪᠠᠭᠲᠠᠨ᠎ᠠ᠃          ᠨᠢᠭᠡᠳᠦᠭᠡᠷ ᠠᠯᠬᠤᠮ᠄ ᠬᠠᠭᠤᠷᠠᠢ ᠬᠤᠳᠳᠤᠭ ᠮᠠᠯᠲᠠᠬᠤ᠃ ᠬᠠᠭᠤᠷᠠᠢ ᠬᠤᠳᠳᠤᠭ ᠢ ᠤᠯᠠᠭᠠᠨ ᠰᠢᠷᠣᠢ ᠪᠣᠯᠣᠨ ᠴᠣᠬᠤᠢ ᠶᠢᠨ ᠬᠤᠯᠢᠮᠠᠭ ᠡᠭᠡᠳᠡᠩ ᠪᠤᠶᠤ ᠼᠧᠮᠧᠨ᠋ᠲ ᠢᠶᠠᠷ ᠮᠢᠯᠢᠶᠠᠵᠤ ᠪᠣᠯᠣᠨ᠎ᠠ᠃ ᠬᠠᠭᠤᠷᠠᠢ ᠬᠤᠳᠳᠤᠭ ᠤᠨ ᠪᠦᠲᠦᠴᠡ ᠨᠢ ᠶᠡᠷᠦ ᠳᠤ ᠪᠠᠨ ᠵᠠᠳᠠᠭᠠᠢ ᠳ᠋ᠢᠶᠠᠮᠧᠳ᠋ᠷ ᠨᠢ 0.6 ᠮᠧᠳ᠋ᠷ᠂ ᠢᠷᠤᠭᠠᠷ ᠤᠨ ᠳ᠋ᠢᠶᠠᠮᠧᠳ᠋ᠷ ᠨᠢ 3 ᠮᠧᠳ᠋ᠷ᠂ ᠭᠦᠨ ᠎ ᠨᠢ 5 ᠮᠧᠳ᠋ᠷ ᠪᠠᠶᠢᠵᠤ᠂ 35 ᠳᠥᠷᠪᠡᠯᠵᠢᠨ ᠮᠧᠳ᠋ᠷ ᠤᠰᠤ ᠬᠠᠳᠠᠭᠠᠯᠠᠵᠤ ᠪᠣᠯᠣᠨ᠎ᠠ᠃ ᠪᠠᠷᠤᠭ ᠳᠥᠷᠪᠡ ᠲᠠᠪᠤᠨ ᠵᠠᠭᠤᠨ ᠲᠥᠭᠦᠷᠢᠭ ᠤᠨ ᠪᠡᠯᠡ ᠣᠷᠣᠭᠤᠯᠤᠨ᠎ᠠ᠃ ᠬᠠᠭᠤᠷᠠᠢ ᠬᠤᠳᠳᠤᠭ ᠢ ᠬᠠᠮᠤᠭ ᠤᠨ ᠬᠤᠳᠤᠭᠤᠷ ᠭᠠᠵᠠᠷ ᠢ ᠰᠣᠩᠭᠤᠨ᠂ ᠶᠡᠷᠦ ᠳᠤ ᠪᠠᠨ 1 - 3 ᠮᠦ ᠪᠦᠷᠢ ᠳᠤ ᠨᠢᠭᠡ ᠬᠠᠭᠤᠷᠠᠢ ᠬᠤᠳᠳᠤᠭ ᠮᠠᠯᠲᠠᠵᠤ ᠪᠣᠯᠣᠨ᠎ᠠ᠃ ᠬᠠᠭᠤᠷᠠᠢ ᠬᠤᠳᠳᠤᠭ ᠢ ᠶᠡᠷᠦ ᠳᠤ ᠪᠠᠨ ᠨᠠᠮᠤᠷ ᠤᠨ ᠬᠤᠷᠢᠶᠠᠯᠲᠠ ᠶᠢᠨ ᠳᠠᠷᠠᠭ᠎ᠠ ᠡᠪᠦᠯ ᠤᠨ ᠤᠯᠠᠷᠢᠯ ᠪᠣᠯᠲᠠᠯ᠎ᠠ ᠮᠠᠯᠲᠠᠵᠤ᠂ ᠲᠤᠬᠠᠢ ᠶᠢᠨ ᠵᠢᠯ ᠳᠤ ᠪᠠᠨ ᠳᠠᠷᠤᠢ ᠨᠠᠮᠤᠷ ᠡᠪᠦᠯ ᠤᠨ ᠬᠤᠷ᠎ᠠ ᠲᠤᠨᠳᠠᠰᠤ ᠶᠢ ᠬᠤᠷᠠᠮᠳᠤᠭᠤᠯᠤᠨ ᠬᠠᠳᠠᠭᠠᠯᠠᠵᠤ᠂ ᠬᠠᠪᠤᠷ ᠤᠨ ᠭᠠᠩ ᠬᠠᠭᠤᠷᠠᠢ ᠦᠶ᠎ᠡ ᠳᠤ ᠬᠡᠷᠡᠭᠯᠡᠬᠦ ᠪᠠᠷ ᠪᠡᠯᠡᠳᠬᠡᠳᠡᠭ᠃            ᠬᠤᠶᠠᠳᠤᠭᠠᠷ ᠠᠯᠬᠤᠮ᠄ ᠭᠤᠤ ᠰᠤᠪᠠᠭ ᠢ ᠨᠡᠭᠡᠭᠡᠨ ᠪᠦᠷᠬᠦᠪᠴᠢ ᠶᠢ ᠳᠡᠪᠢᠰᠬᠦ᠃ ᠭᠤᠤ ᠭᠠᠷᠭᠠᠬᠤ ᠠᠴᠠ ᠪᠠᠨ ᠡᠮᠦᠨ᠎ᠡ ᠤᠷᠢᠳᠠᠪᠠᠷ ᠪᠣᠷᠳᠣᠭᠤᠷ ᠣᠷᠣᠭᠤᠯᠵᠤ ᠭᠠᠵᠠᠷ ᠲᠡᠭᠰᠢᠯᠡᠬᠦ ᠬᠡᠷᠡᠭᠲᠡᠢ᠃ ᠪᠣᠷᠳᠣᠭᠤᠷ ᠣᠷᠣᠭᠤᠯᠤᠭᠰᠠᠨ ᠰᠠᠭᠤᠷᠢᠨ ᠳᠡᠭᠡᠷ᠎ᠡ ᠭᠠᠵᠠᠷ ᠢᠶᠠᠨ ᠲᠡᠭᠰᠢᠯᠡᠨ᠂ ᠬᠥᠷᠥᠰᠥ ᠰᠢᠷᠣᠢ ᠶᠢ ᠵᠥᠭᠡᠯᠡᠷᠡᠭᠦᠯᠦᠨ᠂ ᠡᠩᠬᠦᠯ ᠳᠤᠩᠬᠤᠯ ᠦᠭᠡᠢ᠂ ᠭᠤᠤᠷᠰᠤ ᠦᠭᠡᠢ᠂ ᠡᠰᠢ ᠰᠦᠷᠡᠯ ᠦᠭᠡᠢ ᠪᠣᠯᠭᠠᠬᠤ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ W ᠬᠡᠯᠪᠡᠷᠢ ᠶᠢᠨ ᠳᠠᠯᠠᠩ ᠤᠨ ᠭᠤᠤ ᠶᠢ ᠨᠡᠭᠡᠭᠡᠬᠦ ᠳᠤ ᠲᠤᠰᠬᠠᠶᠢᠯᠠᠨ ᠬᠢᠭᠰᠡᠨ ᠲᠡᠮᠦᠷ ᠨᠠᠷᠬ᠎ᠠ ᠶᠢᠨ ᠥᠷᠭᠡᠨ ᠨᠢ 82 ᠰᠠᠨᠲ᠋ᠢᠮᠧᠳ᠋ᠷ ᠪᠠᠶᠢᠬᠤ ᠬᠡᠷᠡᠭᠲᠡᠢ᠃ ᠬᠡᠪ ᠤᠨ ᠨᠢᠷᠤᠭᠤᠨ ᠳᠤ 4 ᠨᠤᠮᠤ ᠶᠢᠨ ᠬᠡᠮᠵᠢᠶ᠎ᠡ ᠲᠠᠢ ᠭᠤᠷᠪᠠᠯᠵᠢᠨ ᠲᠡᠮᠦᠷ ᠰᠢᠳᠦ ᠶᠢ ᠭᠠᠩᠨᠠᠵᠤ᠂ ᠲᠡᠮᠦᠷ ᠰᠢᠳᠦᠨ ᠤ ᠢᠷᠤᠭᠠᠷ ᠤᠨ ᠥᠷᠭᠡᠨ ᠨᠢ 12 ᠰᠠᠨᠲ᠋ᠢᠮᠧᠳ᠋ᠷ᠂ ᠥᠨᠳᠥᠷ ᠨᠢ 13 ᠰᠠᠨᠲ᠋ᠢᠮᠧᠳ᠋ᠷ ᠪᠠᠶᠢᠬᠤ ᠬᠡᠷᠡᠭᠲᠡᠢ᠃ ᠳᠤᠮᠳᠠᠬᠢ ᠬᠤᠶᠠᠷ ᠲᠡᠮᠦᠷ ᠰᠢᠳᠦᠨ ᠤ ᠦᠵᠦᠭᠦᠷ ᠤᠨ ᠵᠠᠢ ᠨᠢ 36 ᠰᠠᠨᠲ᠋ᠢᠮᠧᠳ᠋ᠷ᠂ ᠬᠤᠶᠠᠷ ᠲᠠᠯ᠎ᠠ ᠶᠢᠨ ᠬᠤᠶᠠᠷ ᠲᠡᠮᠦᠷ ᠰᠢᠳᠦᠨ ᠤ ᠦᠵᠦᠭᠦᠷ ᠤᠨ ᠵᠠᠢ ᠨᠢ 17 ᠰᠠᠨᠲ᠋ᠢᠮᠧᠳ᠋ᠷ ᠪᠠᠶᠢᠬᠤ ᠬᠡᠷᠡᠭᠲᠡᠢ᠃ ᠠᠳᠠᠯᠢ ᠪᠤᠰᠤ ᠲᠠᠷᠢᠮᠠᠯ ᠢ ᠲᠠᠷᠢᠬᠤ ᠳᠤ ᠮᠥᠷ ᠤᠨ ᠵᠠᠢ ᠶᠢ ᠡᠵᠡᠮᠰᠢᠬᠦ ᠱᠠᠭᠠᠷᠳᠠᠯᠭ᠎ᠠ ᠶᠢ ᠦᠨᠳᠦᠰᠦᠯᠡᠵᠦ᠂ ᠲᠡᠮᠦᠷ ᠨᠠᠷᠬ᠎ᠠ ᠶᠢᠨ ᠬᠠᠵᠠᠭᠤ ᠳᠤ ᠲᠡᠮᠳᠡᠭ ᠲᠠᠯᠪᠢᠵᠤ ᠪᠣᠯᠣᠨ᠎ᠠ᠃ ᠭᠤᠤ ᠭᠠᠷᠭᠠᠵᠤ ᠪᠦᠷᠬᠦᠪᠴᠢ ᠳᠡᠪᠢᠰᠬᠦ ᠳᠤ ᠲᠦᠷᠪᠡᠨ ᠬᠥᠮᠥᠨ ᠢᠶᠠᠷ ᠨᠢᠭᠡ ᠳᠤᠭᠤᠶᠢᠯᠠᠩ ᠪᠣᠯᠭᠠᠨ᠂ ᠨᠢᠭᠡ ᠬᠥᠮᠥᠨ ᠲᠡᠮᠦᠷ ᠨᠠᠷᠬ᠎ᠠ ᠪᠠᠷ W ᠬᠡᠯᠪᠡᠷᠢ ᠶᠢᠨ ᠳᠠᠯᠠᠩ ᠤᠨ ᠭᠤᠤ ᠶᠢ ᠮᠠᠯᠲᠠᠨ᠎ᠠ᠃ ᠡᠨᠡ ᠦᠶ᠎ᠡ ᠳᠤ ᠬᠢᠮᠢ ᠶᠢᠨ ᠪᠣᠷᠳᠣᠭᠤᠷ ᠢ ᠭᠤᠤ ᠳᠤ ᠣᠷᠣᠭᠤᠯᠵᠤ᠂ ᠳᠠᠯᠠᠩ ᠤᠨ ᠭᠤᠤ ᠶᠢᠨ ᠭᠦᠨ ᠤ ᠬᠡᠮᠵᠢᠶ᠎ᠡ ᠨᠢ ᠶᠡᠷᠦ ᠳᠤ ᠪᠠᠨ 10 ᠰᠠᠨᠲ᠋ᠢᠮᠧᠳ᠋ᠷ ᠠᠴᠠ ᠳᠡᠭᠡᠭᠰᠢ ᠪᠠᠶᠢᠳᠠᠭ᠃ ᠪᠦᠷᠬᠦᠯᠲᠡ ᠨᠢ ᠶᠡᠷᠦ ᠳᠤ ᠪᠠᠨ 80 ᠰᠠᠨᠲ᠋ᠢᠮᠧᠳ᠋ᠷ ᠥᠷᠭᠡᠨ᠂ 0.007 - 0.01 ᠮᠢᠯᠢᠮᠧᠳ᠋ᠷ ᠵᠤᠵᠠᠭᠠᠨ ᠰᠦᠯᠢᠶᠥᠦ ᠪᠦᠷᠬᠦᠪᠴᠢ ᠶᠢ ᠰᠣᠩᠭᠤᠨ ᠬᠡᠷᠡᠭᠯᠡᠨ᠎ᠡ᠃ ᠭᠤᠷᠪᠠᠭᠤᠯᠠ ᠪᠠᠨ ᠭᠠᠵᠠᠷ ᠤᠨ ᠪᠦᠷᠬᠦᠪᠴᠢ ᠶᠢ ᠳᠡᠪᠢᠰᠴᠦ᠂ ᠨᠢᠭᠡ ᠨᠢ ᠭᠠᠵᠠᠷ ᠤᠨ ᠪᠦᠷᠬᠦᠪᠴᠢ ᠶᠢ ᠲᠡᠭᠰᠢᠬᠡᠨ ᠲᠠᠲᠠᠵᠤ᠂ ᠨᠥᠭᠦᠭᠡ ᠬᠤᠶᠠᠷ ᠨᠢ ᠰᠢᠷᠣᠢ ᠪᠠᠷ ᠭᠠᠵᠠᠷ ᠤᠨ ᠪᠦᠷᠬᠦᠪᠴᠢ ᠶᠢ ᠳᠠᠷᠤᠳᠠᠭ᠃ ᠭᠠᠵᠠᠷ ᠤᠨ ᠪᠦᠷᠬᠦᠪᠴᠢ ᠶᠢᠨ ᠬᠤᠶᠠᠷ ᠲᠠᠯ᠎ᠠ ᠶᠢ ᠴᠢᠩᠭ᠎ᠠ ᠳᠠᠷᠤᠬᠤ ᠶᠢ ᠠᠩᠬᠠᠷᠴᠤ᠂ ᠭᠤᠤ ᠶᠢᠨ ᠳᠡᠭᠡᠷᠡᠬᠢ ᠭᠠᠵᠠᠷ ᠤᠨ ᠪᠦᠷᠬᠦᠪᠴᠢ ᠶᠢ ᠰᠢᠷᠣᠢ ᠪᠤᠶᠤ ᠰᠢᠷᠣᠢ ᠶᠢᠨ ᠬᠡᠰᠡᠭ ᠢᠶᠠᠷ ᠳᠠᠷᠤᠭᠰᠠᠨ ᠤ ᠰᠡᠭᠦᠯᠡᠷ᠂ ᠰᠠᠯᠬᠢ ᠣᠨᠴᠠᠭᠠᠶ ᠶᠡᠭᠡ ᠭᠠᠵᠠᠷ ᠲᠤ ᠪᠠᠰᠠ ᠳᠠᠯᠠᠩ ᠤᠨ ᠳᠡᠭᠡᠷ᠎ᠡ 2-3 ᠮᠧᠳ᠋ᠷ ᠠᠯᠤᠰᠯᠠᠬᠤ ᠪᠦᠷᠢ ᠨᠢᠭᠡ ᠵᠤᠷᠪᠤᠰ ᠰᠢᠷᠣᠢ ᠶᠢᠨ ᠪᠦᠰᠡ ᠶᠢ ᠳᠠᠷᠤᠨ᠎ᠠ᠃ ᠭᠠᠵᠠᠷ ᠤᠨ ᠪᠠᠶᠢᠴᠠ ᠶᠢᠨ ᠬᠠᠨᠳᠤᠰᠢ ᠶᠢ ᠦᠨᠳᠦᠰᠦᠯᠡᠵᠦ᠂ ᠨᠢᠭᠡ ᠵᠤᠷᠪᠤᠰ W ᠬᠡᠯᠪᠡᠷᠢ ᠶᠢᠨ ᠳᠠᠯᠠᠩ ᠤᠨ ᠭᠤᠤ ᠶᠢ ᠤᠰᠤ ᠬᠠᠳᠠᠭᠠᠯᠠᠬᠤ ᠰᠤᠪᠠᠭ ᠪᠠ ᠬᠠᠭᠤᠷᠠᠢ ᠬᠤᠳᠳᠤᠭ ᠲᠠᠢ ᠡᠭᠴᠡ ᠬᠤᠯᠪᠣᠨ᠎ᠠ᠃ ᠰᠤᠪᠠᠭ ᠬᠤᠳᠳᠤᠭ ᠢ ᠬᠤᠯᠪᠣᠭᠰᠠᠨ ᠭᠠᠵᠠᠷ ᠲᠤ ᠡᠯᠡᠰᠦ ᠲᠤᠩᠬᠤ ᠲᠠᠲᠠᠭᠠᠯ ᠵᠠᠰᠠᠪᠠᠯ ᠵᠣᠬᠢᠨ᠎ᠠ᠃ ᠵᠠᠷᠢᠮ ᠲᠠᠷᠢᠮᠠᠯ ᠤᠨ ᠨᠢᠭᠲᠠᠴᠠ ᠪᠠᠷ ᠨᠡᠯᠢᠶᠡᠳ ᠪᠠᠭ᠎ᠠ ᠲᠠᠷᠢᠮᠠᠯ᠂ ᠵᠢᠱᠢᠶᠡᠯᠡᠪᠡᠯ ᠤᠮᠠᠷᠠᠲᠤ ᠶᠢᠨ ᠬᠡᠮᠬᠡ᠂ ᠲᠠᠷᠪᠤᠰ ᠲᠤ V ᠬᠡᠯᠪᠡᠷᠢ ᠶᠢᠨ ᠪᠦᠷᠬᠦᠯᠲᠡ ᠶᠢ ᠰᠣᠩᠭᠤᠵᠤ ᠪᠣᠯᠣᠨ᠎ᠠ᠃ V ᠬᠡᠯᠪᠡᠷᠢ ᠶᠢᠨ ᠪᠦᠷᠬᠦᠯᠲᠡ ᠶᠢᠨ ᠠᠷᠭ᠎ᠠ ᠨᠢ W ᠬᠡᠯᠪᠡᠷᠢ ᠶᠢᠨ ᠪᠦᠷᠬᠦᠯᠲᠡ ᠲᠠᠢ ᠠᠳᠠᠯᠢ᠂ ᠵᠥᠪᠬᠡᠨ W ᠬᠡᠯᠪᠡᠷᠢ ᠶᠢᠨ ᠨᠠᠷᠬ᠎ᠠ ᠪᠠᠷ ᠰᠡᠯᠢᠭᠰᠡᠨ ᠤ ᠳᠠᠷᠠᠭ᠎ᠠ᠂ ᠳᠠᠬᠢᠨ ᠠᠷᠴᠢᠵᠤ V ᠬᠡᠯᠪᠡᠷᠢ ᠶᠢᠨ ᠪᠦᠷᠬᠦᠯᠲᠡ ᠶᠢ ᠬᠡᠷᠡᠭᠯᠡᠨ᠎ᠡ᠃            ᠭᠤᠷᠪᠠᠳᠤᠭᠠᠷ ᠠᠯᠬᠤᠮ᠄ ᠬᠡᠪ ᠵᠠᠭᠪᠤᠷ ᠢᠶᠠᠷ ᠲᠠᠷᠢᠵᠦ ᠪᠣᠶᠢᠵᠢᠭᠤᠯᠬᠤ᠃ W ᠪᠦᠷᠬᠦᠪᠴᠢ ᠶᠢᠨ ᠬᠡᠯᠪᠡᠷᠢ ᠪᠠᠷ ᠲᠠᠷᠢᠬᠤ ᠳᠤ ᠨᠢᠭᠡ ᠨᠦᠬᠡᠯᠡᠬᠦ ᠮᠠᠰᠢᠨ ᠬᠢᠬᠦ ᠴᠢᠬᠤᠯᠠᠲᠠᠢ᠃ ᠲᠠᠷᠢᠮᠠᠯ ᠳᠠᠷᠢᠬᠤ ᠳᠤ ᠨᠦᠬᠡᠯᠡᠵᠦ ᠰᠢᠭᠤᠳ ᠨᠡᠪᠲᠡᠷᠡᠭᠦᠯᠬᠦ ᠪᠠ ᠴᠢᠬᠢ ᠰᠢᠯᠵᠢᠭᠦᠯᠦᠨ ᠳᠠᠷᠢᠬᠤ ᠬᠤᠶᠠᠷ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠎ᠡ᠃ ᠰᠢᠭᠤᠳ ᠳᠠᠷᠢᠭᠰᠠᠨ ᠤ ᠳᠠᠷᠠᠭ᠎ᠠ ᠰᠢᠷᠣᠢ ᠳᠠᠷᠤᠬᠤ ᠳᠤ ᠲᠣᠬᠢᠷᠠᠮᠵᠢᠲᠠᠢ ᠪᠠᠶᠢᠬᠤ ᠬᠡᠷᠡᠭᠲᠡᠢ᠂ ᠴᠢᠬᠢᠯᠡᠬᠦ ᠳᠤ ᠬᠦᠴᠢᠷᠳᠡᠬᠦ ᠠᠴᠠ ᠰᠡᠷᠭᠡᠶᠢᠯᠡᠬᠦ ᠬᠡᠷᠡᠭᠲᠡᠢ᠃ ᠬᠠᠮᠤᠭ ᠰᠠᠶᠢᠨ ᠨᠢ ᠣᠷᠭᠠᠨᠢᠭ ᠪᠣᠷᠳᠣᠭᠤᠷ ᠪᠠ ᠬᠥᠷᠥᠰᠥᠨ ᠤ ᠬᠤᠯᠢᠮᠠᠭ ᠪᠣᠳᠠᠰ ᠢᠶᠠᠷ ᠪᠦᠷᠬᠦᠪᠡᠯ ᠰᠠᠶᠢᠨ᠃ ᠴᠢᠬᠢ ᠰᠢᠯᠵᠢᠭᠦᠯᠦᠨ ᠲᠠᠷᠢᠬᠤ ᠠᠷᠭ᠎ᠠ ᠨᠢ ᠡᠩ ᠤᠨ ᠲᠠᠷᠢᠮᠠᠯ ᠤᠨ ᠬᠢ ᠲᠠᠢ ᠠᠳᠠᠯᠢ ᠪᠠᠶᠢᠳᠠᠭ᠃            ᠣᠳᠣᠬᠠᠨ ᠳᠤ ᠦᠷᠭᠦᠯᠵᠢ ᠬᠡᠷᠡᠭᠯᠡᠵᠦ ᠪᠠᠶᠢᠭ᠎ᠠ ᠭᠤᠷᠪᠠᠨ ᠵᠦᠢᠯ ᠤᠨ ᠵᠠᠭᠪᠤᠷ ᠭᠡᠪᠡᠯ᠄ W ᠪᠦᠷᠬᠦᠪᠴᠢ ᠳᠤ ᠪᠤᠷᠴᠠᠭ ᠳᠠᠷᠢᠬᠤ᠂ ᠲᠥᠪᠡᠳ ᠬᠠᠰᠢ ᠳᠤ ᠴᠠᠭᠠᠨ ᠨᠣᠭᠤᠭ᠎ᠠ ᠳᠠᠪᠬᠤᠷᠯᠠᠨ ᠳᠠᠷᠢᠬᠤ ᠵᠡᠷᠭᠡ ᠵᠢᠯ ᠳᠤ ᠬᠤᠶᠠᠷ ᠡᠪᠡᠰᠦ ᠳᠠᠷᠢᠬᠤ ᠵᠠᠭᠪᠤᠷ᠂ V ᠬᠡᠯᠪᠡᠷᠢ ᠳᠤ ᠲᠠᠷᠪᠤᠰ ᠲᠥᠮᠥᠰᠥ ᠶᠢ ᠠᠯᠠᠭᠯᠠᠨ ᠳᠠᠷᠢᠬᠤ᠂ V ᠬᠡᠯᠪᠡᠷᠢ ᠳᠤ ᠲᠠᠷᠪᠤᠰ ᠢ ᠠᠯᠠᠭᠯᠠᠨ ᠳᠠᠷᠢᠬᠤ᠂ W ᠪᠦᠷᠬᠦᠪᠴᠢ ᠳᠤ ᠦᠵᠦᠮ᠎ᠡ ᠪᠠ ᠲᠠᠷᠪᠤᠰ ᠢ ᠠᠯᠠᠭᠯᠠᠨ ᠳᠠᠷᠢᠬᠤ ᠵᠠᠭᠪᠤᠷ᠂ W ᠪᠦᠷᠬᠦᠪᠴᠢ ᠳᠤ ᠲᠠᠷᠪᠤᠰ ᠢ ᠠᠯᠠᠭᠯᠠᠨ ᠳᠠᠷᠢᠬᠤ ᠵᠠᠭᠪᠤᠷ᠂ W ᠪᠦᠷᠬᠦᠪᠴᠢ ᠳᠤ ᠢᠳᠡᠰᠢᠨ ᠨᠣᠭᠤᠭ᠎ᠠ᠂ ᠠᠮᠤ ᠪᠤᠳᠠᠭ᠎ᠠ᠂ ᠠᠵᠤ ᠠᠬᠤᠢ ᠶᠢᠨ ᠤᠢ ᠵᠡᠷᠭᠡ ᠶᠢ ᠲᠠᠩ ᠢᠶᠠᠷ ᠳᠠᠷᠢᠬᠤ ᠵᠠᠭᠪᠤᠷ ᠵᠡᠷᠭᠡ ᠪᠤᠢ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1