ᠡᠪᠡᠰᠦ ᠲᠠᠷᠢᠬᠤ ᠠᠷᠭ᠎ᠠ ᠮᠡᠷᠭᠡᠵᠢᠯ
ᠨᠡᠶᠢᠲᠡᠯᠡᠭᠰᠡᠨ ᠴᠠᠭ᠄
2023/9/1
     ᠵᠤᠷᠪᠤᠰᠯᠠᠨ ᠳᠠᠷᠢᠬᠤ᠄ ᠵᠣᠬᠢᠬᠤ ᠵᠠᠢ ᠠᠯᠤᠰᠯᠠᠬᠤ ᠪᠦᠷᠢ ᠦᠷ᠎ᠡ ᠪᠠᠨ ᠮᠥᠷᠯᠡᠭᠦᠯᠦᠨ ᠳᠠᠷᠢᠵᠤ᠂ ᠳᠠᠷᠢᠬᠤ ᠶᠢᠨ ᠳᠠᠭᠠᠤ ᠳᠤ ᠰᠢᠷᠣᠢ ᠬᠥᠷᠪᠡᠭᠦᠯᠬᠦ ᠠᠷᠭ᠎ᠠ ᠶᠢ ᠵᠤᠷᠪᠤᠰᠯᠠᠨ ᠳᠠᠷᠢᠬᠤ ᠭᠡᠨ᠎ᠡ᠃ ᠵᠤᠷᠪᠤᠰᠯᠠᠨ ᠲᠠᠷᠢᠬᠤ ᠦᠶ᠎ᠡ ᠶᠢᠨ ᠮᠥᠷ ᠤᠨ ᠵᠠᠢ ᠶᠢᠨ ᠶᠡᠭᠡ ᠪᠠᠭ᠎ᠠ ᠨᠢ ᠪᠡᠯᠴᠢᠭᠡᠷ ᠡᠪᠡᠰᠦᠨ ᠤ ᠲᠦᠷᠦᠯ ᠵᠦᠢᠯ ᠪᠠ ᠠᠰᠢᠭᠯᠠᠬᠤ ᠵᠣᠷᠢᠯᠭ᠎ᠠ ᠠᠴᠠ ᠪᠣᠯᠵᠤ ᠠᠳᠠᠯᠢ ᠦᠭᠡᠢ ᠪᠠᠶᠢᠳᠠᠭ᠂ ᠭᠡᠬᠦ ᠳᠤ ᠪᠠᠨ ᠥᠨᠳᠥᠷ ᠬᠤᠷᠢᠶᠠᠯᠲᠠ ᠲᠠᠢ᠂ ᠴᠢᠨᠠᠷ ᠰᠠᠶᠢᠲᠠᠢ ᠪᠡᠯᠴᠢᠭᠡᠷ ᠡᠪᠡᠰᠦ ᠪᠠ ᠬᠠᠮᠢᠶᠠᠷᠬᠤ ᠳᠤ ᠲᠦᠭᠦᠮ ᠪᠠᠶᠢᠬᠤ ᠡᠰᠡᠬᠦ ᠪᠠᠷ ᠪᠠᠷᠢᠮᠵᠢᠶ᠎ᠠ ᠪᠣᠯᠭᠠᠨ᠎ᠠ᠃ ᠡᠩ ᠤᠨ ᠪᠠᠶᠢᠳᠠᠯ ᠳᠤ ᠪᠡᠯᠴᠢᠭᠡᠷ ᠡᠪᠡᠰᠦᠨ ᠤ ᠮᠥᠷ ᠤᠨ ᠵᠠᠢ ᠨᠢ 15~30 ᠰᠠᠨᠲ᠋ᠢᠮᠧᠳ᠋ᠷ ᠪᠠᠶᠢᠳᠠᠭ᠃ ᠴᠢᠭᠢᠭᠯᠢᠭ ᠣᠷᠣᠨ ᠪᠤᠶᠤ ᠤᠰᠤᠯᠠᠯᠲᠠ ᠶᠢᠨ ᠨᠥᠬᠦᠴᠡᠯ ᠲᠠᠢ ᠭᠠᠩ ᠬᠠᠭᠤᠷᠠᠢ ᠣᠷᠣᠨ ᠤ ᠮᠥᠷ ᠤᠨ ᠵᠠᠢ ᠨᠢ 15 ᠰᠠᠨᠲ᠋ᠢᠮᠧᠳ᠋ᠷ ᠪᠠᠶᠢᠪᠠᠯ ᠵᠣᠬᠢᠨ᠎ᠠ᠃ ᠤᠰᠤᠯᠠᠯᠲᠠ ᠦᠭᠡᠢ ᠭᠠᠩ ᠬᠠᠭᠤᠷᠠᠢ ᠣᠷᠣᠨ ᠤ ᠮᠥᠷ ᠤᠨ ᠵᠠᠢ ᠨᠢ 30 ᠰᠠᠨᠲ᠋ᠢᠮᠧᠳ᠋ᠷ ᠪᠠᠶᠢᠪᠠᠯ ᠵᠣᠬᠢᠨ᠎ᠠ᠃            ᠦᠷ᠎ᠡ ᠰᠠᠭᠤᠯᠭᠠᠬᠤ ᠳᠤ ᠮᠥᠷ ᠤᠨ ᠵᠠᠢ ᠶᠢ ᠥᠷᠭᠡᠨ ᠪᠠᠶᠢᠯᠭᠠᠵᠤ᠂ 45-60~100 ᠰᠠᠨᠲ᠋ᠢᠮᠧᠳ᠋ᠷ ᠤᠨ ᠥᠷᠭᠡᠨ ᠵᠠᠢ ᠲᠠᠢ ᠵᠤᠷᠪᠤᠰᠯᠠᠨ ᠲᠠᠷᠢᠨ᠎ᠠ᠃ ᠡᠨᠡ ᠮᠡᠲᠦ ᠪᠠᠷ ᠪᠣᠳᠠᠭᠠᠯᠢ ᠪᠡᠶ᠎ᠡ ᠶᠢᠨ ᠰᠢᠮ᠎ᠡ ᠲᠡᠵᠢᠭᠡᠯ ᠤᠨ ᠲᠡᠯᠡᠪᠡᠢ ᠶᠡᠭᠡ᠂ ᠰᠠᠯᠬᠢ ᠨᠡᠪᠲᠡᠷᠡᠬᠦ ᠪᠠ ᠭᠡᠷᠡᠯ ᠲᠤᠰᠬᠤ ᠨᠥᠬᠦᠴᠡᠯ ᠰᠠᠶᠢᠨ᠂ ᠰᠠᠭᠤᠷᠢ ᠪᠡᠶ᠎ᠡ ᠶᠢᠨ ᠪᠤᠶᠢᠵᠢᠯᠲᠠ ᠰᠠᠶᠢᠨ᠂ ᠲᠣᠭᠤᠰᠣ ᠬᠦᠷᠲᠡᠬᠦ ᠨᠢ ᠭᠦᠢᠴᠡᠳ᠂ ᠦᠷ᠎ᠡ ᠶᠢᠨ ᠤᠨᠠᠯᠲᠠ ᠥᠨᠳᠥᠷ᠂ ᠶᠠᠰᠤ ᠴᠢᠨᠠᠷ ᠨᠢ ᠰᠠᠶᠢᠨ ᠪᠠᠶᠢᠳᠠᠭ᠃          ᠰᠠᠴᠤᠵᠤ ᠲᠠᠷᠢᠬᠤ᠄ ᠬᠥᠮᠥᠨ ᠤ ᠬᠦᠴᠦ ᠪᠠᠷ ᠪᠤᠶᠤ ᠮᠠᠰᠢᠨ ᠢᠶᠠᠷ ᠦᠷ᠎ᠡ ᠶᠢ ᠲᠡᠭᠰᠢᠯᠡᠭᠰᠡᠨ ᠬᠥᠷᠥᠰᠥᠨ ᠤ ᠭᠠᠳᠠᠷᠭᠤ ᠳᠤ ᠠᠯᠢ ᠴᠢᠳᠠᠬᠤ ᠪᠠᠷ ᠵᠢᠭᠳᠡ ᠰᠠᠴᠤᠵᠤ᠂ ᠬᠥᠩᠭᠡᠨ ᠨᠠᠷᠬ᠎ᠠ ᠪᠠᠷ ᠰᠢᠷᠣᠢ ᠬᠥᠷᠪᠡᠭᠦᠯᠬᠦ ᠪᠤᠶᠤ ᠰᠢᠷᠣᠢ ᠬᠥᠷᠪᠡᠭᠦᠯᠬᠦ ᠤᠶᠢᠭᠡᠢ ᠪᠠᠶᠢᠯᠭᠠᠨ᠎ᠠ᠃ ᠰᠠᠴᠤᠵᠤ ᠳᠠᠷᠢᠬᠤ ᠮᠠᠰᠢᠨ ᠨᠢ ᠭᠠᠵᠠᠷ ᠣᠷᠣᠨ ᠪᠠ ᠦᠷ᠎ᠡ ᠶᠢᠨ ᠠᠳᠠᠯᠢ ᠪᠤᠰᠤ ᠠᠴᠠ ᠪᠣᠯᠵᠤ ᠠᠳᠠᠯᠢ ᠪᠤᠰᠤ ᠪᠠᠶᠢᠵᠤ᠂ ᠭᠠᠷ ᠢᠶᠠᠷ ᠡᠷᠭᠢᠭᠦᠯᠵᠦ ᠳᠠᠷᠢᠬᠤ ᠮᠠᠰᠢᠨ ᠨᠢ ᠬᠤᠨᠢᠨ ᠲᠦᠯᠡᠭᠡ᠂ ᠴᠠᠷᠭᠠᠰᠤ᠂ ᠬᠦᠴᠢᠩᠭᠢ ᠪᠠ ᠱᠠᠳᠠᠸᠤᠨ ᠵᠡᠷᠭᠡ ᠶᠢ ᠰᠠᠴᠤᠵᠤ ᠳᠠᠷᠢᠬᠤ ᠳᠤ ᠲᠣᠬᠢᠷᠠᠮᠵᠢᠲᠠᠢ ᠪᠠᠶᠢᠳᠠᠭ᠃ ᠨᠢᠰᠬᠡᠯ ᠢᠶᠠᠷ ᠡᠪᠡᠰᠦ ᠲᠠᠷᠢᠬᠤ ᠨᠢ ᠪᠠᠰᠠ ᠨᠢᠭᠡ ᠵᠦᠢᠯ ᠤᠨ ᠰᠠᠴᠤᠵᠤ ᠲᠠᠷᠢᠬᠤ ᠶᠠᠪᠤᠳᠠᠯ ᠪᠣᠯᠣᠨ᠎ᠠ᠃ ᠠᠭᠤᠯᠠᠷᠬᠠᠭ ᠣᠷᠣᠨ᠂ ᠨᠤᠲᠤᠭ ᠪᠡᠯᠴᠢᠭᠡᠷ ᠲᠤ ᠰᠠᠴᠤᠵᠤ ᠲᠠᠷᠢᠬᠤ ᠠᠴᠠ ᠡᠮᠦᠨ᠎ᠡ ᠭᠠᠵᠠᠷ ᠤᠨ ᠭᠠᠳᠠᠷᠭᠤ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠂ ᠡᠯᠡᠰᠦᠷᠬᠡᠭ ᠭᠠᠵᠠᠷ ᠪᠤᠶᠤ ᠡᠯᠡᠰᠦ ᠮᠠᠩᠬᠠᠨ ᠳᠤ ᠨᠢᠰᠬᠡᠯ ᠢᠶᠠᠷ ᠲᠠᠷᠢᠬᠤ ᠳᠤ ᠡᠩ ᠤᠨ ᠪᠠᠶᠢᠳᠠᠯ ᠳᠤ ᠭᠠᠵᠠᠷ ᠤᠨ ᠭᠠᠳᠠᠷᠭᠤ ᠶᠢ ᠰᠢᠢᠳᠪᠦᠷᠢᠯᠡᠬᠦ ᠠᠵᠢᠯ ᠬᠢᠬᠦ ᠦᠭᠡᠢ᠃          ᠪᠣᠷᠳᠣᠭᠤᠷ ᠲᠠᠢ ᠳᠠᠷᠢᠬᠤ᠄ ᠪᠣᠷᠳᠣᠭᠤᠷ ᠲᠠᠢ ᠳᠠᠷᠢᠬᠤ ᠨᠢ ᠳᠠᠷᠤᠢ ᠳᠠᠷᠢᠬᠤ ᠦᠶ᠎ᠡ ᠳᠤ ᠪᠠᠨ ᠪᠣᠷᠳᠣᠭᠤᠷ ᠢᠶᠠᠨ ᠰᠢᠭᠤᠳ ᠦᠷ᠎ᠡ ᠶᠢᠨ ᠳᠣᠣᠷ᠎ᠠ ᠣᠷᠣᠭᠤᠯᠬᠤ ᠶᠢ ᠬᠡᠯᠡᠨ᠎ᠡ᠃ ᠪᠣᠷᠳᠣᠭᠤᠷ ᠨᠢ ᠦᠷ᠎ᠡ ᠠᠴᠠ ᠪᠠᠨ ᠭᠦᠨ ᠪᠤᠯᠠᠭᠳᠠᠳᠠᠭ ᠠᠴᠠ ᠪᠣᠯᠵᠤ᠂ ᠲᠠᠷᠢᠬᠤ ᠠᠴᠠ ᠪᠠᠨ ᠡᠮᠦᠨ᠎ᠡ ᠪᠣᠷᠳᠣᠭᠤᠷ ᠣᠷᠣᠭᠤᠯᠵᠤ ᠬᠥᠷᠥᠰᠥ ᠶᠢ ᠬᠥᠷᠪᠡᠭᠦᠯᠦᠭᠡᠳ ᠲᠠᠷᠢᠬᠤ ᠭᠦᠨ ᠳᠤ ᠬᠦᠷᠭᠡᠵᠦ᠂ ᠳᠠᠷᠠᠭ᠎ᠠ ᠳᠤ ᠨᠢ ᠦᠷ᠎ᠡ ᠰᠠᠴᠤᠵᠤ ᠲᠠᠷᠢᠳᠠᠭ᠃ ᠡᠨᠡ ᠨᠢ ᠨᠡᠯᠢᠶᠡᠳ ᠳᠠᠪᠰᠢᠩᠭᠤᠢ ᠳᠠᠷᠢᠬᠤ ᠠᠷᠭ᠎ᠠ ᠪᠠᠶᠢᠵᠤ᠂ ᠡᠪᠡᠰᠦ ᠶᠢ ᠨᠢᠯᠬ᠎ᠠ ᠴᠢᠬᠢ ᠶᠢᠨ ᠦᠶ᠎ᠡ ᠳᠤ ᠨᠢ ᠴᠠᠭ ᠲᠤᠬᠠᠢ ᠳᠤ ᠨᠢ ᠬᠠᠩᠭᠠᠮᠵᠢᠲᠠᠢ ᠰᠢᠮ᠎ᠡ ᠲᠡᠵᠢᠭᠡᠯ ᠲᠠᠢ ᠪᠣᠯᠭᠠᠳᠠᠭ᠃ ᠪᠣᠷᠳᠣᠭᠤᠷ ᠲᠠᠢ ᠲᠠᠷᠢᠬᠤ ᠳᠤ ᠭᠤᠣᠯᠳᠠᠭᠤ ᠹᠣᠰᠹᠣᠷ ᠪᠣᠷᠳᠣᠭᠤᠷ ᠣᠷᠣᠭᠤᠯᠤᠨ᠎ᠠ᠂ ᠪᠠᠰᠠ ᠠᠽᠣᠲ ᠪᠣᠷᠳᠣᠭᠤᠷ ᠪᠠ ᠺᠠᠯᠢ ᠪᠣᠷᠳᠣᠭᠤᠷ ᠵᠤᠷᠪᠤᠰᠯᠠᠨ ᠣᠷᠣᠭᠤᠯᠵᠤ ᠪᠣᠯᠣᠨ᠎ᠠ᠃ ᠪᠣᠷᠳᠣᠭᠤᠷ ᠣᠷᠣᠭᠤᠯᠬᠤ ᠭᠦᠨ ᠤ ᠬᠡᠮᠵᠢᠶ᠎ᠡ ᠨᠢ ᠶᠡᠷᠦ ᠳᠤ ᠪᠠᠨ ᠲᠠᠷᠢᠬᠤ ᠬᠡᠮᠵᠢᠶ᠎ᠡ ᠠᠴᠠ ᠳᠣᠷᠣᠭᠰᠢ 4 ~ 6 ᠰᠠᠨᠲ᠋ᠢᠮᠧᠳ᠋ᠷ ᠪᠠᠶᠢᠳᠠᠭ᠃          ᠠᠨᠵᠢᠰᠤᠨ ᠰᠤᠪᠠᠭ ᠢᠶᠠᠷ ᠳᠠᠷᠢᠬᠤ᠄ ᠭᠠᠩ ᠬᠠᠭᠤᠷᠠᠢ ᠪᠤᠶᠤ ᠬᠠᠭᠠᠰ ᠭᠠᠩ ᠬᠠᠭᠤᠷᠠᠢ ᠣᠷᠣᠨ ᠳᠤ ᠳᠠᠷᠢᠬᠤ ᠬᠤᠭᠤᠴᠠᠭᠠᠨ ᠳᠤ 5 ~ 6 ᠰᠠᠨᠲ᠋ᠢᠮᠧᠳ᠋ᠷ ᠬᠠᠭᠤᠷᠠᠢ ᠰᠢᠷᠣᠢ ᠶᠢᠨ ᠳᠠᠪᠬᠤᠷᠭ᠎ᠠ ᠲᠠᠢ᠃ ᠲᠠᠷᠢᠬᠤ ᠳᠤ ᠪᠠᠨ ᠤᠷᠢᠳ ᠢᠶᠠᠷ ᠰᠤᠪᠠᠭ ᠢ ᠨᠢ ᠭᠠᠷᠭᠠᠵᠤ ᠬᠥᠷᠥᠰᠥ ᠶᠢ ᠨᠢ ᠬᠤᠪᠢᠶᠠᠨ᠂ ᠰᠤᠪᠠᠭ ᠤᠨ ᠨᠣᠶᠢᠲᠠᠨ ᠬᠥᠷᠥᠰᠥᠨ ᠤ ᠳᠠᠪᠬᠤᠷᠭ᠎ᠠ ᠳᠡᠭᠡᠷ᠎ᠡ ᠡᠪᠡᠰᠦᠨ ᠤ ᠦᠷ᠎ᠡ ᠶᠢ ᠲᠠᠷᠢᠨ᠎ᠠ᠃ ᠲᠤᠰᠬᠠᠢ ᠬᠡᠷᠡᠭᠯᠡᠬᠦ ᠠᠨᠵᠢᠰᠤᠨ ᠰᠤᠪᠠᠭ ᠤᠨ ᠦᠷ᠎ᠡ ᠰᠠᠴᠤᠬᠤ ᠮᠠᠰᠢᠨ ᠪᠤᠶᠤ ᠬᠥᠮᠥᠨ ᠤ ᠬᠦᠴᠦ ᠪᠠᠷ᠂ ᠮᠠᠯ ᠤᠨ ᠬᠦᠴᠦ ᠪᠠᠷ ᠰᠤᠪᠠᠭ ᠭᠠᠷᠭᠠᠨ ᠦᠷ᠎ᠡ ᠰᠠᠴᠤᠳᠠᠭ᠃ ᠥᠨᠳᠥᠷ ᠬᠦᠢᠲᠡᠨ ᠣᠷᠣᠨ ᠳᠤ ᠣᠯᠠᠩᠬᠢ ᠳᠤ ᠪᠠᠨ ᠡᠨᠡ ᠠᠷᠭ᠎ᠠ ᠶᠢ ᠬᠡᠷᠡᠭᠯᠡᠵᠦ ᠲᠠᠷᠢᠳᠠᠭ᠃            ᠲᠡᠵᠢᠭᠡᠯ ᠡᠪᠡᠰᠦᠨ ᠤ ᠲᠠᠷᠢᠬᠤ ᠭᠦᠨ ᠤ ᠬᠡᠮᠵᠢᠶ᠎ᠡ᠄ ᠲᠡᠵᠢᠭᠡᠯ ᠡᠪᠡᠰᠦᠨ ᠤ ᠲᠠᠷᠢᠬᠤ ᠭᠦᠨ ᠤ ᠬᠡᠮᠵᠢᠶ᠎ᠡ ᠨᠢ ᠭᠤᠣᠯᠳᠠᠭᠤ ᠦᠷ᠎ᠡ ᠶᠢᠨ ᠶᠡᠭᠡ ᠪᠠᠭ᠎ᠠ᠂ ᠬᠥᠷᠥᠰᠥᠨ ᠤ ᠤᠰᠤᠨ ᠤ ᠠᠭᠤᠯᠤᠭᠳᠠᠴᠠ ᠪᠠ ᠬᠥᠷᠥᠰᠥᠨ ᠤ ᠴᠢᠨᠠᠷ ᠢᠶᠠᠷ ᠲᠣᠭᠲᠠᠭᠠᠭᠳᠠᠨ᠎ᠠ᠃ ᠡᠩ ᠤᠨ ᠪᠠᠶᠢᠳᠠᠯ ᠳᠤ ᠠᠪᠴᠤ ᠬᠡᠯᠡᠪᠡᠯ᠂ ᠡᠪᠡᠰᠦ ᠪᠣᠷᠳᠤᠭ᠎ᠠ ᠶᠢ ᠭᠦᠢᠬᠡᠨ ᠢᠶᠠᠷ ᠲᠠᠷᠢᠪᠠᠯ ᠲᠣᠬᠢᠷᠠᠮᠵᠢᠲᠠᠢ᠂ ᠬᠠᠷᠢᠨ ᠪᠤᠷᠴᠠᠭ ᠤᠨ ᠢᠵᠠᠭᠤᠷ ᠤᠨ ᠡᠪᠡᠰᠦ ᠪᠣᠷᠳᠤᠭ᠎ᠠ ᠶᠢ ᠦᠶᠡᠲᠦ ᠤᠷᠭᠤᠮᠠᠯ ᠤᠨ ᠢᠵᠠᠭᠤᠷ ᠤᠨ ᠡᠪᠡᠰᠦ ᠠᠴᠠ ᠨᠡᠩ ᠭᠦᠢᠬᠡᠨ ᠢᠶᠠᠷ ᠲᠠᠷᠢᠪᠠᠯ ᠵᠣᠬᠢᠨ᠎ᠠ᠃ ᠣᠨᠴᠠᠭᠠᠶᠢᠯᠠᠨ ᠦᠷ᠎ᠡ ᠶᠢᠨ ᠨᠠᠪᠴᠢ ᠠᠴᠠ ᠣᠯᠳᠠᠭᠰᠠᠨ ᠡᠪᠡᠰᠦ ᠡᠪᠡᠰᠦ᠂ ᠵᠢᠱᠢᠶᠡᠯᠡᠪᠡᠯ ᠬᠦᠷᠡᠩ ᠴᠠᠷᠭᠠᠰᠤ᠂ ᠤᠯᠠᠭᠠᠨ ᠪᠤᠷᠴᠠᠭ ᠤᠨ ᠡᠪᠡᠰᠦ ᠶᠢ ᠬᠡᠳᠦ ᠭᠦᠨ ᠲᠠᠷᠢᠪᠠᠯ ᠦᠷ᠎ᠡ ᠶᠢᠨ ᠨᠠᠪᠴᠢ ᠠᠴᠠ ᠣᠯᠳᠠᠵᠤ ᠪᠦᠲᠡᠵᠦ ᠦᠬᠦᠳᠡᠭ᠃ ᠡᠪᠡᠰᠦ ᠶᠢ 2 ~ 4 ᠰᠠᠨᠲ᠋ᠢᠮᠧᠳ᠋ᠷ ᠭᠦᠨ ᠳᠠᠷᠢᠪᠠᠯ ᠵᠣᠬᠢᠨ᠎ᠠ᠃ ᠰᠡᠶᠢᠷᠡᠭ ᠬᠥᠷᠥᠰᠥ ︵ᠡᠯᠡᠰᠦᠷᠬᠡᠭ ᠰᠢᠷᠣᠢ︶ ᠶᠢᠨ ᠵᠢᠵᠢᠭ ᠮᠥᠬᠦᠯᠢᠭᠲᠦ ᠦᠷ᠎ᠡ ᠶᠢ 2 ᠰᠠᠨᠲ᠋ᠢᠮᠧᠳ᠋ᠷ᠂ ᠲᠣᠮᠣ ᠮᠥᠬᠦᠯᠢᠭᠲᠦ ᠦᠷ᠎ᠡ ᠶᠢ 3~4 ᠰᠠᠨᠲ᠋ᠢᠮᠧᠳ᠋ᠷ ᠢᠶᠠᠷ ᠲᠠᠷᠢᠵᠦ ᠣᠷᠣᠭᠤᠯᠤᠨ᠎ᠠ︔ ᠨᠢᠭᠲᠠ ᠬᠥᠷᠥᠰᠥᠨ ᠳᠤ 1.5 ~ 2 ᠰᠠᠨᠲ᠋ᠢᠮᠧᠳ᠋ᠷ ᠭᠦᠨ ᠳᠠᠷᠢᠨ᠎ᠠ᠃      ᠲᠠᠷᠢᠬᠤ ᠶᠢᠨ ᠪᠤᠰᠤᠳ ᠱᠠᠭᠠᠷᠳᠠᠯᠭ᠎ᠠ᠄ ᠰᠠᠶᠢᠲᠤᠷ ᠰᠢᠢᠳᠪᠦᠷᠢᠯᠡᠭᠰᠡᠨ ᠦᠷ᠎ᠡ ᠶᠢ ᠲᠠᠷᠢᠬᠤ ᠳᠤ ᠪᠠᠨ ᠮᠠᠰᠢᠨ ᠢᠶᠠᠷ ᠳᠠᠷᠢᠭᠰᠠᠨ ᠴᠤ ᠲᠡᠷᠡ᠂ ᠬᠥᠮᠥᠨ ᠤ ᠬᠦᠴᠦ ᠪᠠᠷ ᠳᠠᠷᠢᠭᠰᠠᠨ ᠴᠤ ᠲᠡᠷᠡ ᠴᠥᠮ ᠵᠢᠭᠳᠡ ᠲᠠᠷᠢᠬᠤ ᠬᠡᠷᠡᠭᠲᠡᠢ᠂ ᠳᠠᠷᠢᠭᠰᠠᠨ ᠤ ᠲᠠᠷᠠᠭ᠎ᠠ ᠬᠥᠩᠭᠡᠨ ᠨᠠᠷᠬᠠᠳᠠᠬᠤ᠂ ᠳᠠᠪᠰᠢᠵᠤ ᠲᠡᠭᠰᠢᠯᠡᠬᠦ ᠨᠢ ᠰᠢᠷᠣᠢ ᠬᠤᠴᠢᠬᠤ ᠪᠠ ᠵᠢᠭᠳᠡ ᠳᠠᠷᠤᠰᠢᠭᠤᠯᠬᠤ ᠦᠢᠯᠡᠳᠦᠯ ᠲᠠᠢ᠃ ᠵᠤᠷᠪᠤᠰᠯᠠᠨ ᠳᠠᠷᠢᠬᠤ ᠳᠤ ᠰᠢᠷᠣᠢ ᠬᠤᠴᠢᠵᠤ ᠳᠠᠷᠤᠬᠤ ᠬᠡᠷᠡᠭᠲᠡᠢ᠃ ᠰᠠᠴᠤᠵᠤ ᠲᠠᠷᠢᠬᠤ ᠳᠤ᠂ ᠵᠢᠱᠢᠶᠡᠯᠡᠪᠡᠯ ᠨᠠᠮᠤᠷ ᠤᠨ ᠲᠠᠷᠢᠶᠠᠯᠠᠭ᠎ᠠ ᠶᠢᠨ ᠭᠠᠵᠠᠷ ᠳᠠᠷᠢᠬᠤ ᠳᠤ᠂ ᠭᠠᠵᠠᠷ ᠰᠢᠷᠣᠢ ᠴᠡᠪᠡᠷ ᠪᠥᠭᠡᠳ ᠬᠤᠭ ᠡᠪᠡᠰᠦ ᠦᠭᠡᠢ ᠪᠣᠯ ᠵᠢᠵᠢᠭ ᠮᠥᠬᠦᠯᠢᠭ ᠪᠤᠷᠴᠠᠭ ᠤᠨ ᠢᠵᠠᠭᠤᠷ ᠤᠨ ᠡᠪᠡᠰᠦ ᠳᠠᠷᠢᠬᠤ ᠳᠤ ᠰᠢᠷᠣᠢ ᠳᠠᠷᠤᠬᠤ ᠴᠢᠬᠤᠯᠠ ᠦᠭᠡᠢ᠂ ᠶᠡᠭᠡ ᠬᠡᠪᠴᠢᠶᠡᠨ ᠤ ᠨᠢᠰᠬᠡᠯ ᠢᠶᠠᠷ ᠳᠠᠷᠢᠬᠤ ᠣᠷᠣᠨ ᠳᠤ ᠬᠤᠨᠢᠨ ᠰᠦᠷᠦᠭ ᠢᠶᠠᠷ ᠭᠢᠰᠬᠢᠭᠦᠯᠵᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1