ᠦᠬᠡᠷ ᠤᠨ ᠬᠢᠮᠤᠷᠠᠭ᠎ᠠ ᠶᠢᠨ ᠬᠡᠳᠦᠨ ᠰᠢᠯᠲᠠᠭᠠᠨ
ᠨᠡᠶᠢᠲᠡᠯᠡᠭᠰᠡᠨ ᠴᠠᠭ᠄
2023/9/1
     ᠦᠬᠡᠷ ᠤᠨ ᠬᠢᠮᠤᠷᠠᠭ᠎ᠠ ᠶᠢᠨ ᠰᠢᠯᠲᠠᠭᠠᠨ ᠮᠠᠰᠢ ᠣᠯᠠᠨ ᠪᠠᠶᠢᠳᠠᠭ᠃ ᠵᠢᠱᠢᠶᠡᠯᠡᠪᠡᠯ᠂ ᠴᠠᠭ ᠠᠭᠤᠷ ᠤᠨ ᠭᠡᠨᠡᠳᠲᠡ ᠶᠢᠨ ᠬᠤᠪᠢᠷᠠᠯᠲᠠ ᠠᠴᠠ ᠪᠣᠯᠵᠤ ᠦᠬᠡᠷ ᠲᠠᠭᠰᠢᠭᠤᠷ ᠲᠤ ᠨᠡᠷᠪᠡᠭᠳᠡᠵᠦ᠂ ᠢᠳᠡᠭᠡᠨ ᠤᠮᠳᠠᠭᠠᠨ ᠵᠣᠬᠢᠰ ᠦᠭᠡᠢ ᠠᠴᠠ ᠪᠣᠯᠤᠭᠰᠠᠨ ᠬᠢᠮᠤᠷᠠᠭ᠎ᠠ᠂ ᠤᠷᠲᠤ ᠬᠤᠭᠤᠴᠠᠭ᠎ᠠ ᠪᠠᠷ ᠵᠥᠭᠡᠭᠡᠪᠦᠷᠢᠯᠡᠬᠦ ᠪᠠᠷ ᠳᠠᠮᠵᠢᠨ ᠪᠡᠶ᠎ᠡ ᠶᠢᠨ ᠠᠵᠢᠯᠯᠠᠭ᠎ᠠ ᠶᠢ ᠮᠠᠭᠤᠳᠠᠭᠤᠯᠤᠭᠰᠠᠨ ᠠᠴᠠ ᠪᠣᠯᠤᠭᠰᠠᠨ ᠬᠢᠮᠤᠷᠠᠭ᠎ᠠ᠂ ᠲᠡᠵᠢᠭᠡᠨ ᠦᠷᠡᠵᠢᠭᠦᠯᠬᠦ ᠲᠠᠯᠠᠪᠤᠷ ᠤᠨ ᠤᠷᠲᠤ ᠬᠤᠭᠤᠴᠠᠭᠠᠨ ᠤ ᠴᠢᠭᠢᠭᠲᠦᠯ ᠠᠴᠠ ᠪᠣᠯᠤᠭᠰᠠᠨ ᠬᠢᠮᠤᠷᠠᠭ᠎ᠠ᠂ ᠬᠥᠳᠡᠯᠭᠡᠭᠡᠨ ᠬᠡᠲᠦᠷᠡᠵᠦ ᠬᠥᠯᠥᠰᠦ ᠭᠠᠷᠤᠭᠰᠠᠨ ᠠᠴᠠ ᠪᠣᠯᠤᠭᠰᠠᠨ ᠬᠢᠮᠤᠷᠠᠭ᠎ᠠ᠂ ᠤᠷᠲᠤ ᠬᠤᠭᠤᠴᠠᠭ᠎ᠠ ᠪᠠᠷ ᠬᠥᠳᠡᠯᠭᠡᠭᠡᠨ ᠬᠢᠭᠰᠡᠨ ᠦᠭᠡᠢ ᠠᠴᠠ ᠪᠣᠯᠵᠤ ᠪᠡᠶ᠎ᠡ ᠮᠠᠬᠠᠪᠤᠳ ᠮᠠᠭᠤᠳᠠᠭᠰᠠᠨ ᠠᠴᠠ ᠪᠣᠯᠤᠭᠰᠠᠨ ᠬᠢᠮᠤᠷᠠᠭ᠎ᠠ ᠵᠢᠴᠢ ᠪᠣᠷᠣᠭᠠᠨ ᠳᠤ ᠨᠣᠷᠣᠭᠳᠠᠭᠰᠠᠨ ᠤ ᠳᠠᠷᠠᠭ᠎ᠠ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠣᠯᠤᠭᠰᠠᠨ ᠬᠢᠮᠤᠷᠠᠭ᠎ᠠ ᠵᠡᠷᠭᠡ᠃ ᠡᠳᠡᠭᠡᠷ ᠨᠢ ᠴᠥᠮ ᠦᠬᠡᠷ ᠤᠨ ᠬᠢᠮᠤᠷᠠᠭ᠎ᠠ ᠶᠢ ᠡᠭᠦᠰᠬᠡᠭᠰᠡᠨ ᠰᠢᠯᠲᠠᠭᠠᠨ ᠪᠣᠯᠣᠨ᠎ᠠ᠃            ᠬᠢᠮᠤᠷᠠᠭ᠎ᠠ ᠡᠪᠡᠳᠴᠢᠨ ᠤ ᠰᠢᠨᠵᠢ᠄        ᠦᠬᠡᠷ ᠤᠨ ᠬᠢᠮᠤᠷᠠᠭ᠎ᠠ ᠨᠢ ᠠᠮᠢᠰᠬᠤᠯ ᠳᠠᠪᠬᠤᠴᠠᠬᠤ᠂ ᠪᠡᠶ᠎ᠡ ᠶᠢᠨ ᠳᠤᠯᠠᠭᠠᠨ ᠳᠡᠭᠡᠭᠰᠢᠯᠡᠬᠦ᠂ ᠨᠢᠳᠦ ᠨᠢ ᠪᠥᠷᠲᠥᠯᠵᠡᠵᠦ ᠨᠢᠯᠪᠤᠰᠤ ᠭᠤᠭᠤᠵᠢᠬᠤ᠂ ᠵᠠᠷᠢᠮ ᠳᠠᠭᠠᠨ ᠬᠠᠨᠢᠶᠠᠬᠤ ᠲᠠᠢ ᠠᠳᠠᠯᠢᠪᠲᠤᠷ ᠳᠠᠭᠤᠨ ᠭᠠᠷᠴᠤ ᠡᠭᠦᠨ ᠤ ᠬᠠᠮᠲᠤ ᠲᠤᠶᠢᠯ ᠢᠶᠠᠷ ᠪᠠᠴᠢᠮᠳᠠᠬᠤ᠂ ᠵᠠᠷᠢᠮ ᠳᠠᠭᠠᠨ ᠪᠠᠰᠠ ᠨᠢᠰᠤ ᠭᠤᠭᠤᠵᠢᠬᠤ ᠪᠠᠶᠢᠳᠠᠯ ᠭᠠᠷᠳᠠᠭ᠂ ᠵᠠᠷᠢᠮ ᠨᠢ ᠪᠠᠭᠠᠰᠤ ᠠᠯᠳᠠᠬᠤ᠂ ᠲᠠᠭᠤ ᠨᠢ ᠰᠥᠭᠡᠩᠭᠢᠲᠦᠬᠦ᠂ ᠢᠳᠡᠭᠡᠨ ᠤ ᠳᠤᠷᠠᠰᠢᠯ ᠮᠠᠭᠤᠳᠠᠬᠤ ᠵᠡᠷᠭᠡ ᠪᠠᠷ ᠢᠯᠡᠷᠡᠨ᠎ᠡ᠂ ᠪᠠᠰᠠ ᠵᠠᠷᠢᠮ ᠨᠢ ᠤᠷᠤᠭᠤᠯ ᠬᠡᠯᠡ ᠨᠢ ᠴᠠᠶᠢᠷᠠᠬᠤ᠂ ᠲᠠᠮᠢᠷ ᠲᠡᠩᠬᠡᠭᠡ ᠦᠭᠡᠢ ᠪᠣᠯᠬᠤ ᠵᠢᠴᠢ ᠳᠠᠭᠵᠢᠨ ᠴᠡᠴᠡᠷᠡᠬᠦ ᠪᠠᠶᠢᠳᠠᠯ ᠭᠠᠷᠤᠨ᠎ᠠ᠂ ᠪᠢᠳᠡ ᠴᠠᠭ ᠲᠤᠬᠠᠢ ᠳᠤ ᠨᠢ ᠡᠮᠨᠡᠨ ᠵᠠᠰᠠᠬᠤ ᠬᠡᠷᠡᠭᠲᠡᠢ᠂ ᠡᠰᠡ ᠲᠡᠭᠡᠪᠡᠯ ᠦᠬᠡᠷ ᠰᠦᠷᠡᠬᠡᠢ ᠡᠴᠡᠵᠦ ᠲᠤᠷᠠᠬᠤ ᠪᠤᠶᠤ ᠴᠢᠨᠠᠭᠰᠢᠯᠠᠪᠠᠯ ᠦᠬᠦᠵᠦ ᠮᠡᠳᠡᠨ᠎ᠡ᠂ ᠬᠡᠯᠡᠯᠭᠡᠨ ᠦᠭᠡᠢ ᠲᠡᠭᠦᠨ ᠤ ᠡᠮ ᠤᠤᠭᠤᠬᠤ ᠦᠭᠡᠢ ᠪᠠᠷ ᠡᠳᠡᠭᠡᠷᠡᠬᠦ ᠶᠢ ᠦᠭᠡᠶᠢᠰᠬᠡᠵᠦ ᠪᠣᠯᠬᠤ ᠦᠭᠡᠢ᠂ ᠭᠡᠪᠡᠴᠦ ᠪᠣᠯᠣᠯᠴᠠᠭᠠᠲᠤ ᠴᠢᠨᠠᠷ ᠲᠡᠶᠢᠮᠦ ᠥᠨᠳᠥᠷ ᠪᠢᠰᠢ ᠶᠤᠮ᠃            ᠬᠠᠯᠠᠭᠤᠨ ᠬᠢᠮᠤᠷᠠᠭ᠎ᠠ ︵ᠭᠠᠳᠠᠷ ᠬᠠᠯᠠᠭᠤᠨ ᠤ ᠬᠡᠯᠪᠡᠷᠢ︶᠃ ᠭᠤᠣᠯᠳᠠᠭᠤ ᠭᠠᠳᠠᠨ᠎ᠠ ᠠᠴᠠ ᠰᠠᠯᠬᠢᠨ ᠤ ᠭᠡᠮ᠂ ᠬᠠᠯᠠᠭᠤᠨ ᠤ ᠰᠢᠨᠵᠢ ᠠᠴᠠ ᠡᠭᠦᠰᠴᠦ᠂ ᠵᠢᠯ ᠤᠨ ᠳᠥᠷᠪᠡᠨ ᠤᠯᠠᠷᠢᠯ ᠳᠤ ᠪᠦᠷ ᠡᠭᠦᠰᠳᠡᠭ᠂ ᠲᠡᠭᠦᠨ ᠤ ᠭᠤᠣᠯ ᠢᠯᠡᠷᠡᠯ  ᠨᠢ᠄ ᠪᠡᠶ᠎ᠡ ᠶᠢᠨ ᠬᠠᠯᠠᠭᠤᠨ ᠳᠡᠭᠡᠭᠰᠢᠯᠡᠨ 39 - 40 ᠳᠤ ᠬᠦᠷᠴᠦ᠂ ᠠᠮᠢᠰᠬᠤᠯ ᠲᠦᠷᠭᠡᠰᠴᠦ᠂ ᠠᠮᠢᠰᠬᠤᠭ᠎ᠠ ᠭᠠᠷᠭᠠᠬᠤ  ᠨᠢ ᠤᠷᠲᠤ᠂ ᠬᠠᠯᠠᠭᠤᠨ ᠲᠠᠢ ᠰᠠᠨᠠᠭᠳᠠᠬᠤ᠂ ᠠᠭᠤᠰᠬᠢᠨ ᠴᠥᠪᠥᠷᠢᠭᠦᠦ ᠶᠢᠨ ᠠᠮᠢᠰᠬᠤᠯ ᠤᠨ ᠳᠠᠭᠤᠨ ᠪᠦᠳᠦᠭᠦᠷᠡᠬᠦ᠂ ᠰᠤᠳᠠᠯ ᠤᠨ ᠯᠤᠭᠰᠢᠯᠲᠠ ᠲᠦᠷᠭᠡᠰᠬᠦ᠂ ᠬᠤᠭᠤᠯᠠᠢ ᠬᠠᠪᠤᠳᠬᠤ᠂ ᠬᠡᠯᠡ ᠠᠮᠠ ᠨᠢ ᠤᠯᠠᠶᠢᠬᠤ᠂ ᠬᠠᠨᠢᠶᠠᠬᠤ ᠨᠢ ᠰᠢᠯᠤᠭᠤᠨ ᠪᠤᠰᠤ᠂ ᠲᠥᠪᠥᠩᠬᠡᠢ ᠨᠢ ᠬᠦᠨᠳᠦᠭᠦᠷᠢ ᠪᠠᠶᠢᠳᠠᠭ᠃ ᠴᠢᠬᠢ᠂ ᠬᠠᠮᠠᠷ᠂ ᠳᠥᠷᠪᠡᠨ ᠮᠥᠴᠢ ᠨᠢ ᠪᠦᠷ ᠪᠦᠯᠢᠶᠡᠨ ᠬᠠᠯᠠᠭᠤᠨ᠂ ᠪᠠᠭᠠᠰᠤ ᠨᠢ ᠬᠠᠭᠤᠷᠠᠶᠢᠰᠢᠵᠤ᠂ ᠰᠢᠭᠡᠰᠦ ᠨᠢ ᠪᠠᠭ᠎ᠠ ᠮᠥᠷᠲᠡᠭᠡᠨ ᠰᠢᠷ᠎ᠠ ᠪᠠᠶᠢᠳᠠᠭ᠃            ᠬᠦᠢᠲᠡᠨ ᠬᠢᠮᠤᠷᠠᠭ᠎ᠠ ︵ᠭᠠᠳᠠᠷ ᠬᠦᠢᠲᠡᠨ ᠤ ᠬᠡᠯᠪᠡᠷᠢ︶᠃ ᠭᠤᠣᠯᠳᠠᠭᠤ ᠭᠠᠳᠠᠨ᠎ᠠ ᠠᠴᠠ ᠰᠠᠯᠬᠢᠨ ᠤ ᠭᠡᠮ᠂ ᠬᠦᠢᠲᠡᠨ ᠤ ᠭᠡᠮ ᠠᠴᠠ ᠡᠭᠦᠰᠳᠡᠭ᠂ ᠡᠪᠦᠯ᠂ ᠬᠠᠪᠤᠷ ᠤᠨ ᠤᠯᠠᠷᠢᠯ ᠳᠤ ᠣᠯᠠᠨ ᠲᠣᠬᠢᠶᠠᠯᠳᠤᠳᠠᠭ᠂ ᠪᠤᠰᠤᠳ ᠤᠯᠠᠷᠢᠯ ᠳᠤ ᠪᠠᠰᠠ ᠡᠭᠦᠰᠳᠡᠭ᠃ ᠲᠡᠭᠦᠨ ᠤ ᠭᠤᠣᠯ ᠢᠯᠡᠷᠡᠯ ᠨᠢ᠄ ᠪᠡᠶ᠎ᠡ ᠶᠢᠨ ᠬᠠᠯᠠᠭᠤᠨ ᠡᠷᠡᠭᠦᠯ ᠪᠤᠶᠤ ᠵᠢᠭᠠᠬᠠᠨ ᠳᠡᠭᠡᠭᠰᠢᠯᠡᠬᠦ᠂ ᠴᠤᠭ ᠰᠦᠯᠳᠡ ᠮᠠᠭᠤᠳᠠᠬᠤ᠂ ᠨᠢᠰᠤ ᠭᠤᠭᠤᠵᠢᠬᠤ᠂ ᠠᠮᠠᠨ ᠤ ᠬᠥᠨᠳᠡᠢ ᠨᠢ ᠪᠦᠯᠢᠶᠡᠨ᠂ ᠦᠰᠦ ᠠᠷᠠᠰᠤ ᠢ ᠰᠢᠷᠢᠯᠳᠦᠬᠦ᠂ ᠦᠷᠭᠦᠯᠵᠢ ᠬᠠᠨᠢᠶᠠᠬᠤ᠂ ᠵᠠᠷᠢᠮ ᠲᠠᠭᠠᠨ ᠨᠢᠰᠤ ᠭᠠᠷᠴᠤ ᠵᠠᠷᠢᠮ ᠲᠠᠭᠠᠨ ᠨᠢᠰᠤ ᠦᠭᠡᠢ᠂ ᠠᠮᠠ ᠨᠢ ᠪᠤᠭᠤᠷᠤᠯ ᠴᠠᠭᠠᠨ ᠪᠣᠯᠬᠤ ᠵᠡᠷᠭᠡ᠃      ᠬᠠᠭᠠᠰ ᠭᠠᠳᠠᠷ ᠬᠠᠭᠠᠰ ᠳᠣᠲᠣᠷ ᠬᠡᠯᠪᠡᠷᠢ ᠲᠠᠢ᠃ ᠲᠡᠭᠦᠨ ᠤ ᠭᠤᠣᠯ ᠢᠯᠡᠷᠡᠯ ᠨᠢ᠄ ᠭᠠᠳᠠᠷ ᠬᠠᠯᠳᠠᠪᠤᠷᠢᠯᠠᠯ ᠤᠨ ᠡᠪᠡᠳᠴᠢᠨ ᠤ ᠶᠠᠪᠤᠴᠠ ᠤᠷᠲᠤᠳᠬᠠᠭᠳᠠᠬᠤ᠂ ᠪᠠᠭ᠎ᠠ ᠬᠠᠯᠠᠭᠤᠷᠠᠭᠠᠳ ᠪᠠᠭᠤᠷᠠᠬᠤ ᠦᠭᠡᠢ᠂ ᠴᠤᠭ ᠰᠦᠯᠳᠡ ᠮᠠᠭᠤᠳᠠᠬᠤ᠂ ᠬᠠᠯᠠᠭᠤᠨ ᠬᠦᠢᠲᠡᠨ ᠰᠣᠯᠪᠢᠴᠠᠬᠤ᠂ ᠵᠢᠬᠡᠭᠦᠴᠡᠬᠦ ᠦᠶ᠎ᠡ ᠳᠤ ᠨᠢᠷᠤᠭᠤ ᠨᠢ ᠭᠤᠯᠳᠤᠩᠨᠠᠨ ᠦᠰᠦ ᠨᠢ ᠪᠣᠰᠴᠤ᠂ ᠬᠡᠯᠡᠨ ᠤ ᠥᠩᠭᠦᠷ ᠨᠢ ᠨᠢᠮᠭᠡᠨ ᠴᠠᠭᠠᠨ ᠪᠣᠯᠬᠤ ᠵᠡᠷᠭᠡ᠃            ᠰᠡᠷᠭᠡᠶᠢᠯᠡᠨ ᠵᠠᠰᠠᠬᠤ ᠠᠷᠭ᠎ᠠ᠄        ᠬᠡᠯᠡᠯᠭᠡᠨ ᠦᠭᠡᠢ ᠦᠬᠡᠷ ᠤᠨ ᠬᠢᠮᠤᠷᠠᠭᠠᠨ ᠤ ᠠᠳᠠᠯᠢ ᠪᠤᠰᠤ ᠢᠯᠡᠷᠡᠯ ᠢ ᠦᠨᠳᠦᠰᠦᠯᠡᠨ ᠠᠳᠠᠯᠢ ᠪᠤᠰᠤ ᠶᠢᠨ ᠰᠡᠷᠭᠡᠶᠢᠯᠡᠨ ᠵᠠᠰᠠᠬᠤ ᠠᠷᠭ᠎ᠠ ᠪᠠᠶᠢᠳᠠᠭ᠂ ᠭᠡᠪᠡᠴᠦ ᠬᠠᠮᠤᠭ ᠤᠨ ᠭᠤᠣᠯ ᠨᠢ ᠬᠢᠮᠤᠷᠠᠭ᠎ᠠ ᠶᠢ ᠰᠡᠷᠭᠡᠶᠢᠯᠡᠬᠦ ᠪᠠᠷ ᠭᠤᠣᠯ ᠪᠣᠯᠭᠠᠨ᠎ᠠ᠃ ᠪᠢᠳᠡ ᠬᠢᠵᠢᠭ ᠤᠨ ᠬᠤᠨᠴᠢᠷ ᠤᠨ ᠦᠢᠯᠡᠳᠦᠯ ᠢ ᠨᠡᠮᠡᠬᠦ ᠪᠠᠷ ᠳᠠᠮᠵᠢᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ ᠪᠣᠯᠣᠨ᠎ᠠ᠂ ᠳᠠᠷᠠᠭ᠎ᠠ ᠳᠤ ᠨᠢ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤ ᠨᠢ ᠦᠬᠡᠷ ᠤᠨ ᠬᠠᠰᠢᠶ᠎ᠠ ᠶᠢ ᠴᠡᠪᠡᠷᠯᠡᠬᠦ ᠶᠢᠨ ᠬᠠᠮᠲᠤ ᠦᠬᠡᠷ ᠤᠨ ᠬᠠᠰᠢᠶ᠎ᠠ ᠶᠢᠨ ᠬᠠᠭᠤᠷᠠᠢ ᠠᠷᠢᠭᠤᠨ ᠴᠡᠪᠡᠷ ᠢ ᠪᠠᠲᠤᠯᠠᠵᠤ᠂ ᠲᠣᠭᠲᠠᠭᠰᠠᠨ ᠴᠠᠭ ᠦᠭᠡᠢ ᠪᠠᠷ ᠠᠷᠢᠭᠤᠳᠬᠠᠵᠤ ᠪᠠᠺᠲ᠋ᠧᠷᠢ ᠶᠢ ᠨᠢ ᠤᠰᠠᠳᠬᠠᠨ᠎ᠠ᠃ ᠲᠡᠵᠢᠭᠡᠯ ᠪᠣᠷᠳᠤᠭ᠎ᠠ ᠳᠤ ᠴᠢᠨᠠᠷ ᠮᠠᠭᠤᠲᠠᠢ ᠦᠢᠯᠡᠳᠬᠦᠨ ᠪᠤᠶᠤ ᠬᠤᠭᠤᠴᠠᠭ᠎ᠠ ᠨᠢ ᠥᠩᠭᠡᠷᠡᠭᠰᠡᠨ ᠦᠢᠯᠡᠳᠬᠦᠨ ᠢ ᠢᠳᠡᠭᠦᠯᠵᠦ ᠪᠣᠯᠬᠤ ᠦᠭᠡᠢ᠂ ᠤᠤᠭᠤᠬᠤ ᠤᠰᠤ ᠶᠢ ᠴᠡᠪᠡᠷ ᠪᠥᠭᠡᠳ ᠪᠣᠬᠢᠷᠳᠤᠯ ᠦᠭᠡᠢ ᠪᠠᠶᠢᠯᠭᠠᠬᠤ ᠬᠡᠷᠡᠭᠲᠡᠢ᠃ ᠬᠡᠷᠪᠡ ᠪᠣᠷᠣᠭᠠᠨ ᠳᠤ ᠨᠣᠷᠣᠭᠳᠠᠭᠰᠠᠨ ᠪᠠᠶᠢᠪᠠᠯ ᠳᠤᠯᠠᠭᠠᠯᠠᠵᠤ ᠥᠭᠪᠡᠯ ᠵᠣᠬᠢᠨ᠎ᠠ᠂ ᠡᠰᠡ ᠲᠡᠭᠡᠪᠡᠯ ᠬᠢᠮᠤᠷᠠᠭ᠎ᠠ ᠳᠤ ᠨᠡᠷᠪᠡᠭᠳᠡᠵᠦ ᠮᠡᠳᠡᠨ᠎ᠡ᠃ ᠬᠠᠮᠤᠭ ᠰᠡᠭᠦᠯ ᠳᠤ ᠨᠢ ᠬᠡᠷᠪᠡ ᠬᠢᠮᠤᠷᠠᠭᠰᠠᠨ ᠪᠠᠶᠢᠪᠠᠯ ᠳᠠᠷᠤᠶᠢᠬᠠᠨ ᠲᠤᠰᠠᠭᠠᠷᠯᠠᠨ᠎ᠠ᠂ ᠡᠰᠡ ᠲᠡᠭᠡᠪᠡᠯ ᠬᠠᠯᠳᠠᠪᠤᠷᠢᠯᠠᠵᠤ ᠮᠡᠳᠡᠨ᠎ᠡ᠂ ᠳᠠᠷᠠᠭ᠎ᠠ ᠳᠤ ᠨᠢ ᠡᠪᠡᠰᠦ ᠪᠣᠷᠳᠤᠭ᠎ᠠ ᠶᠢ ᠢᠯᠡᠭᠦᠬᠡᠨ ᠢᠳᠡᠭᠦᠯᠬᠦ ᠶᠢᠨ ᠬᠠᠮᠲᠤ ᠰᠦ᠋ ᠢ ᠳ᠋ᠠ ᠲᠠᠷᠢᠯᠭ᠎ᠠ ᠶᠢ ᠵᠡᠭᠦᠯᠡᠵᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1