ᠪᠠᠢ ᠵᠢᠢ ᠸᠧᠨ ᠲᠣᠭᠤᠷᠢᠭ ᠲᠤ ᠰᠠᠭᠤᠭ᠎ᠠ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠾᠧᠪᠧᠢ ᠶᠢᠨ ᠬᠤᠳᠠᠯᠳᠤᠭᠠᠴᠢᠳ ᠤᠨ ᠡᠪᠯᠡᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠰᠤᠷᠪᠤᠯᠵᠢᠯᠠᠬᠤ
ᠨᠡᠶᠢᠲᠡᠯᠡᠭᠰᠡᠨ ᠴᠠᠭ᠄
2023/9/11
      ᠣᠶᠢᠷ᠎ᠠ ᠳᠤ᠂ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠵᠢᠢ ᠸᠧᠨ ᠪᠦᠯᠬᠦᠮ ᠳᠠᠭᠠᠭᠤᠯᠤᠨ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ᠂ ᠪᠤᠭᠤᠲᠤ ᠬᠤᠲᠠ ᠶᠢᠨ ᠨᠠᠢᠮᠠᠳᠤᠭᠠᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠾᠧᠪᠧᠢ ᠶᠢᠨ ᠬᠤᠳᠠᠯᠳᠤᠭᠠᠴᠢᠳ ᠤᠨ ᠡᠪᠯᠡᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠣᠯᠭᠤᠭᠠᠨ ᠦᠵᠡᠪᠡ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠧᠦ ᠶᠦᠩ ᠸᠧᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠴᠧᠨ ᠸᠥ᠋ᠨ ᠯᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠯᠢ ᠬᠤᠩ᠂ ᠯᠢ ᠶᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠾᠧ ᠳ᠋ᠦᠩ ᠪᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠠᠵᠢᠯᠯᠠᠭ᠎ᠠ ᠳᠤ ᠣᠷᠣᠯᠴᠠᠪᠠ᠃      ᠪᠤᠭᠤᠲᠤ ᠬᠤᠳᠠ ᠶᠢᠨ ᠭᠤᠣᠯ ᠡᠮᠨᠡᠯᠭᠡ ᠶᠢᠨ ᠬᠤᠷᠢᠶ᠎ᠠ᠂ ᠪᠤᠭᠤᠲᠤ ᠬᠤᠳᠠ ᠶᠢᠨ ᠨᠠᠢᠮᠠᠳᠤᠭᠠᠷ ᠡᠮᠨᠡᠯᠭᠡ ᠶᠢᠨ ᠬᠤᠷᠢᠶ᠎ᠠ ᠶᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠳᠠᠭᠠᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠮᠨᠡᠯᠭᠡ ᠶᠢᠨ ᠬᠤᠷᠢᠶ᠎ᠠ ᠶᠢᠨ ᠤᠳᠤᠷᠢᠳᠤᠯᠭ᠎ᠠ ᠪᠣᠯᠣᠨ ᠭᠡᠰᠢᠭᠦᠳ ᠲᠠᠢ ᠶᠠᠷᠢᠯᠴᠠᠨ ᠰᠣᠯᠢᠯᠴᠠᠵᠤ᠂ ᠡᠯ᠎ᠡ ᠡᠮᠨᠡᠯᠭᠡ ᠶᠢᠨ ᠬᠤᠷᠢᠶ᠎ᠠ ᠶᠢᠨ ᠦᠨᠳᠦᠰᠦᠨ ᠪᠠᠶᠢᠳᠠᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠯᠲᠠ᠂ ᠬᠥᠭᠵᠢᠯᠲᠡ ᠶᠢᠨ ᠠᠵᠢᠯᠯᠠᠭᠠᠨ ᠤ ᠪᠠᠶᠢᠳᠠᠯ ᠪᠣᠯᠣᠨ ᠠᠵᠢᠯ ᠤᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ᠥᠪᠥᠷ ᠮᠣᠩᠭᠤᠯ ᠾᠧᠪᠧᠢ ᠶᠢᠨ ᠬᠤᠳᠠᠯᠳᠤᠭᠠᠴᠢᠳ ᠤᠨ ᠡᠪᠯᠡᠯ ᠢᠶᠠᠷ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠳᠠᠭᠠᠨ ᠬᠤᠳᠠᠯᠳᠤᠭᠠᠴᠢᠳ ᠤᠨ ᠡᠪᠯᠡᠯ ᠢ ᠪᠠᠶᠢᠭᠤᠯᠤᠭᠰᠠᠨ ᠪᠠᠶᠢᠳᠠᠯ᠂ ᠠᠵᠢᠯᠯᠠᠭᠠᠨ ᠤ ᠪᠠᠶᠢᠳᠠᠯ᠂ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯ ᠤᠨ ᠬᠥᠭᠵᠢᠯᠲᠡ ᠡᠵᠡᠩᠨᠡᠯᠲᠡ ᠶᠢᠨ ᠪᠠᠶᠢᠳᠠᠯ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠬᠠᠨᠳᠢᠪ ᠤᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠭᠡᠰᠢᠭᠦᠳ ᠤᠨ ᠲᠥᠯᠥᠭᠡᠯᠡᠭᠴᠢ ᠲᠣᠰ ᠲᠣᠰ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠣᠯᠣᠯᠲᠠ ᠲᠥᠷᠥᠭᠳᠡᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃      ᠪᠠᠢ ᠵᠢᠢ ᠸᠧᠨ ᠪᠤᠭᠤᠲᠤ ᠬᠤᠳᠠ ᠶᠢᠨ ᠭᠤᠣᠯ ᠡᠮᠨᠡᠯᠭᠡ ᠶᠢᠨ ᠬᠤᠷᠢᠶ᠎ᠠ ᠪᠣᠯᠣᠨ ᠪᠤᠭᠤᠲᠤ ᠬᠤᠳᠠ ᠶᠢᠨ ᠨᠠᠢᠮᠠᠳᠤᠭᠠᠷ ᠡᠮᠨᠡᠯᠭᠡ ᠶᠢᠨ ᠬᠤᠷᠢᠶ᠎ᠠ ᠶᠢᠨ ᠤᠯᠠᠨ ᠵᠢᠯ ᠤᠨ ᠲᠤᠷᠰᠢ ᠳ᠋ᠦᠩ ᠾᠧ ᠲᠣᠭᠤᠷᠢᠭ ᠴᠢᠨᠠᠭᠰᠢᠯᠠᠪᠠᠯ ᠪᠦᠬᠦ ᠬᠤᠳᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠭᠡᠰᠢᠭᠦᠳ ᠤᠨ ᠪᠠᠶᠢᠭ᠎ᠠ ᠨᠢᠭᠡᠴᠡ ᠶᠢᠨ ᠬᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠬᠠᠯᠠᠮᠵᠢᠯᠠᠨ ᠳᠡᠮᠵᠢᠬᠦ ᠪᠠᠨ ᠦᠷᠭᠦᠯᠵᠢᠯᠡᠨ ᠴᠢᠩᠭᠠᠳᠬᠠᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠯᠢᠳᠡᠭ ᠡᠮ ᠡᠮᠨᠡᠯᠭᠡ ᠶᠢᠨ ᠡᠬᠢ ᠪᠠᠶᠠᠯᠢᠭ ᠢᠶᠠᠷ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠬᠠᠮᠠᠭᠠᠯᠠᠬᠤ ᠶᠢ ᠬᠦᠰᠡᠵᠦ ᠪᠠᠶᠢᠨ᠎ᠠ᠃ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠬᠢᠨ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠢᠳᠡᠪᠬᠢᠲᠡᠢ ᠪᠠᠷ ᠬᠥᠭᠦᠷᠭᠡ ᠬᠤᠯᠪᠣᠭᠠᠰᠤ ᠪᠣᠯᠵᠤ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠭᠡᠰᠢᠭᠦᠳ ᠢᠶᠠᠷ ᠲᠤᠰᠬᠠᠢ ᠮᠡᠷᠭᠡᠵᠢᠯ ᠤᠨ ᠡᠮ ᠡᠮᠨᠡᠯᠭᠡ ᠶᠢᠨ ᠮᠡᠳᠡᠯᠭᠡ ᠪᠠᠷ ᠲᠤᠰᠬᠠᠢ ᠮᠡᠷᠭᠡᠵᠢᠯ ᠤᠨ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠪᠢᠴᠢᠭᠦᠯᠵᠦ᠂ ᠰᠠᠶᠢᠨ ᠦᠭᠡ ᠬᠡᠯᠡᠵᠦ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠳ᠋ᠦᠩ ᠾᠧ ᠶᠢᠨ ᠰᠦᠷ ᠵᠢᠪᠬᠤᠭ᠎ᠠ ᠶᠢ ᠲᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠲᠠᠬᠢᠨ ᠢᠯᠡᠷᠡᠭᠦᠯᠬᠦ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠵᠧᠦ ᠶᠦᠩ ᠸᠧᠢ ᠥᠪᠥᠷ ᠮᠣᠩᠭᠤᠯ ᠤᠨ ᠾᠧᠪᠧᠢ  ᠶᠢᠨ ᠬᠤᠳᠠᠯᠳᠤᠭᠠᠴᠢᠳ ᠤᠨ ᠡᠪᠯᠡᠯ ᠤᠨ ᠬᠥᠭᠵᠢᠨ ᠪᠤᠵᠠᠭᠠᠶᠢᠷᠠᠭᠠᠳ ᠠᠮᠵᠢᠯᠲᠠ ᠣᠯᠣᠭᠰᠠᠨ ᠪᠠ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ  ᠶᠢ ᠨᠤᠲᠠᠯᠠᠵᠤ ᠪᠠᠶᠢᠬᠤ ᠪᠠᠨ ᠢᠯᠡᠳᠬᠡᠵᠦ᠂ ᠬᠤᠳᠠᠯᠳᠤᠭᠠᠨ ᠤ ᠡᠪᠯᠡᠯ ᠵᠢᠴᠢ ᠣᠷᠣᠨ ᠳᠤ ᠬᠠᠷᠢᠶᠠᠯᠠᠭᠳᠠᠬᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳ᠋ᠦᠩ ᠾᠧ ᠲᠣᠭᠤᠷᠢᠭ ᠤᠨ ᠬᠥᠭᠵᠢᠯᠲᠡ ᠶᠢ ᠦᠷᠭᠦᠯᠵᠢᠯᠡᠨ ᠠᠩᠬᠠᠷᠤᠨ ᠳᠡᠮᠵᠢᠵᠦ᠂ ᠬᠤᠶᠠᠷ ᠢ ᠡᠯᠰᠡᠵᠦ ᠬᠤᠶᠠᠷ ᠢ ᠲᠠᠲᠠᠬᠤ᠂ ᠦᠢᠯᠡᠰ ᠪᠣᠰᠬᠠᠵᠤ ᠠᠵᠢᠯ ᠣᠯᠭᠤᠬᠤ᠂ ᠤᠬᠠᠭᠤᠯᠤᠨ ᠲᠠᠨᠢᠯᠴᠠᠭᠤᠯᠵᠤ ᠬᠠᠪᠰᠤᠷᠤᠨ ᠲᠡᠳᠬᠦᠬᠦ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠨᠡᠬᠦ ᠵᠥᠪᠯᠡᠬᠦ ᠲᠠᠪᠴᠠᠩ ᠢ ᠭᠦᠢᠴᠡᠳ ᠠᠰᠢᠭᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠳ᠋ᠦᠩ ᠾᠧ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1