︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳ᠋ᠦᠩ ᠾᠧ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︾︽ᠨᠠᠮ ᠤᠨ ᠪᠠᠶᠢᠭᠤᠯᠤᠯᠲᠠ +︾ ᠶᠢ ᠳᠤᠪᠤᠶᠢᠯᠭᠠᠵᠦ ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠰᠤᠭᠠᠢ
ᠨᠡᠶᠢᠲᠡᠯᠡᠭᠰᠡᠨ ᠴᠠᠭ᠄
2023/9/11
       ᠵᠡᠭᠡᠯᠢ ᠭᠤᠳᠤᠮᠵᠢ ᠪᠠᠷ ᠥᠩᠭᠡᠷᠡᠬᠦ ︽ᠬᠤᠪᠢᠰᠬᠠᠯ ᠤᠨ ᠬᠤᠰᠢᠭᠤᠴᠢ ᠰᠡᠳᠬᠢᠯ ᠢ ᠳᠤᠯᠠᠭᠠᠴᠠᠭᠤᠯᠬᠤ ᠪᠠᠭ᠎ᠠ ᠰᠠᠯᠪᠤᠷᠢ ᠠᠩᠭᠢ︾᠂ ᠰᠠᠭᠤᠭᠠᠯᠢ ᠲᠣᠭᠤᠷᠢᠭ ᠤᠨ ︽ᠬᠤᠪᠢᠰᠬᠠᠯ ᠤᠨ ᠬᠠᠮᠢᠶᠠᠷᠤᠭᠴᠢ︾᠂ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠬᠤ︽ᠬᠤᠪᠢᠰᠬᠠᠯ ᠤᠨ ᠤᠯᠠᠭ᠎ᠠ ᠦᠷᠳᠡᠭᠡ︾᠁ ᠳ᠋ᠦᠩ ᠾᠧ ᠲᠣᠭᠤᠷᠢᠭ ᠲᠤ᠂ ᠭᠠᠵᠠᠷ ᠪᠣᠯᠭᠠᠨ ᠳᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠡᠯᠪᠡᠭ ᠪᠠᠶᠠᠯᠢᠭ ᠦᠷ᠎ᠡ ᠪᠦᠲᠦᠭᠡᠯ ᠢ ᠣᠯᠵᠤ ᠬᠠᠷᠠᠨ᠎ᠠ᠃ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠ ᠨᠠᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠬᠥᠭᠵᠢᠯᠲᠡ ᠶᠢ ᠬᠥᠲᠥᠯᠥᠨ ᠳᠠᠭᠠᠭᠤᠯᠬᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠵᠣᠯ ᠵᠢᠷᠭᠠᠯ ᠤᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠵᠡᠢ᠃︽ᠨᠠᠮ ᠤᠨ ᠪᠠᠶᠢᠭᠤᠯᠤᠯᠲᠠ + ᠬᠥᠳᠡᠭᠡ ᠠᠵᠤ ᠠᠬᠤᠢ ᠶᠢᠨ ᠪᠠᠷᠢᠭᠠᠳᠠ︾ᠨᠠᠷᠠᠲᠤ ᠲᠡᠮᠳᠡᠭᠲᠦ ᠶᠢᠨ ᠦᠢᠯᠡᠳᠦᠯ ᠤᠨ ᠳᠡᠭᠡᠭᠰᠢᠯᠡᠯᠲᠡ ᠶᠢ ᠠᠬᠢᠭᠤᠯᠬᠤ      ︽ᠥᠨᠥᠳᠥᠷ ᠬᠡᠦᠬᠡᠳ ᠤᠨ ᠴᠢᠯᠦᠭᠡ ᠲᠠᠯᠪᠢᠭᠰᠠᠨ  ᠢ ᠳᠠᠯᠢᠮᠳᠠᠭᠤᠯᠤᠨ ᠳᠠᠭᠠᠭᠤᠯᠵᠤ ᠢᠷᠡᠭᠡᠳ ᠳᠣᠯᠣᠭᠠᠨ ᠥᠩᠭᠡᠲᠦ ᠲᠤᠲᠤᠷᠭ᠎ᠠ  ᠶᠢᠨ ᠲᠠᠷᠢᠶᠠᠨ ᠤ ᠵᠢᠷᠤᠭ  ᠢ ᠦᠵᠡᠵᠦ᠂ ᠪᠠᠶᠢᠭᠠᠯᠢ  ᠶᠢᠨ ᠥᠩᠭᠡ ᠦᠵᠡᠮᠵᠢ  ᠶᠢ ᠰᠣᠨᠢᠷᠬᠠᠨ᠂ ᠤᠯᠠᠮᠵᠢᠯᠠᠯᠲᠤ ᠲᠠᠷᠢᠶᠠᠯᠠᠩ ᠤᠨ ᠰᠣᠶᠣᠯ  ᠢ ᠣᠶᠢᠯᠠᠭᠠᠵᠤ ᠪᠠᠶᠢᠨ᠎ᠠ︾᠃ ᠱᠢ ᠳ᠋ᠡ ᠭᠦ᠋ ᠲᠣᠰᠬᠤᠨ ᠤ︽ᠲᠤᠲᠤᠷᠭ᠎ᠠ ᠶᠢᠨ ᠵᠢᠭᠠᠰᠤᠨ ᠤ ᠣᠷᠣᠨ ᠵᠠᠢ︾ ᠳᠤ ᠬᠤᠳᠠ ᠶᠢᠨ ᠠᠷᠠᠳ ᠶᠤᠸᠠᠨ ᠴᠢᠦ ᠷᠦᠩ ᠪᠠᠶᠠᠷᠲᠠᠢ ᠪᠠᠷ ᠶᠠᠷᠢᠨ᠎ᠠ᠃
     ᠬᠡᠷᠬᠢᠨ ᠣᠨᠴᠠᠯᠢᠭᠲᠤ ᠬᠥᠳᠡᠭᠡ ᠲᠣᠰᠬᠤᠨ ᠤ ᠵᠤᠭᠠᠴᠠᠯ ᠤᠨ ᠲᠦᠷᠦᠯ ᠲᠡᠮᠳᠡᠭ ᠢ ᠭᠡᠷᠡᠯᠳᠦᠬᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠢ ᠡᠭᠦᠳᠬᠦ ᠪᠤᠢ︖ᠳ᠋ᠦᠩ ᠾᠧ ᠲᠣᠭᠤᠷᠢᠭ ᠤᠨ ᠬᠢᠨ ᠠᠶᠢᠯ ᠲᠣᠰᠬᠤᠨ ᠤ ᠳᠠᠪᠠᠭᠤᠯᠢᠭ ᠢ ᠨᠡᠭᠡᠭᠡᠨ ᠬᠥᠭᠵᠢᠭᠦᠯᠬᠦ ᠪᠠᠷ ᠰᠡᠳᠦᠪ ᠢ ᠰᠢᠢᠳᠪᠦᠷᠢᠯᠡᠬᠦ ᠵᠠᠩᠭᠢᠯᠠᠭ᠎ᠠ ᠪᠣᠯᠭᠠᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠬᠠᠮᠲᠤᠪᠠᠷ ᠪᠠᠶᠢᠭᠤᠯᠵᠤ ᠬᠠᠷᠢᠯᠴᠠᠨ ᠨᠡᠪᠲᠡᠷᠡᠯᠴᠡᠬᠦ ᠪᠠᠷ ᠳᠠᠮᠵᠢᠭᠤᠯᠵᠤ᠂ ᠯᠢᠶᠠᠨ ᠬᠤᠸᠠ ᠱᠠᠨ ᠠᠭᠤᠯᠠ᠂ ᠲᠤᠲᠤᠷᠭ᠎ᠠ ᠶᠢᠨ ᠵᠢᠭᠠᠰᠤᠨ ᠤ ᠣᠷᠣᠨ ᠵᠠᠢ᠂ ᠱᠠ ᠮᠦ ᠵᠢᠶᠠ ᠤᠷᠠᠨ ᠵᠢᠷᠤᠭ ᠤᠨ ᠵᠤᠭᠠᠴᠠᠯ ᠤᠨ ᠰᠠᠭᠤᠷᠢᠨ ᠵᠡᠷᠭᠡ ᠲᠠᠷᠢᠶᠠᠯᠠᠩ ᠵᠤᠭᠠᠴᠠᠯ ᠤᠨ ᠡᠬᠢ ᠪᠠᠶᠠᠯᠢᠭ ᠢ ᠴᠡᠭ ᠢᠶᠠᠷ ᠱᠤᠭᠤᠮ ᠪᠣᠯᠭᠠᠵᠤ᠂ ᠬᠡᠯᠬᠢᠶ᠎ᠡ ᠰᠤᠪᠤᠳ ᠢᠶᠠᠷ ᠬᠡᠯᠬᠢᠶ᠎ᠡ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ᠂ ᠠᠭᠤᠯᠠ ᠤᠰᠤ᠂ ᠰᠣᠶᠣᠯ᠂ ᠬᠥᠳᠡᠭᠡ ᠠᠵᠤ ᠠᠬᠤᠢ᠂ ᠵᠤᠭᠠᠴᠠᠨ ᠰᠤᠷᠤᠯᠴᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ᠂ ᠢᠳᠡᠬᠦ᠂ ᠬᠤᠨᠣᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠲᠠᠷᠢᠶᠠᠯᠠᠩ ᠵᠤᠭᠠᠴᠠᠯ ᠤᠨ ᠰᠢᠵᠢᠷ ᠠᠯᠳᠠᠨ ᠪᠦᠰᠡ ᠶᠢ ᠪᠠᠶᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠬᠦᠷᠢᠶᠡᠯᠡᠯ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂︽ᠨᠠᠮ ᠤᠨ ᠪᠠᠶᠢᠭᠤᠯᠤᠯᠲᠠ + ᠲᠠᠷᠢᠶᠠᠯᠠᠩ ᠵᠤᠭᠠᠴᠠᠯ︾ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃
     ᠤᠯᠠᠮ  ᠠᠴᠠ ᠤᠯᠠᠮ ᠣᠯᠠᠨ ᠠᠶᠢᠯ ᠲᠣᠰᠬᠤᠨ ᠰᠦᠯᠵᠢᠶᠡᠨ ᠤ ︽ᠺᠠᠷᠲ ᠪᠦᠷᠢᠳᠬᠡᠭᠦᠯᠬᠦ ᠭᠠᠵᠠᠷ︾ ᠪᠣᠯᠵᠤ ᠂ ᠠᠯᠢ ᠣᠯᠠᠨ ᠲᠠᠷᠢᠶᠠᠯᠠᠩ ᠤᠨ ᠣᠨᠴᠠ ᠭᠠᠷᠤᠯᠲᠠ ᠨᠢ ᠴᠦ ᠡᠷᠬᠢᠨ ᠲᠣᠭᠤᠷᠢᠨ ᠤ ᠬᠤᠲᠠ ᠶᠢᠨ ᠠᠷᠠᠳ ᠤᠨ ︽ᠡᠩᠬᠦᠷᠡᠢ ᠬᠡᠦᠬᠡᠳ︾ ᠪᠣᠯᠵᠤ ᠪᠠᠶᠢᠨ᠎ᠠ᠃ᠢ ᠭᠤᠸᠠᠩ᠂ ᠶᠤᠸᠠᠨ ᠲᠦᠩ ᠪᠣᠯᠣᠨ ᠴᠢᠨ ᠨᠣᠭᠤᠭᠠᠨ ᠢᠳᠡᠰᠢᠨ ᠨᠣᠭᠤᠭ᠎ᠠ ᠶᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠤᠷᠢᠳ ᠬᠤᠵᠢᠳ ᠤᠯᠤᠰ ᠤᠨ ᠪᠣᠬᠢᠷᠲᠤᠯ ᠦᠭᠡᠢ ᠢᠳᠡᠭᠡᠨ ᠤ ᠭᠡᠷᠡᠴᠢᠯᠡᠯ ᠤᠨ ᠲᠡᠮᠳᠡᠭ ᠢ ᠣᠯᠵᠤ᠂ ᠳ᠋ᠦᠩ ᠶᠤᠸᠠᠨ ᠦᠵᠦᠮ︽ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾︾᠋ ᠢ ᠬᠦᠷᠲᠡᠵᠦ᠂ ᠬᠠᠶᠢᠳᠠᠢ ᠶᠢᠨ ᠰᠠᠷᠢᠮᠰᠠᠭ ᠳ᠋ᠦᠩ ᠡᡁᠸ ᠲᠣᠭᠤᠷᠢᠭ ᠤᠨ ᠠᠷᠪᠠᠨ ᠲᠣᠮᠣ ᠰᠦᠯᠵᠢᠶᠡᠨ ᠤ ᠤᠯᠠᠭᠠᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠳᠤ ᠰᠣᠩᠭᠤᠭᠳᠠᠪᠠ ᠁ ᠪᠦᠯᠦᠭ ᠪᠦᠯᠦᠭ ᠢᠶᠠᠷ ᠨᠡᠷ᠎ᠡ ᠠᠯᠳᠠᠷᠰᠢᠭᠰᠠᠨ᠂ ᠴᠢᠨᠠᠷ ᠰᠠᠶᠢᠲᠠᠢ ᠬᠥᠳᠡᠭᠡ ᠲᠣᠰᠬᠤᠨ ᠤ ᠣᠨᠴᠠ ᠲᠦᠷᠦᠯ ᠲᠡᠮᠳᠡᠭ ᠪᠤᠭᠤᠲᠤ ᠬᠤᠳᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠳᠤ ᠳᠠᠭᠤᠷᠢᠰᠴᠤ᠂ ᠡᠷᠬᠢᠨ ᠲᠣᠭᠤᠷᠢᠨ ᠤ ᠲᠣᠰᠬᠤᠨ ᠤ ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠵᠡᠷᠭᠡᠪᠡᠷ ᠳ᠋ᠦᠩ ᠡᡁᠸ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠲᠠᠰᠤᠷᠠᠯᠳᠡ ᠦᠭᠡᠢ ᠠᠮᠢᠵᠢᠷᠠᠯ ᠤᠨ ᠬᠦᠴᠦᠨ ᠢ ᠨᠡᠮᠡᠷᠢᠯᠡᠵᠡᠢ᠃︽ᠨᠠᠮ ᠤᠨ ᠪᠠᠶᠢᠭᠤᠯᠤᠯᠲᠠ + ᠠᠵᠤ ᠦᠢᠯᠡᠰ︾ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠣᠯᠭᠤᠬᠤ      ᠰᠢᠷᠴᠢᠨ ᠪᠠᠯᠭᠠᠰᠤ ᠶᠢᠨ ᠥᠪᠥᠷ ᠮᠣᠩᠭᠤᠯ ᠤᠨ ᠬᠤᠸᠠ ᠯᠦ ᠤᠳᠤ ᠦᠶ᠎ᠡ ᠶᠢᠨ ᠲᠠᠷᠢᠶᠠᠯᠠᠩ ᠤᠨ ᠺᠣᠮᠫᠠᠨᠢ ᠶᠢᠨ ᠴᠢᠬᠢ ᠪᠣᠶᠢᠵᠢᠭᠤᠯᠬᠤ ᠬᠦᠯᠡᠮᠵᠢ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠠᠷᠢᠶᠠᠴᠢᠳ ᠢ ᠵᠢᠯᠣᠭᠤᠳᠤᠨ ᠦᠷ᠎ᠡ ᠰᠣᠩᠭᠤᠨ ᠦᠷ᠎ᠡ ᠬᠡᠷᠡᠭᠯᠡᠬᠦ ᠶᠢ ᠵᠢᠯᠤᠭᠤᠳᠴᠤ᠂ ᠨᠣᠭᠤᠭᠠᠨ ᠥᠩᠭᠡ ᠲᠠᠢ ᠥᠷᠭᠡᠰᠦᠲᠦ ᠬᠡᠮᠬᠡ ᠶᠢᠨ ᠴᠢᠬᠢ ᠶᠢ ᠢᠳᠡᠷᠡᠭᠦᠨ ᠢᠶᠠᠷ ᠤᠷᠭᠤᠭᠤᠯᠵᠤ ᠪᠠᠶᠢᠨ᠎ᠠ ᠁ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠳᠠᠯ ᠨᠢ ᠳ᠋ᠦᠩ ᠾᠧ ᠲᠣᠭᠤᠷᠢᠭ ᠤᠨ ᠲᠥᠬᠦᠭᠡᠷᠦᠮᠵᠢᠲᠦ ᠲᠠᠷᠢᠶᠠᠯᠠᠩ ᠤᠨ ᠲᠡᠰ ᠲᠡᠪᠰᠢᠨ ᠬᠥᠭᠵᠢᠬᠦ ᠶᠢ ᠠᠬᠢᠭᠤᠯᠵᠤ ᠪᠠᠶᠢᠨ᠎ᠠ᠃
     ᠠᠵᠤ ᠦᠢᠯᠡᠰ ᠤᠯᠠᠮ ᠠᠴᠠ ᠤᠯᠠᠮ ᠬᠥᠭᠵᠢᠨ ᠪᠠᠳᠠᠷᠠᠵᠤ᠂ ᠳ᠋ᠦᠩ ᠾᠧ ᠲᠣᠭᠤᠷᠢᠭ ᠤᠨ ᠣᠶᠢᠷ᠎ᠠ ᠶᠢᠨ ᠵᠢᠯ ᠳᠤ ︽ᠰᠡᠳᠬᠢᠬᠦᠢ ᠲᠠᠢ ᠪᠠᠶᠢᠬᠤ︾ ᠶᠢ ᠪᠠᠷᠢᠮᠲᠠᠯᠠᠵᠤ ᠭᠠᠷᠭᠠᠭᠰᠠᠨ ᠠᠯᠢ ᠣᠯᠠᠨ ᠰᠢᠨ᠎ᠡ ᠠᠷᠭ᠎ᠠ ᠬᠡᠮᠵᠢᠶ᠎ᠡ ᠠᠴᠠ ᠰᠠᠯᠵᠤ ᠴᠢᠳᠠᠬᠤ ᠦᠭᠡᠢ᠂ ︽ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ  ᠶᠢ ᠨᠡᠮᠡᠭᠳᠡᠭᠦᠯᠬᠦ ᠠᠵᠢᠯᠯᠠᠭ᠎ᠠ︾ ᠶᠢ ᠬᠡᠷᠡᠭᠵᠢᠭᠦᠯᠬᠦ ᠪᠠᠷ ︽ᠤᠳᠤᠷᠢᠳᠬᠤ ᠺᠠᠳ᠋ᠷ + ᠨᠠᠮ ᠤᠨ ᠡᠭᠦᠷ + ᠬᠤᠷᠰᠢᠶ᠎ᠠ + ᠺᠣᠮᠫᠠᠨᠢ︾ ᠶᠢᠨ ᠬᠥᠭᠵᠢᠯᠲᠡ ᠶᠢᠨ ᠵᠠᠭᠪᠤᠷ ᠢ ᠠᠪᠴᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠴᠢᠰᠤ ᠪᠦᠲᠦᠭᠡᠬᠦ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠬᠠᠮᠲᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠤᠷ᠎ᠠ ᠴᠢᠳᠠᠪᠤᠷᠢ ᠶᠢᠨ ᠪᠣᠯᠪᠠᠰᠤᠷᠠᠯ᠂ ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ᠂ ᠮᠡᠳᠡᠭᠡ ᠵᠠᠩᠭᠢ ᠶᠢᠨ ᠯᠠᠪᠯᠠᠯᠭ᠎ᠠ ᠥᠭᠬᠦ ᠠᠵᠢᠯ ᠢ ᠶᠡᠬᠡᠪᠡᠷ ᠥᠷᠨᠢᠭᠦᠯᠵᠦ᠂ ᠪᠣᠳᠠᠲᠠᠢ ᠲᠠᠢ ᠤᠶᠠᠯᠳᠤᠭᠤᠯᠤᠨ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠲᠣᠰᠬᠤᠨ ᠢ ᠳᠠᠭᠠᠭᠠᠴᠢᠯᠠᠭᠰᠠᠨ ᠺᠠᠳ᠋ᠷ ᠪᠦᠬᠦ ᠬᠦᠴᠦᠨ ᠢᠶᠠᠷ ᠢᠶᠠᠨ ᠬᠠᠮᠵᠢᠯᠴᠠᠨ ᠶᠠᠪᠤᠴᠠ ᠶᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠣᠯᠣᠨ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠳᠤ ᠠᠮᠢᠵᠢᠷᠠᠯ ᠤᠨ ᠬᠦᠴᠦᠨ ᠨᠡᠮᠡᠷᠢᠯᠡᠵᠡᠢ᠃      ︽ᠳᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︿ᠰᠣᠶᠣᠯ ᠵᠤᠭᠠᠴᠠᠯ﹀ᠪᠣᠯᠣᠨ︿ᠠᠵᠤ ᠦᠢᠯᠡᠰ﹀ᠭᠡᠬᠦ ᠬᠤᠶᠠᠷ ᠫᠠᠶᠢᠰᠠ ᠶᠢ ᠦᠷᠭᠦᠯᠵᠢᠯᠡᠨ ᠰᠠᠶᠢᠲᠤᠷ ᠡᠷᠭᠦᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ ᠢ ᠲᠠᠰᠤᠷᠠᠯᠳᠡ ᠦᠭᠡᠢ ᠵᠢᠷᠤᠭᠯᠠᠵᠤ᠂ ᠪᠦᠬᠦ ᠵᠢᠯ ᠤᠨ ᠬᠠᠮᠤᠭ ᠤᠨ ᠰᠠᠶᠢᠨ ᠦᠷ᠎ᠡ ᠳ᠋ᠦᠩ ᠢ ᠪᠡᠶᠡᠯᠡᠭᠦᠯᠬᠦ ᠪᠠᠷ ᠴᠢᠷᠮᠠᠶᠢᠨ᠎ᠠ︾᠃ ᠭᠡᠵᠦ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃︽ᠨᠠᠮ ᠤᠨ ᠪᠠᠶᠢᠭᠤᠯᠤᠯᠲᠠ + ᠰᠣᠶᠣᠯ︾ᠬᠤᠪᠢᠰᠬᠠᠯ ᠤᠨ ᠭᠧᠨ ᠤ ᠤᠯᠠᠮᠵᠢᠯᠠᠯ ᠢ ᠠᠬᠢᠭᠤᠯᠤᠨ᠎ᠠ      ᠪᠤᠭᠤᠲᠤ ᠶᠢᠨ ᠤᠯᠠᠭᠠᠨ ᠵᠡᠭᠡᠯᠢ ᠶᠢᠨ︽ᠤᠯᠠᠭᠠᠨ ᠤᠳᠤᠨ ᠤ ᠬᠤᠯᠪᠣᠭ᠎ᠠ ᠪᠤᠭᠤᠲᠤ ᠳᠤ ᠬᠡᠪ ᠰᠤᠷᠲᠠᠯ ᠢ ᠪᠠᠳᠠᠷᠠᠭᠤᠯᠤᠶ᠎ᠠ︾ᠭᠡᠬᠦ ᠤᠯᠤᠰ ᠤᠨ ᠤᠷᠤᠰᠬᠠᠯ ᠤᠯᠠᠭᠠᠨ ᠵᠡᠭᠡᠯᠢ ᠪᠠᠷ ᠲᠣᠭᠤᠷᠢᠬᠤ ᠠᠵᠢᠯᠯᠠᠭ᠎ᠠ ᠳᠤ᠂ ᠰᠣᠯᠣᠩᠭᠠᠨ ᠰᠣᠯᠣᠩᠭ᠎ᠠ ᠳᠤᠸᠠᠯᠠᠵᠤ᠂ ᠬᠥᠮᠥᠰ ᠤᠨ ᠤᠷᠤᠰᠬᠠᠯ ᠪᠢᠯᠬᠠᠵᠤ᠂ ᠠᠭᠤᠳᠠᠮ ᠲᠠᠯᠠᠪᠠᠢ ᠶᠢᠨ ᠳᠡᠯᠭᠡᠴᠡᠨ ᠳᠤ ᠨᠡᠪᠲᠡᠷᠡᠭᠦᠯᠦᠭᠰᠡᠨ︽ᠴᠡᠷᠢᠭ ᠪᠠᠶᠢᠭᠤᠯᠬᠤ ᠶᠡᠭᠡ ᠦᠢᠯᠡᠰ︾ᠭᠡᠬᠦ ᠺᠢᠨᠣ᠋ ᠶᠢ ᠬᠤᠳᠠ ᠶᠢᠨ ᠠᠷᠠᠳ ᠬᠤᠶᠢᠨ᠎ᠠ ᠬᠤᠶᠢᠨ᠎ᠠ ᠠᠴᠠ ᠪᠠᠨ ᠲᠣᠭᠤᠷᠢᠨ ᠦᠵᠡᠵᠦ᠂ ᠺᠢᠨᠣ᠋ ᠳᠠᠬᠢ ᠬᠤᠪᠢᠰᠬᠠᠯᠲᠤ ᠴᠢᠬᠡᠴᠢ ᠵᠢᠷᠤᠮᠲᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠲᠤᠬᠠᠢ ᠶᠢᠨ ᠲᠠᠯᠠᠪᠠᠢ ᠶᠢᠨ ᠬᠥᠮᠥᠰ ᠤᠨ ᠰᠡᠳᠬᠢᠯ ᠢ ᠶᠡᠬᠡᠳᠡ ᠳᠣᠩᠰᠣᠯᠭᠠᠪᠠ᠃︽ᠰᠠᠶ᠋ᠢᠬᠠᠨ ᠪᠠᠰᠠ ᠸᠠᠩ ᠷᠦᠸ᠋ᠸ ᠹᠧᠢ ᠶᠢᠨ ᠳᠤᠷᠠᠰᠬᠠᠯ ᠤᠨ ᠣᠷᠳᠣᠨ ᠢ ᠲᠣᠭᠤᠷᠢᠨ ᠦᠵᠡᠭᠡᠳ᠂ ᠳᠠᠬᠢᠨᠲᠠ ᠰᠡᠳᠬᠢᠯ ᠳᠣᠭᠳᠣᠯᠵᠤ᠂ ᠲᠡᠶᠢᠮᠦᠷᠬᠦ ᠬᠦᠴᠢᠷ ᠪᠡᠷᠬᠡᠰᠢᠶᠡᠯᠲᠦ ᠴᠠᠭ ᠦᠶ᠎ᠡ ᠳᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠡᠴᠦᠰ ᠲᠤᠨᠢ ᠲᠤᠯᠲᠠᠯ᠎ᠠ ᠲᠡᠮᠡᠴᠡᠬᠦ ᠶᠢ ᠰᠣᠩᠭᠤᠪᠠ᠂ ᠡᠶᠢᠮᠦᠷᠬᠦ ᠬᠤᠪᠢᠰᠬᠠᠯ ᠤᠨ ᠵᠣᠷᠢᠭ ᠰᠠᠨᠠᠭ᠎ᠠ ᠶᠢ ᠪᠢᠳᠡ ᠬᠥᠮᠥᠨ ᠪᠣᠯᠭᠠᠨ ᠰᠤᠷᠤᠯᠴᠠᠭᠤᠰᠢᠲᠠᠢ ᠶᠤᠮ︕︾ᠭᠡᠵᠦ ᠬᠡᠯᠡᠪᠡ᠃ ᠰᠠᠭᠤᠭᠠᠯᠢ ᠠᠷᠠᠳ ᠵᠢᠶᠠ ᡁᠢ ᠰᠡᠳᠬᠢᠯ ᠬᠥᠳᠡᠯᠦᠨ ᠬᠡᠯᠡᠪᠡ᠃
     ᠰᠣᠶᠣᠯ ᠢᠶᠠᠷ ᠤᠳᠤᠷᠢᠳᠤᠮᠵᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠮᠢᠳᠤᠯᠢᠭ ᠪᠣᠯᠭᠠᠪᠠ᠃ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ︽ᠨᠠᠮ ᠤᠨ ᠪᠠᠶᠢᠭᠤᠯᠤᠯᠲᠠ ᠶᠢᠨ ᠡᠯᠧᠮᠧᠨ᠋ᠲ ᠢ ᠳᠣᠪᠤᠶᠢᠯᠭᠠᠵᠤ᠂ ᠬᠥᠭᠵᠢᠯᠲᠡ ᠶᠢᠨ ᠲᠡᠦᠬᠡ ᠶᠢ ᠲᠡᠮᠳᠡᠭᠯᠡᠵᠦ᠂ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ︾ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠢ ᠠᠰᠢᠭᠯᠠᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠬᠦ᠂ ᠬᠤᠪᠢᠰᠬᠠᠯ ᠤᠨ ᠺᠢᠨᠣ᠋ ᠶᠢ ᠦᠵᠡᠬᠦ᠂ ᠨᠠᠮ ᠤᠨ ᠡᠭᠦᠷ ᠤᠨ ᠠᠬᠠᠮᠠᠳ ᠱᠦᠵᠢ ᠶᠢᠨ ᠨᠠᠮ ᠤᠨ ᠬᠢᠴᠢᠶᠡᠯ ᠵᠢᠭᠠᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠦᠬᠦ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠬᠥᠭᠵᠢᠭᠦᠯᠬᠦ᠂ ᠨᠠᠮ ᠤᠨ ᠭᠡᠰᠢᠭᠦᠨ ᠤ ᠦᠵᠡᠯ ᠰᠠᠨᠠᠭᠠᠨ ᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠳᠤ ᠰᠢᠨ᠎ᠡ ᠴᠣᠩᠬᠤᠪᠴᠢ ᠪᠠᠶᠢᠭᠤᠯᠵᠤ᠂ ᠰᠢᠨ᠎ᠡ ᠵᠢᠭᠰᠠᠭᠠᠯ ᠤᠨ ᠭᠠᠵᠠᠷ ᠢ ᠪᠠᠶᠢᠭᠤᠯᠵᠤ᠂ ᠬᠤᠪᠢᠰᠬᠠᠯ ᠤᠨ ᠭᠦ᠋ᠨ ᠢ ᠦᠷᠭᠦᠯᠵᠢᠯᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠡᠭᠡᠯ ᠠᠷᠠᠳ ᠤᠨ ᠭᠡᠷ ᠲᠤ ᠣᠷᠣᠭᠤᠯᠬᠤ ᠶᠢ ᠠᠬᠢᠭᠤᠯᠬᠤ ᠬᠡᠷᠡᠭᠲᠡᠢ᠃
     ᠲᠦᠮᠡᠨ ᠭᠠᠵᠠᠷ ᠤᠨ ᠠᠶᠠᠨ ᠵᠠᠮ ᠳᠤ ᠡᠷᠴᠢ ᠵᠣᠷᠢᠭ ᠢᠶᠠᠨ ᠬᠥᠪᠴᠢᠯᠡᠵᠦ᠂ ᠬᠦᠨᠳᠦ ᠡᠭᠦᠷᠭᠡ ᠮᠢᠩᠭᠠᠨ ᠵᠢᠩ ᠤᠨ ᠠᠶᠠᠨ ᠳᠤ ᠳᠠᠬᠢᠨ ᠮᠣᠷᠳᠠᠨ᠎ᠠ᠃ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠳ᠋ᠦᠩ ᠡᡁᠸ ᠲᠣᠭᠤᠷᠢᠭ ᠤᠨ ᠬᠢᠨ ︽ᠳ᠋ᠦᠩ ᠡᡁᠸ ᠭᠤᠣᠯ ᠤᠨ ᠰᠦᠷ ᠵᠢᠪᠬᠤᠭ᠎ᠠ ᠶᠢ ᠲᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠲᠠᠬᠢᠨ ᠢᠯᠡᠷᠡᠭᠦᠯᠬᠦ︾ᠡᠭᠦᠷᠭᠡ ᠬᠠᠷᠢᠭᠤᠴᠠᠯᠭ᠎ᠠ ᠶᠢᠨ ᠬᠠᠷᠠᠯᠲᠠ ᠶᠢ ᠲᠣᠭᠲᠠᠭᠠᠵᠤ᠂ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠳ᠋ᠦᠩ ᠡᡁᠸ ᠭᠤᠣᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1