ᠸᠠᠩ ᠷᠦᠢ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/11
     9 ᠰᠠᠷ᠎ᠠ ᠶᠢᠨ 1 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃      ᠸᠠᠩ ᠷᠦᠢ ᠤᠷᠢᠳ ᠬᠤᠵᠢᠳ ᠴᠡᠴᠡᠷᠯᠢᠭ ᠵᠠᠮ ᠤᠨ ᠪᠠᠭ᠎ᠠ ᠰᠤᠷᠭᠠᠭᠤᠯᠢ ᠶᠢᠨ ᠹᠦ᠋ ᠯᠢ ᠰᠤᠷᠭᠠᠭᠤᠯᠢ ᠶᠢᠨ ᠲᠣᠭᠤᠷᠢᠭ᠂ ᠶᠢᠨ ᠯᠦᠩ ᠸᠠᠩ ᠮᠢᠶᠣᠣ ᠪᠠᠭ᠎ᠠ ᠰᠤᠷᠭᠠᠭᠤᠯᠢ᠂ ᠪᠤᠭᠤᠲᠤ ᠬᠤᠳᠠ ᠶᠢᠨ ᠬᠤᠷᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠪᠤᠭᠤᠲᠤ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠤ ᠶᠢᠨ ᠲᠡᠮᠦᠷ ᠵᠠᠮ ᠤᠨ ᠬᠤᠶᠠᠳᠤᠭᠠᠷ ᠳᠤᠮᠳᠠᠳᠤ ᠰᠤᠷᠭᠠᠭᠤᠯᠢ᠂ ᠲᠦᠩ ᠳ᠋ᠣᠣ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠳᠤ ᠬᠦᠷᠴᠡᠢ᠃ ᠰᠤᠷᠭᠠᠭᠤᠯᠢ ᠶᠢᠨ ᠬᠥᠭᠵᠢᠯᠲᠡ ᠶᠢᠨ ᠶᠠᠪᠤᠴᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ᠂ ᠪᠠᠭᠰᠢ ᠶᠢᠨ ᠬᠦᠴᠦᠨ ᠤ ᠲᠣᠬᠢᠷᠠᠭᠤᠯᠤᠯᠲᠠ ᠵᠡᠷᠭᠡ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠰᠢᠢᠳᠪᠦᠷᠢᠯᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠬᠤ ᠬᠡᠷᠡᠭᠲᠡᠢ᠃
9 ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠪᠤᠭᠤᠲᠤ ᠬᠤᠲᠠ ᠶᠢᠨ ᠬᠤᠷᠢᠨ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ᠃
     9 ᠰᠠᠷ᠎ᠠ ᠶᠢᠨ 1 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠲᠦᠩ ᠳ᠋ᠣᠣ ᠪᠠᠭ᠎ᠠ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ᠃      ᠸᠠᠩ ᠷᠦᠢ ᠬᠡᠯᠡᠬᠦ ᠳᠡᠭᠡᠨ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ︾ ᠬᠠᠷᠠᠯᠲᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠲᠠᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠰᠤᠷᠤᠭᠴᠢᠳ ᠤᠨ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠬᠥᠮᠥᠵᠢᠭᠦᠯᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠤᠬᠠᠮᠰᠠᠷ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠪᠦᠯᠦᠭᠯᠡᠯ ᠢᠶᠠᠷ ᠰᠤᠷᠭᠠᠭᠤᠯᠢ ᠡᠷᠭᠢᠯᠡᠬᠦ᠂ ᠨᠠᠷᠠᠲᠤ ᠰᠤᠷᠭᠠᠭᠤᠯᠢ ᠪᠠᠷ ᠬᠤᠪᠢᠶᠠᠷᠢ ᠰᠤᠷᠭᠠᠭᠤᠯᠢ ᠡᠷᠭᠢᠯᠡᠬᠦ ᠶᠢ ᠠᠬᠢᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠬᠦ ᠶᠢ ᠠᠬᠢᠭᠤᠯᠬᠤ ᠬᠡᠷᠡᠭᠲᠡᠢ᠃ᠪᠠᠭᠰᠢ ᠶᠢ ᠤᠷᠢᠵᠤ ᠡᠯᠰᠡᠬᠦ ᠠᠷᠭ᠎ᠠ ᠵᠠᠮ ᠢ ᠥᠷᠭᠡᠳᠬᠡᠵᠦ᠂ ᠡᠯ᠎ᠡ ᠬᠢᠴᠢᠶᠡᠯ ᠲᠦᠷᠦᠯ ᠤᠨ ᠪᠠᠭᠰᠢ ᠶᠢ ᠰᠢᠯᠢᠳᠡᠭ ᠢ ᠰᠣᠩᠭᠤᠨ ᠬᠦᠴᠦᠷᠬᠡᠭ ᠢ ᠲᠣᠬᠢᠷᠠᠭᠤᠯᠵᠤ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠰᠠᠶᠢᠲᠤᠷ ᠠᠳᠬᠤᠵᠤ᠂ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠤ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠤᠭ᠎ᠠ ᠬᠡᠮᠵᠢᠶ᠎ᠡ ᠪᠠᠷ ᠭᠦᠢᠴᠡᠳ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ᠰᠤᠷᠭᠠᠭᠤᠯᠢ ᠡᠷᠬᠢᠯᠡᠬᠦ ᠣᠨᠴᠠᠯᠢᠭ ᠢ ᠲᠤᠪᠤᠶᠢᠯᠭᠠᠵᠦ᠂ ᠠᠯᠠᠭᠠᠳᠠᠬᠤ ᠪᠥᠮᠪᠦᠭᠡ᠂ ᠬᠥᠯ ᠪᠥᠮᠪᠦᠭᠡ᠂ ᠤᠷᠠᠨ ᠵᠢᠷᠤᠭ ᠵᠡᠷᠭᠡ ᠣᠨᠴᠠᠯᠢᠭᠲᠤ ᠰᠤᠷᠭᠠᠨ ᠬᠥᠮᠦᠵᠢᠯ ᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠣᠨᠴᠠᠯᠢᠭᠲᠤ ᠰᠤᠷᠭᠠᠭᠤᠯᠢ ᠶᠢ ᠪᠠᠶᠢᠭᠤᠯᠵᠤ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠤᠭᠴᠢᠳ ᠤᠨ ᠬᠤᠭᠤᠯᠠ ᠢᠳᠡᠬᠦ ᠠᠮᠤᠷ ᠲᠦᠪᠰᠢᠨ ᠢ ᠦᠨᠡᠨᠬᠦ ᠪᠠᠲᠤᠯᠠᠬᠤ  ᠃      ᠣᠷᠣᠨ ᠤ ᠤᠳᠤᠷᠢᠳᠤᠯᠭ᠎ᠠ ᠬᠤ ᠭᠦᠸᠧ ᠷᠦᠢ᠂ ᠵᠣᠣ ᠯᠢ ᠰᠢᠶᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ  ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1