ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ | ᠮᠡᠷᠭᠡᠵᠢᠯ ᠰᠤᠷᠭᠠᠨ ᠬᠥᠮᠦᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠳ᠋ᠦᠩ ᠾᠧ ᠲᠣᠭᠤᠷᠢᠭ ᠤᠨ ᠲᠦᠩ | ᠳ᠋ᠣᠣ ᠪᠠᠭ᠎ᠠ ᠰᠤᠷᠭᠠᠭᠤᠯᠢ ᠠᠴᠠ ᠢᠷᠡᠭᠰᠡᠨ ᠲᠠᠮᠢᠷᠴᠢᠳ ᠰᠡᠳᠬᠢᠯ ᠰᠠᠨᠠᠭ᠎ᠠ ᠪᠠᠨ ᠣᠯᠣᠯᠴᠠᠨ᠂ ᠯᠠᠪᠳᠠᠭᠤᠨ | ᠲᠣᠭᠲᠠᠭᠤᠨ ᠢᠶᠠᠷ ᠤᠭᠲᠤᠨ ᠪᠠᠶᠢᠯᠳᠤᠵᠤ᠂ ᠵᠣᠬᠢᠶᠠᠮᠠᠯ ᠤᠶᠤᠨ ᠴᠢᠳᠠᠪᠤᠷᠢ ᠪᠠ ᠮᠠᠰᠢᠨ ᠬᠥᠮᠥᠨ ᠤ ᠤᠷᠤᠯᠳᠤᠭᠠᠨ᠂ | ᠳᠡᠯᠡᠬᠡᠢ ᠶᠢᠨ ᠮᠠᠰᠢᠨ ᠬᠥᠮᠥᠨ ᠤ ᠤᠷᠤᠯᠳᠤᠭᠠᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠠᠵᠢᠯᠯᠠᠭ᠎ᠠ | ᠵᠡᠷᠭᠡ ᠤᠯᠠᠨ ᠤᠷᠤᠯᠳᠤᠭᠠᠨ ᠤ ᠬᠦᠷᠢᠶᠡᠨ ᠳᠤ᠂ ᠠᠵᠢᠯ ᠬᠤᠪᠢᠶᠠᠷᠢᠯᠠᠨ ᠬᠠᠮᠲᠤᠷᠠᠯᠴᠠᠬᠤ᠂ ᠭᠠᠷ ᠬᠥᠳᠡᠯᠦᠨ | ᠦᠢᠯᠡᠳᠦᠯᠭᠡᠵᠢᠭᠦᠯᠬᠦ᠂ ᠯᠣᠭᠢᠭ ᠰᠡᠳᠬᠢᠬᠦᠢ ᠪᠠ ᠲᠤᠬᠠᠢ ᠶᠢᠨ ᠲᠠᠯᠠᠪᠤᠷ ᠲᠤ ᠠᠷᠭᠠᠴᠠᠬᠤ ᠴᠢᠳᠠᠪᠤᠷᠢ ᠪᠠᠨ ᠭᠦᠢᠴᠡᠳ | ᠢᠯᠡᠷᠡᠭᠦᠯᠵᠦ᠂ ᠤᠯᠠᠨ ᠵᠦᠢᠯ ᠤᠨ ᠶᠡᠭᠡ ᠱᠠᠩᠨᠠᠯ ᠣᠯᠵᠤ᠂ ᠳ᠋ᠦᠩ ᠾᠧ ᠪᠠᠭᠠᠴᠤᠳ ᠤᠨ ᠰᠢᠨᠵᠢᠯᠡᠬᠦ ᠤᠬᠠᠭᠠᠨ ᠤ | ᠰᠢᠨ᠎ᠡ ᠶᠢ ᠡᠭᠦᠳᠬᠦ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | | | | | | ᠹᠦ᠋ ᠱᠧᠩ ᠶᠤᠸᠠᠨ ᠴᠡᠴᠡᠷᠯᠢᠭ ᠤᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠤᠨ ᠲᠤᠬᠠᠢ ᠶᠢᠨ | ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠬᠥᠯᠥᠰᠦ ᠠᠰᠬᠠᠷᠠᠭᠤᠯᠤᠨ ᠴᠠᠭ ᠨᠡᠮᠡᠵᠦ ᠠᠵᠢᠯᠯᠠᠨ᠂ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ︽ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠢ ᠪᠦᠬᠦᠨ ᠢᠶᠠᠷ ᠨᠢ ᠭᠦᠢᠴᠡᠳᠬᠡᠵᠦ᠂ ᠣᠳᠣᠬᠠᠨ ᠳᠤ ᠵᠢᠭᠠᠨ ᠰᠤᠷᠭᠠᠬᠤ | ᠠᠰᠠᠷ ᠤᠨ ᠭᠤᠣᠯ ᠴᠣᠭᠴᠠ ᠶᠢᠨ ᠣᠷᠣᠢ ᠶᠢ ᠨᠢᠭᠡᠨᠲᠡ ᠪᠢᠲᠡᠭᠦᠮᠵᠢᠯᠡᠵᠦ᠂ ᠬᠤᠶᠠᠳᠠᠭᠢ ᠤᠳᠠᠭᠠᠨ ᠤ ᠪᠦᠲᠦᠴᠡ | ᠶᠢᠨ ᠪᠠᠷᠢᠯᠭ᠎ᠠ ᠶᠢᠨ ᠠᠵᠢᠯ ᠴᠤ ᠳᠠᠭᠤᠰᠴᠤ᠂ ᠣᠳᠣ ᠶᠠᠭ ᠭᠡᠷ ᠳᠣᠲᠣᠷᠠᠬᠢ ᠤᠰᠤ᠂ ᠳᠤᠯᠠᠭᠠᠯᠠᠭ᠎ᠠ᠂ ᠴᠠᠬᠢᠯᠭᠠᠨ | ᠬᠤᠭᠤᠯᠠᠢ ᠶᠢᠨ ᠲᠣᠣᠷ ᠤᠨ ᠪᠠᠷᠢᠯᠭ᠎ᠠ ᠪᠣᠯᠣᠨ ᠱᠠᠯᠠ ᠶᠢᠨ ᠲᠣᠭᠤᠰᠬ᠎ᠠ ᠶᠢ ᠳᠡᠪᠢᠰᠬᠦ ᠠᠵᠢᠯ ᠢ ᠬᠢᠵᠦ ᠪᠠᠶᠢᠨ᠎ᠠ᠂ | ᠡᠨᠡ ᠵᠢᠯ ᠤᠨ ᠡᠴᠦᠰ ᠠᠴᠠ ᠡᠮᠦᠨ᠎ᠡ ᠪᠠᠷᠢᠵᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ︾᠃ ᠭᠡᠵᠦ ᠲᠦᠷᠦᠯ | ᠵᠦᠢᠯ ᠤᠨ ᠲᠤᠬᠠᠢ ᠶᠢᠨ ᠲᠠᠯᠠᠪᠠᠢ ᠶᠢᠨ ᠠᠵᠢᠯᠲᠠᠳ ᠲᠠᠨᠢᠯᠴᠠᠭᠤᠯᠪᠠ᠃ | | | | | ᠠᠯᠢ ᠤᠯᠠᠨ ᠥᠪᠡᠷᠮᠢᠴᠡ ᠣᠨᠴᠠᠯᠢᠭ ᠲᠠᠢ ᠰᠤᠷᠭᠠᠭᠤᠯᠢ ᠡᠷᠬᠢᠯᠡᠭᠰᠡᠡ ᠦᠷ᠎ᠡ ᠪᠦᠲᠦᠭᠡᠯ ᠢ ᠢᠯᠡᠷᠡᠭᠦᠯᠵᠦ᠂ | ᠠᠯᠢ ᠤᠯᠠᠨ ᠰᠤᠷᠭᠠᠭᠤᠯᠢ ᠶᠢᠨ ᠬᠦᠷᠢᠶ᠎ᠡ ᠶᠢ ᠰᠢᠨ᠎ᠡ ᠪᠠᠷ ᠪᠠᠶᠢᠭᠤᠯᠤᠭᠰᠠᠨ ᠪᠠ ᠲᠡᠰ ᠳᠡᠪᠰᠢᠭᠦᠯᠦᠭᠰᠡᠨ ᠨᠢ ᠳ᠋ᠦᠩ | ᠡᡁᠸ ᠲᠣᠭᠤᠷᠢᠭ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ᠂ ᠭᠡᠷ ᠤᠨ | ᠡᠭᠦᠳᠡᠨ ᠳᠠᠬᠢ ᠰᠢᠯᠢᠳᠡᠭ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢ ᠪᠠᠷᠢᠮᠲᠠᠯᠠᠭᠰᠠᠨ ᠤ ᠠᠮᠢᠳᠤᠯᠢᠭ ᠲᠠᠶᠢᠯᠪᠤᠷᠢ | ᠪᠣᠯᠣᠨ᠎ᠠ᠃ | | | | | ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠂ ᠲᠡᠷᠡ ᠨᠢ | ᠲᠦᠭ ᠲᠦᠮᠡᠨ ᠠᠶᠢᠯ ᠡᠷᠤᠭᠡ ᠶᠢᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠨᠠᠶᠢᠳᠠᠵᠤ ᠪᠠᠶᠢᠬᠤ ᠪᠠᠷ ᠪᠠᠷᠠᠬᠤ | ᠦᠭᠡᠢ ᠨᠡᠩ ᠴᠤ ᠨᠢᠭᠡ ᠭᠠᠵᠠᠷ ᠣᠷᠣᠨ ᠤ ᠠᠯᠤᠰ ᠭᠡᠳᠤ ᠶᠢᠨ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ | ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ︽ᠰᠤᠷᠭᠠᠨ ᠬᠥᠮᠦᠵᠢᠯ ᠤᠨ ᠥᠨᠳᠦᠷᠯᠢᠭ ᠢ ᠪᠥᠬᠦ ᠲᠠᠯ᠎ᠠ ᠪᠠᠷ ᠪᠠᠶᠢᠭᠤᠯᠵᠤ ᠰᠤᠷᠭᠠᠨ ᠬᠥᠮᠦᠵᠢᠯ ᠤᠨ | ᠬᠦᠴᠦᠷᠬᠡᠭ ᠬᠤᠲᠠ ᠶᠢ ᠲᠦᠷᠭᠡᠳᠬᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠪᠠᠶᠢᠷᠢᠰᠢᠯ | ᠨᠢ ᠵᠦᠢ ᠵᠣᠬᠢᠰᠲᠠᠢ᠂ ᠪᠡᠯᠡᠳᠬᠡᠮᠵᠢ ᠨᠢ ᠪᠦᠷᠢᠨ ᠲᠡᠭᠦᠯᠳᠡᠷ᠂ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠰᠤᠷᠭᠠᠨ | ᠬᠥᠮᠦᠵᠢᠯ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠪᠦᠷᠢᠯᠳᠦᠭᠦᠯᠦᠨ᠂ ᠰᠤᠷᠭᠠᠭᠤᠯᠢ | ᠡᠷᠭᠢᠯᠡᠬᠦ ᠶᠠᠰᠤ ᠴᠢᠨᠠᠷ ᠪᠠ ᠬᠥᠮᠥᠨ ᠬᠥᠮᠥᠵᠢᠭᠦᠯᠬᠦ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠳ᠋ᠦᠩ ᠾᠧ ᠶᠢᠨ | ᠰᠤᠷᠭᠠᠨ ᠬᠥᠮᠦᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠬᠢᠴᠢᠶᠡᠯ ᠤᠨ ᠲᠠᠩᠬᠢᠮ ᠢ ᠦᠷᠭᠦᠯᠵᠢᠯᠡᠨ ᠭᠦᠨᠵᠡᠭᠡᠢ ᠬᠠᠭᠠᠯᠪᠤᠷᠢᠯᠠᠵᠤ ᠵᠢᠭᠠᠨ ᠰᠤᠷᠭᠠᠯᠲᠠ ᠶᠢᠨ ᠶᠠᠰᠤ ᠴᠢᠨᠠᠷ | ᠢ ᠴᠢᠩᠭ᠎ᠠ ᠠᠵᠢᠭᠯᠠᠬᠤ | ︽ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ | ᠦᠶ᠎ᠡ ᠳᠤ᠂ ᠬᠡᠴᠢᠨᠡᠭᠡᠨ ᠪᠠᠶᠠᠷᠯᠠᠭᠰᠠᠨ ᠤ ᠬᠡᠷᠡᠭ ᠠᠯᠠᠭ᠎ᠠ᠂ ᠬᠡᠦᠬᠡᠳ ᠤᠨ ᠰᠠᠶᠢᠨ ᠬᠢᠷᠢ ᠪᠦᠲᠦᠮᠵᠢ ᠣᠯᠵᠤ᠂ | ᠰᠠᠨᠠᠭᠠᠨ ᠳᠤ ᠳᠠᠭᠠᠷᠠᠭᠰᠠᠨ ᠰᠤᠷᠭᠠᠭᠤᠯᠢ ᠳᠤ ᠣᠷᠣᠵᠤ ᠳᠡᠶᠢᠯᠬᠦ ᠶᠢ ᠬᠠᠷᠠᠭᠠᠳ ᠪᠢᠳᠡ ᠲᠤᠶᠢᠯ ᠢᠶᠠᠷ ᠪᠠᠶᠠᠷᠯᠠᠵᠤ | ᠪᠠᠶᠢᠨ᠎ᠠ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠬᠤ ᠦᠶ᠎ᠡ ᠳᠤ᠂ ᠰᠤᠷᠭᠠᠭᠤᠯᠢ ᠶᠢᠨ ᠪᠠᠭᠰᠢ ᠨᠢ | ᠬᠡᠦᠬᠡᠳ ᠤᠨ ᠰᠤᠷᠤᠯᠴᠠᠬᠤ ᠠᠷᠭ᠎ᠠ ᠶᠢ ᠬᠥᠮᠥᠵᠢᠭᠦᠯᠬᠦ᠂ ᠰᠡᠳᠬᠢᠴᠡ ᠶᠢᠨ ᠪᠠᠶᠢᠳᠠᠯ ᠢ ᠨᠢ ᠲᠣᠬᠢᠷᠠᠭᠤᠯᠬᠤ ᠶᠢ | ᠣᠨᠴᠠᠭᠠᠶᠢᠯᠠᠨ ᠠᠩᠬᠠᠷᠳᠠᠭ᠃ ᠣᠳᠣᠬᠠᠨ ᠳᠤ ᠬᠡᠦᠬᠡᠳ ᠨᠢ ᠭᠤᠣᠯᠳᠠᠯᠭ᠎ᠠ ᠲᠠᠢ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠣᠷᠣᠭᠰᠠᠨ ᠪᠣᠯᠪᠠᠴᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠰᠤᠷᠭᠠᠨ | ᠬᠥᠮᠦᠵᠢᠯ ᠤᠨ ᠬᠠᠮᠢᠶᠠᠷᠤᠯᠲᠠ ᠶᠢ ᠮᠥᠨ ᠯᠡ ᠮᠠᠷᠲᠠᠯ ᠦᠭᠡᠢ ᠰᠠᠨᠠᠭᠠᠯᠵᠠᠵᠤ᠂ ᠪᠤᠭᠤᠲᠤ ᠶᠢᠨ ᠨᠠᠢᠮᠠᠳᠤᠭᠠᠷ ᠳᠤᠮᠳᠠᠳᠤ | ᠰᠤᠷᠭᠠᠭᠤᠯᠢ ᠶᠢᠨ ᠪᠠᠭᠰᠢ ᠶᠢᠨ ᠨᠠᠷᠢᠨ ᠨᠢᠮᠪᠠᠢ ᠰᠤᠷᠭᠠᠨ ᠬᠥᠮᠦᠵᠢᠯ ᠨᠢ ᠲᠡᠭᠦᠨ ᠤ ᠦᠰᠦᠨ ᠪᠤᠶᠢᠵᠢᠯᠲᠠ ᠳᠤ ᠭᠦᠨ | ᠨᠥᠯᠥᠭᠡ ᠲᠠᠢ ᠭᠡᠵᠦ ᠦᠷᠭᠦᠯᠵᠢ ᠶᠠᠷᠢᠳᠠᠭ᠃ ᠰᠤᠷᠭᠠᠭᠤᠯᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ | ᠪᠠᠭᠰᠢ ᠨᠢᠭᠡᠪᠦᠷᠢ ᠳᠤ ᠲᠠᠯᠠᠷᠬᠠᠵᠤ ᠪᠠᠶᠢᠨ᠎ᠠ︾ᠭᠡᠵᠦ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠶᠢᠨ | ᠭᠡᠷ ᠤᠨ ᠠᠬᠠᠮᠠᠳ ᠴᠢᠩ ᠰᠡᠳᠬᠢᠯ ᠠᠴᠠ ᠪᠠᠨ ᠰᠡᠳᠬᠢᠯ ᠬᠥᠳᠡᠯᠦᠨ ᠶᠠᠷᠢᠵᠤ ᠪᠠᠶᠢᠯ᠎ᠠ᠃ | | | | | ᠬᠥᠮᠥᠰ ᠤᠨ ᠰᠡᠳᠬᠢᠯ ᠢ ᠵᠣᠷᠢᠭᠵᠢᠭᠤᠯᠤᠮ᠎ᠠ ᠡᠯᠰᠡᠬᠦ ᠮᠡᠳᠡᠭᠳᠡᠯ ᠤᠨ ᠪᠢᠴᠢᠭ ᠨᠢᠭᠡᠪᠦᠷᠢ᠂ ᠬᠦᠰᠡᠯ | ᠡᠷᠡᠮᠡᠯᠵᠡᠯ ᠢᠶᠠᠷ ᠪᠢᠯᠬᠠᠮ᠎ᠠ ᠵᠣᠯ ᠵᠢᠷᠭᠠᠯᠲᠤ ᠢᠨᠢᠶᠡᠳᠦ ᠲᠠᠢ ᠴᠢᠷᠠᠢ ᠨᠢᠭᠡᠪᠦᠷᠢ ᠨᠢ ᠳ᠋ᠦᠩ ᠾᠧ ᠲᠣᠭᠤᠷᠢᠭ ᠤᠨ ᠪᠦᠬᠦ | ᠣᠷᠣᠨ ᠤ ᠬᠦᠴᠦᠨ ᠢ ᠡᠷᠭᠦᠬᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠲᠥᠪᠯᠡᠷᠡᠭᠦᠯᠦᠨ ᠠᠷᠠᠳ ᠲᠦᠮᠡᠨ ᠤ ᠰᠡᠳᠬᠢᠯ | ᠬᠠᠨᠤᠮᠵᠢᠲᠠᠢ ᠰᠤᠷᠭᠠᠨ ᠬᠥᠮᠦᠵᠢᠯ ᠢ ᠡᠷᠬᠢᠯᠡᠬᠦ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃2023 ᠣᠨ ᠤ | ᠳ᠋ᠦᠩ ᠾᠧ ᠲᠣᠭᠤᠷᠢᠭ ᠤᠨ ᠲᠣᠭᠤᠷᠢᠭ ᠲᠤ ᠬᠠᠷᠢᠶᠠᠯᠠᠭᠳᠠᠬᠤ ᠳᠤᠮᠳᠠ ᠵᠡᠷᠭᠡ ᠶᠢᠨ ᠪᠠ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢᠨ ᠬᠠᠭᠤᠳᠠᠰᠤ ᠶᠢ ᠰᠡᠬᠦᠵᠦ ᠦᠵᠡᠪᠡᠯ ︱ ᠪᠥᠬᠦ | ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠢ ᠬᠤᠪᠢ 600 ᠬᠤᠪᠢ ᠠᠴᠠ ᠳᠡᠭᠡᠭᠰᠢᠬᠢ | ᠰᠢᠯᠭᠠᠭᠤᠯᠤᠭᠴᠢ ᠶᠢᠨ ᠬᠥᠮᠥᠨ ᠤ ᠲᠤᠭ᠎ᠠ 326᠂ ᠮᠠᠨ ᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠪᠠ | ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠢ | ᠬᠤᠪᠢ 600 ᠬᠤᠪᠢ ᠠᠴᠠ ᠳᠡᠭᠡᠭᠰᠢᠬᠢ ᠰᠢᠯᠭᠠᠭᠤᠯᠤᠭᠴᠢ ᠶᠢᠨ ᠬᠥᠮᠥᠨ ᠤ ᠲᠤᠭ᠎ᠠ 60 ᠪᠠᠶᠢᠵᠤ᠂ ᠪᠥᠬᠦ | ᠬᠤᠲᠠ ᠳᠤ 18.4% ᠶᠢ ᠡᠵᠡᠯᠡᠪᠡ᠃ᠡᠨᠡ ᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠠᠴᠠ ᠦᠵᠡᠪᠡᠯ᠂ ᠨᠢᠭᠡ ᠪᠦᠯᠦᠭ ᠤᠳᠠᠭ᠎ᠠ ᠶᠢᠨ ᠰᠦᠯᠵᠢᠶᠡᠨ ᠳᠤ | ᠣᠷᠣᠭᠰᠠᠨ ᠬᠥᠮᠥᠨ ᠤ ᠲᠤᠭ᠎ᠠ 1664 ᠪᠠᠶᠢᠵᠤ᠂ 47.29% ᠶᠢ ᠡᠵᠡᠯᠡᠪᠡ︔ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠠᠮᠤᠭ ᠤᠨ ᠳᠣᠣᠷ᠎ᠠ ᠬᠤᠪᠢ ᠶᠢᠨ ᠬᠢᠵᠠᠭᠠᠷᠯᠠᠯ ᠳᠤ ᠰᠦᠯᠵᠢᠶᠡᠨ ᠳᠡᠭᠡᠷᠡᠬᠢ ᠬᠥᠮᠥᠨ ᠤ | ᠲᠤᠭ᠎ᠠ 2258 ᠪᠠᠶᠢᠵᠤ᠂ ᠡᠵᠡᠯᠡᠬᠦ ᠬᠠᠷᠢᠴᠠᠯ ᠨᠢ 64.17% ᠪᠠᠶᠢᠵᠤ᠂ ᠬᠢᠷᠢ ᠪᠦᠲᠦᠮᠵᠢ ᠨᠢ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠬᠤ ᠬᠠᠨᠳᠤᠰᠢ ᠲᠠᠢ ᠪᠣᠯᠤᠭᠰᠠᠨ ᠪᠠᠶᠢᠨ᠎ᠠ᠃ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠪᠣᠯ ᠢᠮᠠᠭᠲᠠ ᠰᠤᠷᠭᠠᠭᠤᠯᠢ ᠶᠢᠨ | ᠬᠥᠭᠵᠢᠯᠲᠡ ᠶᠢᠨ ᠠᠮᠢᠨ ᠰᠤᠳᠠᠰᠤ ᠮᠥᠨ᠂ ᠰᠢᠯᠢᠳᠡᠭ ᠰᠤᠷᠭᠠᠨ ᠬᠥᠮᠦᠵᠢᠯ ᠤᠨ ᠲᠠᠪᠠᠯᠳᠠᠳᠤ ᠬᠥᠭᠵᠢᠯᠲᠡ ᠶᠢ | ᠪᠡᠶᠡᠯᠡᠭᠦᠯᠬᠦ ᠪᠣᠯ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠢᠮᠠᠭᠲᠠ ᠡᠷᠢᠯᠬᠢᠯᠡᠭᠰᠡᠭᠡᠷ | ᠢᠷᠡᠭᠰᠡᠨ ᠬᠠᠷᠠᠯᠲᠠ ᠮᠥᠨ᠃ | | | | | ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ︽ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠬᠤᠯᠪᠣᠭᠠᠲᠤ ᠰᠤᠷᠭᠠᠭᠤᠯᠢ︾ ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠠᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ︽ᠨᠡᠷᠡᠲᠦ ᠪᠠᠭᠰᠢ ᠶᠢᠨ ᠠᠵᠢᠯᠯᠠᠬᠤ ᠭᠠᠵᠠᠷ︾ ︽ᠵᠢᠭᠠᠨ ᠰᠤᠷᠭᠠᠯᠲᠠ ᠶᠢᠨ | ᠲᠤᠷᠰᠢᠯᠲᠠ ᠶᠢᠨ ᠰᠤᠷᠭᠠᠭᠤᠯᠢ︾ ︽ᠰᠢᠨᠵᠢᠯᠡᠭᠡᠨ ᠤ ᠰᠠᠭᠤᠷᠢᠨ ᠭᠠᠵᠠᠷ ᠤᠨ ᠰᠤᠷᠭᠠᠭᠤᠯᠢ︾ ᠶᠢ ᠡᠭᠦᠳᠦᠨ | ᠪᠠᠶᠢᠭᠤᠯᠬᠤ ᠠᠵᠢᠯ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠶᠢᠨ ᠯᠦᠩ ᠸᠠᠩ ᠮᠢᠶᠣᠣ ᠪᠠᠭ᠎ᠠ ᠰᠤᠷᠭᠠᠭᠤᠯᠢ᠂ | ᠨᠢᠦ ᠴᠢᠶᠣᠤ ᠵᠡᠭᠡᠯᠢ ᠶᠢᠨ ᠪᠠᠭ᠎ᠠ ᠰᠤᠷᠭᠠᠭᠤᠯᠢ ᠶᠢ ᠲᠤᠰ ᠲᠤᠰ ᠥᠪᠡᠷᠲᠡᠭᠡᠨ ᠵᠠᠰᠠᠬᠤ ᠣᠷᠣᠨ ᠪᠠ ᠪᠤᠭᠤᠲᠤ | ᠬᠤᠲᠠ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠰᠤᠷᠭᠠᠭᠤᠯᠢ ᠪᠠᠷ | ᠮᠠᠭᠠᠳᠯᠠᠨ ᠲᠣᠭᠲᠠᠭᠠᠵᠤ᠂ ᠪᠤᠭᠤᠲᠤ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠲᠡᠮᠦᠷ ᠵᠠᠮ ᠤᠨ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠬᠢᠴᠢᠶᠡᠯ ᠤᠨ ᠥᠭᠡᠷᠡᠴᠢᠯᠡᠯᠲᠡ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠵᠤ᠂ ᠰᠢᠨ᠎ᠡ ᠪᠠᠷ | ᠪᠠᠶᠢᠭᠤᠯᠤᠭᠰᠠᠨ ᠪᠧᠢ ᠯᠢᠶᠠᠩ ᠨᠢᠭᠡᠳᠦᠭᠡᠷ ᠪᠠᠭ᠎ᠠ ᠰᠤᠷᠭᠠᠭᠤᠯᠢ᠂ ᠪᠤᠭᠤᠲᠤ ᠬᠤᠲᠠ ᠶᠢᠨ ᠨᠢᠭᠡᠳᠦᠭᠡᠷ | ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠨᠣᠭᠤᠭᠠᠨ ᠭᠠᠵᠠᠷ ᠤᠨ ᠰᠤᠷᠭᠠᠭᠤᠯᠢ ᠶᠢᠨ ᠲᠣᠭᠤᠷᠢᠭ᠂ ᠹᠦ᠋ ᠱᠧᠩ | ᠶᠤᠸᠠᠨ ᠴᠡᠴᠡᠷᠯᠢᠭ ᠤᠨ ᠬᠡᠦᠬᠡᠳ ᠤᠨ ᠴᠡᠴᠡᠷᠯᠢᠭ ᠪᠠ ᠰᠢ ᠨᠣᠣ ᠪᠦᠦ ᠬᠡᠦᠬᠡᠳ ᠤᠨ ᠴᠡᠴᠡᠷᠯᠢᠭ ᠤᠨ ᠲᠥᠷᠥᠯ ᠵᠦᠢᠯ | ᠵᠡᠷᠭᠡ ᠨᠢᠭᠡ ᠪᠦᠯᠦᠭ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠣᠷᠣᠨ ᠤ ᠰᠢᠯᠢᠳᠡᠭ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠨ᠎ᠠ᠃ | | | | | ︽ᠲᠠᠷᠠᠭᠠᠴᠢ ᠶᠢᠨ ᠠᠯᠬᠤᠮ ᠳᠤ᠂ ᠪᠢᠳᠡ ᠪᠦᠯᠦᠭᠯᠡᠯ ᠤᠨ ᠳᠣᠲᠣᠷᠠᠬᠢ ᠣᠯᠠᠨ ᠰᠤᠷᠭᠠᠭᠤᠯᠢ ᠶᠢᠨ | ᠬᠠᠷᠠᠯᠲᠠ ᠶᠢ ᠠᠳᠠᠯᠢ ᠴᠢᠭᠯᠡᠯ ᠲᠠᠢ ᠪᠠᠶᠢᠯᠭᠠᠬᠤ᠂ ᠰᠣᠶᠣᠯ ᠢ ᠬᠠᠮᠲᠤ ᠳᠤᠨᠢ ᠪᠠᠶᠢᠭᠤᠯᠬᠤ᠂ ᠬᠠᠮᠢᠶᠠᠷᠤᠯᠲᠠ ᠶᠢ | ᠬᠠᠷᠢᠯᠴᠠᠨ ᠨᠡᠪᠲᠡᠷᠡᠯᠴᠡᠬᠦ᠂ ᠪᠠᠭᠰᠢ ᠶᠢ ᠬᠠᠮᠲᠤ ᠪᠠᠷ ᠲᠣᠬᠢᠷᠠᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ | ᠴᠢᠷᠮᠠᠶᠢᠨ ᠪᠡᠶᠡᠯᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠤᠯᠪᠣᠭ᠎ᠠ ᠵᠡᠷᠭᠡ ᠲᠠᠪᠴᠠᠩ ᠳᠤ | ᠲᠦᠰᠢᠭᠯᠡᠨ ᠨᠠᠩ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠳᠠᠭᠠᠭᠤᠯᠤᠭᠴᠢ ᠰᠤᠷᠭᠠᠭᠤᠯᠢ ᠶᠢ ᠪᠠᠶᠢᠭᠤᠯᠵᠤ᠂ | ᠪᠠᠭᠤᠷᠠᠢ ᠰᠤᠷᠭᠠᠭᠤᠯᠢ ᠶᠢᠨ ᠬᠥᠭᠵᠢᠯᠲᠡ ᠶᠢ ᠳᠠᠶᠢᠴᠢᠯᠠᠨ᠎ᠠ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ | ᠦᠢᠯᠡᠳᠦᠯᠭᠡ ᠶᠢᠨ ᠰᠠᠭᠤᠷᠢᠨ ᠭᠠᠵᠠᠷ ᠲᠤ ᠲᠦᠰᠢᠭᠯᠡᠨ᠂ ︿ᠭᠡᠷ ᠪᠦᠯᠢ ᠶᠢᠨ ᠰᠤᠷᠭᠠᠨ ᠬᠥᠮᠦᠵᠢᠯ ᠤᠨ ᠰᠣᠶᠣᠯ ᠤᠨ | ᠨᠠᠶᠢᠷ﹀᠂ ᠰᠤᠷᠭᠠᠭᠤᠯᠢ ᠶᠢᠨ ᠭᠠᠳᠠᠨᠠᠬᠢ ᠬᠥᠳᠡᠯᠮᠦᠷᠢ ᠶᠢᠨ ᠰᠤᠷᠭᠠᠨ ᠬᠥᠮᠦᠵᠢᠯ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠵᠢᠷᠭᠤᠭᠠᠨ ᠬᠡᠮᠵᠢᠯ ᠤᠨ | ︿ᠵᠣᠯ ᠵᠢᠷᠭᠠᠯᠲᠤ ᠭᠡᠷ ᠪᠦᠯᠢ﹀ ᠶᠢᠨ ᠬᠢᠴᠢᠶᠡᠯ ᠤᠨ ᠬᠡᠲᠦ ᠳᠡᠯᠭᠡᠭᠦᠷ ᠢ ᠪᠠᠶᠢᠭᠤᠯᠵᠤ᠂ ᠬᠢᠴᠢᠶᠡᠯ ᠤᠨ ᠭᠠᠳᠠᠨᠠᠬᠢ | ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠤᠷᠭᠠᠨ | ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠪᠣᠶ ᠪᠣᠯᠭᠠᠨ᠎ᠠ︾ ᠭᠡᠵᠦ ᠳ᠋ᠦᠩ ᠾᠧ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠦᠨ ᠬᠤᠸ ᠬᠡᠯᠡᠵᠡᠢ᠃ | ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ ᠪᠠᠭᠰᠢ ᠶᠢᠨ ᠬᠦᠴᠦᠨ ᠢ ᠳᠠᠪᠲᠠᠨ ᠪᠣᠯᠪᠠᠰᠤᠷᠠᠭᠤᠯᠤᠨ᠎ᠠ | ︽ᠭᠤᠣᠯᠯᠠᠭᠴᠢ ᠪᠠᠭᠰᠢ ᠶᠢᠨ ᠪᠣᠯᠪᠠᠰᠤᠷᠠᠯ ᠤᠨ ᠠᠩᠭᠢ ᠳᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠲᠠᠰ ᠤᠨ ᠲᠤᠰᠬᠠᠢ ᠮᠡᠷᠭᠡᠵᠢᠯᠲᠡᠳ ᠲᠠᠢ ᠰᠠᠨᠠᠯ ᠢᠶᠠᠨ ᠰᠣᠯᠢᠯᠴᠠᠬᠤ ᠪᠠᠷ ᠳᠡᠮᠵᠢᠨ᠂ ᠡᠩ ᠤᠨ ᠦᠶ᠎ᠡ ᠳᠤ | ᠲᠣᠬᠢᠶᠠᠯᠳᠤᠳᠠᠭ ᠵᠠᠷᠢᠮ ᠰᠡᠵᠢᠭᠯᠡᠯ ᠳᠤ ᠬᠠᠷᠢᠭᠤᠯᠲᠠ ᠣᠯᠣᠭᠰᠠᠨ ᠪᠥᠭᠡᠳ ᠲᠤᠰᠬᠠᠢ ᠮᠡᠷᠭᠡᠵᠢᠯᠲᠡᠳ ᠤᠨ | ᠲᠣᠳᠣᠷᠬᠠᠶᠢᠯᠠᠨ ᠥᠭᠦᠯᠡᠭᠰᠡᠨ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠨᠢ ᠨᠠᠳᠠ ᠳᠤ ᠮᠠᠰᠢ ᠶᠡᠭᠡ | ᠠᠰᠢᠭ ᠲᠤᠰᠠ ᠬᠦᠷᠲᠡᠭᠡᠭᠰᠡᠨ ᠶᠤᠮ︾ ᠭᠡᠵᠡᠢ᠃ ᠵᠢᠭᠠᠨ ᠰᠤᠷᠭᠠᠯᠲᠠ ᠶᠢᠨ ᠤᠷ᠎ᠠ ᠮᠡᠷᠭᠡᠵᠢᠯ ᠤᠨ ᠪᠣᠯᠪᠠᠰᠤᠷᠠᠯ ᠳᠤ | ᠰᠠᠶ᠋ᠢᠬᠠᠨ ᠣᠷᠣᠯᠴᠠᠭᠰᠠᠨ ᠪᠦᠦ ᠲᠢᠶᠸ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠬᠠᠨ ᠴᠦᠨ ᠶᠠᠨ ᠰᠡᠳᠬᠢᠯ | ᠬᠥᠳᠡᠯᠦᠨ ᠬᠡᠯᠡᠪᠡ᠃ | | | | | ᠰᠤᠷᠭᠠᠨ ᠬᠥᠮᠦᠵᠢᠯ ᠢ ᠬᠦᠴᠦᠷᠬᠡᠭᠵᠢᠭᠦᠯᠦᠶ᠎ᠡ ᠭᠡᠪᠡᠯ ᠤᠷᠢᠳᠠᠪᠠᠷ ᠪᠠᠭᠰᠢ ᠶᠢ ᠬᠦᠴᠦᠷᠬᠡᠭᠵᠢᠭᠦᠯᠦᠨ᠎ᠡ;ᠪᠤᠰᠤᠳ | ᠢ ᠬᠥᠮᠥᠵᠢᠭᠦᠯᠦᠶ᠎ᠡ ᠭᠡᠪᠡᠯ ᠥᠪᠡᠷ ᠢ ᠪᠠᠨ ᠤᠷᠢᠳᠠᠪᠠᠷ ᠬᠥᠮᠥᠵᠢᠭᠦᠯᠦᠨ᠎ᠡ᠃ᠰᠠᠶᠢᠨ ᠰᠤᠷᠭᠠᠨ ᠬᠥᠮᠦᠵᠢᠯ ᠨᠢ ᠰᠠᠶᠢᠨ | ᠪᠠᠭᠰᠢ ᠠᠴᠠ ᠰᠠᠯᠵᠤ ᠴᠢᠳᠠᠬᠤ ᠦᠭᠡᠢ᠂ ᠰᠢᠯᠢᠳᠡᠭ ᠪᠠᠭᠰᠢ ᠶᠢᠨ ᠡᠩᠨᠡᠭᠡ ᠪᠣᠯ ᠣᠳᠣᠬᠢᠴᠢᠯᠠᠭᠰᠠᠨ ᠰᠤᠷᠭᠠᠨ | ᠬᠥᠮᠦᠵᠢᠯ ᠤᠨ ᠥᠨᠳᠦᠷᠯᠢᠭ ᠢ ᠴᠣᠭᠴᠠᠯᠠᠬᠤ ᠶᠢᠨ ᠰᠠᠭᠤᠷᠢ ᠮᠥᠨ᠂ ᠨᠡᠩ ᠴᠤ ᠭᠡᠷ ᠤᠨ ᠡᠭᠦᠳᠡᠨ ᠳᠠᠬᠢ ᠰᠢᠯᠢᠳᠡᠭ | ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠬᠠᠮᠤᠭ ᠤᠨ ᠭᠢᠯᠠᠯᠵᠠᠮ᠎ᠠ ᠡᠯᠧᠮᠧᠨ᠋ᠲ ᠮᠥᠨ᠃ᠳ᠋ᠦᠩ ᠾᠧ | ᠲᠣᠭᠤᠷᠢᠭ ᠤᠨ ᠬᠢᠨ ᠣᠷᠣᠨ ᠤ ᠪᠠᠶᠢᠳᠠᠯ ᠤᠨ ᠪᠣᠳᠠᠲᠠᠢ ᠳᠤ ᠰᠠᠭᠤᠷᠢᠯᠠᠵᠤ᠂ ᠰᠢᠨ᠎ᠡ ᠴᠠᠭ ᠦᠶ᠎ᠡ ᠶᠢᠨ | ᠰᠤᠷᠭᠠᠭᠤᠯᠢ ᠶᠢᠨ ᠵᠠᠬᠢᠷᠤᠯ ᠪᠣᠯᠣᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠣᠯᠣᠨ ᠪᠣᠯᠪᠠᠰᠤᠷᠠᠯ ᠢ ᠴᠢᠩᠭᠠᠳᠬᠠᠵᠤ᠂ | ᠤᠯᠠᠨ ᠠᠷᠭ᠎ᠠ ᠵᠠᠮ ᠢᠶᠠᠷ ᠪᠠᠭᠰᠢ ᠶᠢᠨ ᠰᠤᠷᠤᠯᠴᠠᠯᠭ᠎ᠠ ᠪᠣᠯᠪᠠᠰᠤᠷᠠᠯ ᠪᠣᠯᠣᠨ ᠭᠠᠳᠠᠭᠰᠢ ᠭᠠᠷᠴᠤ ᠰᠣᠯᠢᠯᠴᠠᠭ᠎ᠠ | ᠬᠢᠬᠦ ᠶᠢ ᠲᠣᠬᠢᠷᠠᠭᠤᠯᠵᠤ᠂ ᠪᠠᠭᠰᠢ ᠶᠢᠨ ᠡᠩᠨᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢ ᠪᠣᠯᠣᠨ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠵᠢᠯᠲᠠᠨ᠂ ᠦᠷ᠎ᠡ ᠪᠦᠲᠦᠮᠵᠢ ᠪᠣᠯᠣᠨ ᠵᠢᠭᠠᠨ | ᠰᠤᠷᠭᠠᠯᠲᠠ ᠶᠢᠨ ᠶᠠᠰᠤ ᠴᠢᠨᠠᠷ ᠢ ᠬᠠᠮᠤᠭ ᠤᠨ ᠶᠡᠭᠡ ᠪᠣᠯᠭᠠᠨ᠎ᠠ᠃ | | | | | ᠰᠤᠷᠭᠠᠨ ᠬᠥᠮᠦᠵᠢᠯ ᠪᠣᠯ ᠦᠨᠳᠦᠰᠦᠲᠡᠨ ᠤ ᠬᠥᠭᠵᠢᠯ ᠮᠠᠨᠳᠤᠯ᠂ ᠨᠡᠶᠢᠭᠡᠮ ᠤᠨ ᠲᠠᠪᠰᠢᠯᠳᠠ ᠶᠢᠨ ᠴᠢᠬᠤᠯᠠ | ᠰᠠᠭᠤᠷᠢ ᠮᠥᠨ᠂ ᠴᠢᠳᠠᠪᠤᠷᠢᠲᠠᠨ ᠪᠣᠯ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠣᠷᠣᠨ ᠢᠶᠠᠨ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠪᠠᠲᠤᠯᠠᠭ᠎ᠠ ᠮᠥᠨ᠃ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ | ᠬᠢᠨ ᠰᠤᠷᠭᠠᠭᠤᠯᠢ ᠶᠢᠨ ᠵᠠᠬᠢᠷᠤᠯ ᠢ ᠲᠣᠮᠢᠯᠠᠨ ᠬᠡᠷᠡᠭᠯᠡᠬᠦ ᠪᠠ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠳᠤ ᠬᠠᠶᠢᠷ᠎ᠠ ᠰᠡᠳᠬᠢᠯᠭᠡ ᠲᠠᠢ᠂ ᠴᠢᠳᠠᠪᠤᠷᠢ ᠲᠠᠢ ᠰᠤᠷᠭᠠᠭᠤᠯᠢ ᠶᠢᠨ | ᠵᠠᠬᠢᠷᠤᠯ ᠪᠣᠯᠣᠨ ᠪᠠᠭᠰᠢ ᠶᠢ ᠬᠡᠷᠡᠭᠯᠡᠵᠦ᠂ ᠰᠤᠷᠭᠠᠭᠤᠯᠢ ᠶᠢᠨ ᠵᠠᠬᠢᠷᠤᠯ ᠤᠨ ᠪᠡᠯᠡᠳᠬᠡᠯ ᠴᠢᠳᠠᠪᠤᠷᠢᠲᠠᠨ ᠤ ᠬᠥᠮᠥᠷᠭᠡ ᠶᠢ | ᠪᠠᠶᠢᠭᠤᠯᠵᠤ᠂ ᠰᠤᠷᠭᠠᠭᠤᠯᠢ ᠶᠢᠨ ᠵᠠᠬᠢᠷᠤᠯ ᠤᠨ ᠪᠡᠯᠡᠳᠬᠡᠯ ᠡᠩᠨᠡᠭᠡ ᠶᠢ ᠨᠥᠭᠡᠴᠡᠯᠡᠵᠦ᠂ ︽ᠥᠷᠢᠰᠦᠯᠳᠦᠭᠡᠨ ᠢᠶᠠᠷ | ᠰᠢᠯᠢᠳᠡᠭ ᠢ ᠰᠣᠩᠭᠤᠬᠤ᠂ ᠮᠣᠷᠠᠯ ᠢ ᠴᠢᠬᠤᠯᠠᠴᠢᠯᠠᠵᠤ ᠴᠢᠳᠠᠪᠤᠷᠢᠲᠠᠨ ᠢ ᠴᠢᠬᠤᠯᠠᠴᠢᠯᠠᠬᠤ︾ᠵᠠᠷᠴᠢᠮ ᠶᠣᠰᠣᠭᠠᠷ | ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠵᠠᠯᠠᠭᠤ ᠺᠠᠳ᠋ᠷᠴᠤᠳ ᠢ | ᠬᠥᠮᠥᠵᠢᠭᠦᠯᠬᠦ ᠶᠢ ᠴᠢᠩᠭᠠᠳᠬᠠᠵᠠᠢ᠃ᠡᠭᠦᠨ ᠤ ᠬᠠᠮᠲᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠶᠠᠮᠤᠨ᠂ ᠮᠤᠵᠢ ᠶᠢᠨ ᠱᠠᠲᠤᠨ ᠤ ᠭᠤᠣᠯᠳᠠᠯᠭ᠎ᠠ ᠲᠠᠢ ᠪᠠᠭᠰᠢ ᠶᠢᠨ | ᠳᠡᠭᠡᠳᠦ ᠰᠤᠷᠭᠠᠭᠤᠯᠢ ᠳᠤ ᠬᠦᠷᠴᠦ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠢᠯᠡ ᠪᠠᠷ | ᠤᠷᠢᠬᠤ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠤᠨ ᠰᠣᠷᠣᠭᠴᠢ ᠡᠯᠰᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠪᠠᠭᠰᠢ ᠶᠢᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠴᠢᠳᠠᠪᠤᠷᠢᠲᠠᠨ ᠢ ᠣᠷᠣᠭᠤᠯᠤᠨ | ᠠᠪᠴᠢᠷᠠᠵᠤ᠂ ᠰᠡᠳᠬᠢᠯ ᠠᠭᠤᠵᠢᠷᠠᠲᠠᠯ᠎ᠠ ᠦᠯᠡᠳᠡᠭᠡᠵᠦ᠂ ᠠᠵᠢᠨᠠᠢ ᠬᠦᠯᠦᠭ ᠢ ᠥᠷᠢᠰᠦᠯᠳᠦᠭᠦᠯᠦᠨ ᠳᠠᠪᠬᠢᠭᠤᠯᠬᠤ | ᠠᠮᠢᠳᠤᠯᠢᠭ ᠪᠠᠶᠢᠳᠠᠯ ᠢ ᠪᠣᠶ ᠪᠣᠯᠭᠠᠨ᠎ᠠ᠃ | ᠦᠨᠳᠦᠰᠦ ᠪᠠᠨ ᠪᠠᠲᠤᠳᠬᠠᠵᠤ ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ ᠨᠠᠮ ᠤᠨ ᠪᠠᠶᠢᠭᠤᠯᠤᠯᠲᠠ ᠶᠢᠨ | ᠬᠥᠲᠥᠯᠥᠨ ᠳᠠᠭᠠᠭᠤᠯᠬᠤ | ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠣᠯ | ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠦᠨᠳᠦᠰᠦᠨ ᠪᠠᠲᠤᠯᠠᠭ᠎ᠠ ᠮᠥᠨ᠃ᠳ᠋ᠦᠩ ᠾᠧ ᠲᠣᠭᠤᠷᠢᠭ ᠤᠨ ᠬᠢᠨ | ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠴᠤᠭᠭᠠᠷ ᠠᠳᠬᠤᠨ ᠬᠠᠮᠲᠤᠪᠠᠷ ᠬᠠᠮᠢᠶᠠᠷᠬᠤ᠂ | ᠰᠠᠯᠠᠭ᠎ᠠ ᠮᠥᠴᠢᠷ ᠤᠳ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠤᠷᠭᠠᠨ ᠬᠥᠮᠦᠵᠢᠯ ᠤᠨ | ᠤᠳᠤᠷᠢᠳᠬᠤ ᠪᠠᠶᠢᠭᠤᠯᠤᠮᠵᠢ ᠶᠢ ᠨᠠᠶᠢᠳᠠᠪᠤᠷᠢᠵᠢᠭᠤᠯᠵᠤ᠂ ︽ᠭᠤᠣᠯᠳᠠᠯᠭ᠎ᠠ ᠶᠢᠨ ᠲᠣᠭᠤᠷᠢᠨ ᠳᠤ ᠨᠠᠮ ᠤᠨ | ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠰᠤᠷᠭᠠᠨ ᠬᠥᠮᠦᠵᠢᠯ ᠢ | ᠠᠬᠢᠭᠤᠯᠬᠤ︾ ᠰᠡᠳᠬᠢᠴᠡ ᠶᠢ ᠪᠠᠷᠢᠮᠲᠠᠯᠠᠵᠤ᠂ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠪᠠ ᠨᠠᠮ ᠤᠨ ᠪᠠᠶᠢᠭᠤᠯᠤᠯᠲᠠ ᠶᠢᠨ ᠨᠡᠷᠡᠲᠦ ᠲᠥᠷᠥᠯ ᠲᠡᠮᠳᠡᠭᠲᠦ ᠶᠢᠨ ᠵᠢᠱᠢᠶ᠎ᠡ | ᠦᠵᠡᠭᠦᠯᠵᠦ ᠳᠠᠶᠢᠴᠢᠯᠠᠬᠤ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠵᠤ᠂ ︽ᠨᠢᠭᠡ ᠰᠤᠷᠭᠠᠭᠤᠯᠢ ᠨᠢᠭᠡ | ᠲᠥᠷᠥᠯ ᠵᠦᠢᠯ ᠤᠨ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ | ᠪᠣᠶᠢᠵᠢᠭᠤᠯᠬᠤ ᠢᠨᠵᠧᠨᠧᠷᠢᠩ︾ ︽ᠨᠠᠮ ᠤᠨ ᠭᠡᠰᠢᠭᠦᠨ ᠨᠠᠷᠠᠲᠤ ᠪᠠᠭᠰᠢ ᠶᠢᠨ ᠢᠨᠵᠧᠨᠧᠷᠢᠩ︾ ︽ᠨᠠᠮ ᠤᠨ | ᠠᠵᠢᠯᠲᠠᠨ ᠢ ᠳᠡᠭᠡᠭᠰᠢᠯᠡᠭᠦᠯᠬᠦ ᠢᠨᠵᠧᠨᠧᠷᠢᠩ︾ ᠢ ᠬᠡᠷᠡᠭᠵᠢᠭᠦᠯᠵᠦ᠂ ᠪᠤᠭᠤᠲᠤ ᠶᠢᠨ ᠪᠠᠭᠰᠢ ᠶᠢᠨ ᠳᠡᠭᠡᠳᠦ | ᠰᠤᠷᠭᠠᠭᠤᠯᠢ᠂ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠂ ᠣᠷᠣᠨ ᠪᠦᠰᠡ ᠶᠢᠨ ᠰᠤᠷᠭᠠᠨ ᠬᠥᠮᠦᠵᠢᠯ ᠢ ᠲᠡᠩᠴᠡᠭᠦᠷᠢᠲᠡᠢ ᠪᠣᠯᠭᠠᠬᠤ᠂ ᠣᠳᠣᠬᠢᠴᠢᠯᠠᠬᠤ᠂ | ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠴᠢᠷᠮᠠᠶᠢᠨ ᠠᠬᠢᠭᠤᠯᠵᠤ᠂ ︽ | ᠰᠤᠷᠭᠠᠭᠤᠯᠢ ᠳᠤ ᠣᠷᠣᠬᠤ ᠳᠤ ᠠᠮᠠᠷ︾ ᠠᠴᠠ ︽ᠰᠤᠷᠭᠠᠭᠤᠯᠢ ᠳᠤ ᠣᠷᠣᠬᠤ ᠳᠤ ᠠᠮᠠᠷ︾ ᠪᠠᠶᠢᠭᠰᠠᠨ ᠠᠴᠠ ᠪᠠᠨ | ︽ᠰᠤᠷᠭᠠᠭᠤᠯᠢ ᠳᠤ ᠣᠷᠣᠬᠤ ᠳᠤ ᠰᠠᠶᠢᠨ︾ ᠪᠣᠯᠬᠤ ᠳᠠᠪᠠᠯᠲᠠ ᠶᠢᠨ ᠬᠠᠷᠠᠯᠲᠠ ᠶᠢ ᠪᠡᠶᠡᠯᠡᠭᠦᠯᠦᠨ᠎ᠡ᠃ | | | | | ︽ᠨᠠᠮ ᠤᠨ ᠭᠡᠰᠢᠭᠦᠨ ᠨᠡᠷᠡᠳᠦ ᠪᠠᠭᠰᠢ ᠶᠢᠨ ᠢᠨᠵᠧᠨᠧᠷᠢᠩ︾ ᠤᠨ ᠵᠢᠱᠢᠶ᠎ᠡ ᠦᠵᠡᠭᠦᠯᠬᠦ ᠬᠢᠴᠢᠶᠡᠯ ᠤᠨ | ᠲᠠᠩᠬᠢᠮ ᠳᠤ᠂ ᠪᠠᠭᠰᠢ ᠨᠠᠷ ᠭᠤᠶᠤ ᠰᠠᠶᠢᠬᠠᠨ ᠴᠡᠪᠡᠷ ᠲᠡᠭᠰᠢ ᠰᠠᠮᠪᠠᠷ᠎ᠠ ᠶᠢᠨ ᠪᠢᠴᠢᠭ᠂ ᠠᠮᠢᠳᠤ ᠴᠣᠪᠣᠭᠤᠯᠢᠭ ᠦᠭᠡ | ᠬᠡᠯᠡ᠂ ᠨᠠᠷᠢᠨ ᠨᠢᠮᠪᠠᠢ ᠬᠢᠴᠢᠶᠡᠯ ᠤᠨ ᠲᠠᠩᠬᠢᠮ ᠤᠨ ᠵᠢᠷᠤᠭ ᠲᠥᠯᠥᠪᠯᠡᠭᠡ ᠪᠠᠷ ᠢᠶᠠᠨ ᠬᠡᠦᠬᠡᠳ ᠤᠨ ᠰᠡᠳᠬᠢᠯ | ᠵᠢᠷᠦᠬᠡᠨ ᠳᠤ ᠭᠦᠨ ᠰᠠᠭᠤᠭᠳᠠᠯ ᠦᠯᠡᠳᠡᠭᠡᠵᠡᠢ᠃ᠲᠥᠪ ᠴᠢᠩᠭ᠎ᠠ ᠵᠢᠷᠤᠮᠵᠢᠭᠤᠨ ᠵᠢᠭᠠᠨ ᠰᠤᠷᠭᠠᠯᠲᠠ ᠶᠢᠨ | ᠦᠵᠡᠭᠦᠯᠦᠯᠭᠡ᠂ ᠦᠭᠡ ᠥᠭᠦᠯᠡᠪᠦᠷᠢ ᠶᠢᠨ ᠭᠤᠶᠤ ᠰᠠᠶᠢᠬᠠᠨ ᠲᠠᠶᠢᠯᠤᠮᠵᠢ᠂ ᠭᠤᠶᠢᠳᠠ ᠰᠠᠶᠢᠬᠠᠨ ᠬᠡᠷᠡᠭ ᠤᠨ | ᠵᠢᠱᠢᠶ᠎ᠡ ᠨᠦᠭᠦᠳ᠂ ᠭᠦᠢᠬᠡᠨ ᠠᠴᠠ ᠭᠦᠨ ᠲᠡᠰᠢ ᠨᠢᠭᠲᠠ ᠬᠤᠯᠪᠣᠯᠳᠤᠭᠰᠠᠨ ᠬᠢᠴᠢᠶᠡᠯ ᠤᠨ ᠲᠠᠩᠬᠢᠮ ᠨᠢ | ᠰᠤᠷᠤᠭᠴᠢᠳ ᠲᠤ ᠡᠯᠪᠡᠭ ᠪᠠᠶᠠᠯᠢᠭ ᠮᠡᠳᠡᠯᠭᠡ ᠶᠢᠨ ᠲᠠᠩᠰᠤᠭ ᠬᠤᠭᠤᠯᠠ ᠶᠢ ᠠᠪᠴᠢᠷᠠᠵᠤ ᠥᠭᠴᠡᠢ᠃ | | | | | | | | ᠭᠠᠵᠠᠷ ᠪᠣᠯᠭᠠᠨ ᠳᠤ ᠳᠡᠯᠭᠡᠷᠡᠭᠰᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ᠂ ᠤᠷ᠎ᠠ | ᠮᠡᠷᠭᠡᠵᠢᠯ ᠤᠨ ᠤᠷᠤᠯᠳᠤᠭᠠᠨ ᠢ ᠬᠥᠭᠵᠢᠶᠡᠨᠲᠡᠢ ᠶᠠᠪᠤᠭᠳᠠᠭᠤᠯᠤᠭᠰᠠᠨ ᠨᠢ ᠳ᠋ᠦᠩ ᠾᠧ ᠲᠣᠭᠤᠷᠢᠭ ᠤᠨ | ᠬᠢᠨ︽ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠭᠠᠭᠤᠯᠵᠤ᠂ ᠡᠪᠯᠡᠯ ᠤᠨ ᠪᠠᠶᠢᠭᠤᠯᠤᠯᠲᠠ ᠪᠠᠷ | ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ︾᠂︽ᠨᠠᠮ ᠤᠨ ᠪᠦᠯᠬᠦᠮ ᠨᠡᠶᠢᠲᠡ ᠶᠢ ᠨᠢᠭᠡ ᠴᠣᠭᠴᠠᠵᠢᠭᠤᠯᠬᠤ︾᠂︽ᠦᠵᠡᠯ | ᠰᠠᠨᠠᠭ᠎ᠠ ᠤᠯᠤᠰ ᠲᠦᠷᠦ ᠶᠢ ᠨᠢᠭᠡ ᠴᠣᠭᠴᠠᠵᠢᠭᠤᠯᠬᠤ︾ᠵᠠᠭᠪᠤᠷ ᠢ ᠡᠳᠦᠷ ᠳᠤᠳᠤᠮ ᠤᠨ ᠠᠵᠢᠯ ᠳᠤ | ᠠᠭᠤᠰᠤᠯᠴᠠᠭᠤᠯᠤᠭᠰᠠᠨ ᠤ ᠬᠤᠷᠢᠶᠠᠩᠭᠤᠢ ᠳᠦᠷᠰᠦ ᠪᠣᠯᠣᠨ᠎ᠠ᠃︽ᠵᠠᠯᠭᠠᠭᠠᠳ᠂ ᠪᠢᠳᠡ ᠨᠠᠮ ᠤᠨ ᠪᠠᠶᠢᠭᠤᠯᠤᠯᠲᠠ ᠶᠢᠨ | ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠭᠤᠣᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠩ ᠣᠯᠠᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠴᠤᠭ | ᠵᠢᠪᠬᠤᠭ᠎ᠠ ᠶᠢᠨ ᠦᠵᠡᠭᠦᠯᠦᠯᠭᠡ᠂ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠵᠡᠷᠭᠡ ᠠᠷᠭ᠎ᠠ ᠬᠡᠮᠵᠢᠶ᠎ᠡ ᠶᠢ | ᠪᠠᠶᠢᠭᠤᠯᠵᠤ᠂ ᠨᠢᠭᠡ ᠪᠦᠯᠦᠭ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂ ᠲᠤᠰᠬᠠᠢ ᠮᠡᠷᠭᠡᠵᠢᠯ ᠤᠨ | ᠪᠣᠯᠪᠠᠰᠤᠷᠠᠯ ᠢᠶᠠᠷ ᠥᠨᠳᠥᠷ᠂ ᠦᠢᠯᠡᠳᠦᠯᠭᠡ ᠶᠢᠨ ᠴᠢᠳᠠᠪᠤᠷᠢ ᠪᠠᠷ ᠴᠢᠩᠭ᠎ᠠ ᠨᠠᠮ ᠤᠨ ᠠᠵᠢᠯᠲᠠᠨ ᠢ ᠬᠥᠮᠥᠵᠢᠭᠦᠯᠵᠦ᠂ | ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ | ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︾ ᠭᠡᠵᠡᠢ᠃ ᠭᠡᠵᠦ ᠳ᠋ᠦᠩ | ᠾᠧ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠮᠣᠣ ᠬᠦᠢ ᠹᠥ᠋ᠩ ᠬᠡᠯᠡᠪᠡ᠃ | | | | | ᠰᠠᠯᠬᠢ ᠬᠦᠯᠦᠭᠯᠡᠨ ᠳᠠᠪᠠᠯᠭᠠᠨ ᠢ ᠵᠦᠰᠦᠨ ᠤᠷᠤᠭᠰᠢᠯᠠᠬᠤ ᠴᠠᠭ ᠲᠣᠬᠢᠶᠠᠯ ᠢ ᠠᠮᠵᠢᠵᠤ᠂ ᠡᠭᠦᠯᠡᠨ | ᠳᠠᠷᠪᠠᠭᠤᠯ ᠢ ᠡᠭᠴᠡ ᠡᠯᠭᠦᠵᠦ ᠨᠡᠯᠦᠭᠡᠷ ᠲᠠᠯᠠᠢ ᠶᠢ ᠭᠡᠲᠦᠯᠦᠨ᠎ᠡ᠃ᠳᠠᠷᠠᠭᠠᠴᠢ ᠶᠢᠨ ᠠᠯᠬᠤᠮ ᠳᠤ᠂ ᠳ᠋ᠦᠩ ᠡᡁᠸ ᠶᠢᠨ | ᠰᠤᠷᠭᠠᠨ ᠬᠥᠮᠦᠵᠢᠯ ᠨᠢ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠦᠷᠭᠦᠯᠵᠢᠯᠡᠨ ᠨᠠᠶᠢᠳᠠᠪᠤᠷᠢᠵᠢᠭᠤᠯᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠨᠠᠷᠢᠨ ᠨᠢᠮᠪᠠᠢ ᠠᠷᠠᠴᠢᠯᠠᠵᠤ᠂ | ᠦᠨᠡᠨ ᠢ ᠪᠠᠷᠢᠮᠲᠠᠯᠠᠨ ᠰᠢᠨ᠎ᠡ ᠶᠢ ᠡᠭᠦᠳᠴᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠰᠢᠨ᠎ᠡ ᠠᠮᠢ ᠠᠬᠤᠢ ᠶᠢ | ᠡᠭᠦᠳᠴᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠥᠮ ᠢ ᠪᠦᠬᠦ ᠲᠠᠯ᠎ᠠ ᠪᠠᠷ ᠪᠠᠶᠢᠭᠤᠯᠵᠤ᠂ ᠪᠤᠭᠤᠲᠤ | ᠬᠤᠳᠠ ᠶᠢᠨ ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ | ᠬᠤᠳᠠ ᠶᠢ ᠪᠠᠶᠢᠭᠤᠯᠬᠤ ᠳᠤ ᠳ᠋ᠦᠩ ᠡᡁᠸ ᠶᠢᠨ ᠬᠦᠴᠦᠨ ᠴᠢᠳᠠᠯ ᠢ ᠨᠡᠮᠡᠷᠢᠯᠡᠨ᠎ᠡ᠃ |