ᠣᠶᠢᠷ᠎ᠠ ᠶᠢᠨ ᠵᠢᠯ ᠤᠳ ᠲᠤ᠂ ᠳ᠋ᠦᠩ ᠾᠧ ᠲᠣᠭᠤᠷᠢᠭ ᠤᠨ ᠬᠢᠨ ᠦᠨᠳᠦᠰᠦᠨ ᠱᠠᠲᠤ ᠶᠢ ᠴᠢᠩᠭ᠎ᠠ | ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ | ᠲᠣᠣᠷ ᠢ ᠪᠠᠲᠤ ᠪᠠᠬᠢ ᠨᠢᠭᠲᠠ ᠰᠦᠯᠵᠢᠵᠦ᠂ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠨᠠᠮ ᠤᠨ ᠪᠠᠶᠢᠭᠤᠯᠤᠯᠲᠠ ᠶᠢᠨ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ | ᠱᠠᠲᠤᠨ ᠤ ᠵᠠᠰᠠᠯᠲᠠ᠂ ᠨᠡᠶᠢᠭᠡᠮ ᠤᠨ ᠦᠢᠯᠡᠴᠢᠯᠡᠭᠡ ᠲᠠᠢ ᠭᠦᠨᠵᠡᠭᠡᠢ ᠠᠭᠤᠰᠤᠯᠴᠠᠭᠤᠯᠵᠤ᠂ ᠪᠦᠬᠦ ᠣᠷᠣᠨ ᠤ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠳᠠᠪᠰᠢᠭᠤᠯᠬᠤ᠂ ᠪᠦᠬᠦ ᠲᠠᠯ᠎ᠠ ᠪᠠᠷ | ᠰᠢᠯᠭᠠᠷᠠᠭᠤᠯᠬᠤ ᠶᠢ ᠠᠬᠢᠭᠤᠯᠵᠤ᠂ ᠳ᠋ᠦᠩ ᠡᡁᠸ ᠭᠤᠣᠯ ᠤᠨ ᠰᠦᠷ ᠵᠢᠪᠬᠤᠭ᠎ᠠ ᠶᠢ ᠲᠠᠬᠢᠨ ᠮᠠᠨᠳᠤᠭᠤᠯᠬᠤ᠂ | ᠥᠩᠭᠡᠷᠡᠭᠰᠡᠨ ᠤ ᠬᠥᠭᠵᠢᠯ ᠪᠠᠳᠠᠷᠠᠯ ᠢ ᠲᠠᠬᠢᠨ ᠢᠯᠡᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠳ᠋ᠦᠩ ᠡᡁᠸ ᠭᠤᠣᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | | | | | ᠬᠡᠶᠢᠰᠪᠦᠷᠢ ᠶᠠᠭᠤᠮ᠎ᠠ ᠶᠢ ᠪᠣᠳᠠᠲᠤ ᠶᠠᠭᠤᠮ᠎ᠠ ᠪᠣᠯᠭᠠᠬᠤ | ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ︽ᠬᠠᠲᠠᠭᠤ ᠪᠠᠷᠢᠮᠵᠢᠶ᠎ᠠ︾ ᠶᠢ ᠲᠣᠭᠲᠠᠭᠠᠵᠠᠢ | ︽ᠡᠶᠢᠮᠦᠷᠬᠦ ᠨᠢᠭᠡ ᠨᠢᠭᠡ ᠶᠢᠨ ᠬᠡᠯᠪᠡᠷᠢ ᠶᠢᠨ ᠰᠤᠳᠠᠯ ᠢ ᠠᠳᠬᠤᠨ ᠣᠨᠣᠰᠢᠯᠠᠬᠤ ᠨᠢ ᠮᠠᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠠᠰᠠᠭᠤᠳᠠᠯ ᠴᠣᠬᠤᠮ ᠬᠠᠮᠢᠭ᠎ᠠ ᠭᠠᠷᠤᠭᠰᠠᠨ ᠢ ᠨᠡᠩ ᠲᠣᠳᠣᠷᠬᠠᠢ | ᠲᠠᠨᠢᠭᠤᠯᠤᠭᠰᠠᠨ ᠢᠶᠠᠷ ᠪᠠᠷᠠᠬᠤ ᠦᠭᠡᠢ᠂ ᠨᠠᠷᠢᠨ ᠪᠣᠳᠠᠲᠠᠢ ᠠᠭᠤᠯᠭ᠎ᠠ ᠲᠠᠢ ᠪᠡᠶ᠎ᠡ ᠶᠢᠨ ᠪᠠᠶᠢᠴᠠᠭᠠᠯᠲᠠ ᠶᠢᠨ | ᠮᠡᠳᠡᠭᠦᠯᠦᠯᠲᠡ ᠨᠢ ᠴᠦ ᠪᠢᠳᠡᠨ ᠳᠤ ᠳᠠᠷᠠᠭᠠᠴᠢ ᠶᠢᠨ ᠠᠯᠬᠤᠮ ᠤᠨ ᠳᠡᠭᠡᠭᠰᠢᠯᠡᠭᠦᠯᠬᠦ ᠴᠢᠭᠯᠡᠯ ᠢ ᠲᠣᠳᠣᠷᠬᠠᠢ ᠵᠢᠭᠠᠨ | ᠥᠭᠴᠦ᠂ ᠮᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠠᠴᠠ ᠤᠯᠠᠮ ᠰᠠᠶᠢᠨ ᠬᠢᠬᠦ ᠪᠣᠯᠭᠠᠵᠠᠢ︾᠃ | ᠣᠶᠢᠷ᠎ᠠ ᠳᠤ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠴᠧᠨ ᠵᠢᠩ | ᠹᠧᠩ ᠨᠠᠮ ᠤᠨ ᠡᠭᠦᠷ ᠤᠨ ︽ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ ᠣᠯᠵᠤ᠂ ᠠᠰᠠᠭᠤᠳᠠᠯ ᠢ ᠨᠠᠷᠢᠨ | ᠬᠢᠨᠠᠮᠠᠭᠠᠢ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠢ ᠲᠣᠭᠲᠠᠭᠠᠵᠤ ᠪᠠᠶᠢᠨ᠎ᠠ᠃ | | ᠦᠨᠳᠦᠰᠦᠨ ᠱᠠᠲᠤᠨ ᠤ ᠨᠠᠮ ᠤᠨ ᠡᠭᠦᠷ ᠲᠤ ᠣᠷᠣᠰᠢᠵᠤ ᠪᠠᠶᠢᠭ᠎ᠠ ᠪᠠᠭ ᠤᠨ ᠪᠠᠶᠢᠭᠤᠯᠤᠯᠲᠠ᠂ ᠣᠯᠠᠨ | ᠲᠦᠮᠡᠨ ᠳᠤ ᠦᠢᠯᠡᠴᠢᠯᠡᠬᠦ ᠵᠡᠷᠭᠡ ᠪᠠᠭᠤᠷᠠᠢ ᠠᠰᠠᠭᠤᠳᠠᠯ ᠳᠤ ᠴᠢᠭᠯᠡᠭᠦᠯᠦᠨ᠂ ᠳ᠋ᠦᠩ ᠾᠧ ᠲᠣᠭᠤᠷᠢᠭ ᠤᠨ ᠬᠢᠨ | ᠨᠠᠮ ᠤᠨ ᠡᠭᠦᠷ ᠤᠨ ︽ᠡᠷᠡᠭᠦᠯ ᠮᠡᠨᠳᠦ ᠶᠢᠨ ᠪᠠᠶᠢᠴᠠᠭᠠᠯᠲᠠ︾ ᠶᠢᠨ ᠲᠥᠷᠥᠯ ᠵᠦᠢᠯ ᠢ ᠶᠡᠭᠡ ᠪᠠᠷ ᠬᠡᠷᠡᠭᠵᠢᠭᠦᠯᠵᠦ᠂ | ᠪᠥᠬᠦ ᠣᠷᠣᠨ ᠤ ᠨᠠᠮ ᠤᠨ ᠡᠭᠦᠷ ᠢ ᠵᠣᠬᠢᠶᠠᠨ ᠪᠠᠶᠢᠭᠤᠯᠤᠨ ︽ᠪᠡᠶ᠎ᠡ ᠶᠢᠨ ᠪᠠᠶᠢᠴᠠᠭᠠᠯᠲᠠ ᠶᠢᠨ ᠨᠠᠷᠢᠨ ᠲᠠᠩᠰᠠ︾ | ᠲᠠᠢ ᠬᠠᠷᠢᠴᠠᠭᠤᠯᠤᠨ ᠨᠠᠮ ᠤᠨ ᠡᠭᠦᠷ ᠤᠨ ᠥᠪᠡᠷ ᠤᠨ ᠪᠠᠶᠢᠴᠠᠭᠠᠯᠲᠠ᠂ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠬᠢᠨ ᠪᠠᠶᠢᠴᠠᠭᠠᠯᠲᠠ᠂ ᠰᠣᠯᠪᠢᠴᠠᠨ ᠬᠠᠷᠢᠯᠴᠠᠨ ᠪᠠᠶᠢᠴᠠᠭᠠᠯᠲᠠ ᠬᠢᠬᠦ ᠭᠤᠷᠪᠠᠨ ᠵᠦᠢᠯ ᠤᠨ | ᠬᠡᠯᠪᠡᠷᠢ ᠶᠢᠨ ︽ᠪᠡᠶ᠎ᠡ ᠶᠢᠨ ᠪᠠᠶᠢᠴᠠᠭᠠᠯᠲᠠ︾ ᠳᠤ ᠣᠷᠣᠯᠴᠠᠭᠤᠯᠵᠤ᠂ ᠡᠪᠡᠳᠴᠢᠨ ᠤ ᠪᠠᠶᠢᠳᠠᠯ ᠢ ᠦᠨᠡᠨ ᠬᠦ | ᠣᠨᠣᠪᠴᠢᠲᠠᠶ ᠡᠷᠢᠵᠦ ᠣᠯᠬᠤ ᠶᠢᠨ ᠬᠠᠮᠲᠤ ︽ᠪᠡᠶ᠎ᠡ ᠶᠢᠨ ᠪᠠᠶᠢᠴᠠᠭᠠᠯᠲᠠ︾ ᠶᠢᠨ ᠪᠠᠶᠢᠳᠠᠯ ᠢ ᠦᠨᠳᠦᠰᠦᠯᠡᠨ ᠡᠯ᠎ᠡ | ᠨᠠᠮ ᠤᠨ ᠡᠭᠦᠷ ᠲᠤ ᠲᠤᠰᠬᠠᠢ ︽ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︾ ᠭᠠᠷᠭᠠᠵᠤ᠂ ᠡᠭᠦᠨ ᠤ | ᠤᠯᠠᠮ ᠢᠶᠠᠷ ︽ᠡᠪᠡᠳᠴᠢᠨ ᠳᠤᠨᠢ ᠲᠠᠭᠠᠷᠠᠭᠤᠯᠤᠨ ᠡᠮ ᠥᠭᠴᠦ︾᠂ ᠶᠡᠷᠦᠩᠬᠡᠶᠢᠯᠡᠭᠰᠡᠨ᠂ ᠪᠥᠬᠦ ᠲᠠᠯ᠎ᠠ ᠶᠢᠨ᠂ | ᠪᠦᠷᠢᠨ ᠲᠡᠭᠦᠯᠳᠡᠷ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠪᠠᠶᠢᠭᠤᠯᠵᠤ᠂ ᠨᠠᠮ ᠢ ᠴᠢᠩᠭ᠎ᠠ ᠵᠠᠰᠠᠬᠤ | ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ | | | | ᠨᠠᠮ ᠤᠨ ᠡᠭᠦᠷ ᠤᠨ ᠣᠯᠣᠭᠰᠠᠨ ᠠᠳᠠᠯᠢ ᠪᠤᠰᠤ︽ᠡᠪᠡᠳᠴᠢᠨ︾ ᠤ ᠪᠠᠶᠢᠳᠠᠯ ᠢ ᠦᠨᠳᠦᠰᠦᠯᠡᠵᠦ᠂ ᠣᠷᠣᠨ ᠤ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︽ᠨᠢᠭᠡ ᠡᠪᠡᠳᠴᠢᠨ ᠳᠤ ᠨᠢᠭᠡ ᠠᠷᠭ᠎ᠠ ᠪᠣᠳᠣᠯᠭ᠎ᠠ︾᠂︽ᠲᠦᠷᠦᠯ | ᠬᠤᠪᠢᠶᠠᠨ ᠵᠣᠷ ᠭᠠᠷᠭᠠᠬᠤ︾ ᠶᠢ ᠪᠠᠷᠢᠮᠲᠠᠯᠠᠵᠤ᠂ ︽ᠡᠷᠡᠭᠦᠯ ᠪᠤᠰᠤ ᠬᠡᠯᠪᠡᠷᠢ︾ ᠶᠢᠨ ᠨᠠᠮ ᠤᠨ ᠡᠭᠦᠷ ᠲᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠶᠢᠨ ᠬᠠᠮᠲᠤ ᠪᠦᠬᠦ ᠣᠷᠣᠨ ᠳᠤ ᠵᠠᠷᠯᠠᠨ | ᠮᠡᠳᠡᠭᠳᠡᠵᠦ᠂ ᠱᠦᠵᠢ ᠶᠢᠨ ᠨᠠᠮ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭ᠎ᠠ ᠶᠢ ᠠᠳᠬᠤᠬᠤ ᠶᠢ ᠪᠦᠬᠦ | ᠬᠡᠯᠬᠢᠶ᠎ᠡ᠂ ᠪᠦᠬᠦ ᠶᠠᠪᠤᠴᠠ᠂ ᠪᠦᠬᠦᠨ ᠢ ᠪᠦᠷᠬᠦᠭᠦᠯᠦᠨ᠎ᠡ︔ᠪᠠᠶᠢᠩᠭᠤᠵᠢᠭᠤᠯᠤᠭᠰᠠᠨ ᠰᠢᠪᠠᠳᠠᠨ ᠨᠠᠶᠢᠳᠠᠪᠤᠷᠢᠵᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠢ | ᠦᠨᠳᠦᠰᠦᠯᠡᠨ ᠨᠠᠷᠢᠯᠢᠭ ᠣᠨᠣᠴᠠᠲᠠᠢ ᠪᠠᠷ ︽ᠰᠤᠳᠠᠯ ᠪᠠᠷᠢᠵᠤ ᠠᠰᠠᠭᠤᠵᠤ︾᠂ ᠨᠠᠮ ᠤᠨ ᠪᠠᠶᠢᠭᠤᠯᠤᠯᠲᠠ ᠶᠢᠨ | ᠠᠵᠢᠯ ᠤᠨ ᠭᠤᠣᠯᠳᠠᠯᠭ᠎ᠠ ᠶᠢ ᠲᠣᠳᠣᠷᠬᠠᠢ ᠪᠣᠯᠭᠠᠨ᠎ᠠ᠃ᠡᠭᠦᠨ ᠤ ᠬᠠᠮᠲᠤ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ | ᠲᠥᠯᠥᠪᠯᠡᠭᠡ ᠲᠠᠢ᠂ ᠲᠥᠷᠥᠯ ᠬᠤᠪᠢᠶᠠᠨ᠂ ᠪᠥᠬᠦ ᠲᠠᠯ᠎ᠠ ᠪᠠᠷ ᠰᠢᠪᠠᠳᠠᠨ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠪᠡ᠃ | ᠡᠭᠦᠨ ᠤ ᠰᠠᠭᠤᠷᠢᠨ ᠳᠡᠭᠡᠷ᠎ᠡ᠂ ᠵᠢᠯ ᠳᠤ ᠨᠢᠭᠡ ᠤᠳᠠᠭ᠎ᠠ ᠶᠠᠪᠤᠭᠳᠠᠳᠠᠭ ᠱᠦᠵᠢ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢ ᠠᠳᠬᠤᠵᠤ ᠲᠤᠰᠢᠶᠠᠯ ᠤᠨ ᠮᠡᠳᠡᠭᠦᠯᠦᠯᠲᠡ ᠬᠢᠵᠦ ᠬᠢᠨᠠᠨ | ᠰᠢᠯᠭᠠᠬᠤ︽ᠲᠤᠭᠰᠢᠨ ᠡᠮ︾ ᠋ ᠢ ᠰᠠᠶᠢᠲᠤᠷ ᠬᠡᠷᠡᠭᠯᠡᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ︽ᠪᠠᠶᠢᠷᠢ ᠰᠠᠭᠤᠷᠢ︾︽ᠨᠢᠭᠤᠷ ᠲᠠᠯ᠎ᠠ︾ ᠲᠠᠢ ᠬᠤᠯᠪᠣᠵᠤ᠂ ᠨᠠᠮ ᠤᠨ | ᠪᠠᠶᠢᠭᠤᠯᠤᠯᠲᠠ ᠶᠢ ᠰᠠᠶᠢᠲᠤᠷ ᠠᠳᠬᠤᠭᠰᠠᠨ ᠺᠠᠳ᠋ᠷ ᠲᠤ ᠦᠨᠡᠨ ᠪᠣᠳᠠᠲᠠᠢ ᠠᠰᠢᠭ ᠬᠦᠷᠲᠡᠭᠡᠵᠦ᠂ ᠨᠠᠮ ᠤᠨ | ᠪᠠᠶᠢᠭᠤᠯᠤᠯᠲᠠ ᠶᠢ ᠰᠠᠶᠢᠲᠤᠷ ᠠᠳᠬᠤᠭᠰᠠᠨ ᠦᠭᠡᠢ ᠺᠠᠳ᠋ᠷ ᠲᠤ ᠦᠨᠡᠨ ᠪᠣᠳᠠᠲᠠᠢ ᠵᠠᠯᠬᠠᠭᠠᠯ ᠬᠦᠷᠲᠡᠭᠡᠵᠦ᠂ ᠪᠣᠳᠠᠲᠠᠢ | ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ︽ᠴᠤᠯᠪᠤᠷᠲᠤ ᠵᠢᠭᠠᠰᠤᠨ ᠤ ᠦᠢᠯᠡᠳᠦᠯ︾ ᠢ ᠬᠥᠭᠵᠢᠭᠡᠬᠦ ᠬᠡᠷᠡᠭᠲᠡᠢ᠃ | ᠤᠨᠢᠨ ᠳᠡᠭᠡᠷ᠎ᠡ ᠨᠢ ᠳᠤᠰᠤᠯᠭᠠᠨ ᠤᠰᠤᠯᠠᠬᠤ | ᠠᠵᠢᠯ ᠬᠢᠵᠦ ᠦᠢᠯᠡᠰ ᠪᠣᠰᠬᠠᠬᠤ ︽ᠭᠤᠣᠯ ᠬᠦᠴᠦᠨ︾ ᠢ ᠳᠠᠪᠲᠠᠨ ᠪᠣᠯᠪᠠᠰᠤᠷᠠᠭᠤᠯᠤᠨ᠎ᠠ | ᠭᠠᠯᠲᠤ ᠲᠡᠷᠭᠡᠨ ᠤ ᠲᠦᠷᠭᠡᠨ ᠳᠠᠪᠬᠢᠬᠤ ᠳᠤ ᠲᠡᠷᠭᠡᠨ ᠤ ᠲᠣᠯᠣᠭᠠᠢ ᠳᠤ ᠯᠠ ᠲᠦᠰᠢᠭᠯᠡᠨ᠎ᠡ᠃ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠲᠦᠷᠭᠡᠨ ᠬᠢᠬᠦ ᠳᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠡᠩ ᠴᠢᠬᠤᠯᠠ ᠪᠠᠶᠢᠳᠠᠭ᠃ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠪᠣᠯᠤᠭᠰᠠᠨ ᠤ | ᠬᠤᠪᠢ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯ︽ᠳᠠᠭᠠᠭᠤᠯᠤᠭᠴᠢ | ᠭᠠᠯᠠᠭᠤ︾᠂︽ᠪᠤᠬ᠎ᠠ ᠲᠡᠷᠭᠡ︾ᠪᠣᠯᠣᠨ᠎ᠠ᠂ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠣᠬᠢᠷᠠᠭᠤᠯᠵᠤ ᠴᠢᠳᠠᠬᠤ | ᠡᠰᠡᠬᠦ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ | ᠦᠢᠯᠡᠳᠦᠯ ᠢ ᠪᠦᠲᠦᠮᠵᠢᠲᠡᠢ ᠪᠠᠳᠠᠷᠠᠭᠤᠯᠵᠤ ᠴᠢᠳᠠᠬᠤ ᠡᠰᠡᠬᠦ ᠲᠠᠢ ᠰᠢᠭᠤᠳ ᠬᠤᠯᠪᠣᠭᠳᠠᠨ᠎ᠠ᠃ | ᠳ᠋ᠦᠩ ᠾᠧ ᠲᠣᠭᠤᠷᠢᠭ ᠤᠨ ᠬᠢᠨ ︽ᠪᠣᠳᠠᠲᠠᠢ᠂ ᠪᠣᠳᠠᠲᠤ ᠬᠡᠷᠡᠭᠴᠡᠭᠡ ᠲᠠᠢ᠂ ᠪᠣᠳᠠᠲᠤ ᠦᠷ᠎ᠡ ᠪᠦᠲᠦᠮᠵᠢ ᠲᠠᠢ | ᠪᠠᠶᠢᠬᠤ︾ᠪᠠ︽ᠶᠠᠭᠤ ᠬᠢᠪᠡᠯ ᠶᠠᠭᠤ ᠶᠢ ᠰᠤᠷᠬᠤ᠂ ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ︾ᠵᠠᠷᠴᠢᠮ ᠶᠣᠰᠣᠭᠠᠷ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ︽ᠲᠦᠷᠦᠭᠦᠦ ᠭᠠᠯᠠᠭᠤ ᠵᠠᠮᠴᠢᠯᠠᠬᠤ︾ | ᠲᠤᠰᠬᠠᠢ ᠪᠣᠯᠪᠠᠰᠤᠷᠠᠯ ᠤᠨ ᠢᠨᠵᠧᠨᠧᠷᠢᠩ ᠢ ᠬᠦᠷᠢᠶ᠎ᠡ ᠬᠤᠪᠢᠶᠠᠨ ᠬᠡᠷᠡᠭᠵᠢᠭᠦᠯᠵᠦ᠂ ᠰᠠᠶᠢᠨ ᠬᠥᠮᠥᠵᠢᠭᠦᠯᠵᠦ | ᠬᠦᠴᠦᠷᠬᠡᠭᠵᠢᠭᠦᠯᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠭᠤᠯᠵᠤ᠂ ︽ᠲᠦᠷᠦᠭᠦᠦ ᠭᠠᠯᠠᠭᠤ ᠵᠠᠮᠴᠢᠯᠠᠬᠤ᠂ | ᠬᠦᠴᠦᠷᠬᠡᠭ ᠭᠠᠯᠠᠭᠤ ᠳᠠᠶᠢᠴᠢᠯᠠᠬᠤ᠂ ᠭᠠᠯᠠᠭᠤ ᠶᠢᠨ ᠵᠢᠭᠰᠠᠭᠠᠯ ᠵᠡᠷᠭᠡᠪᠡᠷ ᠨᠢᠰᠬᠦ︾ᠰᠠᠶᠢᠨ ᠰᠠᠶᠢᠬᠠᠨ ᠪᠠᠶᠢᠳᠠᠯ ᠢ ᠪᠤᠢ | ᠪᠣᠯᠭᠠᠬᠤ ᠶᠢ ᠠᠬᠢᠭᠤᠯᠪᠠ᠃ | | | | ᠳ᠋ᠦᠩ ᠾᠧ ᠲᠣᠭᠤᠷᠢᠭ ᠤᠨ︽ᠬᠤᠪᠢᠰᠬᠠᠯ ᠤᠨ ᠤᠶᠤᠨ ᠤ ᠬᠢᠴᠢᠶᠡᠯ ᠤᠨ ᠲᠠᠩᠬᠢᠮ︾ ᠳᠤ᠂ ᠡᠯ᠎ᠡ ᠵᠡᠭᠡᠯᠢ | ᠪᠠᠯᠭᠠᠰᠤ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ ᠵᠢᠴᠢ | ᠲᠣᠰᠬᠤᠨ ᠨᠡᠶᠢᠭᠡᠮ ᠲᠣᠭᠤᠷᠢᠭ ᠤᠨ ᠱᠦᠵᠢ ᠨᠠᠷᠢᠨ ᠬᠢᠨᠠᠮᠠᠭᠠᠢ ᠰᠤᠷᠤᠯᠴᠠᠵᠤ᠂ ᠴᠠᠬᠢᠯᠭᠠᠨ ᠴᠡᠨᠡᠭᠯᠡᠵᠦ ᠡᠨᠧᠷᠭᠢ | ᠬᠤᠷᠠᠮᠳᠤᠭᠤᠯᠵᠤ᠂ ᠬᠢᠴᠢᠶᠡᠯ ᠤᠨ ᠳᠠᠷᠠᠭ᠎ᠠ ᠬᠠᠮᠲᠤᠪᠠᠷ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠵᠤ᠂ ᠬᠠᠷᠢᠯᠴᠠᠨ | ᠠᠰᠢᠭᠲᠠᠢ ᠲᠤᠷᠰᠢᠯᠭ᠎ᠠ ᠪᠠᠷ ᠲᠣᠯᠢ ᠪᠣᠯᠭᠠᠵᠤ᠂ ᠳᠠᠷᠠᠭᠠᠴᠢ ᠶᠢᠨ ᠥᠷᠨᠢᠭᠦᠯᠬᠦ ᠭᠡᠵᠦ ᠪᠠᠶᠢᠭ᠎ᠠ ᠨᠠᠮ ᠤᠨ | ᠪᠠᠶᠢᠭᠤᠯᠤᠯᠲᠠ ᠶᠢᠨ ᠠᠵᠢᠯ ᠳᠤ ᠢᠲᠡᠭᠡᠯ ᠳᠦᠭᠦᠷᠡᠩ ᠪᠠᠶᠢᠨ᠎ᠠ︔ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠭᠠᠭᠤᠯᠤᠭᠴᠢ ᠶᠢᠨ ᠴᠣᠭᠴᠠᠯᠠᠭᠰᠠᠨ︽ᠵᠡᠪᠰᠡᠭ ᠤᠨ ᠮᠥᠷᠥᠶᠢᠴᠡᠭᠡᠨ ᠤ ᠲᠠᠪᠴᠠᠩ︾ ᠳᠤ | ᠠᠯᠬᠤᠨ ᠣᠷᠣᠬᠤ ᠳᠤ᠂ ᠡᠯ᠎ᠡ ᠵᠡᠭᠡᠯᠢ ᠪᠠᠯᠭᠠᠰᠤ᠂ ᠲᠣᠰᠬᠤᠨ ᠨᠡᠶᠢᠭᠡᠮ ᠲᠣᠭᠤᠷᠢᠭ ᠤᠨ ᠱᠦᠵᠢ ᠨᠠᠷ ᠣᠷᠭᠢᠯᠤᠮ᠎ᠠ | ᠬᠠᠯᠠᠭᠤᠨ ᠰᠡᠳᠬᠢᠯᠭᠡ ᠲᠠᠢ ᠪᠠᠶᠢᠵᠤ᠂ ᠡᠷᠴᠢ ᠵᠣᠷᠢᠭ ᠲᠡᠭᠦᠯᠳᠡᠷ ᠪᠠᠶᠢᠵᠤ᠂ ᠭᠤᠶᠢᠳᠠ ᠰᠠᠶᠢᠬᠠᠨ ᠶᠠᠷᠢᠶ᠎ᠠ ᠢᠯᠡᠳᠬᠡᠯ | ᠬᠢᠬᠦ ᠪᠠᠷ ᠳᠠᠮᠵᠢᠨ ᠲᠠᠶᠢᠰᠠᠨ ᠳᠣᠣᠷᠠᠬᠢ ᠬᠥᠮᠥᠰ ᠤᠨ ᠮᠠᠭᠲᠠᠭᠠᠯ ᠰᠠᠶᠢᠰᠢᠶᠠᠯ ᠢ ᠣᠯᠵᠤ᠂ ᠲᠡᠷᠢᠭᠦᠨ ᠤ ᠬᠢ ᠶᠢ | ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ | ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠠᠢ︔ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠬᠠᠭᠤᠴᠢᠨ | ᠪᠠᠭᠤᠷᠢ᠂ ᠸᠠᠩ ᠷᠦᠸ᠋ᠸ ᠹᠧᠢ ᠶᠢᠨ ᠳᠤᠷᠠᠰᠬᠠᠯ ᠤᠨ ᠣᠷᠳᠣᠨ ᠵᠡᠷᠭᠡ ᠬᠤᠪᠢᠰᠬᠠᠯ ᠤᠨ ᠬᠥᠮᠦᠵᠢᠯ ᠤᠨ ᠰᠠᠭᠤᠷᠢᠨ ᠤ | ᠡᠬᠢ ᠪᠠᠶᠠᠯᠢᠭ ᠲᠤ ᠢᠷᠡᠵᠤ᠂ ᠨᠠᠮ ᠤᠨ ᠭᠡᠰᠢᠭᠦᠨ ᠺᠠᠳ᠋ᠷ ᠶᠠᠪᠤᠬᠤ ᠶᠢᠨ ᠳᠠᠭᠠᠤ ᠦᠵᠡᠵᠦ᠂ ᠰᠤᠷᠤᠯᠴᠠᠬᠤ ᠶᠢᠨ ᠳᠠᠭᠠᠤ | ᠬᠤᠪᠢᠰᠬᠠᠯ ᠤᠨ ᠰᠣᠶᠣᠯ ᠢ ᠪᠡᠶᠡᠴᠢᠯᠡᠨ ᠣᠶᠢᠯᠠᠭᠠᠵᠤ᠂ ᠢᠲᠡᠭᠡᠯ ᠪᠢᠰᠢᠷᠡᠯ ᠤᠨ ᠬᠦᠴᠦᠨ ᠢ ᠣᠶᠢᠯᠠᠭᠠᠵᠤ᠂ | ᠬᠤᠪᠢᠰᠬᠠᠯ ᠤᠨ ᠭᠠᠯ᠂ ᠬᠤᠪᠢᠰᠬᠠᠯ ᠤᠨ ᠪᠠᠭᠤᠷᠢ ᠶᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠲᠡᠦᠬᠡ ᠨᠢ | ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠤᠨ︽ᠠᠮᠢᠳᠤ ᠵᠢᠭᠠᠬᠤ ᠮᠠᠲᠧᠷᠢᠶᠠᠯ︾ᠪᠣᠯᠤᠭᠰᠠᠨ ᠪᠠᠶᠢᠨ᠎ᠠ᠃ | | | | | ᠵᠦᠢᠯ ᠪᠦᠷᠢ ᠶᠢᠨ ᠪᠠᠶᠠᠯᠢᠭ ᠰᠠᠶᠢᠬᠠᠨ ᠪᠣᠯᠪᠠᠰᠤᠷᠠᠯ ᠬᠦᠷ ᠬᠥᠭᠵᠢᠶᠡᠨ ᠲᠠᠢ ᠶᠠᠪᠤᠭᠳᠠᠵᠤ᠂ ᠨᠠᠮ ᠤᠨ | ᠭᠡᠰᠢᠭᠦᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠴᠤ ᠤᠯᠠᠨ ᠠᠴᠠ ᠬᠢᠯᠠᠰ ᠴᠡᠭ ᠢᠯᠡᠷᠡᠵᠦ ᠪᠠᠶᠢᠨ᠎ᠠ᠃ | ᠳ᠋ᠦᠩ ᠾᠧ ᠲᠣᠭᠤᠷᠢᠭ ᠤᠨ ᠬᠢᠨ ᠨᠠᠮ ᠤᠨ ᠭᠡᠰᠢᠭᠦᠨ ᠤ ᠪᠠᠶᠢᠳᠠᠯ ᠨᠠᠷᠢᠨ ᠪᠤᠳᠤᠯᠢᠶᠠᠨᠲᠠᠢ ᠤᠯᠠᠨ ᠶᠠᠩᠵᠤ ᠶᠢᠨ᠂ | ᠬᠠᠮᠢᠶᠠᠷᠤᠯᠲᠠ ᠶᠢᠨ ᠠᠷᠭ᠎ᠠ ᠬᠡᠯᠪᠡᠷᠢ ᠨᠢ ᠪᠥᠭᠡᠷᠡᠩᠬᠡᠢ ᠲᠠᠩ ᠴᠤᠯᠭᠤᠢ᠂ ᠦᠢᠯᠡᠳᠦᠯ ᠢᠶᠠᠨ ᠢᠯᠡᠳᠲᠡ | ᠪᠠᠳᠠᠷᠠᠭᠤᠯᠤᠭᠰᠠᠨ ᠦᠭᠡᠢ ᠵᠡᠷᠭᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠲᠦᠪᠡᠭᠳᠡᠭᠦᠯᠵᠦ | ᠪᠠᠶᠢᠭ᠎ᠠ ᠣᠳᠣᠬᠢ ᠪᠠᠶᠢᠳᠠᠯ ᠪᠣᠯᠣᠨ ᠬᠦᠴᠢᠷ ᠠᠰᠠᠭᠤᠳᠠᠯ ᠳᠤ ᠴᠢᠭᠯᠡᠭᠦᠯᠦᠨ᠂ ᠨᠠᠮ ᠤᠨ ᠭᠡᠰᠢᠭᠦᠨ ᠢ ᠲᠥᠷᠥᠯ | ᠬᠤᠪᠢᠶᠠᠨ ᠬᠠᠮᠢᠶᠠᠷᠬᠤ ᠵᠠᠭᠪᠤᠷ ᠢ ᠬᠡᠷᠡᠭᠵᠢᠭᠦᠯᠵᠦ᠂ ᠨᠠᠮ ᠤᠨ ᠭᠡᠰᠢᠭᠦᠨ ᠤ ᠨᠠᠰᠤ ᠵᠢᠯ᠂ ᠠᠵᠢᠯ ᠮᠡᠷᠭᠡᠵᠢᠯ᠂ ᠪᠡᠶ᠎ᠡ | ᠮᠠᠬᠠᠪᠤᠳ ᠤᠨ ᠪᠠᠶᠢᠳᠠᠯ ᠵᠡᠷᠭᠡ ᠣᠨᠴᠠᠯᠢᠭ ᠢ ᠦᠨᠳᠦᠰᠦᠯᠡᠨ ᠲᠥᠷᠥᠯ ᠬᠤᠪᠢᠶᠠᠨ ᠬᠠᠮᠢᠶᠠᠷᠴᠤ᠂ ᠠᠵᠢᠯ ᠳᠤ ᠪᠠᠶᠢᠭ᠎ᠠ | ᠨᠠᠮ ᠤᠨ ᠭᠡᠰᠢᠭᠦᠨ ᠳᠤ ︽ᠠᠮᠠᠯᠠᠯᠲᠠ ᠪᠠᠨ ᠪᠡᠶᠡᠯᠡᠭᠦᠯᠬᠦ ᠮᠠᠶ᠋ᠢᠭ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ | ᠲᠤᠰᠢᠶᠠᠯ ᠦᠭᠡᠢ ᠨᠠᠮ ᠤᠨ ᠭᠡᠰᠢᠭᠦᠨ ᠳᠤ ︽ᠠᠵᠢᠯ ᠤᠨ ᠪᠠᠶᠢᠷᠢ ᠪᠠᠶᠢᠷᠢᠯᠠᠭᠤᠯᠬᠤ ᠮᠠᠶ᠋ᠢᠭ︾ ᠤᠨ ᠬᠠᠮᠢᠶᠠᠷᠤᠯᠲᠠ ᠶᠢ | ᠬᠡᠷᠡᠭᠵᠢᠭᠦᠯᠵᠦ᠂ ᠨᠡᠭᠦᠳᠡᠯ ᠨᠠᠮ ᠤᠨ ᠭᠡᠰᠢᠭᠦᠨ ᠳᠤ ︽ᠮᠥᠷᠳᠡᠬᠦ ᠮᠠᠶ᠋ᠢᠭ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ | ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠳᠤ ︽ᠦᠯᠡᠳᠡᠪᠦᠷᠢ | ᠢᠯᠴᠢ ᠶᠢᠨ ᠮᠠᠶ᠋ᠢᠭ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠨᠠᠷᠢᠯᠢᠭᠵᠢᠭᠤᠯᠬᠤ᠂ ᠲᠥᠷᠥᠯ ᠬᠤᠪᠢᠶᠠᠬᠤ | ᠮᠠᠶ᠋ᠢᠭ ᠤᠨ ᠬᠠᠮᠢᠶᠠᠷᠤᠯᠲᠠ ᠪᠠᠷ ᠳᠡᠮᠵᠢᠨ᠂ ᠪᠥᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠢ ᠦᠨᠡᠨᠬᠦ | ᠬᠠᠮᠢᠶᠠᠷᠴᠤ᠂ ᠪᠣᠳᠠᠲᠠᠢ ᠪᠠᠷ ᠬᠠᠮᠢᠶᠠᠷᠴᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ | ᠪᠠᠳᠠᠷᠠᠭᠤᠯᠬᠤ ᠶᠢ ᠪᠦᠲᠦᠮᠵᠢᠲᠡᠶ ᠠᠬᠢᠭᠤᠯᠬᠤ ᠬᠡᠷᠡᠭᠲᠡᠢ᠃ | ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︽ᠰᠢᠨ᠎ᠡ ᠠᠶᠠᠰ︾ ᠢ ᠬᠠᠩᠭᠢᠨᠠᠭᠤᠯᠤᠨ᠎ᠠ | ︽ᠭᠡᠷ ᠤᠨ ᠬᠥᠮᠥᠰ ᠠ᠋᠂ ᠥᠨᠥᠳᠥᠷ ᠣᠯᠠᠨ ᠳᠤ ᠠᠪᠴᠢᠷᠠᠭᠰᠠᠨ ᠨᠢ ᠰᠢᠷᠴᠢᠨ ᠪᠠᠯᠭᠠᠰᠤᠨ ᠤ ᠲᠤᠰ | ᠨᠤᠲᠤᠭ ᠤᠨ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠪᠣᠯᠣᠨ᠎ᠠ᠂ ᠪᠡᠯᠡᠳᠬᠡᠭᠡᠳ | ᠳᠠᠭᠤᠰᠤᠯ᠎ᠠ᠂ 3 2 1 ᠶᠢ ᠬᠤᠯᠪᠣᠭᠠᠳ ᠭᠠᠷᠭᠠᠴᠢᠬ᠎ᠠ ︾ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ | ᠲᠠᠪᠴᠠᠩ ᠳᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢ ︽ᠪᠠᠷᠠᠭ᠎ᠠ ᠳᠠᠭᠠᠭᠤᠯᠵᠤ | ᠨᠡᠪᠲᠡᠷᠡᠭᠦᠯᠦᠭᠴᠢ︾ᠪᠣᠯᠵᠤ᠂ ᠨᠤᠲᠤᠭ ᠤᠨ ᠢᠶᠠᠨ ᠨᠦᠩ ᠲᠤ ᠲᠦᠷᠦᠯ ᠲᠡᠮᠳᠡᠭ᠂ ᠱᠢ ᠳ᠋ᠡ ᠭᠦ᠋ ᠲᠣᠰᠬᠤᠨ ᠤ ᠬᠠᠷ᠎ᠠ | ᠳᠤᠯᠠᠨ ᠲᠠᠷᠪᠤᠰ᠂ ᠫᠤ ᠯᠥᠸᠧ ᠸᠠᠩ ᠰᠧ ᠲᠥᠪᠡᠳ ᠬᠠᠰᠢ᠂ ᠵᠠᠩ ᠭᠠᠢ ᠶᠢᠩ ᠨᠠᠷᠢᠮᠤ ᠪᠤᠳᠠᠭ᠎ᠠ ᠶᠢ ᠨᠢᠭᠡᠳ ᠨᠢᠭᠡ ᠪᠠᠷ | ᠲᠠᠨᠢᠯᠴᠠᠭᠤᠯᠵᠤ ᠪᠠᠶᠢᠨ᠎ᠠ ᠁ ᠣᠬᠤᠷᠬᠠᠨ ᠬᠡᠳᠦᠨ ᠴᠠᠭ ᠤᠨ ᠳᠣᠲᠣᠷ᠎ᠠ ᠪᠡᠯᠡᠳᠬᠡᠭᠰᠡᠨ ᠬᠥᠮᠥᠷᠭᠡ ᠶᠢᠨ | ᠬᠠᠳᠠᠭᠠᠯᠠᠮᠵᠢ ᠶᠢ ᠬᠤᠳᠠᠯᠳᠤᠨ ᠳᠠᠭᠤᠰᠬᠠᠵᠠᠢ᠃ | | | | | ᠳ᠋ᠦᠩ ᠾᠧ ᠲᠣᠭᠤᠷᠢᠭ ᠤᠨ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠭᠤᠣᠯ | ᠲᠣᠭᠯᠠᠭᠴᠢ ᠪᠣᠯᠭᠠᠬᠤ ᠶᠢ ᠪᠠᠷᠢᠮᠲᠠᠯᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ | ᠭᠡᠰᠢᠭᠦᠨ ᠤ ︽ᠣᠳᠣᠨ ᠳᠡᠰ ᠤᠨ ᠬᠠᠮᠢᠶᠠᠷᠤᠯᠲᠠ︾ ᠶᠢᠨ ᠠᠵᠢᠯ ᠢ ᠥᠷᠭᠡᠨ ᠳᠡᠯᠭᠡᠷ ᠥᠷᠨᠢᠭᠦᠯᠵᠦ᠂ ᠬᠥᠳᠡᠭᠡ | ᠲᠣᠰᠬᠤᠨ ᠤ ᠬᠥᠭᠵᠢᠯᠲᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠳᠤᠮᠳᠠᠬᠢ ᠠᠵᠢᠯ ᠤᠨ ᠭᠤᠣᠯᠳᠠᠯᠭ᠎ᠠ ᠲᠠᠢ | ᠲᠣᠭᠤᠷᠢᠨ ᠳᠤ ᠤᠳᠤᠨ ᠰᠣᠨᠢᠨ ᠤ ᠤᠳᠤᠨ ᠲᠣᠬᠢᠷᠠᠭᠤᠯᠵᠤ᠂︽ᠨᠠᠮ ᠤᠨ ᠪᠠᠶᠢᠭᠤᠯᠤᠯᠲᠠ ᠪᠠᠷ ᠲᠣᠰᠬᠤᠨ ᠤ ᠬᠦᠢ | ᠨᠢᠭᠡᠳᠦᠯ ᠤᠨ ᠬᠤᠯᠪᠤᠭᠠᠯᠠᠨ ᠪᠠᠶᠢᠭᠤᠯᠬᠤ ᠶᠢ ᠬᠥᠲᠥᠯᠥᠨ ᠳᠠᠭᠠᠭᠤᠯᠬᠤ︾ᠵᠡᠷᠭᠡ ᠲᠠᠷᠢᠶᠠᠯᠠᠩ ᠢ ᠳᠡᠮᠵᠢᠬᠦ ᠲᠦᠷᠦᠯ | ᠵᠦᠢᠯ ᠢ ᠶᠡᠬᠡᠪᠡᠷ ᠬᠡᠷᠡᠭᠵᠢᠭᠦᠯᠵᠦ᠂ ᠨᠢᠭᠡ ᠬᠤᠳᠠ ᠳᠤ ᠲᠣᠬᠢᠷᠠᠭᠤᠯᠤᠨ ᠬᠦᠷᠭᠡᠬᠦ᠂ ᠰᠢᠭᠤᠳ ᠨᠠᠪᠲᠠᠷᠡᠭᠦᠯᠵᠦ ᠪᠠᠷᠠᠭ᠎ᠠ | ᠠᠪᠴᠤ ᠶᠠᠪᠤᠬᠤ ᠵᠡᠷᠭᠡ ᠠᠷᠭ᠎ᠠ ᠬᠡᠯᠪᠡᠷᠢ ᠪᠠᠷ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠦᠷᠦᠯ ᠵᠦᠢᠯ ᠪᠣᠯᠣᠨ | ᠨᠠᠮ ᠤᠨ ᠭᠡᠰᠢᠭᠦᠨ ᠤ ᠳᠠᠭᠠᠭᠤᠯᠤᠨ ᠡᠷᠬᠢᠯᠡᠬᠦ ᠬᠤᠷᠰᠢᠶ᠎ᠠ ᠶᠢ ᠤᠷᠢᠳᠠᠪᠠᠷ ᠰᠣᠩᠭᠤᠨ ᠪᠠᠷᠠᠭ᠎ᠠ ᠬᠠᠩᠭᠠᠬᠤ ᠲᠠᠯ᠎ᠠ | ᠪᠣᠯᠭᠠᠵᠤ᠂ ᠲᠤᠰ ᠭᠠᠵᠠᠷ ᠣᠷᠣᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠲᠦᠭ ᠲᠦᠮᠡᠨ ᠡᠷᠦᠬᠡ ᠳᠤ | ᠰᠢᠭᠤᠳ ᠪᠣᠷᠣᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ︽ᠲᠦᠯᠡᠰᠢ ᠰᠢᠲᠠᠭᠠᠯᠭ᠎ᠠ ᠨᠡᠮᠡᠵᠦ | ᠴᠠᠯᠢᠩ ᠬᠥᠯᠥᠰᠦ ᠨᠡᠮᠡᠵᠦ ᠥᠭᠬᠦ︾ᠬᠡᠷᠡᠭᠲᠡᠢ᠃ | | | | | ᠠᠳᠦᠯᠠᠢ ᠲᠣᠰᠬᠤᠨ ᠳᠤ᠂︽ᠵᠠᠭᠤᠨ ᠵᠢᠯ ᠤᠨ ᠡᠷᠲᠡᠨ ᠤ ᠲᠣᠰᠬᠤᠨ ︱ ᠠᠳᠦᠯᠠᠢ ᠶᠢᠨ ᠨᠢᠭᠤᠴᠠ ᠲᠤᠮᠤᠭ | ᠶᠠᠷᠢᠶ᠎ᠠ︾ᠭᠡᠬᠦ ᠵᠦᠴᠦᠭᠡ ᠶᠢᠨ ᠵᠣᠬᠢᠶᠠᠯ ᠤᠨ ᠠᠯᠠᠯᠭ᠎ᠠ ᠨᠢ ᠡᠷᠬᠢᠨ ᠲᠣᠭᠤᠷᠢᠨ ᠤ ᠵᠤᠭᠠᠴᠠᠭᠰᠠᠳ ᠤᠨ ᠠᠩᠬᠠᠷᠤᠯ ᠢ | ᠲᠠᠲᠠᠵᠤ᠂ ᠬᠤᠶᠢᠨ᠎ᠠ ᠬᠤᠶᠢᠨ᠎ᠠ ᠠᠴᠠ ᠪᠠᠨ ᠺᠠᠷᠲ ᠢᠶᠠᠨ ᠪᠦᠷᠢᠳᠬᠡᠭᠦᠯᠵᠦ ᠪᠠᠶᠢᠯ᠎ᠠ᠃ᠥᠪᠥᠷ ᠮᠣᠩᠭᠤᠯ ᠤᠨ | ᠠᠩᠬᠠᠳᠠᠭᠴᠢ ᠡᠷᠲᠡᠨ ᠤ ᠲᠣᠰᠬᠤᠨ ᠤ ᠪᠣᠳᠠᠲᠤ ᠦᠵᠡᠮᠵᠢ᠂ ᠶᠡᠷᠦᠩᠬᠡᠶᠢᠯᠡᠭᠰᠡᠨ ᠤᠷᠠᠯᠢᠭ ᠤᠨ ᠲᠥᠷᠥᠯ | ᠪᠣᠯᠤᠭᠰᠠᠨ ᠤ ᠬᠤᠪᠢ ᠳᠤ᠂ ᠰᠣᠯᠢᠵᠤ ᠲᠣᠭᠯᠠᠭᠰᠠᠨ ᠵᠢᠪᠡᠭᠦᠨ ᠵᠦᠴᠦᠭᠡ ᠶᠢᠨ ᠳᠡᠪᠲᠡᠷ ᠢᠶᠠᠷ ᠠᠯᠠᠵᠤ᠂ ᠲᠣᠰᠬᠤᠨ ᠤ | ᠤᠷᠭᠤᠮᠠᠯ ᠤᠨ ᠬᠦᠷᠢᠶᠡᠯᠡᠩ᠂ ᠲᠣᠰᠬᠤᠨ ᠤ ᠲᠡᠦᠬᠡ ᠶᠢᠨ ᠣᠷᠳᠣᠨ᠂ ᠾᠧᠩ ᠱᠧᠩ ᠤᠨ ᠬᠠᠭᠤᠴᠢᠨ ᠰᠠᠭᠤᠴᠠ | ᠵᠡᠷᠭᠡ ᠪᠠᠷ ᠦᠵᠡᠮᠵᠢ ᠪᠣᠯᠭᠠᠵᠤ᠂ ᠬᠤᠪᠢᠰᠬᠠᠯ ᠤᠨ ᠬᠤᠪᠢᠰᠬᠠᠯ ᠤᠨ ᠦᠯᠢᠭᠡᠷ ᠪᠣᠯᠣᠨ ᠮᠣᠩᠭᠤᠯ ᠦᠨᠳᠦᠰᠦᠲᠡᠨ ᠤ | ᠲᠥᠪᠯᠡᠷᠡᠨ ᠰᠠᠭᠤᠭᠰᠠᠨ ᠲᠣᠰᠬᠤᠨ ᠵᠡᠷᠭᠡ ᠪᠠᠷ ᠦᠯᠢᠭᠡᠷ ᠤᠨ ᠰᠦᠪᠡᠭᠴᠢ ᠪᠣᠯᠭᠠᠵᠤ᠂ ᠵᠤᠭᠠᠴᠠᠭᠰᠠᠳ ᠲᠤ | ᠲᠠᠷᠢᠬᠢ ᠪᠠᠨ ᠰᠢᠲᠠᠭᠠᠭᠰᠠᠨ ᠵᠦᠴᠦᠭᠡ ᠶᠢᠨ ᠦᠢᠯᠡ ᠶᠠᠪᠤᠳᠠᠯ ᠢ ᠣᠶᠢᠯᠠᠭᠠᠭᠤᠯᠬᠤ ᠶᠢᠨ ᠬᠠᠮᠲᠤ ᠪᠠᠰᠠ ᠳ᠋ᠦᠩ ᠾᠧ | ᠲᠣᠭᠤᠷᠢᠭ ᠤᠨ ᠬᠥᠳᠡᠭᠡ ᠲᠣᠰᠬᠤᠨ ᠤ ᠨᠤᠲᠤᠭ ᠤᠨ ᠰᠣᠶᠣᠯ ᠢ ᠣᠶᠢᠯᠠᠭᠠᠭᠤᠯᠵᠤ᠂ ᠮᠠᠰᠢ ᠲᠦᠷᠭᠡᠨ ᠢᠶᠠᠷ ᠪᠦᠬᠦ | ᠬᠤᠳᠠ ᠶᠢᠨ ᠲᠠᠷᠢᠶᠠᠴᠢᠨ ᠵᠤᠭᠠᠴᠠᠭᠰᠠᠳ ᠤᠨ︽ᠳᠡᠯᠪᠡᠷᠡᠬᠦ ᠪᠦᠲᠦᠭᠡᠭᠳᠡᠬᠦᠨ︾ᠪᠣᠯᠤᠭᠰᠠᠨ ᠪᠠᠶᠢᠨ᠎ᠠ᠃ | | | | | ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ᠲᠠᠷᠢᠶᠠᠯᠠᠩ ᠵᠤᠭᠠᠴᠠᠯ ᠤᠨ ᠠᠵᠤ ᠦᠢᠯᠡᠰ ᠢ | ᠬᠥᠭᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡ ᠶᠡᠭᠡ ︽ᠡᠷᠳᠡᠨᠢ︾ ᠪᠣᠯᠭᠠᠵᠤ᠂ | ᠡᠯ᠎ᠡ ᠲᠣᠰᠬᠤᠨ ᠤ ᠨᠠᠮ ᠤᠨ ᠡᠭᠦᠷ ᠭᠦᠨᠵᠡᠭᠡᠢ ᠬᠤᠯᠪᠤᠭᠠᠯᠠᠨ ᠬᠥᠳᠡᠯᠦᠯᠴᠡᠵᠦ᠂ ᠲᠤᠰ ᠭᠠᠵᠠᠷ ᠤᠨ ᠳᠠᠪᠠᠭᠤᠯᠢᠭ ᠡᠬᠢ | ᠪᠠᠶᠠᠯᠢᠭ ᠢᠶᠠᠨ ᠭᠦᠢᠴᠡᠳ ᠠᠭᠤᠳᠠᠯᠵᠤ᠂ ︽ᠲᠤᠲᠤᠷᠭ᠎ᠠ ᠵᠢᠭᠠᠰᠤᠨ ᠤ ᠣᠷᠣᠨ ᠵᠠᠢ︾᠂︽ᠨᠠᠨ ᠰᠢᠩ ᠲᠡᠭᠦᠵᠦ ᠲᠡᠭᠦᠬᠦ | ᠬᠦᠷᠢᠶᠡᠯᠡᠩ︾ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠲᠦᠷᠦᠯ ᠲᠡᠮᠳᠡᠭ ᠢ ᠨᠠᠷᠢᠯᠢᠭ ᠡᠭᠦᠳᠴᠦ᠂ ᠬᠦᠯᠡᠮᠵᠢ ᠳᠤ | ᠲᠡᠭᠦᠵᠦ ᠲᠡᠭᠦᠬᠦ᠂ ᠲᠠᠷᠢᠶᠠᠴᠢᠨ ᠠᠶᠢᠯ ᠤᠨ ᠬᠤᠨᠣᠭᠯᠠᠬᠤ᠂ ᠮᠣᠷᠢᠨ ᠮᠡᠷᠭᠡᠵᠢᠯ ᠤᠨ ᠰᠠᠭᠤᠷᠢᠨ ᠭᠠᠵᠠᠷ ᠤᠨ | ᠰᠡᠯᠡᠭᠦᠴᠡᠯ ᠤᠨ ᠥᠩᠭᠡᠷᠡᠯᠲᠡ ᠵᠡᠷᠭᠡ ᠣᠨᠴᠠᠯᠢᠭᠲᠤ ᠦᠢᠯᠡᠴᠢᠯᠡᠭᠡᠨ ᠤ ᠲᠦᠷᠦᠯ ᠵᠦᠢᠯ ᠢ ᠡᠭᠦᠳᠴᠦ᠂ ᠠᠵᠤ | ᠠᠬᠤᠢ ᠶᠢᠨ ᠰᠢᠨ᠎ᠡ ᠨᠡᠮᠡᠭᠳᠡᠯ ᠤᠨ ᠴᠡᠭ ᠤᠳ ᠢ ᠡᠭᠦᠳᠴᠡᠢ᠃ | ᠨᠠᠷᠢᠯᠢᠭ ᠰᠡᠶᠢᠯᠵᠦ ᠨᠠᠷᠢᠯᠢᠭ ᠰᠡᠶᠢᠯᠬᠦ | ᠦᠨᠳᠦᠰᠦᠨ ᠱᠠᠲᠤᠨ ᠤ ᠵᠠᠰᠠᠯᠲᠠ ᠶᠢᠨ ︽ᠨᠠᠷᠢᠯᠢᠭ ᠵᠢᠷᠤᠭ︾ ᠢ ᠵᠢᠷᠤᠭᠯᠠᠨ᠎ᠠ | ︽ᠲᠣᠰᠬᠤᠨ ᠤ ᠬᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠥᠭᠡᠷᠡᠴᠢᠯᠡᠭᠰᠡᠨ ᠠᠴᠠ ᠠᠪᠤᠭᠠᠳ | ᠴᠢᠳᠠᠮᠵᠢ ᠨᠢ ᠤᠯᠠᠮ ᠠᠴᠠ ᠤᠯᠠᠮ ᠤᠯᠠᠨ ᠪᠣᠯᠵᠤ᠂ ᠦᠢᠯᠡᠴᠢᠯᠡᠭᠡ ᠨᠢ ᠴᠦ ᠤᠯᠠᠮ ᠠᠴᠠ ᠤᠯᠠᠮ ᠪᠦᠷᠢᠨ ᠭᠦᠢᠴᠡᠳ | ᠪᠣᠯᠵᠤ᠂ ᠮᠠᠨ ᠤ ᠲᠣᠰᠬᠤᠨ ᠤ ᠠᠷᠠᠳ ᠲᠣᠰᠬᠤᠨ ᠠᠴᠠ ᠪᠠᠨ ᠭᠠᠷᠬᠤ ᠦᠭᠡᠢ ᠪᠠᠷ ᠤᠴᠢᠷ ᠶᠠᠪᠤᠳᠠᠯ ᠢ ᠪᠦᠲᠦᠭᠡᠵᠦ᠂ | ᠦᠨᠡᠬᠡᠷ ᠵᠣᠯ ᠵᠢᠷᠭᠠᠯ ᠤᠨ ᠲᠥᠷᠥᠭᠳᠡᠯ ᠳᠦᠭᠦᠷᠡᠩ ᠪᠠᠶᠢᠨ᠎ᠠ︾᠃ ᠣᠶᠢᠷ᠎ᠠ ᠳᠤ᠂ ᠤᠷᠭᠦᠰᠤᠨ ᠲᠣᠰᠬᠤᠨ ᠳᠤ ᠰᠠᠭᠤᠵᠤ | ᠪᠠᠶᠢᠭ᠎ᠠ ᠲᠣᠰᠬᠤᠨ ᠤ ᠠᠷᠠᠳ ᠸᠠᠩ ᠸᠥ᠋ᠨ ᠬᠤᠸᠠ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠭᠡᠷᠡᠴᠢᠯᠡᠬᠦ ᠲᠤᠬᠠᠶᠢᠯᠠᠭᠰᠠᠨ ᠠᠵᠢᠯ ᠢ ᠭᠦᠢᠴᠡᠳᠬᠡᠵᠦ | ᠪᠠᠷᠠᠭᠠᠳ ᠪᠠᠶᠠᠷᠲᠠᠢ ᠪᠠᠷ ᠬᠡᠯᠡᠪᠡ᠃ | ᠣᠶᠢᠷ᠎ᠠ ᠶᠢᠨ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠥᠨᠳᠥᠷ ᠪᠠᠷᠢᠮᠵᠢᠶ᠎ᠠ ᠪᠠᠷ ᠠᠬᠢᠭᠤᠯᠬᠤ | ᠲᠣᠭᠤᠷᠢᠭ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ 130 ᠨᠠᠮ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠵᠤ᠂ ︽ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠳᠤᠯᠠᠭᠠᠨ ᠤ ᠬᠡᠮᠵᠢᠶ᠎ᠡ ᠶᠢ ᠬᠡᠮᠵᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠠᠵᠢᠯ ᠢ ᠪᠥᠬᠦ ᠲᠠᠯ᠎ᠠ ᠪᠠᠷ | ᠥᠷᠨᠢᠭᠦᠯᠵᠦ᠂ ᠬᠠᠲᠠᠭᠤ ᠬᠡᠷᠡᠭᠰᠡᠯ ᠤᠨ ᠪᠡᠯᠡᠳᠬᠡᠮᠵᠢ᠂ ᠴᠢᠳᠠᠮᠵᠢ ᠶᠢᠨ ᠪᠠᠶᠢᠷᠢᠰᠢᠭᠤᠯᠤᠯᠲᠠ᠂ ᠦᠢᠯᠡᠴᠢᠯᠡᠭᠡᠨ ᠤ | ᠡᠩᠨᠡᠭᠡ᠂ ᠬᠠᠮᠢᠶᠠᠷᠤᠯᠲᠠ ᠶᠢᠨ ᠲᠣᠭᠲᠠᠴᠠ ᠵᠢᠴᠢ ᠦᠢᠯᠡᠴᠢᠯᠡᠭᠡᠨ ᠤ ᠬᠢᠷᠢ ᠲᠦᠪᠰᠢᠨ ᠵᠡᠷᠭᠡ ᠲᠠᠪᠤᠨ ᠬᠥᠨᠳᠡᠯᠡᠨ | ᠴᠢᠭᠯᠡᠯ ᠤᠨ ᠥᠷᠭᠡᠷᠢᠭ ᠵᠢᠴᠢ ᠰᠠᠭᠤᠷᠢ ᠳᠤᠯᠠᠭᠠᠨ ᠤ ᠬᠡᠮᠵᠢᠶ᠎ᠡ᠂ ᠤᠷᠢᠳᠴᠢᠯᠠᠨ ᠬᠠᠯᠠᠭᠠᠬᠤ ᠳᠤᠯᠠᠭᠠᠨ ᠤ ᠬᠡᠮᠵᠢᠶ᠎ᠡ᠂ | ᠲᠠᠰ ᠳᠡᠪᠰᠢᠭᠦᠯᠬᠦ ᠳᠤᠯᠠᠭᠠᠨ ᠤ ᠬᠡᠮᠵᠢᠶ᠎ᠡ ᠵᠡᠷᠭᠡ ᠭᠤᠷᠪᠠᠨ ᠭᠤᠯᠳᠤ ᠴᠢᠭᠯᠡᠯ ᠤᠨ ᠲᠠᠰ ᠳᠠᠪᠬᠤᠷᠭ᠎ᠠ ᠠᠴᠠ ᠬᠥᠨᠳᠡᠯᠡᠨ | ᠭᠤᠯᠳᠤ ᠠᠭᠤᠰᠤᠯᠴᠠᠨ ᠳᠤᠯᠠᠭᠠᠨ ᠬᠡᠮᠵᠢᠬᠦ ᠪᠠᠷᠢᠮᠵᠢᠶ᠎ᠠ ᠶᠢ ᠲᠣᠭᠲᠠᠭᠠᠵᠤ᠂ ᠨᠠᠮ ᠤᠨ ᠭᠡᠰᠢᠭᠦᠨ ᠣᠯᠠᠨ ᠲᠦᠮᠡᠨ ᠤ | ᠬᠠᠯᠠᠭᠤᠨ ᠳᠤᠯᠠᠭᠠᠨ ᠲᠠᠭᠠᠯᠠᠮᠵᠢᠲᠠᠢ ᠥᠩᠭᠡᠷᠡᠯᠲᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | | | | | ᠢ ᠵᠥᠩ ᠰᠢ ᠯᠦ ᠨᠡᠶᠢᠭᠡᠮ ᠲᠣᠭᠤᠷᠢᠭ ᠤᠨ ︽ᠨᠠᠰᠤᠲᠠᠨ ᠰᠢᠶᠣᠣ ᠹᠦ᠋ ᠶᠤᠸᠠᠨ ᠴᠡᠴᠡᠷᠯᠢᠭ︾ ᠳᠤ | ᠣᠷᠣᠬᠤ ᠳᠤ᠂ ᠡᠷᠬᠢᠨ ᠲᠣᠭᠤᠷᠢᠨ ᠤ ᠨᠠᠰᠤᠲᠠᠢ ᠰᠠᠭᠤᠭᠠᠯᠢ ᠠᠷᠠᠳ 12 ᠲᠥᠭᠦᠷᠢᠭ ᠤᠨ ᠨᠢᠭᠡ ᠬᠤᠪᠢ ᠰᠢᠮ᠎ᠡ | ᠲᠡᠵᠢᠭᠡᠯ ᠲᠠᠢ ᠦᠳᠡ ᠶᠢᠨ ᠬᠤᠭᠤᠯᠠ ᠶᠢ ᠠᠮᠲᠠᠯᠠᠵᠤ ᠪᠠᠶᠢᠨ᠎ᠠ᠃【ᠵᠢᠮᠢᠰ ᠲᠠᠢ᠂ ᠮᠢᠬ᠎ᠠ ᠲᠠᠢ᠂ ᠲᠥᠷᠥᠯ ᠵᠦᠢᠯ ᠡᠯᠪᠡᠭ᠂ | ᠦᠨ᠎ᠡ ᠬᠠᠩᠰᠢ ᠲᠠᠢ᠂ ᠠᠮᠲᠠ ᠰᠠᠶᠢᠲᠠᠢ᠂ ᠠᠮᠢᠳᠤᠷᠠᠯ ᠤᠨ ᠴᠢᠨᠠᠷ ᠴᠢᠨᠰᠠᠭ᠎ᠠ ᠶᠡᠭᠡ ᠪᠠᠷ ᠳᠡᠭᠡᠭᠰᠢᠯᠡᠵᠡᠢ᠃】 | ᠴᠡᠴᠡᠷᠯᠢᠭᠴᠢ ᠶᠢᠨ ᠲᠣᠭᠤᠷᠢᠭ ᠲᠤ ᠰᠠᠭᠤᠳᠠᠭ ᠵᠠᠩ ᠨᠠᠰᠤᠲᠠᠨ ᠬᠤᠭᠤᠯᠠ ᠢᠳᠡᠬᠦ ᠶᠢᠨ ᠳᠠᠭᠠᠤ ᠱᠠᠭᠰᠢᠨ | ᠮᠠᠭᠲᠠᠨ᠎ᠠ᠃ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠳ᠋ᠦᠩ ᠾᠧ ᠲᠣᠭᠤᠷᠢᠭ ᠤᠨ ᠬᠢᠨ ᠨᠢᠭᠡ ᠳᠤᠮᠳᠠ | ᠪᠠᠷᠠᠭᠤᠨ ᠵᠠᠮ ᠤᠨ ᠨᠡᠶᠢᠭᠡᠮ ᠲᠣᠭᠤᠷᠢᠭ ᠤᠨ︽ᠠᠬᠠᠮᠠᠳ ᠪᠠᠭ᠎ᠠ ᠹᠦ᠋ ᠶᠤᠸᠠᠨ ᠬᠦᠷᠢᠶᠡᠯᠡᠩ︾᠂ ᠰᠠᠨ ᠭᠤᠸᠠᠨ ᠮᠢᠶᠣᠣ | ᠨᠡᠶᠢᠭᠡᠮ ᠲᠣᠭᠤᠷᠢᠭ ᠤᠨ︽ᠤᠯᠠᠭᠠᠨ ᠠᠨᠠᠷ ᠤᠨ ᠭᠡᠷ ᠣᠷᠣᠨ︾᠂ ᠠᠨ ᠵᠢᠦᠢ ᠨᠡᠶᠢᠭᠡᠮ ᠲᠣᠭᠤᠷᠢᠭ ᠤᠨ︽365 | ᠬᠠᠨᠤᠮᠵᠢᠲᠠᠢ ᠦᠢᠯᠡᠴᠢᠯᠡᠭᠡᠨ ᠤ ᠠᠵᠢᠯᠯᠠᠭ᠎ᠠ︾ᠵᠡᠷᠭᠡ ᠨᠢᠭᠡ ᠪᠦᠯᠦᠭ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ | ᠭᠠᠵᠠᠷ ᠤᠨ ᠲᠦᠷᠦᠯ ᠲᠡᠮᠳᠡᠭ᠂ 39︽ᠤᠯᠠᠭᠠᠨ ᠡᠨᠧᠷᠭᠢ ᠬᠠᠳᠠᠭᠠᠯᠠᠬᠤ ᠦᠷᠳᠡᠭᠡ︾᠂ 7 ᠤᠯᠠᠭᠠᠨ ᠦᠷᠳᠡᠭᠡ ᠶᠢ | ᠪᠦᠷᠢᠯᠳᠦᠭᠦᠯᠵᠦ᠂ ᠪᠠᠰᠠ ᠨᠠᠰᠢ ᠴᠠᠰᠢ ᠵᠣᠷᠴᠢᠬᠤ ᠤᠯᠠᠨ ᠲᠦᠮᠡᠨ᠂ ᠵᠠᠬᠢᠶᠠᠯᠠᠭ᠎ᠠ ᠶᠢᠨ ᠬᠤᠭᠤᠯᠠᠨ ᠤ ᠪᠢᠴᠢᠬᠠᠨ ᠠᠬ᠎ᠠ᠂ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠰᠡᠳᠬᠢᠯ ᠢ ᠳᠤᠯᠠᠭᠠᠴᠠᠭᠤᠯᠬᠤ ᠵᠢᠵᠢᠭ ᠭᠡᠷ | ᠪᠠᠶᠢᠰᠢᠩ ᠪᠣᠯᠵᠤ᠂ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠲᠦᠷᠦᠯ ᠲᠡᠮᠳᠡᠭ ᠨᠢ ᠳ᠋ᠦᠩ ᠾᠧ | ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠨᠡᠩ ᠰᠠᠶᠢᠨ ᠪᠣᠯᠭᠠᠵᠠᠢ᠃ | | | | | ︽ᠬᠠᠲᠠᠭᠤ ᠬᠡᠷᠡᠭᠰᠡᠯ︾ ᠢ ᠰᠢᠯᠢᠳᠡᠭᠵᠢᠭᠦᠯᠬᠦ ᠶᠢᠨ ᠬᠠᠮᠲᠤ᠂ ᠳ᠋ᠦᠩ ᠾᠧ ᠲᠣᠭᠤᠷᠢᠭ ᠤᠨ ᠬᠢᠨ ︽ | 157N︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽1︾ ᠤᠯᠠᠭᠠᠨ | ᠥᠩᠭᠡᠲᠡᠢ ᠵᠥᠭᠡᠢ ᠶᠢᠨ ᠡᠭᠦᠷ ᠮᠠᠶ᠋ᠢᠭ ᠤᠨ ᠨᠠᠮ ᠤᠨ ᠪᠠᠶᠢᠭᠤᠯᠤᠯᠲᠠ ᠶᠢᠨ ᠭᠠᠵᠠᠷ ᠤᠨ ᠵᠢᠷᠤᠭ ᠢᠶᠠᠷ ᠳᠠᠮᠵᠢᠭᠤᠯᠤᠨ | ᠨᠠᠷᠢᠯᠢᠭᠵᠢᠭᠤᠯᠤᠨ ᠬᠥᠮᠥᠨ ᠢ ᠲᠣᠭᠲᠠᠭᠠᠵᠤ᠂ ᠲᠣᠰᠬᠤᠨ ᠤ ᠨᠡᠶᠢᠭᠡᠮ ᠲᠣᠭᠤᠷᠢᠭ ᠤᠨ ᠱᠦᠵᠢ ᠰᠦᠯᠵᠢᠶᠡᠨ ᠤ | ᠲᠠᠰᠤᠭ ᠤᠨ ᠳᠠᠷᠤᠭ᠎ᠠ ᠶᠢᠨ ᠰᠦᠯᠵᠢᠶᠡᠨ ᠤ ᠲᠠᠰᠤᠯᠪᠤᠷᠢ ᠪᠦᠷᠢ ᠳᠤ 1 ᠲᠤᠰᠬᠠᠢ ᠲᠤᠰᠢᠶᠠᠯᠲᠤ ᠰᠦᠯᠵᠢᠶᠡᠨ ᠤ | ᠲᠠᠰᠤᠯᠪᠤᠷᠢ ᠶᠢᠨ ᠠᠵᠢᠯᠲᠠᠨ᠂ 7 -9 ᠡᠷᠬᠡ ᠲᠤᠰᠢᠶᠠᠯᠲᠤ ᠰᠦᠯᠵᠢᠶᠡᠨ ᠤ ᠲᠠᠰᠤᠯᠪᠤᠷᠢ ᠶᠢᠨ ᠠᠵᠢᠯᠲᠠᠨ ᠵᠢᠴᠢ | ᠡᠳᠦᠢ ᠲᠡᠳᠦᠢ ᠲᠤᠰᠢᠶᠠᠯ ᠬᠠᠪᠰᠤᠷᠭᠠᠭᠰᠠᠨ ᠰᠦᠯᠵᠢᠶᠡᠨ ᠤ ᠲᠠᠰᠤᠯᠪᠤᠷᠢ ᠶᠢᠨ ᠠᠵᠢᠯᠲᠠᠨ ᠲᠣᠬᠢᠷᠠᠭᠤᠯᠵᠤ᠂ AB | ᠠᠵᠢᠯ ᠤᠨ ᠪᠠᠶᠢᠷᠢ ᠶᠢ ᠴᠠᠭ ᠲᠤᠬᠠᠢ ᠳᠤᠨᠢ ᠨᠥᠬᠦᠪᠦᠷᠢᠯᠡᠬᠦ ᠲᠣᠭᠲᠠᠴᠠ ᠶᠢ ᠬᠡᠷᠡᠭᠵᠢᠭᠦᠯᠵᠦ᠂ ᠰᠦᠯᠵᠢᠶᠡᠨ ᠤ | ᠠᠵᠢᠯᠲᠠᠨ ᠤ ᠠᠵᠢᠯ ᠳᠤ ᠭᠠᠷ ᠤᠨ ᠥᠰᠥᠭ ᠵᠢᠷᠤᠬᠤ᠂ ᠲᠣᠭᠤᠷᠢᠨ ᠪᠠᠶᠢᠴᠠᠭᠠᠵᠤ ᠰᠤᠷᠪᠤᠯᠵᠢᠯᠠᠬᠤ᠂ ᠡᠷᠦᠬᠡ ᠳᠤ | ᠣᠷᠣᠬᠤ ᠮᠡᠳᠡᠭᠡ ᠵᠠᠩᠭᠢ᠂ ᠡᠷᠦᠬᠡ ᠶᠢᠨ ᠺᠠᠷᠲ ᠢ ᠬᠠᠮᠠᠭᠠᠯᠠᠬᠤ᠂ ᠠᠷᠠᠳ ᠤᠨ ᠵᠠᠷᠭᠤ ᠶᠢ ᠰᠢᠢᠳᠪᠦᠷᠢᠯᠡᠬᠦ᠂ | ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ᠂ ᠨᠡᠶᠢᠲᠡ ᠶᠢᠨ ᠠᠰᠠᠷᠠᠮᠵᠢ ᠶᠢᠨ ᠬᠦᠴᠦᠨ ᠨᠡᠮᠡᠷᠢᠯᠡᠬᠦ ︽7︾ | ᠵᠦᠢᠯ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ︽ᠣᠯᠠᠨ ᠲᠦᠮᠡᠨ ᠤ ᠵᠠᠬᠢᠶᠠᠯᠠᠭ᠎ᠠ ᠶᠢᠨ | ᠬᠠᠭᠤᠳᠠᠰᠤ᠂ ᠲᠣᠰᠬᠤᠨ ᠨᠡᠶᠢᠭᠡᠮ ᠲᠣᠭᠤᠷᠢᠭ ᠠᠴᠠ ᠵᠠᠬᠢᠶᠠᠯᠠᠭ᠎ᠠ ᠶᠢᠨ ᠬᠠᠭᠤᠳᠠᠰᠤ ᠲᠣᠮᠢᠯᠠᠬᠤ᠂ ᠰᠠᠶᠢᠨ ᠳᠤᠷ᠎ᠠ | ᠠᠴᠠ ᠪᠠᠨ ᠵᠠᠬᠢᠶᠠᠯᠠᠭ᠎ᠠ ᠶᠢᠨ ᠬᠠᠭᠤᠳᠠᠰᠤ ᠭᠥᠯᠢᠶᠡᠨ ᠠᠪᠬᠤ︾ ᠵᠠᠭᠪᠤᠷ ᠢᠶᠠᠷ ᠳᠠᠮᠵᠢᠭᠤᠯᠤᠨ᠂ ᠣᠯᠠᠨ ᠲᠦᠮᠡᠨ ᠳᠤ | ᠦᠢᠯᠡᠴᠢᠯᠡᠬᠦ ︽N ᠲᠥᠭᠦᠷᠢᠭ︾ ᠪᠣᠯᠭᠠᠬᠤ ᠶᠢ ᠶᠡᠬᠡᠪᠡᠷ ᠠᠬᠢᠭᠤᠯᠤᠨ᠎ᠠ᠃ | | | | | | ᠡᠳᠦᠭᠡ᠂ ᠳ᠋ᠤᠩ ᠾᠧ ᠲᠣᠭᠤᠷᠢᠭ ᠢᠶᠠᠷ ᠶᠠᠪᠤᠵᠤ ᠪᠠᠶᠢᠭ᠎ᠠ ᠶᠠᠳᠠᠭᠤ ᠬᠦᠴᠢᠷᠳᠡᠯᠲᠡᠢ ᠭᠡᠷ ᠪᠦᠯᠢ᠂ ᠭᠡᠷ ᠲᠡᠭᠡᠨ | ᠬᠤᠴᠣᠷᠤᠭᠰᠠᠨ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠦᠬᠡᠳ ᠵᠡᠷᠭᠡ ᠣᠨᠴᠠᠭᠠᠢ ᠬᠡᠷᠡᠭᠴᠡᠭᠡ ᠲᠠᠢ ᠬᠥᠮᠥᠰ ᠲᠤ | ᠥᠷᠭᠡᠨ ᠣᠯᠠᠨ ᠨᠠᠮ ᠤᠨ ᠭᠡᠰᠢᠭᠦᠨ ᠤ ᠶᠠᠭᠠᠷᠠᠤ ᠰᠠᠨᠳᠤᠷᠤᠤ ᠪᠠᠷ᠎ᠠ ᠭᠠᠵᠠᠷ ᠪᠣᠯᠭᠠᠨ ᠳᠤ ᠬᠠᠷᠠᠭᠳᠠᠨ᠎ᠠ᠂ 754 | ᠤᠯᠠᠭᠠᠨ ᠬᠤᠰᠢᠭᠤᠴᠢ ᠶᠢᠨ ᠰᠡᠳᠬᠢᠯ ᠢ ᠳᠤᠯᠠᠭᠠᠴᠠᠭᠤᠯᠬᠤ ᠰᠠᠯᠪᠤᠷᠢ ᠪᠠᠭ᠎ᠠ ᠠᠩᠭᠢ ᠶᠢᠨ ᠬᠢᠨ᠂ 2700 ᠭᠠᠷᠤᠢ | ᠨᠠᠮ ᠤᠨ ᠭᠡᠰᠢᠭᠦᠨ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠬᠡᠷᠡᠭᠴᠡᠭᠡ ᠲᠠᠢ ᠤᠯᠠᠨ ᠲᠦᠮᠡᠨ ᠳᠤ ᠡᠮ ᠡᠮᠨᠡᠯᠭᠡ | ᠬᠦᠷᠭᠡᠬᠦ᠂ ᠣᠷᠣᠯᠠᠨ ᠬᠤᠳᠠᠯᠳᠤᠨ ᠠᠪᠴᠤ ᠣᠷᠣᠯᠠᠨ ᠭᠦᠢᠴᠡᠳᠬᠡᠬᠦ᠂ ᠬᠠᠯᠠᠮᠵᠢᠯᠠᠨ ᠬᠠᠶᠢᠷᠠᠯᠠᠬᠤ᠂ ᠬᠥᠲᠥᠯᠥᠨ | ᠵᠢᠯᠤᠭᠤᠳᠴᠤ ᠵᠠᠯᠠᠵᠤ ᠵᠢᠯᠤᠭᠤᠳᠬᠤ ᠵᠡᠷᠭᠡ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠢᠳᠡᠪᠬᠢᠲᠡᠢ | ᠬᠠᠩᠭᠠᠵᠤ᠂ ︽ᠠᠵᠢᠯ ᠲᠠᠢ ᠪᠣᠯ ᠨᠠᠮ ᠤᠨ ᠭᠡᠰᠢᠭᠦᠨ ᠢ ᠡᠷᠢᠬᠦ︾᠂︽ᠬᠦᠴᠢᠷᠳᠡᠯ ᠲᠠᠢ ᠪᠣᠯ ᠵᠣᠬᠢᠶᠠᠨ ᠪᠠᠶᠢᠭᠤᠯᠤᠯᠲᠠ ᠶᠢ | ᠡᠷᠢᠬᠦ︾ ᠨᠢ ᠰᠠᠭᠤᠭᠠᠯᠢ ᠠᠷᠠᠳ ᠤᠯᠠᠨ ᠤ ᠬᠠᠮᠲᠤ ᠶᠢᠨ ᠲᠠᠨᠢᠯᠲᠠ ᠪᠣᠯᠵᠤ᠂ ᠳ᠋ᠦᠩ ᠾᠧ ᠲᠣᠭᠤᠷᠢᠭ ᠤᠨ ᠬᠢᠨ | ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠪᠠᠷ ᠳᠠᠮᠵᠢᠨ ᠠᠷᠠᠳ ᠤᠨ | ᠠᠮᠢᠳᠤᠷᠠᠯ ᠤᠨ ᠰᠠᠭᠤᠷᠢ ᠶᠢ ᠪᠠᠬᠢᠵᠢᠭᠦᠯᠵᠦ᠂ ᠭᠤᠣᠯᠳᠠᠯᠭ᠎ᠠ ᠲᠠᠢ ᠬᠠᠮᠲᠤᠯᠢᠭ ᠪᠣᠯᠣᠨ ᠥᠷᠭᠡᠨ ᠤᠯᠠᠨ ᠬᠤᠳᠠ ᠶᠢᠨ | ᠠᠷᠠᠳ ᠤᠨ ︽ᠲᠣᠭᠲᠠᠭᠤᠨ ᠵᠣᠯ ᠵᠢᠷᠭᠠᠯ︾ ᠢ ᠪᠠᠲᠤᠯᠠᠵᠠᠢ᠃ | | | | | |