ᠬᠠᠮᠲᠤ ᠪᠠᠷ ᠵᠠᠰᠠᠬᠤ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠵᠤ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ
ᠨᠡᠶᠢᠲᠡᠯᠡᠭᠰᠡᠨ ᠴᠠᠭ᠄
2023/9/14
     ᠠᠯᠲᠠᠨ ᠨᠠᠮᠤᠷ ᠤᠨ ᠶᠢᠰᠦᠨ ᠰᠠᠷ᠎ᠠ ᠳᠤ᠂ ᠲᠡᠭᠷᠢ ᠴᠡᠯᠮᠡᠭᠰᠢᠵᠦ᠂ ᠳ᠋ᠦᠩ ᠾᠧ ᠵᠡᠭᠡᠯᠢ ᠶᠢᠨ ᠲᠣᠭᠤᠷᠢᠭ ᠢᠶᠠᠷ ᠠᠯᠬᠤᠯᠠᠬᠤ ᠳᠤ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠬᠥᠳᠡᠯᠭᠡᠭᠡᠨ ᠤ ᠲᠠᠰᠤᠭ ᠤᠨ ᠪᠥᠵᠢᠭ ᠤᠨ ᠳᠦᠷᠢ ᠲᠥᠷᠬᠦ ᠭᠤᠶᠢᠳᠠ ᠰᠠᠶᠢᠬᠠᠨ ᠪᠠᠶᠢᠬᠤ ᠶᠢ ᠣᠯᠵᠤ ᠬᠠᠷᠠᠨ᠂ ᠲᠠᠭᠤᠨ ᠤ ᠠᠶᠠᠰ ᠤᠨ ᠬᠠᠩᠭᠢᠨᠠᠬᠤ ᠶᠢ ᠣᠯᠵᠤ ᠰᠣᠨᠣᠰᠤᠨ᠎ᠠ︔ᠠᠷᠠᠳ ᠤᠨ ᠴᠡᠴᠡᠷᠯᠢᠭ ᠤᠨ ᠬᠠᠭᠤᠴᠢᠨ ᠳᠦᠷᠰᠦ ᠪᠠᠶᠢᠳᠠᠯ ᠰᠢᠨ᠎ᠡ ᠳᠦᠷᠰᠦ ᠪᠠᠶᠢᠳᠠᠯ ᠲᠠᠢ ᠪᠣᠯᠵᠤ᠂ ᠬᠥᠮᠥᠰ ᠬᠤᠶᠠᠷ ᠭᠤᠷᠪᠠ ᠪᠠᠷ ᠢᠶᠠᠨ ᠬᠠᠨᠢᠯᠠᠨ ᠰᠡᠯᠡᠭᠦᠴᠡᠵᠦ᠂ ᠡᠰᠡᠬᠦᠯ᠎ᠡ ᠦᠳᠦᠨ ᠪᠥᠮᠪᠦᠭᠡ ᠨᠠᠭᠠᠳᠴᠤ᠂ ᠨᠡᠷᠡᠬᠦᠢ ᠨᠢᠳᠤᠷᠭ᠎ᠠ ᠪᠣᠯᠪᠠᠰᠤᠷᠠᠵᠤ ᠁ ᠵᠡᠭᠡᠯᠢ ᠭᠤᠳᠤᠮᠵᠢ᠂ ᠴᠡᠴᠡᠷᠯᠢᠭ ᠤᠨ ᠠᠭᠤᠳᠠᠮ ᠲᠠᠯᠠᠪᠠᠢ ᠳᠤ ᠣᠨ ᠰᠠᠷ᠎ᠠ ᠨᠠᠮ ᠰᠡᠯᠡᠭᠦᠨ ᠬᠠᠯᠠᠭᠤᠨ ᠳᠤᠯᠠᠭᠠᠨ ᠪᠥᠭᠡᠳ ᠠᠮᠤᠷ ᠵᠢᠮᠤᠷ ᠪᠠᠶᠢᠳᠠ᠊ ᠢᠶᠠᠷ ᠪᠢᠯᠬᠠᠨ᠎ᠠ᠃ᠡᠨᠡ ᠪᠣᠯ ᠳ᠋ᠦᠩ ᠾᠧ ᠲᠣᠭᠤᠷᠢᠭ ᠤᠨ ᠣᠳᠣᠬᠢᠴᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠴᠣᠭᠴᠠᠯᠠᠵᠤ ᠦᠷ᠎ᠡ ᠪᠦᠲᠦᠮᠵᠢ ᠣᠯᠣᠭᠰᠠᠨ ᠤ ᠦᠨᠡᠨ ᠪᠣᠳᠠᠲᠠᠢ ᠢᠯᠡᠷᠡᠯ ᠪᠣᠯᠣᠨ᠎ᠠ᠃
     ᠦᠨᠳᠦᠰᠦᠨ ᠱᠠᠲᠤ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠵᠦ᠂ ᠦᠨᠳᠦᠰᠦᠨ ᠱᠠᠲᠤ ᠠᠮᠤᠷ ᠲᠦᠪᠰᠢᠨ ᠪᠠᠶᠢᠪᠠᠯ ᠤᠯᠤᠰ ᠣᠷᠣᠨ ᠠᠮᠤᠷ ᠠᠮᠤᠭᠤᠯᠠᠩ ᠪᠣᠯᠣᠨ᠎ᠠ᠃ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠪᠦᠬᠦ ᠬᠦᠴᠦᠨ ᠢᠶᠠᠷ ᠢᠶᠠᠨ ᠦᠨᠳᠦᠰᠦᠨ ᠱᠠᠲᠤᠨ ᠤ ᠵᠠᠰᠠᠯᠲᠠ ᠶᠢᠨ︽ᠲᠦᠭᠵᠢᠷᠡᠯ︾ ᠢ ᠨᠠᠪᠲᠠᠷᠡᠭᠦᠯᠵᠦ᠂ ︽ᠲᠠᠰᠤᠷᠬᠠᠢ ᠴᠡᠭ︾ ᠢ ᠨᠥᠬᠦᠪᠦᠷᠢᠯᠡᠵᠦ᠂ ︽ᠬᠦᠴᠢᠷ ᠠᠰᠠᠭᠤᠳᠠᠯ︾ ᠢ ᠰᠢᠢᠳᠪᠦᠷᠢᠯᠡᠵᠦ᠂ ᠦᠨᠳᠦᠰᠦᠨ ᠱᠠᠲᠤᠨ ᠤ︽ᠦᠵᠦᠭᠦᠷ︾ ᠢ ᠵᠠᠰᠠᠯᠲᠠ ᠶᠢᠨ︽ᠡᠮᠦᠨ᠎ᠡ ᠬᠠᠷᠠᠭᠤᠯ︾ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃ᠲᠠᠪᠴᠠᠩ ᠪᠠᠶᠢᠭᠤᠯᠬᠤᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠭᠦᠯᠬᠦ      ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠲᠥᠪ ᠲᠤ ᠪᠠᠶᠢᠷᠢᠯᠠᠵᠤ ᠪᠠᠶᠢᠭ᠎ᠠ ᠨᠠᠨ ᠭᠧ ᠳ᠋ᠦᠩ ᠵᠡᠭᠡᠯᠢ ᠭᠤᠳᠤᠮᠵᠢ ᠪᠣᠯ ᠨᠡᠶᠢᠲᠡᠯᠢᠭ ᠴᠢᠨᠠᠷᠲᠠᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠥᠪᠯᠡᠷᠡᠭᠰᠡᠨ ᠭᠠᠵᠠᠷ ᠪᠣᠯᠣᠨ᠎ᠠ᠂ ᠬᠠᠷᠢᠶ᠎ᠠ ᠣᠷᠣᠨ ᠳᠤ ᠪᠢᠲᠡᠭᠦᠮᠵᠢᠯᠡᠭᠰᠡᠨ᠂ ᠬᠠᠭᠠᠰ ᠪᠢᠲᠡᠭᠦᠮᠵᠢᠯᠡᠭᠳᠡᠭᠰᠡᠨ ᠰᠠᠭᠤᠭᠠᠯᠢ ᠠᠷᠠᠳ ᠤᠨ ᠲᠣᠭᠤᠷᠢᠭ 109᠂ ᠲᠤᠰᠠᠭᠠᠷ ᠠᠰᠠᠷ51 ᠪᠠᠶᠢᠵᠤ᠂ ᠬᠠᠮᠤᠭ ᠤᠨ ᠬᠠᠭᠤᠴᠢᠨ ᠠᠰᠠᠷ ᠢ 1978 ᠣᠨ ᠳᠤ ᠪᠠᠶᠢᠭᠤᠯᠵᠤ᠂ ᠣᠯᠠᠩᠬᠢ ᠰᠠᠭᠤᠭᠠᠯᠢ ᠠᠷᠠᠳ ᠤᠨ ᠲᠣᠭᠤᠷᠢᠭ ᠲᠤ ᠠᠳᠠᠯ ᠠᠬᠤᠢ ᠪᠠᠶᠢᠬᠤ ᠦᠭᠡᠢ᠂ ᠬᠠᠮᠢᠶᠠᠷᠬᠤ ᠳᠤ ᠬᠦᠴᠢᠷ᠂ ᠴᠡᠪᠡᠷᠯᠡᠬᠦ ᠳᠤ ᠬᠦᠴᠢᠷ᠂ ᠪᠢᠲᠡᠭᠦᠮᠵᠢᠯᠡᠬᠦ ᠳᠤ ᠬᠦᠴᠢᠷ᠂ ᠠᠭᠤᠰᠤᠯᠴᠠᠬᠤ ᠳᠤ ᠬᠦᠴᠢᠷ ᠵᠡᠷᠭᠡ ᠤᠯᠠᠨ ᠠᠰᠠᠭᠤᠳᠠᠯ ᠣᠷᠣᠰᠢᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠪᠠᠭ᠎ᠠ ᠪᠤᠰᠤ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃
    ︽︿ᠣᠯᠠᠨ ᠡᠰᠢᠲᠦ ᠬᠠᠮᠲᠤ ᠪᠠᠷ ᠵᠠᠰᠠᠬᠤ﹀ ᠪᠣᠯ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢ ᠲᠦᠯᠬᠢᠨ ᠠᠬᠢᠭᠤᠯᠬᠤ ᠬᠠᠮᠤᠭ ᠤᠨ ᠪᠦᠲᠦᠮᠵᠢᠲᠡᠶ ᠠᠷᠭ᠎ᠠ ᠵᠠᠮ ᠮᠥᠨ᠂ ᠪᠢᠳᠡ ᠨᠡᠶᠢᠭᠡᠮ ᠤᠨ ᠠᠵᠢᠯ ᠤᠨ ᠥᠷᠲᠡᠭᠡ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠢᠩᠭᠡᠬᠡᠨ ᠠᠪᠤᠭᠰᠠᠨ ᠨᠢ ᠴᠥᠮ ᠨᠡᠶᠢᠭᠡᠮ ᠲᠣᠭᠤᠷᠢᠭ ᠤᠨ ᠵᠠᠰᠠᠯᠲᠠ ᠳᠤ ᠰᠢᠨ᠎ᠡ ᠬᠦᠴᠦᠨ ᠨᠡᠮᠡᠷᠢᠯᠡᠬᠦ ᠶᠢᠨ ᠲᠥᠯᠥᠭᠡ ᠶᠤᠮ᠂ ᠣᠯᠠᠨ ᠲᠠᠯ᠎ᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠬᠤ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠵᠠᠰᠠᠯᠲᠠ ᠶᠢ ᠨᠠᠩ ᠨᠠᠷᠢᠯᠢᠭ᠂ ᠨᠠᠩ ᠲᠤᠰᠬᠠᠢ ᠮᠡᠷᠭᠡᠵᠢᠯ ᠲᠠᠢ ᠪᠣᠯᠭᠠᠬᠤ ᠶᠢᠨ ᠲᠥᠯᠥᠭᠡ ᠶᠤᠮ︾ ᠭᠡᠵᠡᠢ᠃ ᠨᠠᠨ ᠭᠧ ᠳ᠋ᠦᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠯᠢᠦ ᠵᠢᠢ ᠢᠦᠢ ᠨᠡᠶᠢᠭᠡᠮ ᠤᠨ ᠠᠵᠢᠯ ᠤᠨ ᠦᠷᠳᠡᠭᠡ ᠶᠢ ᠶᠡᠬᠡᠪᠡᠷ ᠪᠠᠶᠢᠭᠤᠯᠬᠤ ᠲᠤᠬᠠᠢ ᠢᠩᠭᠢᠵᠦ ᠲᠠᠶᠢᠯᠪᠤᠷᠢᠯᠠᠪᠠ᠃
     ᠨᠠᠨ ᠭᠧ ᠳ᠋ᠦᠩ ᠵᠡᠭᠡᠯᠢ ᠭᠤᠳᠤᠮᠵᠢ ᠶᠢᠨ ᠨᠡᠶᠢᠭᠡᠮ ᠤᠨ ᠠᠵᠢᠯ ᠤᠨ ᠥᠷᠲᠡᠭᠡᠨ ᠳᠤ ᠣᠴᠢᠪᠠᠯ᠂ ᠨᠡᠶᠢᠭᠡᠮ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠴᠢᠯᠡᠭᠡᠨ ᠤ ᠣᠶᠢᠯᠠᠭᠠᠭᠳᠠᠬᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠨᠡᠷ᠎ᠡ ᠮᠡᠳᠡᠭᠦᠯᠬᠦ ᠠᠷᠭ᠎ᠠ ᠮᠠᠶ᠋ᠢᠭ ᠵᠡᠷᠭᠡ ᠳᠦᠷᠢᠮ ᠤᠨ ᠠᠭᠤᠯᠭ᠎ᠠ ᠶᠢ ᠢᠯᠡ ᠪᠠᠶᠢᠷᠢᠨ ᠳᠤ ᠡᠯᠭᠦᠵᠦ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠠᠵᠢᠯ ᠶᠠᠪᠤᠳᠠᠯ ᠬᠢᠬᠦ ᠪᠠᠷ ᠢᠷᠡᠭᠰᠡᠨ ᠣᠯᠠᠨ ᠲᠦᠮᠡᠨ ᠬᠤᠶᠢᠨ᠎ᠠ ᠬᠤᠶᠢᠨ᠎ᠠ  ᠠᠴᠠ ᠪᠠᠨ ᠲᠣᠭᠤᠷᠢᠨ ᠦᠵᠡᠵᠦ ᠪᠠᠶᠢᠬᠤ ᠶᠢ ᠣᠯᠵᠤ ᠬᠠᠷᠠᠨ᠎ᠠ᠃ᠨᠠᠨ ᠯᠦᠩ ᠸᠠᠩ ᠮᠢᠶᠣᠣ ᠨᠡᠶᠢᠭᠡᠮ ᠲᠣᠭᠤᠷᠢᠭ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ ᠨᠡᠶᠢᠭᠡᠮ ᠤᠨ ᠠᠵᠢᠯ ᠤᠨ ᠥᠷᠲᠡᠭᠡᠨ ᠤ ᠪᠠᠷᠢᠮᠵᠢᠶᠠᠵᠢᠯᠲᠠ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠡᠭᠡᠯᠢ ᠭᠤᠳᠤᠮᠵᠢ ᠪᠠᠷ ᠲᠦᠷᠦᠭᠦᠯᠡᠭᠦᠯᠦᠭᠰᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠠᠵᠢᠯᠯᠠᠭᠤᠯᠤᠭᠰᠠᠨ᠂ ᠡᠯ᠎ᠡ ᠨᠡᠶᠢᠭᠡᠮ ᠲᠣᠭᠤᠷᠢᠭ ᠤᠨ ᠬᠢᠨ ᠳᠠᠭᠠᠵᠤ ᠬᠠᠮᠵᠢᠯᠴᠠᠭᠰᠠᠨ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠲᠣᠭᠲᠠᠭᠠᠭᠰᠠᠨ ᠪᠠᠶᠢᠨ᠎ᠠ᠃ᠡᠭᠦᠨ ᠤ ᠬᠠᠮᠲᠤ᠂ ᠨᠡᠶᠢᠭᠡᠮ ᠤᠨ ᠠᠵᠢᠯ ᠤᠨ ᠥᠷᠲᠡᠭᠡᠨ ᠤ ᠠᠵᠢᠯ ᠢᠶᠠᠨ ᠤᠷᠤᠭᠰᠢᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠤᠷᠢᠳ ᠬᠤᠵᠢᠳ ᠨᠡᠶᠢᠭᠡᠮ ᠤᠨ ᠠᠵᠢᠯ ᠤᠨ ᠥᠷᠲᠡᠭᠡᠨ ᠤ ᠠᠵᠢᠯ ᠤᠨ ᠳᠦᠷᠢᠮ᠂ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠮᠢᠶᠠᠷᠤᠯᠲᠠ ᠶᠢᠨ ᠳᠦᠷᠢᠮ᠂ ᠰᠠᠶᠢᠨ ᠳᠤᠷ᠎ᠠ ᠶᠢᠨ ᠠᠵᠢᠯᠯᠠᠭᠴᠢ ᠶᠢᠨ ᠬᠤᠪᠢ ᠬᠤᠷᠠᠮᠳᠤᠭᠤᠯᠬᠤ ᠳᠦᠷᠢᠮ ᠵᠡᠷᠭᠡ ᠬᠠᠮᠢᠶ᠎ᠠ ᠪᠦᠬᠦᠢ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠬᠢᠨᠠᠨ ᠲᠣᠭᠲᠠᠭᠠᠵᠤ᠂ ᠨᠡᠶᠢᠭᠡᠮ ᠤᠨ ᠠᠵᠢᠯ ᠤᠨ ᠥᠷᠲᠡᠭᠡ ᠶᠢ ᠦᠨᠳᠦᠰᠦᠨ ᠱᠠᠲᠤᠨ ᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡᠨ ᠤ ᠵᠢᠱᠢᠶ᠎ᠡ ᠦᠵᠡᠭᠦᠯᠬᠦ ᠥᠯᠢᠭᠡᠷ ᠬᠡᠪ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠣᠯᠠᠨ ᠲᠦᠮᠡᠨ ᠲᠠᠢ ᠬᠠᠮᠤᠭ ᠤᠨ ᠣᠶᠢᠷᠠᠯᠴᠠᠭ᠎ᠠ ᠨᠡᠶᠢᠭᠡᠮ ᠤᠨ ᠠᠵᠢᠯ ᠤᠨ ᠲᠤᠰᠬᠠᠢ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠪᠠ᠃ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦᠵᠠᠰᠠᠯᠲᠠ ᠶᠢᠨ ︽ᠰᠢᠨ᠎ᠡ ᠪᠠᠶᠢᠷᠢᠰᠢᠯ︾ ᠢ ᠬᠠᠮᠲᠤ ᠪᠠᠷ ᠡᠳ᠋ᠯᠡᠨ᠎ᠡ      ᠣᠯᠠᠨ ᠢᠶᠠᠷ ᠢᠶᠠᠨ ᠶᠠᠮᠠᠷ ᠪᠠᠴᠢᠮ ᠤᠴᠢᠷ ᠲᠠᠢ ᠪᠣᠯ ᠬᠦᠴᠢᠷ ᠤᠴᠢᠷ ᠲᠠᠢ ᠪᠣᠯ ᠮᠠᠨ ᠤ ᠪᠢᠨ ᠦ᠋ ᠨᠡᠶᠢᠭᠡᠮ ᠲᠣᠭᠤᠷᠢᠭ ᠤᠨ ︿ᠰᠢᠶᠣᠣ ᠶᠤᠸᠠᠢ ᠶᠤᠸᠠᠢ﹀ ᠶᠢ ᠡᠷᠢᠵᠦ ᠬᠠᠪᠰᠤᠷᠤᠭᠤᠯᠤᠶ᠎ᠠ᠂ ᠬᠡᠷᠡᠭ ᠭᠠᠷᠪᠠᠯ ᠲᠠ ᠶᠠᠷᠢ!︾ ᠭᠡᠪᠡ᠃ ᠡᡁᠸ ᠳ᠋ᠦᠩ ᠵᠡᠭᠡᠯᠢ ᠭᠤᠳᠤᠮᠵᠢ ᠶᠢᠨ ᠪᠢᠨ ᠦ᠋ ᠨᠡᠶᠢᠭᠡᠮ ᠲᠣᠭᠤᠷᠢᠭ ᠲᠤ᠂ ᠬᠥᠮᠥᠨ ᠪᠦᠬᠦᠨ ︽ᠰᠢᠶᠣᠣ ᠶᠤᠸᠠᠢ ᠶᠤᠸᠠᠢ︾ ᠶᠢ ᠮᠡᠳᠡᠳᠡᠭ᠂ ᠠᠳᠡᠬᠢ ︽ᠰᠢᠶᠣᠣ ᠶᠤᠸᠠᠢ ᠶᠤᠸᠠᠢ︾ ᠨᠢ ᠱᠤᠭ ᠶᠠᠷᠢᠶᠠᠨ ᠤ ᠲᠣᠭᠯᠠᠭᠴᠢ ᠪᠢᠰᠢ᠂ ᠬᠠᠷᠢᠨ ᠡᡁᠸ ᠳ᠋ᠦᠩ ᠵᠡᠭᠡᠯᠢ ᠭᠤᠳᠤᠮᠵᠢ ᠶᠢᠨ ᠪᠢᠨ ᠦ᠋ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠤᠸᠠᠢ ᠬᠤᠸᠠ ᠪᠠᠷ ᠨᠡᠷᠡᠶᠢᠳᠦᠭᠰᠡᠨ ᠰᠠᠭᠤᠭᠠᠯᠢ ᠠᠷᠠᠳ ᠤᠨ ᠡᠶᠡᠳᠡᠭᠦᠯᠬᠦ ᠠᠵᠢᠯ ᠤᠨ ᠲᠠᠰᠤᠭ ᠪᠣᠯᠣᠨ᠎ᠠ᠃
     ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠣᠷᠣᠵᠤ ᠰᠠᠭᠤᠬᠤ᠂ ᠥᠮᠴᠢᠯᠡᠯ ᠤᠨ ᠡᠷᠬᠡ ᠶᠢ ᠰᠢᠢᠳᠪᠦᠷᠢᠯᠡᠬᠦ ᠵᠡᠷᠭᠡ ᠦᠯᠡᠳᠡᠭᠳᠡᠯ ᠠᠰᠠᠭᠤᠳᠠᠯ ᠨᠢ ᠶᠡᠷᠦ ᠠᠴᠠ ᠦᠨᠳᠦᠰᠦᠨ ᠱᠠᠲᠤᠨ ᠤ ᠵᠠᠰᠠᠯᠲᠠ ᠶᠢ ᠬᠠᠷᠰᠢᠯᠠᠵᠤ ᠪᠠᠶᠢᠭ᠎ᠠ ᠨᠢᠭᠡ ᠵᠦᠢᠯ ᠤᠨ ᠬᠦᠴᠢᠷ ᠠᠰᠠᠭᠤᠳᠠᠯ ᠪᠣᠯᠣᠭᠰᠠᠭᠠᠷ ᠢᠷᠡᠵᠡᠶ᠃ᠣᠶᠢᠷ᠎ᠠ ᠶᠢᠨ ᠵᠢᠯ ᠳᠤ᠂ ︽ᠰᠢᠶᠣᠣ ᠶᠤᠸᠠᠢ ᠶᠤᠸᠠᠢ︾ ᠠᠵᠢᠯᠯᠠᠬᠤ ᠲᠠᠰᠤᠭ ᠨᠢ ᠦᠨᠳᠦᠰᠦᠨ ᠱᠠᠲᠤᠨ ᠳᠤ ᠦᠢᠯᠡᠴᠢᠯᠡᠬᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠠᠵᠢᠯ ᠠᠴᠠ ᠪᠠᠨ ᠠᠮᠠᠷᠠᠭᠰᠠᠨ ᠬᠠᠤᠯᠢ ᠶᠢᠨ ᠲᠤᠰᠢᠶᠠᠯᠲᠠᠨ ᠲᠠᠢ ᠭᠠᠷ ᠬᠤᠯᠪᠣᠨ ᠵᠢᠵᠢᠭ ᠲᠣᠭᠤᠷᠢᠭ ᠤᠨ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠢ ᠬᠠᠪᠰᠤᠷᠤᠨ ᠥᠷᠢ ᠥᠭᠴᠡᠭᠡ ᠶᠢᠨ ᠵᠢᠭᠤᠷᠠᠯᠳᠤᠭᠠᠨ ᠢ ᠰᠢᠢᠳᠪᠦᠷᠢᠯᠡᠵᠦ᠂ ᠵᠢᠵᠢᠭ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢ ᠭᠦᠢᠴᠡᠳᠬᠡᠬᠦ ᠵᠢᠴᠢ ᠣᠷᠣᠵᠤ ᠰᠠᠭᠤᠬᠤ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃2023 ᠣᠨ ᠤ 4 ᠰᠠᠷ᠎ᠠ ᠪᠣᠯᠲᠠᠯ᠎ᠠ᠂ ︽ᠰᠢᠶᠣᠣ ᠶᠤᠸᠠᠢ ᠶᠤᠸᠠᠢ︾ ᠶᠢᠨ ᠠᠵᠢᠯᠯᠠᠬᠤ ᠲᠠᠰᠤᠭ ᠨᠡᠶᠢᠲᠡ 80 ᠡᠷᠦᠬᠡ ᠰᠠᠭᠤᠭᠠᠯᠢ ᠠᠷᠠᠳ ᠢ ᠬᠠᠪᠰᠤᠷᠤᠨ ᠥᠯᠥ ᠬᠥᠳᠡᠯᠬᠦ ᠬᠥᠷᠥᠩᠭᠡ ᠶᠢ ᠰᠢᠢᠳᠪᠦᠷᠢᠯᠡᠵᠦ ᠥᠭᠭᠦᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ 105 ᠡᠷᠦᠬᠡ ᠰᠠᠭᠤᠭᠠᠯᠢ ᠠᠷᠠᠳ ᠤᠨ ᠣᠷᠣᠵᠤ ᠰᠠᠭᠤᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃
     ᠨᠡᠶᠢᠭᠡᠮ ᠤᠨ ᠵᠠᠰᠠᠯᠲᠠ ᠶᠢᠨ ᠰᠢᠰᠲ᠋ᠧᠮ ᠤᠨ ᠲᠠᠰᠤᠷᠠᠯᠲᠠ ᠦᠭᠡᠢ ᠲᠡᠭᠦᠯᠳᠡᠷᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠾᠧ ᠳ᠋ᠦᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠳᠤ ᠲᠦᠰᠢᠭᠯᠡᠨ᠂ ᠡᠯ᠎ᠡ ᠨᠡᠶᠢᠭᠡᠮ ᠲᠣᠭᠤᠷᠢᠭ ᠲᠤ ᠰᠠᠴᠤᠷᠠᠭ ᠤᠨ ᠬᠠᠷᠢᠶ᠎ᠠ ᠣᠷᠣᠨ ᠤ ᠨᠢᠭᠡᠴᠡ ᠶᠢᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢᠨ ᠲᠣᠣᠷ ᠢ ᠪᠠᠶᠢᠭᠤᠯᠵᠤ᠂ ︽ᠲᠤᠰᠬᠠᠢ ᠲᠤᠰᠢᠶᠠᠯ ᠢᠶᠠᠷ ᠬᠥᠲᠥᠯᠥᠨ ᠳᠠᠭᠠᠭᠤᠯᠬᠤ᠂ ᠲᠤᠰᠢᠶᠠᠯ ᠬᠠᠪᠰᠤᠷᠭᠠᠨ ᠨᠥᠬᠦᠪᠦᠷᠢᠯᠡᠬᠦ᠂ ᠥᠪᠡᠷᠲᠡᠭᠡᠨ ᠵᠠᠰᠠᠬᠤ ᠶᠢ ᠬᠠᠮᠵᠢᠯᠴᠠᠭᠤᠯᠬᠤ︾ ᠰᠡᠳᠬᠢᠮᠵᠢ ᠶᠣᠰᠣᠭᠠᠷ᠂ ᠬᠠᠷᠢᠶ᠎ᠠ ᠣᠷᠣᠨ ᠤ ᠪᠠᠨ 981 ᠡᠷᠦᠬᠡ ᠬᠤᠳᠠᠯᠳᠤᠭᠠᠴᠢᠨ ᠡᠷᠦᠬᠡ ᠶᠢ ᠬᠡᠰᠡᠭ ᠬᠤᠪᠢᠶᠠᠨ ᠬᠡᠰᠡᠭ ᠬᠤᠪᠢᠶᠠᠨ ᠵᠡᠭᠡᠯᠢ ᠭᠤᠳᠤᠮᠵᠢ ᠶᠢᠨ ᠲᠣᠣᠷᠵᠢᠯ ᠤᠨ ᠪᠦᠯᠦᠭᠯᠡᠯ ᠢ ᠪᠠᠶᠢᠭᠤᠯᠵᠤ᠂ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠴᠠᠭᠳᠠᠭ᠎ᠠ᠂ ᠬᠤᠳᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠬᠠᠤᠯᠢ ᠶᠢᠨ ᠲᠤᠰᠢᠶᠠᠯᠲᠠᠨ ᠵᠡᠷᠭᠡ ᠨᠢᠭᠡᠴᠢ ᠪᠠ ᠠᠵᠢᠯᠲᠠᠨ ᠢ ᠬᠠᠮᠲᠤ ᠪᠠᠷ ᠲᠣᠣᠷᠵᠢᠯ ᠳᠤ ᠣᠷᠣᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠪᠠᠶᠢᠭᠠᠳ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ ︽ᠪᠢᠴᠢᠯ ᠡᠶᠡᠳᠡᠭᠦᠯᠭᠡ︾ ᠪᠠᠷ ︽ᠶᠡᠭᠡ ᠡᠶ᠎ᠡ ᠵᠣᠬᠢᠴᠠᠯ︾ ᠢ ᠠᠬᠢᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠪᠠ᠃ᠳᠦᠷᠢᠮ ᠢ ᠴᠢᠩᠭᠠᠳᠬᠠᠬᠤᠵᠠᠰᠠᠯᠲᠠ ᠶᠢᠨ︽ᠭᠤᠣᠯ ᠵᠢᠭᠰᠠᠭᠠᠯ ᠤᠨ ᠭᠠᠵᠠᠷ︾ ᠢ ᠪᠠᠲᠤ ᠴᠣᠭᠴᠠᠯᠠᠨ᠎ᠠ      ᠾᠧ ᠫᠢᠩ ᠵᠠᠮ ᠤᠨ ᠵᠡᠭᠡᠯᠢ ᠭᠤᠳᠤᠮᠵᠢ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠬᠦ ᠳᠤ᠂ ᠡᠯ᠎ᠡ ᠠᠯᠪᠠᠨ ᠭᠡᠷ ᠤᠨ ᠬᠡᠷᠡᠮ ᠳᠡᠭᠡᠷ᠎ᠡ ᠬᠠᠮᠢᠶ᠎ᠠ ᠪᠦᠬᠦᠢ ᠠᠵᠢᠯ ᠤᠨ ᠳᠦᠷᠢᠮ ᠡᠯᠭᠦᠵᠦ ᠪᠠᠶᠢᠬᠤ ᠶᠢ ᠣᠯᠵᠤ ᠬᠠᠷᠠᠨ᠎ᠠ᠃ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠰᠢᠷᠡᠭᠡᠨ ᠳᠡᠭᠡᠷ᠎ᠡ᠂ ︽ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠥᠯ︾ ᠭᠡᠬᠦ‍ ᠨᠢᠭᠡ ᠬᠤᠪᠢ ᠪᠢᠴᠢᠭ ᠮᠠᠲ᠋ᠧᠷᠢᠶᠠᠯ ᠢ ᠠᠵᠢᠯᠲᠠᠳ ᠠᠳᠠᠯᠢ ᠪᠤᠰᠤ ᠥᠩᠭᠡ ᠶᠢᠨ ᠪᠢᠷ ᠢᠶᠠᠷ ᠲᠣᠳᠣᠷᠬᠠᠶᠢᠯᠠᠭᠰᠠᠨ ᠪᠠᠶᠢᠨ᠎ᠠ᠃ᠠᠵᠢᠯᠲᠠᠳ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠪᠣᠯ ᠶᠠᠭ ᠰᠠᠶᠢᠬᠠᠨ ᠲᠣᠭᠲᠠᠭᠠᠵᠤ ᠪᠠᠶᠢᠭ᠎ᠠ ᠡᠩᠬᠡ ᠲᠠᠶᠢᠪᠤᠩ ᠵᠡᠭᠡᠯᠢ ᠭᠤᠳᠤᠮᠵᠢ ᠳᠤ ᠲᠤᠰᠬᠠᠶᠢᠯᠠᠨ ᠬᠠᠷᠢᠶᠠᠯᠠᠭᠳᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭᠠᠨ ᠤ ᠠᠵᠢᠯ ᠤᠨ ᠲᠥᠰᠥᠯ ᠮᠥᠨ ᠭᠡᠵᠡᠢ᠃
     ︽ᠮᠠᠨ ᠤ ᠬᠠᠷᠢᠶ᠎ᠠ ᠣᠷᠣᠨ ᠤ ᠶᠡᠷᠦᠩᠬᠡᠢ ᠲᠠᠯᠠᠪᠠᠶ ᠵᠥᠪᠬᠡᠨ 0.88 ᠲᠡᠭᠰᠢ ᠳᠥᠷᠪᠡᠯᠵᠢᠨ ᠺᠢᠯᠣᠮᠧᠲᠷ ᠪᠠᠶᠢᠨ᠎ᠠ᠂ ᠭᠡᠪᠡᠴᠦ ᠬᠤᠳᠠᠯᠳᠤᠭ᠎ᠠ ᠪᠣᠯᠣᠨ ᠣᠷᠣᠨ ᠰᠠᠭᠤᠴᠠ ᠬᠠᠷᠢᠯᠴᠠᠨ ᠰᠣᠯᠪᠢᠴᠠᠵᠤ᠂ ᠬᠥᠮᠥᠰ ᠤᠨ ᠰᠢᠯᠵᠢᠯᠲᠡ  ᠶᠢᠨ ᠴᠢᠨᠠᠷ ᠨᠡᠯᠢᠶᠡᠳ ᠴᠢᠩᠭ᠎ᠠ᠂ ᠦᠢᠯᠡᠴᠢᠯᠡᠭᠡᠨ ᠤ ᠬᠠᠮᠲᠤᠯᠢᠭ ᠴᠤ ᠨᠡᠩ ᠣᠯᠠᠨ ᠡᠰᠢᠵᠢᠵᠡᠢ︾᠃ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠨ ᠴᠧᠨ᠂ ᠠᠳᠠᠯᠢ ᠪᠤᠰᠤ ᠬᠠᠮᠲᠤᠯᠢᠭ ᠲᠤ ᠣᠨᠣᠪᠴᠢᠲᠠᠢ᠂ ᠬᠠᠨᠳᠤᠯᠭᠠᠲᠤ ᠴᠢᠨᠠᠷᠲᠠᠢ ᠦᠢᠯᠡᠴᠢᠯᠡᠭᠡ ᠬᠠᠩᠭᠠᠵᠤ᠂ ᠵᠠᠰᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠨᠡᠩ ᠰᠠᠶᠢᠨ ᠪᠣᠯᠭᠠᠬᠤ ᠶᠢᠨ ᠲᠥᠯᠥᠭᠡ᠂ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠢᠨ ᠳᠦᠷᠢᠮᠵᠢᠭᠦᠯᠬᠦ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠬᠦᠴᠦ ᠣᠷᠣᠭᠤᠯᠵᠤ᠂ ᠠᠷᠭ᠎ᠠ ᠤᠬᠠᠭᠠᠨ ᠭᠠᠷᠭᠠᠬᠤ ᠶᠢ ᠪᠠᠷᠢᠮᠲᠠᠯᠠᠪᠠ᠃
     ︽ᠳᠦᠷᠢᠮ ᠤᠨ ᠪᠠᠶᠢᠭᠤᠯᠤᠯᠲᠠ  ᠶᠢᠨ ᠲᠠᠯ᠎ᠠ ᠪᠠᠷ ᠪᠢᠳᠡ ︿ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ﹀  ᠶᠢ ᠨᠡᠩ ᠢᠯᠡᠭᠦᠦ ᠴᠢᠬᠤᠯᠠᠴᠢᠯᠠᠵᠤ᠂ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ  ᠲᠠᠢ ᠤᠶᠠᠯᠳᠤᠭᠤᠯᠤᠨ ᠥᠪᠡᠷ ᠤᠨ ᠪᠡᠶ᠎ᠡ ᠳᠡᠭᠡᠨ ᠲᠣᠬᠢᠷᠠᠭᠰᠠᠨ ᠳᠦᠷᠢᠮ ᠪᠠ ᠲᠥᠰᠥᠯ  ᠢ ᠲᠣᠭᠲᠠᠭᠠᠪᠠᠯ ᠰᠠᠶ᠋ᠢ ᠬᠠᠮᠢᠶᠠᠷᠤᠯᠲᠠ  ᠶᠢ ᠨᠡᠩ ᠪᠦᠲᠦᠮᠵᠢᠲᠡᠶ ᠪᠣᠯᠭᠠᠵᠤ᠂ ᠦᠢᠯᠡᠴᠢᠯᠡᠭᠡ  ᠶᠢ ᠨᠡᠩ ᠭᠦᠢᠴᠡᠳ ᠨᠠᠶᠢᠳᠠᠪᠤᠷᠢᠵᠢᠭᠤᠯᠵᠤ ᠴᠢᠳᠠᠨ᠎ᠠ︾᠃ ᠶᠠᠨ ᠴᠧᠨ ᠲᠠᠨᠢᠯᠴᠠᠭᠤᠯᠬᠤ ᠳᠠᠭᠠᠨ᠂ ᠡᠨᠡ ᠵᠢᠯ ᠠᠴᠠ ᠨᠠᠰᠢ᠂ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠢᠨ ᠤᠷᠢᠳ ᠬᠤᠵᠢᠳ ︽ᠾᠧ ᠫᠢᠩ ᠵᠠᠮ ᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠵᠥᠪᠳᠡᠯᠴᠡᠨ ᠵᠥᠪᠯᠡᠬᠦ ᠳᠦᠷᠢᠮ︾ ︽ᠡᠷᠬᠢᠮ ᠰᠤᠷᠲᠠᠯ ᠪᠠᠭᠠᠴᠤᠳ ᠢ ᠰᠢᠯᠭᠠᠷᠠᠭᠤᠯᠬᠤ ᠲᠣᠭᠲᠠᠭᠠᠯ︾ ︽ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠱᠠᠩᠨᠠᠵᠤ ᠲᠣᠷᠭᠠᠬᠤ ᠳᠦᠷᠢᠮ︾ ᠵᠡᠷᠭᠡ 10 ᠭᠠᠷᠤᠢ ᠵᠦᠢᠯ ᠤᠨ ᠳᠦᠷᠢᠮ ᠤᠨ ᠲᠣᠭᠲᠠᠭᠠᠯ ᠢ ᠲᠣᠭᠲᠠᠭᠠᠵᠠᠢ᠃︽ᠡᠲᠡᠭᠡᠷ ᠳᠦᠷᠢᠮ ᠨᠢ ᠮᠠᠨ ᠤ ᠠᠵᠢᠯ ᠤᠨ ᠴᠢᠭᠯᠡᠯᠲᠦ ᠴᠢᠨᠠᠷ ᠢ ᠨᠠᠩ ᠲᠣᠳᠣᠷᠬᠠᠢ ᠪᠣᠯᠭᠠᠵᠤ᠂ ᠣᠯᠠᠨ ᠲᠦᠮᠡᠨ ᠳᠤ ᠨᠠᠩ ᠣᠨᠣᠪᠴᠢᠲᠠᠶ ᠦᠢᠯᠡᠴᠢᠯᠡᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ︾᠃ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠠᠵᠢᠯᠲᠠᠨ ᠴᠢᠶᠠᠨ ᠰᠢᠤᠸᠠᠢ ᠮᠢᠨ ᠳᠦᠷᠢᠮ ᠢ ᠨᠠᠷᠢᠯᠢᠭᠵᠢᠭᠤᠯᠤᠭᠰᠠᠨ ᠠᠴᠠ ᠪᠣᠯᠤᠭᠰᠠᠨ ᠠᠰᠢᠭ ᠲᠤᠰᠠ ᠶᠢᠨ ᠲᠤᠬᠠᠢ ᠭᠦᠨ ᠣᠶᠢᠯᠠᠭᠠᠯᠲᠠ ᠲᠠᠢ ᠪᠠᠶᠢᠨ᠎ᠠ᠃ᠠᠷᠠᠳ ᠤᠨ ᠰᠡᠳᠬᠢᠯ ᠢ ᠦᠨᠡᠨ ᠰᠡᠳᠬᠢᠯ ᠠᠴᠠ ᠪᠠᠨ ᠶᠠᠷᠢᠬᠤ︽ᠰᠢᠨ᠎ᠡ ᠬᠥᠳᠡᠯᠭᠡᠬᠦ ᠬᠦᠴᠦᠨ︾  ᠢ ᠬᠠᠮᠲᠤᠪᠠᠷ ᠵᠠᠰᠠᠬᠤ ᠪᠠᠷ ᠬᠥᠰᠢᠨ ᠴᠢᠷᠮᠠᠶᠢᠨ᠎ᠠ      ︽ᠡᠷᠬᠢᠨ ᠲᠣᠭᠤᠷᠢᠨ ᠨᠢ ᠨᠢᠭᠡᠨᠲᠡ ᠬᠡᠯᠪᠡᠷᠢᠵᠢᠭᠰᠡᠨ ᠨᠣᠭᠤᠭᠠᠷᠠᠭᠤᠯᠤᠯᠲᠠ ᠶᠢᠨ ᠪᠦᠰᠡ ᠪᠣᠯᠤᠭᠰᠠᠨ ᠪᠣᠯᠬᠤᠷ᠂ ᠨᠣᠭᠤᠭᠠᠷᠠᠭᠤᠯᠤᠯᠲᠠ ᠶᠢᠨ ᠪᠦᠰᠡ ᠶᠢ ᠡᠪᠳᠡᠵᠦ ᠬᠡᠢ ᠨᠡᠮᠡᠬᠦ ᠦᠷᠳᠡᠭᠡ ᠪᠠᠶᠢᠭᠤᠯᠤᠭᠰᠠᠨ ᠨᠢ ᠴᠡᠴᠡᠷᠯᠢᠭ ᠤᠨ ᠨᠣᠭᠤᠭᠠᠨ ᠭᠠᠵᠠᠷ ᠢ ᠡᠵᠡᠯᠡᠭᠰᠡᠨ ᠶᠠᠪᠤᠳᠠᠯ ᠪᠣᠯᠣᠨ᠎ᠠ᠂ ᠡᠨᠡ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠳᠤ ᠲᠣᠭᠠᠴᠠᠭᠳᠠᠨ᠎ᠠ ᠪᠢᠵᠡ︖︾ᠭᠡᠵᠦ ᠬᠡᠯᠡᠪᠡ᠃      【ᠠᠳᠡ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠤᠶᠢᠲᠤ ᠡᠭᠦᠳᠡ ᠠᠴᠠ ᠳᠡᠮᠡᠢ ᠬᠤᠯᠠ ᠦᠭᠡᠢ᠂ ᠰᠤᠷᠤᠭᠴᠢᠳ ᠤᠨ ᠣᠷᠣᠵᠤ ᠭᠠᠷᠬᠤ ᠲᠤᠭ᠎ᠠ ᠣᠯᠠᠰᠢᠷᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯ᠎ᠠ ᠪᠠᠷ ᠬᠦᠨᠳᠦ ᠨᠣᠴᠢᠲᠠᠢ ᠳᠠᠯᠳᠠ ᠭᠡᠮ ᠣᠷᠣᠰᠢᠵᠤ ᠪᠠᠶᠢᠨ᠎ᠠ᠃】
     ᠨᠢᠭᠡ ᠳᠤ᠂ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠨ ᠤ ᠠᠰᠠᠷ ᠤᠨ ᠲᠣᠭᠤᠷᠢᠭ ᠤᠨ ᠬᠤᠶᠢᠲᠤ ᠲᠠᠯ᠎ᠠ ᠶᠢᠨ ᠬᠦᠷᠢᠶ᠎ᠡ ᠬᠠᠰᠢᠶ᠎ᠠ ᠶᠢᠨ ᠣᠶᠢᠷ᠎ᠠ ᠬᠠᠪᠢ ᠳᠤ ᠲᠣᠰᠣ ᠨᠡᠮᠡᠬᠦ ᠥᠷᠲᠡᠭᠡ ᠰᠢᠨ᠎ᠡ ᠪᠠᠷ ᠪᠠᠶᠢᠭᠤᠯᠬᠤ ᠶᠢ ᠵᠠᠷᠯᠠᠨ ᠨᠡᠶᠢᠲᠡᠯᠡᠭᠰᠡᠨ ᠶᠠᠪᠤᠳᠠᠯ ᠨᠢ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠠᠩᠬᠠᠷᠤᠯ ᠢ ᠲᠠᠲᠠᠵᠤ᠂ ᠲᠡᠳᠡᠨ ᠤ ᠰᠢᠨ᠎ᠡ ᠪᠠᠷ ᠪᠠᠶᠢᠭᠤᠯᠬᠤ ᠲᠣᠰᠣ ᠨᠡᠮᠡᠬᠦ ᠥᠷᠲᠡᠭᠡ ᠨᠢ ᠵᠦᠢ ᠵᠣᠬᠢᠰᠲᠠᠢ ᠪᠠᠶᠢᠬᠤ ᠡᠰᠡᠬᠦ ᠠᠰᠠᠭᠤᠳᠠᠯ ᠳᠤ ᠰᠡᠵᠢᠭ ᠲᠠᠢ ᠪᠠᠶᠢᠨ᠎ᠠ᠃ᠳᠡᠭᠡᠷᠡᠬᠢ ᠪᠠᠶᠢᠳᠠᠯ ᠳᠤ ᠴᠢᠭᠯᠡᠭᠦᠯᠦᠨ᠂ ᠳ᠋ᠦᠩ ᠡᠮᠨᠡᠯᠭᠡ ᠶᠢᠨ ᠨᠡᠶᠢᠭᠡᠮ ᠲᠣᠭᠤᠷᠢᠭ ᠤᠨ ᠬᠢᠨ ᠴᠠᠭ ᠲᠤᠬᠠᠢ ᠳᠤᠨᠢ ᠤᠯᠠᠨ ᠲᠦᠮᠡᠨ ᠢ ᠵᠣᠬᠢᠶᠠᠨ ᠪᠠᠶᠢᠭᠤᠯᠤᠨ ︽ᠠᠷᠠᠳ ᠤᠨ ᠪᠠᠶᠢᠳᠠᠯ ᠤᠨ ᠶᠠᠷᠢᠯᠴᠠᠬᠤ ᠬᠤᠷᠠᠯ︾ ᠬᠤᠷᠠᠯᠳᠤᠭᠤᠯᠵᠤ ᠰᠠᠭᠤᠭᠠᠯᠢ ᠠᠷᠠᠳ ᠠᠴᠠ ᠪᠣᠳᠠᠲᠠᠢ ᠪᠠᠶᠢᠳᠠᠯ ᠢ ᠣᠶᠢᠯᠠᠭᠠᠵᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯᠲᠠᠳ ᠢᠶᠠᠷ ᠳᠠᠮᠵᠢᠭᠤᠯᠤᠨ ᠵᠠᠷᠯᠠᠨ ᠨᠡᠶᠢᠲᠡᠯᠡᠭᠰᠡᠨ ᠠᠭᠤᠯᠭ᠎ᠠ ᠳᠤ ᠨᠠᠷᠢᠨ ᠲᠠᠶᠢᠯᠪᠤᠷᠢ ᠬᠢᠭᠰᠡᠨ ᠪᠥᠭᠡᠳ ᠲᠤᠰ ᠤᠳᠠᠭ᠎ᠠ ᠶᠢᠨ ᠠᠷᠠᠳ ᠤᠨ ᠪᠠᠶᠢᠳᠠᠯ ᠤᠨ ᠶᠠᠷᠢᠯᠴᠠᠬᠤ ᠬᠤᠷᠠᠯ ᠤᠨ ᠰᠠᠭᠤᠭᠠᠯᠢ ᠠᠷᠠᠳ ᠤᠨ ᠰᠠᠨᠠᠯ ᠢ ᠬᠤᠷᠢᠶᠠᠨ ᠳᠡᠭᠡᠳᠦ ᠱᠠᠲᠤᠨ ᠤ ᠪᠠᠶᠢᠭᠤᠯᠤᠯᠭ᠎ᠠ ᠳᠤ ᠬᠤᠷᠢᠶᠠᠩᠭᠤᠶᠢᠯᠠᠵᠤ᠂ ᠬᠠᠮᠤᠭ ᠡᠴᠦᠰ ᠲᠤ ᠡᠯ᠎ᠡ ᠲᠠᠯ᠎ᠠ ᠶᠢᠨ ᠬᠢᠨ ᠶᠡᠷᠦᠩᠬᠡᠶᠢᠯᠡᠨ ᠪᠣᠳᠣᠯᠬᠢᠯᠠᠭᠠᠳ᠂ ᠲᠤᠰ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠵᠣᠭᠰᠣᠭᠠᠵᠠᠢ᠃      ᠳ᠋ᠦᠩ ᠡᠮᠴᠢ ᠶᠢᠨ ᠨᠡᠶᠢᠭᠡᠮ ᠲᠣᠭᠤᠷᠢᠭ ᠲᠤ᠂ ᠡᠶᠢᠮᠦᠷᠬᠦ ︽ᠪᠣᠳᠠᠲᠠᠢ ᠪᠠᠷ ᠶᠠᠪᠤᠬᠤ︾ᠪᠥᠭᠡᠳ ︽ᠰᠡᠳᠬᠢᠯ ᠢᠶᠠᠷ ᠶᠠᠪᠤᠬᠤ︾ᠠᠷᠠᠳ ᠤᠨ ᠪᠠᠶᠢᠳᠠᠯ ᠢ ᠦᠨᠡᠨᠴᠢ ᠪᠠᠷ ᠶᠠᠷᠢᠯᠴᠠᠬᠤ ᠬᠤᠷᠠᠯ ᠭᠠᠷᠠᠭ ᠪᠦᠷᠢ ᠬᠤᠷᠠᠯᠳᠤᠵᠤ᠂ ᠰᠠᠭᠤᠭᠠᠯᠢ ᠠᠷᠠᠳ ᠬᠦᠴᠢᠷᠳᠡᠯ ᠲᠠᠢ ᠭᠡᠵᠦ ᠬᠡᠯᠡᠬᠦ᠂ ᠨᠡᠶᠢᠭᠡᠮ ᠲᠣᠭᠤᠷᠢᠭ ᠤᠨ ᠬᠥᠮᠥᠰ ᠤᠨ ᠠᠷᠭ᠎ᠠ ᠪᠤᠳᠤᠬᠤ ᠬᠠᠮᠲᠤ ᠪᠠᠷ ᠵᠠᠰᠠᠬᠤ ᠬᠡᠪ ᠵᠠᠭᠪᠤᠷ ᠨᠢᠭᠡᠨᠲᠡ ᠬᠡᠪ ᠤᠨ ᠪᠠᠶᠢᠳᠠᠯ ᠲᠠᠢ ᠪᠣᠯᠵᠠᠢ᠃
     ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠬᠦ ᠶᠢᠨ ᠲᠥᠯᠥᠭᠡ᠂ ᠳ᠋ᠦᠩ ᠡᠮᠴᠢ ᠨᠡᠶᠢᠭᠡᠮ ᠲᠣᠭᠤᠷᠢᠭ ᠤᠨ ᠬᠢᠨ ︽ᠠᠷᠠᠳ ᠤᠨ ᠪᠠᠶᠢᠳᠠᠯ ᠤᠨ ᠶᠠᠷᠢᠯᠴᠠᠬᠤ ᠬᠤᠷᠠᠯ︾ ᠤᠨ ᠠᠷᠠᠳ ᠲᠦᠮᠡᠨ ᠳᠤ ᠦᠢᠯᠡᠴᠢᠯᠡᠬᠦ ᠲᠣᠭᠲᠠᠴᠠ ᠶᠢ ᠬᠡᠷᠡᠭᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠬᠡᠪᠴᠢᠶ᠎ᠡ ᠶᠢ ᠤᠷᠲᠤᠳᠬᠠᠬᠤ ᠪᠠᠷ ᠳᠠᠮᠵᠢᠭᠤᠯᠤᠨ᠂ ᠭᠠᠷᠠᠭ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠣᠯᠠᠨ ᠲᠦᠮᠡᠨ ᠤ ᠠᠮᠢᠳᠤᠷᠠᠯ ᠳᠤᠮᠳᠠᠬᠢ ︽ᠪᠠᠴᠢᠮ ᠪᠡᠷᠬᠡ ᠵᠣᠪᠠᠨᠢᠯ︾ ᠠᠰᠠᠭᠤᠳᠠᠯ ᠪᠠ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠤ ᠲᠣᠭᠤᠷᠢᠨ ᠳᠤ ᠰᠠᠨᠠᠯ ᠢᠶᠠᠨ ᠰᠣᠯᠢᠯᠴᠠᠵᠤ ᠦᠨᠡᠨᠴᠢ ᠪᠠᠷ ᠶᠠᠷᠢᠯᠴᠠᠵᠤ᠂ ᠣᠯᠠᠨ ᠲᠦᠮᠡᠨ ᠤ ᠵᠠᠰᠠᠯᠲᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠳᠠᠶᠢᠴᠢᠯᠠᠪᠠ᠃ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠴᠠ ᠣᠯᠠᠨ ᠲᠦᠮᠡᠨ ᠤ ᠲᠤᠰᠬᠠᠭᠰᠠᠨ ︽ᠡᠪᠡᠷᠰᠢᠶᠡᠯ ᠲᠠᠢ ᠭᠠᠵᠠᠷ᠂ ᠬᠦᠴᠢᠷᠲᠡᠢ ᠭᠠᠵᠠᠷ᠂ ᠬᠤᠭᠤᠰᠤᠨ ᠭᠠᠵᠠᠷ︾ ᠤᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ᠂ ᠲᠥᠷᠥᠯ ᠬᠤᠪᠢᠶᠠᠨ ᠬᠤᠷᠢᠶᠠᠩᠭᠤᠶᠢᠯᠠᠵᠤ᠂ ︽ᠣᠯᠠᠨ ᠲᠦᠮᠡᠨ ᠤ ᠰᠡᠳᠬᠢᠬᠦᠢ︾ ᠪᠠᠷ ᠣᠯᠠᠨ ᠲᠦᠮᠡᠨ ᠤ ᠠᠵᠢᠯ ᠢ ᠬᠢᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠶᠢᠨ ᠬᠠᠮᠲᠤ ᠱᠠᠲᠤ ᠬᠤᠪᠢᠶᠠᠨ ᠳᠠᠭᠠᠬᠤ᠂ ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ ᠬᠡᠷᠡᠭᠯᠡᠨ᠂ ︽ᠣᠷᠣᠨ ᠪᠦᠰᠡ ᠨᠢᠭᠡ ᠬᠥᠯᠭᠡ ᠰᠢᠲᠠᠷ᠎ᠠ᠂ ᠵᠠᠰᠠᠯᠲᠠ ᠨᠢᠭᠡ ᠰᠦᠯᠵᠢᠶ᠎ᠡ᠂ ᠦᠢᠯᠡᠴᠢᠯᠡᠭᠡ ᠶᠢ ᠪᠦᠷᠢᠨ ᠨᠠᠶᠢᠳᠠᠪᠤᠷᠢᠵᠢᠭᠤᠯᠬᠤ︾ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠦᠬᠦᠨ ᠳᠤ ᠬᠠᠷᠢᠭᠤ ᠲᠤᠰᠬᠠᠯ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠠᠲᠤᠯᠠᠵᠤ᠂ ᠬᠥᠮᠥᠨ ᠪᠦᠬᠦᠨ ᠣᠷᠣᠯᠴᠠᠬᠤ᠂ ᠬᠥᠮᠥᠨ ᠪᠦᠬᠦᠨ ᠴᠢᠳᠠᠯ ᠢᠶᠠᠷ ᠢᠶᠠᠨ ᠴᠢᠷᠮᠠᠶᠢᠬᠤ᠂ ᠦᠷ᠎ᠡ ᠪᠦᠲᠦᠮᠵᠢ ᠶᠢ ᠬᠠᠮᠲᠤ ᠪᠠᠷ ᠡᠳ᠋ᠯᠡᠬᠦ ᠠᠮᠢᠳᠤᠯᠢᠭ ᠪᠠᠶᠢᠳᠠᠯ ᠢ ᠪᠣᠶ ᠪᠣᠯᠭᠠᠬᠤ ᠬᠡᠷᠡᠭᠲᠡᠢ᠃      ᠠᠷᠠᠳ ᠤᠨ ᠴᠡᠩᠭᠡᠯ ᠳᠤ ᠳᠡᠯᠡᠬᠡᠢ ᠳ᠋ᠠᠬᠢᠨ ᠠᠮᠤᠷ ᠵᠢᠮᠤᠷ ᠪᠠᠶᠢᠬᠤᠶ᠎ᠠ᠂ᠠᠷᠠᠳ ᠤᠨ ᠠᠮᠤᠷ ᠵᠢᠷᠭᠠᠯ ᠢ ᠠᠮᠤᠷ ᠵᠢᠮᠤᠷ ᠪᠠᠶᠢᠯᠭᠠᠬᠤᠢ᠃ ᠥᠨᠥᠳᠥᠷ ᠤᠨ ᠳ᠋ᠦᠩ ᠾᠧ ᠳᠤ᠂ ︽ᠨᠢᠳᠦᠨ ᠳᠤ ᠬᠠᠷᠠᠭᠳᠠᠬᠤ ᠠᠮᠤᠷ ᠠᠮᠤᠭᠤᠯᠠᠩ᠂ ᠭᠠᠷ ᠲᠤ ᠪᠠᠷᠢᠭᠳᠠᠬᠤ ᠵᠣᠯ ᠵᠢᠷᠭᠠᠯ︾ ᠨᠢ ᠨᠢᠭᠡᠨᠲᠡ ᠦᠨᠳᠦᠰᠦᠨ ᠱᠠᠲᠤᠨ ᠤ ᠵᠠᠰᠠᠯᠲᠠ ᠶᠢᠨ ᠤᠯᠠᠮ ᠠᠴᠠ ᠤᠯᠠᠮ ᠬᠡᠷᠡᠯ ᠭᠢᠯᠪᠠᠭ᠎ᠠ ᠲᠠᠢ ᠪᠣᠯᠬᠤ ᠰᠠᠭᠤᠷᠢ ᠥᠩᠭᠡ ᠪᠣᠯᠤᠭᠰᠠᠨ ᠪᠠᠶᠢᠨ᠎ᠠ᠃ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠠᠬᠢᠭᠤᠯᠬᠤ ᠪᠠᠷ ᠵᠣᠭᠰᠣᠴᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦᠶᠢᠴᠡ ᠪᠣᠯᠭᠠᠵᠤ᠂ ᠫᠢᠩ ᠠᠨ ᠳ᠋ᠦᠩ ᠾᠧ ᠭᠤᠣᠯ ᠤᠨ︽ᠵᠣᠯ ᠵᠢᠷᠭᠠᠯ ᠤᠨ ᠰᠠᠭᠤᠷᠢ ᠥᠩᠭᠡ︾ ᠶᠢ ᠵᠢᠷᠤᠭᠯᠠᠬᠤ ᠪᠣᠯᠣᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1