9 ᠳ᠋ᠦᠭᠡᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠮᠠᠨ ᠤ ᠣᠷᠣᠨ 2023 ᠣᠨ ᠤ ︽ | ᠳ᠋ᠦᠩ ᠾᠧ ᠶᠢᠨ ᠺᠠᠳ᠋ᠷᠴᠤᠳ ᠤᠨ ᠶᠠᠷᠢᠯᠴᠠᠭ᠎ᠠ ︾ ᠶᠢᠨ ᠨᠢᠭᠡᠳᠦᠭᠡᠷ ᠬᠤᠭᠤᠴᠠᠭᠠᠨ ᠤ ᠭᠤᠣᠯ ᠰᠡᠳᠦᠪᠲᠦ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠭᠢᠯᠡᠪᠡ᠃ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ ᠯᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠬᠢᠯᠡᠪᠡ᠃ | ᠲᠣᠭᠤᠷᠢᠭ ᠤᠨ ᠤᠳᠤᠷᠢᠳᠤᠯᠭ᠎ᠠ ᠴᠧᠩ ᠯᠢ ᠰᠢᠶᠠᠩ᠂ ᠹᠥ᠋ᠩ ᠳ᠋ᠦᠩ ᠸᠠᠩ᠂ ᠵᠤᠤ ᠯᠢ ᠰᠢᠶᠠ ᠠᠵᠢᠯᠯᠠᠭ᠎ᠠ ᠳᠤ | ᠣᠷᠣᠯᠴᠠᠪᠠ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ ᠤᠨ ᠠᠯᠪᠠᠨ ᠭᠡᠷ᠂ | ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ᠂ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠨᠠᠮ | ᠵᠠᠰᠠᠭ ᠤᠨ ᠭᠤᠣᠯ ᠬᠠᠷᠢᠭᠤᠴᠠᠯᠭᠠᠲᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠪᠠ᠃ | | | | | ᠠᠵᠢᠯᠯᠠᠭ᠎ᠠ ᠶᠢᠨ ᠳᠤᠮᠳᠠ᠂ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠮᠣᠣ ᠬᠦᠶ ᠹᠧᠩ᠂ ᠣᠷᠣᠨ ᠤ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ | ᠴᠧᠩ ᠲᠦᠩ ᠲᠣᠰ ︽ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠠᠶᠢᠭᠤᠯᠵᠤ | ᠳ᠋ᠦᠩ ᠾᠧ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠶ᠎ᠡ︾ ︽ᠳ᠋ᠦᠩ ᠾᠧ ᠲᠣᠭᠤᠷᠢᠭ ᠤᠨ ᠲᠣᠰ ᠭᠠᠵᠠᠷ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ | ᠪᠣᠯᠭᠠᠬᠤ ᠪᠠ ᠳᠡᠯᠭᠡᠷᠡᠭᠦᠯᠬᠦ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃ | | | | | ᠮᠣᠣ ᠬᠦᠶ ᠹᠧᠩ ᠳ᠋ᠦᠩ ᠾᠧ ᠶᠢᠨ ᠰᠤᠷᠭᠠᠨ ᠬᠥᠮᠦᠵᠢᠯ ᠤᠨ ᠡᠷᠡᠯᠬᠡᠭᠯᠡᠨ ᠤᠷᠤᠭᠰᠢᠯᠠᠭᠰᠠᠨ ᠵᠠᠭᠤᠨ | ᠵᠢᠯ ᠤᠨ ᠲᠡᠦᠬᠡ ᠶᠢᠨ ᠰᠡᠳᠦᠪ ᠠᠴᠠ ᠰᠠᠯᠵᠤ᠂ ᠮᠠᠨ ᠤ ᠣᠷᠣᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ | ᠪᠠᠶᠢᠳᠠᠯ ᠢ ᠰᠢᠰᠲ᠋ᠧᠮ ᠲᠠᠢ ᠡᠮᠬᠢᠯᠡᠵᠦ᠂ ᠮᠠᠨ ᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠳᠠᠪᠠᠭᠤᠯᠢᠭ | ᠲᠠᠯ᠎ᠠ ᠶᠢᠨ ᠬᠢᠯᠠᠰ ᠴᠡᠭ ᠪᠠ ᠬᠦᠷᠦᠯᠴᠡᠬᠦ ᠦᠭᠡᠢ ᠲᠠᠯ᠎ᠠ ᠶᠢ ᠪᠤᠰᠤᠳᠴᠢ ᠪᠠᠷ ᠵᠠᠳᠠᠯᠤᠨ ᠰᠢᠨᠵᠢᠯᠡᠵᠦ᠂ ᠣᠶᠢᠷ᠎ᠠ ᠶᠢᠨ | ᠵᠢᠯ ᠤᠳ ᠲᠤ ᠮᠠᠨ ᠤ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠤᠭᠰᠠᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠣᠳᠣᠷᠬᠠᠶᠢᠯᠠᠨ ᠥᠭᠦᠯᠡᠵᠦ᠂ | ᠬᠤᠷᠠᠯ ᠳᠤ ᠣᠷᠣᠯᠴᠠᠭᠰᠠᠨ ᠺᠠᠳ᠋ᠷᠴᠤᠳ ᠲᠤ ᠳ᠋ᠦᠩ ᠾᠧ ᠶᠢᠨ ᠰᠤᠷᠭᠠᠨ ᠬᠥᠮᠦᠵᠢᠯ ᠢ ᠨᠠᠩ ᠭᠦᠨᠵᠡᠭᠡᠢ ᠲᠠᠨᠢᠭᠤᠯᠵᠤ | ᠂ ᠳ᠋ᠦᠩ ᠾᠧ ᠶᠢᠨ ᠰᠤᠷᠭᠠᠨ ᠬᠥᠮᠦᠵᠢᠯ ᠢ ᠣᠶᠢᠯᠠᠭᠠᠭᠤᠯᠵᠤ᠂ ᠳ᠋ᠦᠩ ᠾᠧ ᠶᠢᠨ ᠰᠤᠷᠭᠠᠨ ᠬᠥᠮᠦᠵᠢᠯ ᠢ ᠨᠠᠩ | ᠭᠦᠨᠵᠡᠭᠡᠢ ᠬᠠᠶᠢᠷᠠᠯᠠᠭᠰᠠᠨ ᠪᠠᠶᠢᠨ᠎ᠠ᠃ᠲᠠᠶᠢᠯᠤᠮᠵᠢ ᠳᠤᠮᠳᠠ᠂ ᠮᠠᠤ ᠬᠦᠢ ᠹᠥ᠋ᠩ ᠠᠮᠢᠳᠤᠯᠢᠭ ᠦᠭᠡ ᠬᠡᠯᠡ᠂ ᠨᠠᠷᠢᠨ | ᠪᠣᠳᠠᠲᠠᠢ ᠲᠤᠭ᠎ᠠ ᠪᠠᠷᠢᠮᠲᠠ᠂ ᠵᠢᠷᠤᠭ ᠪᠢᠴᠢᠭ ᠢ ᠬᠤᠣᠰᠯᠠᠭᠤᠯᠤᠭᠰᠠᠨ ᠬᠡᠯᠪᠡᠷᠢ ᠪᠠᠷ ᠮᠠᠨ ᠤ ᠣᠷᠣᠨ ᠤ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠪᠣᠯᠣᠨ ᠢᠷᠡᠭᠡᠳᠦᠢ ᠶᠢᠨ ᠬᠥᠭᠵᠢᠯᠲᠡ ᠶᠢᠨ ᠰᠡᠳᠬᠢᠴᠡ ᠶᠢ | ᠢᠯᠡᠷᠡᠭᠦᠯᠵᠦ᠂ ᠪᠦᠬᠦ ᠣᠷᠣᠨ ᠤ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠬᠤ᠂ ᠰᠤᠷᠭᠠᠨ ᠬᠥᠮᠦᠵᠢᠯ ᠤᠨ | ᠬᠦᠴᠦᠷᠬᠡᠭ ᠣᠷᠣᠨ ᠢ ᠪᠠᠶᠢᠭᠤᠯᠬᠤ᠂ ᠰᠤᠷᠭᠠᠨ ᠬᠥᠮᠦᠵᠢᠯ ᠤᠨ ᠥᠨᠳᠦᠷᠯᠢᠭ ᠢ ᠴᠣᠭᠴᠠᠯᠠᠬᠤ᠂ ᠮᠠᠨ ᠤ ᠣᠷᠣᠨ ᠤ | ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ ᠰᠢᠨ᠎ᠡ | ᠰᠡᠳᠬᠢᠴᠡ ᠶᠢ ᠨᠡᠭᠡᠭᠡᠵᠡᠢ᠃ | | | | | ᠴᠧᠩ ᠲᠦᠩ ᠮᠠᠨ ᠤ ᠣᠷᠣᠨ ᠤ ᠰᠣᠶᠣᠯ ᠤᠨ ᠵᠤᠭᠠᠴᠠᠯ ᠤᠨ ᠡᠬᠢ ᠪᠠᠶᠠᠯᠢᠭ ᠤᠨ ᠲᠣᠶᠢᠮᠣ ᠪᠠᠶᠢᠳᠠᠯ᠂ | ᠰᠣᠶᠣᠯ ᠤᠨ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠨ᠎ᠡ ᠠᠵᠠ ᠲᠣᠬᠢᠶᠠᠯ᠂ ᠲᠤᠯᠭᠠᠷᠠᠵᠤ | ᠪᠠᠶᠢᠭ᠎ᠠ ᠠᠰᠠᠭᠤᠳᠠᠯ ᠪᠣᠯᠣᠨ ᠬᠥᠭᠵᠢᠯᠲᠡ ᠶᠢᠨ ᠰᠡᠳᠬᠢᠴᠡ ᠠᠷᠭ᠎ᠠ ᠬᠡᠮᠵᠢᠶ᠎ᠡ ᠵᠡᠷᠭᠡ ᠳᠦᠷᠪᠡᠨ ᠲᠠᠯ᠎ᠠ ᠶᠢᠨ | ᠲᠣᠭᠤᠷᠢᠨ ᠳᠤ᠂ ᠰᠣᠶᠣᠯ ᠢᠶᠠᠷ ᠪᠠᠷᠢᠭᠠᠳᠠ ᠶᠢ ᠱᠤᠭᠤᠵᠤ᠂ ᠪᠠᠷᠢᠭᠠᠳᠠ ᠪᠠᠷ ᠪᠢᠴᠢᠭ ᠮᠠᠲ᠋ᠧᠷᠢᠶᠠᠯ ᠢ | ᠳᠣᠪᠤᠶᠢᠯᠭᠠᠬᠤ ᠶᠢ ᠬᠡᠷᠬᠢᠨ ᠪᠠᠷᠢᠮᠲᠠᠯᠠᠬᠤ ᠲᠤᠬᠠᠢ ᠨᠠᠷᠢᠨ ᠲᠠᠶᠢᠯᠪᠤᠷᠢᠯᠠᠵᠤ᠂ ᠬᠡᠷᠬᠢᠨ ᠰᠣᠶᠣᠯ ᠤᠨ ᠵᠢᠭᠤᠯᠴᠢᠯᠠᠯ ᠤᠨ | ᠡᠬᠢ ᠪᠠᠶᠠᠯᠢᠭ ᠢ ᠠᠭᠤᠳᠠᠯᠤᠨ ᠡᠮᠬᠢᠯᠡᠨ ᠨᠡᠶᠢᠯᠡᠭᠦᠯᠵᠦ᠂ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ | ᠰᠢᠰᠲ᠋ᠧᠮᠵᠢ ᠶᠢ ᠪᠦᠷᠢᠨᠰᠢᠭᠦᠯᠵᠦ᠂ ᠰᠣᠶᠣᠯ ᠤᠨ ᠵᠢᠭᠤᠯᠴᠢᠯᠠᠯ ᠤᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ | ᠳᠠᠭᠤᠷᠢᠰᠤᠭᠤᠯᠵᠤ᠂ ᠮᠠᠨ ᠤ ᠣᠷᠣᠨ ᠤ ᠲᠣᠰ ᠭᠠᠵᠠᠷ ᠣᠷᠣᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ | ᠳᠡᠯᠭᠡᠷᠡᠭᠦᠯᠦᠨ᠂ ᠬᠡᠷᠬᠢᠨ ᠤᠯᠤᠰ ᠤᠨ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ | ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠪᠥᠬᠦ ᠴᠠᠷᠠᠭᠠᠨ ᠤ ᠰᠣᠶᠣᠯ ᠤᠨ ᠵᠢᠭᠤᠯᠴᠢᠯᠠᠯ ᠤᠨ ᠬᠥᠭᠵᠢᠯᠲᠡ ᠶᠢᠨ | ᠰᠢᠨ᠎ᠡ ᠪᠠᠶᠢᠷᠢᠰᠢᠯ ᠢ ᠪᠠᠶᠢᠭᠤᠯᠵᠤ᠂ ᠬᠡᠷᠬᠢᠨ ᠳ᠋ᠦᠩ ᠾᠧ ᠬᠤᠲᠠ ᠶᠢᠨ ᠨᠠᠷᠠᠲᠤ ᠲᠥᠷᠥᠯ ᠲᠡᠮᠳᠡᠭᠲᠦ ᠪᠠ | ᠰᠣᠶᠣᠯ ᠤᠨ ᠵᠢᠭᠤᠯᠴᠢᠯᠠᠯ ᠤᠨ IP ᠰᠢᠰᠲ᠋ᠧᠮᠵᠢ ᠶᠢ ᠪᠠᠶᠢᠭᠤᠯᠵᠤ᠂ ᠬᠤᠲᠠ ᠶᠢᠨ ᠬᠥᠭᠵᠢᠯᠲᠡ ᠶᠢᠨ ᠰᠢᠨ᠎ᠡ | ᠨᠡᠷ᠎ᠡ ᠶᠢᠨ ᠬᠠᠭᠤᠳᠠᠰᠤ ᠶᠢ ᠪᠣᠶ ᠪᠣᠯᠭᠠᠬᠤ ᠪᠣᠶ᠃ᠥᠷᠭᠡᠨ ᠤᠯᠠᠨ ᠺᠠᠳ᠋ᠷᠴᠤᠳ ᠲᠤ ᠮᠠᠨ ᠤ ᠣᠷᠣᠨ ᠤ ᠰᠣᠶᠣᠯ | ᠵᠤᠭᠠᠴᠠᠯ ᠤᠨ ᠠᠭᠤᠰᠤᠯᠴᠠᠯ ᠤᠨ ᠠᠵᠢᠯ ᠤᠨ ᠲᠤᠬᠠᠢ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠤ᠂ | ᠮᠠᠨ ᠤ ᠣᠷᠣᠨ ᠤ ᠪᠦᠬᠦ ᠣᠷᠣᠨ ᠪᠦᠰᠡ ᠶᠢᠨ ᠰᠣᠶᠣᠯ ᠵᠤᠭᠠᠴᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠠᠶᠢᠭᠤᠯᠬᠤ ᠶᠢ ᠠᠬᠢᠭᠤᠯᠬᠤ ᠳᠤ ᠠᠰᠢᠭᠲᠠᠢ ᠪᠣᠳᠣᠯᠬᠢᠯᠠᠯ ᠬᠠᠩᠭᠠᠵᠠᠢ᠃ | ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠬᠡᠯᠪᠡᠷᠢ ᠨᠢ ᠰᠢᠨ᠎ᠡ ᠰᠡᠪᠡᠭᠦᠨ᠂ | ᠠᠭᠤᠯᠭ᠎ᠠ ᠨᠢ ᠡᠯᠪᠡᠭ ᠪᠠᠶᠠᠯᠢᠭ᠂ ᠣᠨᠴᠠᠭᠠᠶᠢᠯᠠᠨ ᠳ᠋ᠦᠩ ᠾᠧ ᠲᠣᠭᠤᠷᠢᠭ ᠤᠨ ᠺᠠᠳ᠋ᠷᠴᠤᠳ ᠢ ᠲᠠᠶᠢᠰᠠᠨ ᠳᠤ | ᠭᠠᠷᠭᠠᠵᠤ ᠤᠯᠠᠨ ᠳᠤ ᠤᠬᠠᠭᠤᠯᠤᠨ ᠲᠠᠶᠢᠯᠪᠤᠷᠢᠯᠠᠭᠤᠯᠵᠤ᠂ ᠬᠡᠷᠡᠭ ᠤᠨ ᠵᠢᠱᠢᠶ᠎ᠡ ᠨᠢ ᠦᠨᠡᠨ ᠪᠣᠳᠠᠲᠠᠢ ᠪᠥᠭᠡᠳ | ᠠᠮᠢᠳᠤᠯᠢᠭ ᠪᠠᠶᠢᠵᠤ᠂ ᠤᠯᠠᠨ ᠲᠦᠮᠡᠨ ᠲᠠᠢ ᠨᠡᠩ ᠣᠶᠢᠷᠠᠲᠤᠵᠤ᠂ ᠨᠡᠩ ᠬᠠᠨᠳᠤᠯᠭᠠᠲᠤ ᠴᠢᠨᠠᠷ ᠪᠠ ᠠᠵᠢᠯᠯᠠᠭᠠᠨ ᠤ | ᠴᠢᠨᠠᠷᠲᠠᠢ ᠪᠠᠶᠢᠵᠤ᠂ ᠪᠢᠳᠡᠨ ᠤ ᠬᠠᠷᠠᠭ᠎ᠠ ᠪᠠᠨ ᠥᠷᠭᠡᠳᠬᠡᠬᠦ᠂ ᠠᠵᠢᠯ ᠢᠶᠠᠨ ᠠᠬᠢᠭᠤᠯᠬᠤ ᠳᠤ ᠮᠠᠰᠢ ᠰᠠᠶᠢᠨ | ᠵᠢᠯᠣᠭᠤᠳᠤᠯᠭ᠎ᠠ ᠪᠠ ᠯᠠᠪᠯᠠᠯᠲᠠ ᠬᠠᠩᠭᠠᠭᠰᠠᠨ ᠪᠠᠶᠢᠨ᠎ᠠ ᠭᠡᠵᠦ ᠰᠤᠷᠤᠯᠴᠠᠯᠭ᠎ᠠ ᠳᠤ ᠣᠷᠣᠯᠴᠠᠭᠰᠠᠳ ᠢᠯᠡᠳᠬᠡᠵᠡᠭᠡᠪᠡ᠃ | ᠪᠢᠳᠠ ᠦᠷᠭᠦᠯᠵᠢᠯᠡᠨ ᠰᠡᠳᠬᠢᠬᠦᠢ ᠲᠠᠢ ᠪᠠᠶᠢᠬᠤ ᠶᠢ ᠪᠠᠷᠢᠮᠲᠠᠯᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ | ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠵᠢᠯ ᠬᠢᠵᠦ | ᠦᠢᠯᠡᠰ ᠪᠣᠰᠬᠠᠬᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ᠃ | ᠣᠶᠢᠯᠠᠭᠠᠭᠰᠠᠨ ᠢᠶᠠᠷ᠂ ︽ᠳ᠋ᠦᠩ ᠾᠧ ᠶᠢᠨ ᠺᠠᠳ᠋ᠷ ᠳ᠋ᠦᠩ ᠾᠧ ᠶᠢᠨ ᠲᠤᠬᠠᠢ ᠶᠠᠷᠢᠬᠤ︾ᠠᠵᠢᠯᠯᠠᠭ᠎ᠠ ᠪᠣᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠤᠳᠤᠷᠢᠳᠬᠤ ᠺᠠᠳ᠋ᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠪᠦᠬᠦ ᠣᠷᠣᠨ ᠤ ᠺᠠᠳ᠋ᠷ ᠤᠯᠠᠨ ᠲᠦᠮᠡᠨ ᠢ ᠨᠡᠩ ᠭᠦᠨᠵᠡᠭᠡᠢ ᠬᠥᠲᠥᠯᠥᠨ ᠵᠢᠯᠤᠭᠤᠳᠴᠤ | ᠳ᠋ᠦᠩ ᠾᠧ ᠶᠢ ᠲᠠᠨᠢᠬᠤ᠂ ᠳ᠋ᠦᠩ ᠾᠧ ᠶᠢ ᠣᠶᠢᠯᠠᠭᠠᠬᠤ᠂ ᠳ᠋ᠦᠩ ᠾᠧ ᠶᠢ ᠬᠠᠶᠢᠷᠠᠯᠠᠬᠤ ᠶᠢᠨ ᠲᠥᠯᠥᠭᠡ ᠡᠷᠬᠢᠯᠡᠭᠰᠡᠨ | ᠰᠢᠷᠢᠰ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯᠣᠨ᠎ᠠ᠃ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠪᠦᠬᠦ ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ ᠬᠦᠷᠢᠶᠡᠨ ᠠᠴᠠ ᠨᠢᠭᠡ ᠪᠦᠯᠦᠭ ᠤᠳᠤᠷᠢᠳᠬᠤ | ᠺᠠᠳ᠋ᠷ ᠢ ᠰᠣᠩᠭᠤᠨ ᠶᠠᠷᠢᠶᠠᠨ ᠤ ᠲᠠᠪᠴᠠᠩ ᠳᠤ ᠭᠠᠷᠭᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ | ᠬᠤᠪᠢᠶᠠᠷᠢᠯᠠᠯ ᠪᠣᠯᠣᠨ ᠲᠤᠰᠬᠠᠢ ᠮᠡᠷᠭᠡᠵᠢᠯ ᠤᠨ ᠬᠦᠷᠢᠶ᠎ᠡ ᠬᠡᠪᠴᠢᠶ᠎ᠡ ᠪᠠᠷ ᠮᠠᠨ ᠤ ᠣᠷᠣᠨ ᠤ ᠭᠤᠣᠯᠳᠠᠯᠭ᠎ᠠ ᠲᠠᠢ | ᠠᠵᠢᠯ᠂ ᠴᠢᠬᠤᠯᠠ ᠶᠡᠭᠡ ᠲᠦᠷᠦᠯ ᠵᠦᠢᠯ ᠤᠨ ᠲᠣᠭᠤᠷᠢᠨ ᠳᠤ᠂ ᠮᠠᠨ ᠤ ᠣᠷᠣᠨ ᠤ ᠪᠠᠶᠢᠭ᠎ᠠ ᠣᠷᠣᠨ ᠪᠠᠶᠢᠷᠢ ᠵᠢᠴᠢ | ᠬᠥᠭᠵᠢᠯᠲᠡ ᠶᠢᠨ ᠣᠳᠣᠬᠢ ᠪᠠᠶᠢᠳᠠᠯ᠂ ᠠᠷᠭᠠᠴᠠᠬᠤ ᠠᠷᠭ᠎ᠠ ᠬᠡᠮᠵᠢᠶ᠎ᠡ ᠪᠣᠯᠣᠨ ᠥᠭᠡᠷᠡᠴᠢᠯᠡᠯᠲᠡ ᠶᠢᠨ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠭᠦᠨᠵᠡᠭᠡᠢ ᠵᠠᠳᠠᠯᠤᠭᠰᠠᠨ ᠪᠠᠶᠢᠨ᠎ᠠ᠃ | ︽ᠳ᠋ᠦᠩ ᠾᠧ ᠶᠢᠨ ᠺᠠᠳ᠋ᠷᠴᠤᠳ ᠳ᠋ᠦᠩ ᠾᠧ ᠶᠢᠨ ᠲᠤᠬᠠᠢ ᠶᠠᠷᠢᠯᠴᠠᠬᠤ︾ ᠠᠵᠢᠯᠯᠠᠭ᠎ᠠ ᠪᠠᠷ ᠳᠠᠮᠵᠢᠭᠤᠯᠤᠨ | ᠂ ᠥᠷᠭᠡᠨ ᠣᠯᠠᠨ ᠺᠠᠳ᠋ᠷᠴᠤᠳ ᠢ ᠬᠠᠪᠰᠤᠷᠤᠨ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ | ᠦᠨᠳᠦᠰᠦᠨ ᠠᠷᠭ᠎ᠠ ᠪᠣᠳᠣᠯᠭ᠎ᠠ ᠶᠢ ᠭᠦᠨᠵᠡᠭᠡᠢ ᠣᠶᠢᠯᠠᠭᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠪᠤᠭᠤᠲᠤ ᠬᠤᠲᠠ ᠶᠢᠨ ᠨᠠᠮ ᠤᠨ ᠬᠤᠷᠢᠶ᠎ᠠ ᠵᠢᠴᠢ ᠣᠷᠣᠨ ᠤ ᠨᠠᠮ ᠤᠨ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠰᠢᠭᠦᠯᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠡᠷᠬᠡᠪᠰᠢ ᠱᠠᠭᠠᠷᠳᠠᠭᠳᠠᠬᠤ ᠮᠡᠳᠡᠯᠭᠡ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠂ ᠦᠢᠯᠡᠴᠢᠯᠡᠬᠦ ᠴᠢᠳᠠᠪᠤᠷᠢ ᠶᠢ ᠨᠢ ᠬᠦᠴᠦᠯᠡᠨ ᠳᠡᠭᠡᠭᠰᠢᠯᠡᠭᠦᠯᠵᠦ᠂ ᠠᠰᠠᠭᠤᠳᠠᠯ ᠢ ᠰᠢᠢᠳᠪᠦᠷᠢᠯᠡᠬᠦ | ᠴᠢᠳᠠᠪᠤᠷᠢ ᠶᠢ ᠨᠢ ᠳᠡᠭᠡᠭᠰᠢᠯᠡᠭᠦᠯᠬᠦ ᠪᠣᠯᠣᠨ᠎ᠠ᠃ᠠᠵᠢᠯᠯᠠᠭ᠎ᠠ ᠨᠢ ᠬᠢᠴᠢᠶᠡᠯᠯᠡᠵᠦ ᠪᠠᠶᠢᠭ᠎ᠠ ᠺᠠᠳ᠋ᠷᠴᠤᠳ ᠤᠨ ᠲᠥᠷᠥ | ᠶᠢᠨ ᠪᠣᠳᠣᠯᠭ᠎ᠠ ᠶᠢᠨ ᠣᠨᠣᠯ ᠤᠨ ᠪᠠᠶᠢᠳᠠᠯ ᠢ ᠣᠶᠢᠯᠠᠭᠠᠬᠤ ᠪᠠ ᠣᠨᠣᠯ ᠢ ᠪᠣᠳᠠᠲᠠᠢ ᠲᠠᠢ ᠤᠶᠠᠯᠳᠤᠭᠤᠯᠬᠤ | ᠴᠢᠳᠠᠪᠤᠷᠢ ᠶᠢ ᠪᠦᠲᠦᠮᠵᠢᠲᠡᠶ ᠪᠠᠷ ᠰᠢᠯᠭᠠᠨ ᠪᠠᠶᠢᠴᠠᠭᠠᠵᠤ᠂ ᠰᠤᠷᠤᠯᠴᠠᠯᠭ᠎ᠠ ᠳᠤ ᠣᠷᠣᠯᠴᠠᠬᠤ ᠺᠠᠳ᠋ᠷ ᠣᠯᠠᠨ | ᠲᠦᠮᠡᠨ ᠤ ᠠᠩᠬᠠᠷᠴᠤ ᠪᠠᠶᠢᠭ᠎ᠠ ᠭᠤᠣᠯᠳᠠᠯᠭ᠎ᠠ᠂ ᠬᠦᠴᠢᠷ ᠠᠰᠠᠭᠤᠳᠠᠯ᠂ ᠬᠠᠯᠠᠭᠤᠨ ᠴᠡᠭ ᠤᠨ ᠠᠰᠠᠭᠤᠳᠠᠯ ᠢ | ᠰᠢᠢᠳᠪᠦᠷᠢᠯᠡᠨ᠂ ᠤᠳᠤᠷᠢᠳᠬᠤ ᠺᠠᠳ᠋ᠷᠴᠤᠳ ᠤᠨ ᠰᠤᠷᠤᠯᠴᠠᠯᠭ᠎ᠠ ᠪᠠᠨ ᠴᠢᠩᠭᠠᠳᠬᠠᠬᠤ᠂ ᠭᠦᠨᠵᠡᠭᠡᠢ ᠰᠤᠳᠤᠯᠬᠤ ᠶᠢ | ᠠᠬᠢᠭᠤᠯᠵᠤ᠂ ᠬᠢᠴᠢᠶᠡᠯᠯᠡᠬᠦ ᠪᠠᠷ ᠰᠤᠷᠤᠯᠴᠠᠯᠭ᠎ᠠ ᠶᠢ ᠠᠬᠢᠭᠤᠯᠬᠤ᠂ ᠬᠢᠴᠢᠶᠡᠯᠯᠡᠬᠦ ᠪᠠᠷ ᠰᠤᠷᠤᠯᠴᠠᠯᠭ᠎ᠠ ᠶᠢ | ᠳᠠᠶᠢᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠶ ᠪᠣᠯᠭᠠᠬᠤ ᠪᠣᠯᠣᠨ᠎ᠠ᠃ | | |