ᠠᠯᠲᠠᠨ ᠨᠠᠮᠤᠷ ᠤᠨ ᠶᠢᠰᠦᠨ ᠰᠠᠷ᠎ᠠ ᠳᠤ᠂ ᠭᠤᠸ᠎ᠠ ᠵᠢᠮᠢᠰ ᠠᠩᠬᠢᠯᠤᠮ᠎ᠠ ᠦᠨᠦᠷ ᠬᠠᠩᠬᠤᠯᠤᠨ᠎ᠠ᠃ᠦᠵᠦᠮ ᠤᠨ | ᠡᠯᠪᠡᠭ ᠬᠤᠷᠢᠶᠠᠯᠲᠠ ᠶᠢᠨ ᠤᠯᠠᠷᠢᠯ ᠳᠤ ᠣᠷᠣᠬᠤ ᠳᠤ᠂ ᠰᠠᠷᠴᠢᠨ ᠪᠠᠯᠭᠠᠰᠤᠨ ᠤ ᠦᠵᠦᠮ ᠤᠨ ᠬᠦᠷᠢᠶᠡᠯᠡᠩ ᠳᠤ | ᠣᠷᠣᠬᠤ ᠳᠤ᠂ ᠢᠭᠴᠤ ᠰᠠᠬᠤᠯᠢᠭ ᠨᠠᠪᠴᠢ ᠨᠠᠮᠠᠭ᠎ᠠ ᠶᠢᠨ ᠬᠤᠭᠤᠷᠣᠨᠳᠤ ᠪᠠᠨ ᠰᠤᠪᠤᠳ ᠰᠢᠭ᠋ ᠮᠥᠴᠢᠷ ᠳᠦᠭᠦᠷᠡᠩ | ᠦᠵᠦᠮ ᠬᠡᠯᠬᠢᠯᠳᠦᠨ᠂ ᠵᠢᠮᠢᠰ ᠤᠨ ᠦᠨᠦᠷ ᠬᠠᠩᠬᠤᠯᠵᠤ᠂ ᠬᠥᠮᠥᠰ ᠤᠨ ᠰᠡᠳᠬᠢᠯ ᠢ ᠰᠣᠭᠲᠣᠭᠤᠷᠠᠭᠤᠯᠤᠮ᠎ᠠ | ᠠᠩᠬᠢᠯᠤᠮ᠎ᠠ ᠦᠨᠦᠷ ᠬᠠᠩᠬᠤᠯᠵᠤ ᠪᠠᠶᠢᠯ᠎ᠠ᠃ ︽ᠡᠨᠡ ᠵᠢᠯ ᠤᠨ ᠠᠭᠤᠷ ᠠᠮᠢᠰᠬᠤᠯ ᠰᠠᠶᠢᠨ᠂ ᠦᠵᠦᠮ ᠤᠨ | ᠠᠮᠲᠠ ᠰᠢᠮᠲᠡ ᠨᠢ ᠪᠦᠷ ᠵᠦᠭᠡᠷ᠂ ᠪᠠᠰᠠ ᠨᠢᠭᠡ ᠡᠯᠪᠡᠭ ᠬᠤᠷᠢᠶᠠᠯᠲᠠ ᠲᠠᠢ ᠵᠢᠯ ᠪᠣᠯᠵᠠᠢ︾᠃ ᠳ᠋ᠦᠩ ᠶᠤᠸᠠᠨ | ᠲᠣᠰᠬᠤᠨ ᠤ ᠸᠠᠩ ᠡᠪᠦᠭᠡ ᠪᠠᠶᠠᠷᠲᠠᠢ ᠪᠠᠷ ᠬᠡᠯᠡᠪᠡ᠃ | | | | | ᠰᠢᠷᠴᠢᠨ ᠪᠠᠯᠭᠠᠰᠤ ᠬᠤᠶᠢᠲᠤ ᠪᠡᠶ᠎ᠡ ᠪᠠᠷ ᠢᠶᠠᠨ ᠳᠠᠯᠠᠨ ᠬᠠᠷ᠎ᠠ ᠠᠭᠤᠯᠠ ᠶᠢ ᠲᠦᠰᠢᠵᠦ᠂ ᠡᠮᠦᠨ᠎ᠡ | ᠪᠡᠶ᠎ᠡ ᠪᠠᠷ ᠢᠶᠠᠨ ᠬᠠᠲᠤᠨ ᠭᠤᠣᠯ ᠲᠠᠢ ᠬᠠᠪᠢᠳᠠᠵᠤ᠂ ᠠᠭᠤᠯᠠ ᠶᠢ ᠲᠦᠰᠢᠵᠦ ᠤᠰᠤ ᠶᠢ ᠬᠠᠪᠢᠳᠠᠭᠰᠠᠨ ᠭᠠᠵᠠᠷ | ᠵᠦᠢ ᠶᠢᠨ ᠣᠷᠴᠢᠨ ᠲᠣᠭᠤᠷᠢᠨ ᠤ ᠳᠡᠭᠡᠷ᠎ᠡ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠨᠡᠷᠡᠨ ᠤ | ᠲᠤᠰᠤᠯᠲᠠ ᠶᠢᠨ ᠴᠠᠭ ᠨᠢ ᠤᠷᠲᠤ ᠪᠠᠶᠢᠵᠤ᠂ ᠦᠵᠦᠮ ᠤᠨ ᠤᠷᠭᠤᠬᠤ ᠳᠤ ᠲᠣᠬᠢᠷᠠᠮᠵᠢᠲᠠᠢ ᠣᠨᠴᠠᠭᠠᠶ ︽ᠪᠠᠭ᠎ᠠ | ᠠᠭᠤᠷ ᠠᠮᠢᠰᠬᠤᠯ︾ ᠢ ᠪᠤᠶ ᠪᠣᠯᠭᠠᠭᠰᠠᠨ ᠪᠠᠶᠢᠨ᠎ᠠ᠃ᠰᠠᠮᠤᠵᠢᠶᠠ ᠲᠣᠰᠬᠤᠨ ᠤᠤᠯ ᠠᠴᠠ ᠪᠠᠨ ︽ᠦᠵᠦᠮ ᠤᠨ | ᠨᠤᠲᠤᠭ︾ᠭᠡᠰᠡᠨ ᠰᠠᠶᠢᠬᠠᠨ ᠨᠡᠷ᠎ᠡ ᠲᠠᠢ᠂ ᠣᠳᠣᠬᠠᠨ ᠳᠤ ᠲᠠᠷᠢᠮᠠᠯ ᠤᠨ ᠲᠦᠷᠦᠯ ᠵᠦᠢᠯ ᠨᠢᠭᠡᠨᠲᠡ 100 ᠭᠠᠷᠤᠢ ᠵᠦᠢᠯ | ᠪᠣᠯᠵᠤ᠂︽ᠸᠢᠺᠲ᠋ᠤᠷᠢᠶ᠎ᠠ︾᠂︽ᠨᠡᠷᠡᠨ ᠬᠡᠷᠡᠯᠳᠦ ᠰᠠᠷᠭᠠᠢ︾᠂︽ᠰᠢᠶᠠᠩ ᠹᠧᠢ︾ᠵᠡᠷᠭᠡ ᠲᠦᠷᠦᠯ ᠵᠦᠢᠯ ᠬᠥᠮᠥᠰ ᠤᠨ | ᠬᠦᠷᠢᠶᠡᠯᠡᠯ ᠢ ᠬᠠᠮᠤᠭ ᠠᠴᠠ ᠢᠯᠡᠭᠦᠦ ᠣᠯᠵᠤ᠂ ᠡᠨᠡ ᠵᠢᠯ ᠵᠢᠮᠢᠰ ᠤᠨ ᠲᠠᠷᠢᠶᠠᠴᠢᠳ 800 ᠭᠠᠷᠤᠢ ᠮᠦ ᠦᠵᠦᠮ | ᠲᠠᠷᠢᠵᠤ᠂ ᠮᠦ ᠪᠦᠷᠢ ᠶᠢᠨ ᠤᠨᠠᠯᠲᠠ ᠨᠢ 4000 ︱ 5000 ᠵᠢᠩ ᠳᠤ ᠬᠦᠷᠴᠦ᠂ ᠮᠦ ᠪᠦᠷᠢ ᠶᠢᠨ ᠣᠷᠣᠯᠭ᠎ᠠ ᠨᠢ | ᠲᠦᠮᠡᠨ ᠲᠥᠭᠦᠷᠢᠭ ᠲᠤ ᠬᠦᠷᠴᠡᠢ᠃ᠳ᠋ᠦᠩ ᠶᠤᠸᠠᠨ ᠲᠣᠰᠬᠤᠨ ᠤ ᠬᠢᠨ ᠡᠨᠡ ᠵᠢᠯ ᠮᠢᠩᠭ᠎ᠠ ᠰᠢᠬᠠᠮ ᠮᠦ ᠦᠵᠦᠮ | ᠳᠠᠷᠢᠵᠤ᠂ 40 ᠲᠦᠷᠦᠯ ᠵᠦᠢᠯ ᠤᠨ ᠦᠵᠦᠮ ᠳᠠᠷᠢᠵᠤ᠂ ᠡᠭᠦᠨ ᠤ ᠳᠣᠲᠣᠷ᠎ᠠ︽ᠵᠢᠦᠢ ᠹᠥ᠋ᠩ︾᠂︽ᠵᠢᠩ ᠶᠠ︾᠂︽ᠤᠯᠢᠨ︾᠂ | ︽ᠬᠤᠩ ᠲᠢ︾ᠵᠡᠷᠭᠡ ᠲᠦᠷᠦᠯ ᠵᠦᠢᠯ ᠨᠢ ᠵᠠᠬ᠎ᠠ ᠳᠡᠯᠭᠡᠭᠦᠷ ᠳᠡᠭᠡᠷ᠎ᠡ ᠬᠥᠮᠥᠰ ᠤᠨ ᠪᠠᠭ᠋ᠠᠷᠬᠠᠯ ᠢ ᠲᠠᠲᠠᠵᠤ᠂ ᠡᠨᠡ | ᠵᠢᠯ ᠤᠨ 8 ᠰᠠᠷ᠎ᠠ ᠶᠢᠨ ᠡᠬᠢ ᠪᠠᠷ ᠦᠵᠦᠮ ᠪᠣᠯᠪᠠᠰᠤᠷᠠᠵᠤ᠂ ᠮᠦ ᠪᠦᠷᠢ ᠶᠢᠨ ᠤᠨᠠᠯᠲᠠ 3000 ᠭᠠᠷᠤᠢ ᠵᠢᠩ ᠳᠤ | ᠬᠦᠷᠴᠡᠢ᠃【ᠡᠨᠡ ᠵᠢᠯ ᠤᠨ ᠬᠤᠷ᠎ᠠ ᠲᠤᠨᠤᠳᠠᠰᠤ ᠥᠩᠭᠡᠷᠡᠭᠰᠡᠨ ᠵᠢᠯ ᠤᠳ ᠤᠨ ᠬᠢ ᠲᠠᠢ ᠬᠠᠷᠢᠴᠠᠭᠤᠯᠪᠠᠯ ᠨᠡᠯᠢᠶᠡᠳ | ᠪᠠᠭ᠎ᠠ ᠪᠣᠯᠬᠤᠷ ᠦᠵᠦᠮ ᠤᠨ ᠡᠪᠡᠳᠴᠢᠨ ᠬᠤᠷᠣᠬᠠᠢ ᠶᠢᠨ ᠬᠥᠨᠥᠭᠡᠯ ᠪᠠᠭ᠎ᠠ᠂ ᠵᠢᠮᠢᠰ ᠤᠨ ᠬᠡᠯᠪᠡᠷᠢ ᠳᠦᠷᠰᠦ ᠨᠢ | ᠴᠥᠮ ᠮᠠᠰᠢ ᠰᠠᠶᠢᠨ᠂ ᠦᠵᠦᠮ ᠤᠨ ᠶᠠᠰᠤ ᠴᠢᠨᠠᠷ ᠪᠠ ᠭᠠᠷᠤᠯᠲᠠ ᠨᠢ ᠴᠥᠮ ᠮᠠᠰᠢ ᠥᠨᠳᠥᠷ ᠪᠠᠶᠢᠳᠠᠭ᠃】 ᠡᠨᠡ | ᠵᠢᠯ ᠤᠨ ᠬᠤᠷ᠎ᠠ ᠲᠤᠨᠤᠳᠠᠰᠤ ᠨᠢ ᠥᠩᠭᠡᠷᠡᠭᠰᠡᠨ ᠵᠢᠯ ᠤᠳ ᠤᠨ ᠬᠢ ᠲᠠᠢ ᠬᠠᠷᠢᠴᠠᠭᠤᠯᠪᠠᠯ ᠬᠤᠷ᠎ᠠ ᠲᠤᠨᠤᠳᠠᠰᠤ ᠨᠢ | ᠨᠡᠯᠢᠶᠡᠳ ᠪᠠᠭ᠎ᠠ ᠪᠠᠶᠢᠳᠠᠭ᠃ ᠭᠡᠵᠦ ᠳ᠋ᠦᠩ ᠶᠤᠸᠠᠨ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ | ᠠᠷᠠᠳ ᠤᠨ ᠵᠥᠪᠯᠡᠯ ᠤᠨ ᠡᠷᠬᠢᠯᠡᠭᠴᠢ ᠯᠢᠦ ᠸᠥ᠋ᠨ ᠺᠤᠸᠠᠨ ᠬᠡᠯᠡᠪᠡ᠃ᠡᠭᠦᠨ ᠤ ᠵᠡᠷᠭᠡᠪᠡᠷ᠂ ᠱᠠ ᠮᠦ ᠵᠢᠶᠠ ᠲᠣᠰᠬᠤᠨ | ᠪᠣᠯᠣᠨ ᠳ᠋ᠦᠩ ᠶᠤᠸᠠᠨ ᠲᠣᠰᠬᠤᠨ ᠳᠤ ᠵᠢᠮᠢᠰ ᠲᠡᠭᠦᠬᠦ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠵᠡᠷᠭᠡ | ᠲᠦᠷᠦᠯ ᠵᠦᠢᠯ ᠢ ᠰᠢᠨ᠎ᠡ ᠪᠠᠷ ᠨᠡᠮᠡᠵᠦ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ | ᠥᠷᠭᠡᠳᠬᠡᠨ ᠪᠠᠶᠠᠯᠢᠭᠵᠢᠭᠤᠯᠵᠤ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠵᠤᠭᠠᠴᠠᠨ ᠲᠣᠭᠤᠷᠢᠬᠤ | ᠪᠣᠬᠢᠷᠲᠤᠯ ᠦᠭᠡᠢ ᠣᠷᠣᠨ ᠵᠠᠢ ᠶᠢ ᠥᠷᠭᠡᠳᠬᠡᠵᠦ᠂ ᠨᠡᠩ ᠴᠤ ᠤᠯᠠᠮᠵᠢᠯᠠᠯᠲᠤ ᠲᠠᠷᠢᠶᠠᠯᠠᠩ ᠤᠨ ᠬᠡᠯᠪᠡᠷᠢ ᠶᠢ | ᠬᠤᠪᠢᠷᠠᠭᠤᠯᠬᠤ ᠶᠢ ᠳᠠᠶᠢᠴᠢᠯᠠᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠰᠢᠨ᠎ᠡ ᠵᠠᠮ ᠢ | ᠨᠡᠭᠡᠭᠡᠭᠰᠡᠨ ᠪᠠᠶᠢᠨ᠎ᠠ᠃ | | | | | ᠴᠡᠴᠡᠭ ᠳᠡᠯᠭᠡᠷᠡᠪᠡᠯ ᠬᠠᠪᠤᠷ ᠤᠨ ᠦᠵᠡᠮᠵᠢ ᠪᠢᠰᠢ᠂ ᠴᠡᠴᠡᠭ ᠪᠦᠬᠦᠨ ᠵᠡᠷᠭᠡ ᠪᠠᠷ ᠳᠡᠯᠭᠡᠷᠡᠪᠡᠯ ᠬᠠᠪᠤᠷ ᠤᠨ | ᠦᠵᠡᠮᠵᠢ ᠪᠢᠯᠬᠠᠨ᠎ᠠ᠃ᠰᠢᠷᠴᠢᠨ ᠪᠠᠯᠭᠠᠰᠤ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠠᠭᠠᠨ | ᠰᠠᠭᠤᠷᠢᠯᠠᠵᠤ᠂ ᠥᠪᠡᠷᠮᠢᠴᠡ ᠣᠨᠴᠠᠯᠢᠭ ᠲᠠᠢ ᠠᠵᠢᠯ ᠢ ᠰᠠᠶᠢᠲᠤᠷ ᠬᠢᠵᠦ᠂ ᠪᠦᠬᠦ ᠪᠠᠯᠭᠠᠰᠤ ᠶᠢᠨ︽ᠨᠢᠭᠡ ᠲᠣᠰᠬᠤᠨ | ᠨᠢᠭᠡ ᠪᠦᠲᠦᠭᠡᠭᠳᠡᠬᠦᠨ︾ ᠤ ᠣᠨᠴᠠᠯᠢᠭᠲᠤ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠪᠦᠲᠦᠴᠡ ᠶᠢ | ᠪᠠᠶᠢᠭᠤᠯᠬᠤ ᠶᠢ ᠠᠬᠢᠭᠤᠯᠵᠤ᠂ ᠰᠢᠷᠴᠢᠨ ᠪᠠᠯᠭᠠᠰᠤ ᠶᠢᠨ ᠬᠥᠳᠡᠭᠡ ᠠᠵᠤ ᠠᠬᠤᠢ ᠶᠢᠨ ᠣᠨᠴᠠᠯᠢᠭᠲᠤ ᠲᠦᠷᠦᠯ | ᠲᠡᠮᠳᠡᠭ ᠢ ᠢᠳᠡᠪᠬᠢᠲᠡᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ | ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠪᠣᠳᠠᠲᠠᠢ ᠠᠵᠢᠯ ᠢᠶᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠪᠠᠯᠭᠠᠰᠤ ᠶᠢ | ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ᠵᠠᠮ ᠨᠡᠭᠡᠭᠡᠨ ᠡᠷᠡᠯᠬᠡᠭᠯᠡᠨ | ᠤᠷᠤᠭᠰᠢᠯᠠᠭᠤᠯᠵᠤ᠂ ᠲᠣᠰᠬᠤᠨ ᠤ ᠭᠤᠶᠤ ᠰᠠᠶᠢᠬᠠᠨ᠂ ᠠᠷᠠᠳ ᠤᠨ ᠪᠠᠶᠠᠨ ᠴᠢᠨᠡᠭᠡᠯᠢᠭ᠂ ᠠᠵᠤ ᠦᠢᠯᠡᠰ ᠤᠨ | ᠬᠦᠴᠦᠷᠬᠡᠭ ᠶᠡᠭᠡ ᠷᠢᠳᠢ ᠰᠢᠳᠢ ᠲᠠᠢ ᠰᠢᠷᠴᠢᠨ ᠤ ᠰᠢᠨ᠎ᠡ ᠵᠢᠷᠤᠭ ᠢ ᠵᠢᠷᠤᠭᠯᠠᠬᠤ ᠪᠠᠷ ᠴᠢᠷᠮᠠᠶᠢᠨ᠎ᠠ᠃ | | | | | | | | |