ᠴᠢᠩᠬᠤᠸᠠ ᠶᠡᠭᠡ ᠰᠤᠷᠭᠠᠭᠤᠯᠢ ᠶᠢᠨ ᠰᠣᠶᠣᠯ ᠤᠨ ᠪᠦᠲᠦᠭᠡᠯᠴᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠬᠢᠨ ᠮᠠᠨ ᠤ ᠣᠷᠣᠨ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/9/18
     9 ᠰᠠᠷ᠎ᠠ  ᠶᠢᠨ 7 ᠤ ᠡᠳᠦᠷ ᠴᠢᠩᠬᠤᠸᠠ ᠶᠡᠭᠡ ᠰᠤᠷᠭᠠᠭᠤᠯᠢ  ᠶᠢᠨ ᠰᠣᠶᠣᠯ ᠤᠨ ᠪᠦᠲᠦᠭᠡᠯᠴᠢ ᠬᠥᠭᠵᠢᠯᠲᠡ  ᠶᠢᠨ ᠰᠤᠳᠤᠯᠭᠠᠨ ᠤ ᠬᠦᠷᠢᠶᠡᠯᠡᠩ ᠤᠨ ᠬᠢᠨ ᠳ᠋ᠦᠩ ᠾᠧ ᠲᠣᠭᠤᠷᠢᠭ ᠲᠤ ᠢᠷᠡᠵᠦ ᠠᠵᠢᠯ ᠪᠠᠶᠢᠴᠠᠭᠠᠪᠠ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ ᠯᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠢᠷᠴᠢᠨ ᠪᠠᠯᠭᠠᠰᠤ᠂ ᠾᠧ ᠳ᠋ᠦᠩ ᠪᠠᠯᠭᠠᠰᠤᠨ ᠤ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠲᠦᠷᠦᠯ ᠵᠦᠢᠯ ᠤᠨ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠡᡁᠸ ᠳ᠋ᠦᠩ ᠪᠠᠯᠭᠠᠰᠤ᠂ ᠱᠠᠷᠴᠢᠨ ᠪᠠᠯᠭᠠᠰᠤ ᠳᠤ ᠬᠦᠷᠴᠦ ᠯᠢᠦᠪᠤᠤ ᠶᠣᠣ ᠲᠣᠰᠬᠤᠨ᠂ ᠠᠳᠦᠯᠠᠢ ᠲᠣᠰᠬᠤᠨ᠂ ᠲᠢᠶᠠᠨ ᠡᡁᠸ ᠲᠠᠷᠢᠶᠠᠯᠠᠩ ᠤᠨ ᠪᠠᠷᠢᠭᠠᠳᠠ ᠶᠢᠨ ᠶᠡᠷᠦᠩᠬᠡᠶᠢᠯᠡᠭᠰᠡᠨ ᠰᠤᠳᠤᠯᠭᠠᠨ ᠤ ᠴᠣᠭᠴᠠ᠂ ᠳ᠋ᠢᠩ ᠱᠧᠩ ᠴᠢ ᠤᠯᠠᠨ ᠤᠯᠤᠰ ᠤᠨ ᠮᠣᠷᠢᠨ ᠮᠡᠷᠭᠡᠵᠢᠯ ᠤᠨ ᠺᠯᠦ᠋ᠪ ᠤᠨ ᠬᠥᠭᠵᠢᠯᠲᠡ ᠶᠢᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃
     ᠳᠠᠷᠠᠭ᠎ᠠ ᠨᠢ ᠳ᠋ᠢᠩ ᠱᠧᠩ ᠴᠢ ᠣᠯᠠᠨ ᠤᠯᠤᠰ ᠤᠨ ᠮᠣᠷᠢᠨ ᠮᠡᠷᠭᠡᠵᠢᠯ ᠤᠨ ᠺᠯᠦ᠋ᠪ ᠲᠤ ᠶᠠᠷᠢᠯᠴᠠᠬᠤ ᠬᠤᠷᠠᠯ ᠬᠢᠵᠦ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠨᠢᠭᠡᠴᠡ ᠶᠢᠨ ᠳ᠋ᠦᠩ ᠾᠧ ᠲᠣᠭᠤᠷᠢᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠲᠥᠯᠦᠪᠵᠢᠭᠦᠯᠭᠡ ᠪᠣᠯᠣᠨ ᠬᠥᠭᠵᠢᠯᠲᠡ᠂ ᠬᠥᠳᠡᠭᠡ ᠲᠣᠰᠬᠤᠨ ᠤ ᠵᠤᠭᠠᠴᠠᠯ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠳᠤᠮᠳᠠᠬᠢ ᠪᠣᠳᠠᠲᠠᠢ ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠴᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠳ᠋ᠦᠩ ᠾᠧ ᠲᠣᠭᠤᠷᠢᠭ ᠤᠨ ᠰᠣᠶᠣᠯ ᠵᠤᠭᠠᠴᠠᠯ ᠤᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠬᠢ ᠡᠬᠢ ᠪᠠᠶᠠᠯᠢᠭ ᠤᠨ ᠳᠠᠪᠠᠭᠤᠯᠢᠭ ᠪᠣᠯᠣᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠤ ᠬᠠᠮᠲᠤ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ᠂ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠪᠠᠷ ᠭᠤᠣᠯ ᠰᠡᠳᠦᠪ ᠪᠣᠯᠭᠠᠵᠤ᠂ ᠳ᠋ᠦᠩ ᠾᠧ ᠲᠣᠭᠤᠷᠢᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠥᠨᠳᠥᠷ ᠪᠦᠲᠦᠮᠵᠢᠲᠡᠢ ᠬᠥᠭᠵᠢᠯᠲᠡ ᠶᠢᠨ ᠲᠤᠬᠠᠢ ᠵᠢᠯᠤᠭᠤᠳᠬᠤ ᠰᠠᠨᠠᠯ ᠳᠤᠷᠠᠳᠴᠠᠢ᠃ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠳ᠋ᠦᠩ ᠡᡁᠸ ᠲᠣᠭᠤᠷᠢᠭ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠰᠣᠶᠣᠯ ᠵᠤᠭᠠᠴᠠᠯ ᠤᠨ ᠦᠵᠡᠯᠲᠡ ᠶᠢ ᠲᠠᠬᠢᠨ ᠱᠤᠭᠤᠵᠤ᠂ ᠵᠣᠷᠢᠭᠲᠠᠢ ᠪᠠᠷ ᠨᠢᠭᠡᠳᠦᠭᠡᠷ ᠳᠡᠰ ᠤᠨ ᠬᠤᠳᠠ ᠳᠤ ᠬᠦᠷᠴᠦ ᠡᠵᠡᠩᠨᠡᠨ ᠪᠣᠷᠣᠯᠠᠭᠤᠯᠵᠤ ᠤᠰᠤ ᠲᠠᠲᠠᠵᠤ᠂ ᠵᠠᠯᠠᠭᠤᠵᠢᠭᠤᠯᠬᠤ ᠴᠢᠳᠠᠪᠤᠷᠢᠲᠠᠨ ᠵᠢᠴᠢ ᠪᠦᠯᠬᠦᠮ ᠨᠡᠶᠢᠲᠡ ᠶᠢᠨ ᠬᠦᠴᠦᠨ ᠢ ᠠᠭᠤᠳᠠᠯᠤᠨ ᠠᠰᠢᠭᠯᠠᠵᠤ᠂ ᠥᠪᠡᠷᠮᠢᠴᠡ ᠰᠣᠶᠣᠯ ᠤᠨ ᠡᠬᠢ ᠪᠠᠶᠠᠯᠢᠭ ᠤᠨ ᠤᠳᠤ ᠦᠶ᠎ᠡ ᠶᠢᠨ ᠢᠯᠡᠳᠬᠡᠯᠲᠡ ᠶᠢ ᠴᠢᠩᠭᠠᠳᠬᠠᠵᠤ᠂ ᠰᠣᠶᠣᠯ ᠤᠨ ᠰᠢᠨ᠎ᠡ ᠶᠢ ᠡᠭᠦᠳᠬᠦ ᠴᠢᠨᠠᠷᠲᠠᠢ ᠬᠤᠪᠢᠷᠠᠭᠤᠯᠤᠯᠲᠠ ᠪᠣᠯᠣᠨ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠰᠣᠶᠣᠯ ᠵᠤᠭᠠᠴᠠᠯ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ᠂ ᠲᠠᠲᠠᠬᠤ ᠬᠦᠴᠦᠨ᠂ ᠤᠯᠠᠮᠵᠢᠯᠠᠬᠤ ᠬᠦᠴᠦᠨ ᠢ ᠴᠢᠩᠭᠠᠳᠬᠠᠬᠤ ᠬᠡᠷᠡᠭᠲᠡᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1