ᠡᠨᠡ ᠤᠳᠠᠭᠠᠨ ᠤ ᠲᠠᠷᠢᠶᠠᠴᠢᠨ ᠤ ᠤᠷᠠᠨ ᠰᠠᠶᠢᠬᠠᠨ ᠤ ᠲᠣᠭᠯᠠᠯᠲᠠ ᠦᠨᠡᠬᠡᠷ ᠭᠤᠶᠢᠳᠠ ᠰᠠᠶᠢᠬᠠᠨ
ᠨᠡᠶᠢᠲᠡᠯᠡᠭᠰᠡᠨ ᠴᠠᠭ᠄
2023/9/18
     ᠶᠢᠰᠦᠨ ᠰᠠᠷ᠎ᠠ ᠶᠢᠨ ᠳ᠋ᠦᠩ ᠾᠧ ᠨᠠᠮᠤᠷ ᠤᠨ ᠠᠭᠤᠷ ᠠᠮᠢᠰᠬᠤᠯ ᠰᠡᠩᠭᠢᠨᠡᠵᠦ᠂ ᠨᠣᠭᠤᠭ᠎ᠠ ᠵᠢᠮᠢᠰ ᠠᠩᠬᠢᠯᠤᠮ᠎ᠠ ᠰᠠᠶᠢᠬᠠᠨ ᠦᠨᠦᠷ ᠬᠠᠩᠬᠤᠯᠤᠨ᠎ᠠ᠃9 ᠰᠠᠷ᠎ᠠ ᠶᠢᠨ 8 ᠋ ᠤ ᠡᠳᠦᠷ᠂ ᠳ᠋ᠦᠩ ᠾᠧ ᠲᠣᠭᠤᠷᠢᠭ ᠤᠨ ᠾᠧ ᠳ᠋ᠦᠩ ᠪᠠᠯᠭᠠᠰᠤ ᠠᠴᠠ ᠡᠷᠬᠢᠯᠡᠭᠰᠡᠨ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠮ ᠢᠶᠠᠨ ᠲᠠᠭᠠᠵᠦ ᠳᠠᠷᠪᠠᠭᠤᠯ ᠬᠡᠶᠢᠰᠬᠡᠨ ᠠᠯᠤᠰ ᠤᠨ ᠠᠶᠠᠯᠠᠯ ᠤᠨ ᠰᠢᠨ᠎ᠡ ᠬᠠᠭᠤᠳᠠᠰᠤ︾ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠵᠢᠴᠢ ᠲᠠᠪᠤᠳᠤᠭᠠᠷ ᠬᠤᠭᠤᠴᠠᠭᠠᠨ ᠤ ᠲᠠᠷᠢᠶᠠᠴᠢᠨ ᠤ ᠤᠷᠠᠨ ᠰᠠᠶᠢᠬᠠᠨ ᠤ ᠲᠣᠭᠯᠠᠯᠲᠠ ᠶᠢ ᠸᠠᠩ ᠳ᠋ᠠ ᠬᠠᠨ ᠲᠣᠰᠬᠤᠨ ᠤ ᠨᠠᠨ ᠬᠠᠢ ᠶᠢᠨ ᠬᠡᠷᠡᠯᠳᠦ ᠰᠤᠪᠤᠳ ᠠᠭᠤᠳᠠᠮ ᠲᠠᠯᠠᠪᠠᠢ ᠳᠤ ᠭᠤᠶᠢᠳᠠ ᠰᠠᠶᠢᠬᠠᠨ ᠲᠣᠭᠯᠠᠪᠠ᠃
     ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠰᠣᠶᠣᠯ ᠤᠨ ᠪᠠᠷᠢᠭᠠᠳᠠ ᠶᠢᠨ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ ᠭᠦᠸᠧ ᠶᠦᠩ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠣᠣ ᠶᠦᠩ ᠸᠧᠨ᠂ ᠬᠤᠲᠠ ᠶᠢᠨ ᠠᠷᠠᠳ ᠤᠨ ᠵᠥᠪᠯᠡᠯ ᠤᠨ ᠳᠡᠳ᠋ ᠡᠷᠬᠢᠯᠡᠭᠴᠢ ᠯᠢ ᠭᠤᠸᠠᠩ ᠯᠧ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠴᠧᠨ ᠵᠢᠶᠦ᠋ᠨ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠳ᠋ᠠᠩ ᠰᠢᠶᠣᠣ ᠬᠤᠩ᠂ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠳᠡᠳ᠋ ᠡᠷᠬᠢᠯᠡᠭᠴᠢ ᠯᠢᠶᠠᠩ ᠱᠣᠣ ᠸᠧᠢ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠢᠶ᠎ᠠ ᠶᠢᠨ ᠬᠢᠨᠠᠭᠴᠢᠳ ᠤᠨ ᠵᠥᠪᠯᠡᠯ ᠤᠨ ᠡᠷᠬᠢᠯᠡᠭᠴᠢ ᠶᠠᠩ ᠬᠠᠢ ᠴᠢᠩ᠂ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ ᠯᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠮᠠ ᠨᠢ᠂ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢ ᠴᠢᠦ ᠫᠢᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠴᠢᠤᠸᠠᠨ ᠸᠧᠢ᠂ ᠶᠠᠩ ᠵᠢᠶᠠᠨ ᠵᠢᠶᠦ᠋ᠨ᠂ ᠵᠣᠣ ᠯᠢ ᠰᠢᠶᠠ᠂ ᠦ᠋ ᠫᠧᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠸᠧᠨ ᠯᠢ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠲᠢᠶᠠᠨ ᠶᠦᠩ ᠭᠤᠸᠠᠩ ᠠᠵᠢᠯᠯᠠᠭ᠎ᠠ ᠳᠤ ᠣᠷᠣᠯᠴᠠᠪᠠ᠃
     ᠲᠤᠰ ᠣᠷᠣᠢ᠂ ᠸᠠᠩ ᠳ᠋ᠠ ᠬᠠᠨ ᠲᠣᠰᠬᠤᠨ ᠤ ᠡᠮᠦᠨᠡᠲᠦ ᠲᠠᠩᠭᠢᠰ ᠤᠨ ᠬᠡᠷᠡᠯᠳᠦ ᠰᠤᠪᠤᠳ ᠠᠭᠤᠳᠠᠮ ᠲᠠᠯᠠᠪᠠᠢ ᠳᠤ ᠬᠥᠮᠥᠨ ᠳᠦᠭᠦᠷᠴᠦ᠂ ᠬᠥᠮᠥᠨ ᠳᠦᠭᠦᠷᠲᠡᠯ᠎ᠡ ᠰᠠᠭᠤᠯ᠎ᠠ᠃ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠬᠦᠷ ᠬᠥᠭᠵᠢᠶᠡᠨ ᠲᠠᠢ᠂ ᠰᠦᠷ ᠳᠠᠯᠠᠶᠢᠴᠠᠲᠠᠢ ᠲᠣᠮᠣ ᠬᠡᠯᠪᠡᠷᠢ ᠶᠢᠨ ᠳᠠᠭᠤᠤ ᠪᠥᠵᠢᠭ︽ᠵᠣᠯ ᠵᠢᠷᠭᠠᠯᠲᠤ ᠳᠤᠮᠳᠠᠳᠤ ᠤᠯᠤᠰ ᠬᠠᠮᠲᠤᠪᠠᠷ ᠠᠶᠠᠯᠠᠶ᠎ᠠ︾ᠭᠡᠬᠦ ᠵᠦᠴᠦᠭᠡ ᠶᠢᠨ ᠳᠤᠮᠳᠠ ᠬᠥᠰᠢᠭᠡ ᠪᠠᠨ ᠰᠡᠬᠦᠪᠡ᠃ᠲᠣᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠳᠤ ᠪᠥᠬᠦ ᠪᠠᠯᠭᠠᠰᠤᠨ ᠤ 26 ᠵᠠᠰᠠᠭ ᠵᠠᠬᠢᠷᠭᠠᠨ ᠤ ᠲᠣᠰᠬᠤᠨ᠂ 2 ᠨᠡᠶᠢᠭᠡᠮ ᠲᠣᠭᠤᠷᠢᠭ ᠤᠨ ᠨᠡᠶᠢᠲᠡ 300 ᠬᠥᠮᠥᠨ ᠣᠷᠣᠯᠴᠠᠭᠰᠠᠨ ᠪᠥᠭᠡᠳ ᠨᠠᠷᠠᠲᠤ ᠬᠤᠶᠠᠷ ᠬᠥᠮᠥᠨ ᠤ ᠲᠣᠭᠯᠠᠯᠲᠠ ᠶᠢᠨ ᠤᠷᠠᠯᠢᠭᠴᠢᠨ ᠦ᠋ ᠯᠢ ᠫᠢᠩ᠂ ᠨᠠᠷᠠᠲᠤ ᠳᠠᠭᠤᠴᠢᠨ ᠶᠦᠨ ᠹᠧᠢ ᠶᠢ ᠲᠠᠶᠢᠰᠠᠨ ᠳᠤ ᠤᠷᠢᠵᠤ ᠲᠣᠭᠯᠠᠯᠲᠠ ᠭᠠᠷᠭᠠᠯᠭᠠᠪᠠ ᠃ᠲᠣᠭᠯᠠᠯᠲᠠ ᠳᠤ᠂ ︽ᠲᠠᠯ᠎ᠠ ᠨᠤᠲᠤᠭ ᠤᠨ ᠰᠠᠷᠠ︾᠂ ︽ᠨᠣᠭᠤᠭᠠᠨ ᠭᠤᠣᠯ ᠤᠨ ᠵᠡᠭᠦᠨᠳᠡᠬᠢ ᠵᠣᠯ ᠵᠢᠷᠭᠠᠯᠲᠤ ᠲᠠᠷᠢᠶᠠᠴᠢᠨ ᠠᠶᠢᠯ︾᠂ ︽ᠦᠵᠡᠰᠬᠦᠯᠡᠩᠲᠦ ᠰᠠᠶᠢᠬᠠᠨ ᠭᠤᠣᠯ ᠤᠨ ᠵᠡᠭᠦᠨᠳᠡᠬᠢ ᠮᠢᠨᠤ ᠭᠡᠷ︾᠂ ᠥᠷᠭᠡᠨ ᠣᠯᠠᠨ ᠲᠠᠷᠢᠶᠠᠴᠢᠨ ᠲᠦᠮᠡᠨ ᠤ ᠰᠢᠨ᠎ᠡ ᠴᠠᠭ ᠦᠶ᠎ᠡ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠡᠬᠡ ᠨᠤᠲᠤᠭ ᠢᠶᠠᠨ ᠬᠠᠶᠢᠷᠠᠯᠠᠬᠤ ᠰᠡᠳᠬᠢᠯᠭᠡ ᠶᠢ ᠬᠠᠩᠭᠢᠨᠠᠭᠤᠯᠵᠤ᠂ ᠱᠤᠭ ᠵᠦᠴᠦᠭᠡ ︽ᠵᠢᠯ ᠠᠴᠠ ᠵᠢᠯ ᠬᠦᠴᠦᠷᠬᠡᠭᠵᠢᠵᠦ ᠪᠠᠶᠢᠨ᠎ᠠ︾᠂ ︽ᠴᠠᠭ ᠤᠨ ᠥᠩᠭᠡ  ᠶᠢ ᠭᠠᠶᠢᠬᠠᠭᠤᠯᠤᠭᠰᠠᠨ ᠪᠥᠵᠢᠭ︾ ︽ᠡᠮᠦᠨ᠎ᠡ ᠠᠴᠠ ᠤᠮᠠᠷ᠎ᠠ ᠬᠦᠷᠲᠡᠯ᠎ᠡ︾᠂ ᠮᠣᠩᠭᠤᠯ ᠬᠤᠪᠴᠠᠰᠤ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ᠂ ᠵᠣᠯ ᠵᠢᠷᠭᠠᠯᠲᠤ ᠭᠤᠣᠯ ᠤᠨ ᠵᠡᠭᠦᠨ ᠲᠠᠯ᠎ᠠ︾ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠵᠠᠩ ᠦᠶᠯᠡ  ᠶᠢᠨ ᠰᠣᠶᠣᠯ ᠤᠨ ᠲᠣᠭᠯᠠᠯᠲᠠ  ᠶᠢ ᠵᠠᠯᠭᠠᠭ᠎ᠠ ᠪᠠᠷ ᠲᠣᠭᠯᠠᠪᠠ᠃ {ᠶᠠᠫᠤᠨ ᠤ ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ ᠠᠷᠠᠳ ᠤᠨ ᠡᠳᠦᠷ ᠤᠨ ᠰᠣᠨᠢᠨ} ᠰᠡᠳᠦᠪᠯᠡᠬᠦᠨ ᠡᠯᠪᠡᠭ ᠪᠠᠶᠠᠯᠢᠭ᠂ ᠭᠠᠵᠠᠷ ᠤᠨ ᠪᠠᠶᠢᠳᠠᠯ ᠲᠠᠢ ᠨᠢᠭᠲᠠ ᠠᠪᠴᠠᠯᠳᠤᠭᠰᠠᠨ ᠭᠤᠶᠢᠳᠠ ᠰᠠᠶᠢᠬᠠᠨ ᠲᠣᠭᠯᠠᠯᠲᠠ ᠨᠤᠭᠤᠳ ᠲᠤ ᠥᠷᠭᠡᠨ ᠣᠯᠠᠨ ᠲᠠᠷᠢᠶᠠᠴᠢᠨ ᠲᠦᠮᠡᠨ ᠤ ᠢᠮᠠᠭᠲᠠ ᠰᠡᠳᠬᠢᠯ ᠵᠢᠷᠦᠬᠡ ᠪᠠᠨ ᠨᠠᠮ ᠳᠠᠭᠠᠨ ᠬᠠᠨᠳᠤᠭᠤᠯᠵᠤ᠂ ᠨᠠᠮ ᠤᠨ ᠠᠴᠢ  ᠶᠢ ᠮᠡᠳᠡᠷᠡᠨ᠂ ᠨᠠᠮ ᠤᠨ ᠦᠭᠡ  ᠶᠢ ᠰᠣᠨᠣᠰᠴᠤ᠂ ᠨᠠᠮ ᠢᠶᠠᠨ ᠳᠠᠭᠠᠵᠤ ᠶᠠᠪᠤᠳᠠᠭ ᠭᠦᠨ ᠵᠤᠵᠠᠭᠠᠨ ᠬᠠᠶᠢᠷ᠎ᠠ ᠰᠡᠳᠬᠢᠯᠭᠡ ᠰᠢᠩᠭᠡᠵᠦ᠂ ᠦᠳᠡᠰᠢᠯᠡᠭᠡ ᠳᠦᠭᠦᠷᠡᠩ ᠥᠷᠨᠢᠯᠲᠡ  ᠶᠢᠨ ᠦᠶ᠎ᠡ ᠪᠠᠷ ᠲᠠᠰᠤᠷᠠᠯᠲᠠ ᠦᠭᠡᠢ ᠭᠤᠶᠢᠳᠠ ᠰᠠᠶᠢᠬᠠᠨ ᠶᠠᠪᠤᠭᠳᠠᠵᠤ ᠪᠠᠶᠢᠯ᠎ᠠ᠃ᠳᠠᠷᠠᠭ᠎ᠠ  ᠨᠢ᠂ ᠠᠵᠢᠯᠯᠠᠭ᠎ᠠ ᠨᠢ ᠬᠤᠶᠠᠳᠤᠭᠠᠷ ᠳᠡᠰ ᠤᠨ ᠭᠠᠪᠢᠶᠠᠲᠠᠢ ᠠᠯᠪᠠᠨ ᠴᠡᠷᠢᠭ ᠤᠨ ᠭᠡᠷ ᠪᠦᠯᠢ ᠳᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠬᠦᠷᠭᠡᠵᠦ᠂ ᠪᠠᠯᠭᠠᠰᠤᠨ ᠤ︽ᠬᠠᠮᠤᠭ ᠤᠨ ᠭᠤᠶᠤ ᠴᠡᠷᠢᠭ ᠠᠴᠠ ᠬᠠᠯᠠᠭᠳᠠᠭᠰᠠᠳ︾᠂ ᠪᠠᠯᠭᠠᠰᠤᠨ ᠤ︽ᠢᠷᠠᠭᠤ ᠠᠯᠳᠠᠷ ᠨᠠᠮ ᠳᠤ 50 ᠵᠢᠯ ᠪᠣᠯᠤᠭᠰᠠᠨ︾ᠨᠠᠮ ᠤᠨ ᠭᠡᠰᠢᠭᠦᠨ᠂ ᠪᠠᠯᠭᠠᠰᠤᠨ ᠤ︽ᠬᠤᠶᠠᠷ ᠰᠢᠯᠢᠳᠡᠭ︾ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠵᠤ᠂ ᠺᠠᠳ᠋ᠷ ᠤᠯᠠᠨ ᠲᠦᠮᠡᠨ ᠤ ᠦᠯᠢᠭᠡᠷ ᠳᠠᠭᠤᠷᠢᠶᠠᠯ ᠢᠶᠠᠷ ᠬᠡᠪ ᠳᠠᠭᠤᠷᠢᠶᠠᠯ ᠪᠣᠯᠭᠠᠵᠤ᠂ ᠪᠦᠬᠦ ᠪᠠᠯᠭᠠᠰᠤᠨ ᠤ ᠡᠯ᠎ᠡ ᠲᠦᠷᠦᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠤᠯᠠᠮ ᠴᠢᠨᠠᠭᠰᠢᠳᠠ ᠤᠷᠮᠠᠰᠢᠭᠤᠯᠤᠨ ᠲᠠᠶᠢᠴᠢᠯᠠᠵᠠᠢ᠃
     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠣᠶᠣᠯ ᠢ ᠤᠷᠢᠳᠠᠪᠠᠷ ᠬᠥᠭᠵᠢᠭᠦᠯᠬᠦ᠃ᠲᠣᠰ ᠤᠳᠠᠭᠠᠨ ᠤ ᠬᠠᠮᠲᠤᠷᠠᠭᠰᠠᠨ ᠲᠣᠭᠯᠠᠯᠲᠠ ᠨᠢ ᠮᠠᠨ ᠤ ᠣᠷᠣᠨ ᠤ ᠰᠢᠨ᠎ᠡ ᠴᠠᠭ ᠦᠶ᠎ᠡ ᠶᠢᠨ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠪᠠ ᠲᠠᠷᠢᠶᠠᠴᠢᠨ ᠲᠦᠮᠡᠨ ᠤ ᠢᠳᠡᠪᠬᠢᠲᠡᠢ ᠪᠠᠷ ᠥᠭᠡᠳᠡᠯᠡᠨ ᠳᠠᠪᠰᠢᠵᠤ᠂ ᠣᠮᠤᠭ ᠲᠡᠭᠦᠯᠳᠡᠷ ᠢᠶᠠᠷ ᠵᠣᠯ ᠵᠢᠷᠭᠠᠯᠲᠤ ᠰᠠᠶᠢᠨ ᠰᠠᠶᠢᠬᠠᠨ ᠰᠢᠨ᠎ᠡ ᠠᠮᠢᠳᠤᠷᠠᠯ ᠢᠶᠠᠨ ᠴᠣᠭᠴᠠᠯᠠᠨ ᠪᠠᠶᠢᠭᠤᠯᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠥᠷᠭᠡᠨ ᠣᠯᠠᠨ ᠲᠠᠷᠢᠶᠠᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠨᠡᠶᠢᠴᠡᠭᠦᠯᠦᠭᠰᠡᠨ ᠪᠠᠶᠢᠨ᠎ᠠ᠃︽ᠪᠢᠳᠠ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠪᠠᠷ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠪᠣᠯᠪᠠᠰᠤᠨ ᠬᠥᠳᠡᠭᠡ ᠲᠣᠰᠬᠤᠨ ᠤ ᠬᠡᠪ ᠰᠤᠷᠲᠠᠯ ᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠳᠣᠲᠣᠨᠣᠴᠢᠯᠠᠨ ᠤᠮᠳᠠᠯᠠᠵᠤ᠂ ᠬᠥᠳᠡᠭᠡ ᠲᠣᠰᠬᠤᠨ ᠤ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠣᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠭᠤᠶᠤ ᠰᠠᠶᠢᠬᠠᠨ ᠢ ᠬᠠᠮᠲᠤᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠣᠯᠭᠤᠬᠤ ᠶᠢ ᠬᠦᠰᠡᠵᠦ ᠪᠠᠶᠢᠨ᠎ᠠ︾᠃ ᠭᠡᠵᠦ ᠡᡁᠸ ᠳ᠋ᠦᠩ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
     ᠳᠠᠷᠠᠭᠠᠴᠢ ᠶᠢᠨ ᠠᠯᠬᠤᠮ ᠳᠤ᠂ ᠾᠧ ᠳ᠋ᠦᠩ ᠪᠠᠯᠭᠠᠰᠤ ᠶᠢᠨ ᠬᠢᠨ ᠠᠵᠤ ᠠᠬᠤᠢ ᠶᠢᠨ ᠬᠥᠭᠵᠢᠯᠲᠡ ᠪᠣᠯᠣᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠵᠡᠷᠭᠡᠪᠡᠷ ᠠᠬᠢᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠬᠥᠳᠡᠭᠡ ᠨᠤᠲᠤᠭ ᠲᠤ ᠦᠨᠳᠦᠰᠦᠯᠡᠵᠦ᠂ ᠨᠤᠲᠤᠭ ᠤᠨ ᠠᠶᠠᠯᠭᠤ ᠶᠢ ᠠᠴᠢᠶᠠᠯᠠᠵᠤ᠂ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭ︾ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠶᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠵᠡᠭᠦᠨ ᠭᠤᠣᠯ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1