ᠵᠣᠯ ᠵᠢᠷᠭᠠᠯᠲᠤ ᠨᠠᠰᠤᠵᠢᠯ ᠤᠨ ᠠᠰᠠᠷᠠᠮᠵᠢ ᠶᠢ ᠲᠠᠬᠢᠨ ᠲᠡᠰ ᠵᠡᠷᠭᠡ ᠳᠡᠪᠰᠢᠪᠡ!ᠰᠠᠷᠴᠢᠨ ᠤ ᠭᠡᠷ ᠤᠨ ᠡᠭᠦᠳᠡᠨ ᠳᠠᠬᠢ ︽ᠡᠮᠨᠡᠯᠭᠡ ᠶᠢᠨ ᠬᠤᠷᠢᠶ᠎ᠠ︾ ᠡᠭᠦᠳᠡ ᠪᠠᠨ ᠨᠡᠭᠡᠭᠡᠪᠡ
ᠨᠡᠶᠢᠲᠡᠯᠡᠭᠰᠡᠨ ᠴᠠᠭ᠄
2023/9/18
      9 ᠳ᠋ᠦᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠬᠢᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠪᠢᠨ ᠾᠧ ᠶᠢᠨ ᠲᠦᠭᠡᠮᠡᠯ ᠬᠠᠷᠠᠭᠠᠯᠵᠠᠯᠲᠤ ᠡᠮᠴᠢᠯᠡᠭᠡ ᠰᠤᠪᠢᠯᠠᠯᠲᠠ ᠡᠷᠡᠭᠦᠯ ᠬᠠᠮᠠᠭᠠᠯᠠᠯ ᠤᠨ ᠲᠥᠪ ᠤᠨ ᠠᠵᠢᠯ ᠡᠬᠢᠯᠡᠬᠦ ᠶᠣᠰᠣᠯᠠᠯ ᠶᠠᠪᠤᠭᠤᠯᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠯᠢ ᠰᠢᠶᠠ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃
     ᠣᠶᠢᠯᠠᠭᠠᠭᠰᠠᠨ ᠢᠶᠠᠷ᠂ ᠳ᠋ᠦᠩ ᠾᠧ ᠲᠣᠭᠤᠷᠢᠭ ᠤᠨ ᠪᠢᠨ ᠾᠧ ᠶᠢᠨ ᠲᠦᠭᠡᠮᠡᠯ ᠬᠠᠷᠠᠭᠠᠯᠵᠠᠯ ᠤᠨ ᠡᠮᠴᠢᠯᠡᠭᠡ ᠰᠤᠪᠢᠯᠠᠯᠲᠠ ᠡᠷᠡᠭᠦᠯ ᠬᠠᠮᠠᠭᠠᠯᠠᠯ ᠤᠨ ᠲᠥᠪ ᠨᠢ ᠰᠠᠷᠴᠢᠨ ᠤ ᠳ᠋ᠦᠩ ᠶᠤᠸᠠᠨ ᠲᠣᠰᠬᠤᠨ ᠳᠤ ᠪᠠᠶᠢᠷᠢᠯᠠᠵᠤ᠂ 28 ᠮᠦ ᠭᠠᠵᠠᠷ ᠡᠵᠡᠯᠡᠵᠦ᠂ ᠨᠡᠶᠢᠲᠡ 6000 ᠲᠦᠮᠡᠨ ᠲᠥᠭᠦᠷᠢᠭ ᠤᠨ ᠪᠡᠯᠡ ᠣᠷᠣᠭᠤᠯᠵᠤ᠂ 500 ᠨᠠᠰᠤᠵᠢᠯ ᠤᠨ ᠡᠪᠡᠳᠴᠢᠲᠡᠨ ᠤ ᠣᠷᠣ᠂ 120 ᠡᠮᠴᠢᠯᠡᠭᠡᠨ ᠤ ᠡᠪᠡᠳᠴᠢᠲᠡᠨ ᠤ ᠣᠷᠣ᠂ 150 ᠭᠠᠷᠤᠢ ᠠᠵᠢᠯᠲᠠᠨ ᠲᠠᠢ ᠪᠠᠶᠢᠵᠤ᠂ ᠮᠠᠨ ᠤ ᠣᠷᠣᠨ ᠵᠢᠴᠢ ᠡᠷᠬᠢᠨ ᠲᠣᠭᠤᠷᠢᠨ ᠤ ᠨᠥᠯᠥᠭᠡᠯᠡᠬᠦ ᠬᠡᠪᠴᠢᠶᠡᠨ ᠳᠠᠬᠢ ᠬᠡᠷᠡᠭᠴᠡᠭᠡ ᠪᠦᠬᠦᠢ ᠨᠠᠰᠤᠲᠠᠶᠢᠴᠤᠳ ᠲᠤ ᠪᠥᠬᠦ ᠲᠠᠯ᠎ᠠ ᠶᠢᠨ ᠡᠮᠴᠢᠯᠡᠭᠡ ᠰᠤᠪᠢᠯᠠᠯᠲᠠ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ᠂ ᠬᠥᠳᠡᠭᠡ ᠲᠣᠰᠬᠤᠨ ᠤ ᠡᠮᠴᠢᠯᠡᠭᠡ ᠨᠠᠰᠤᠵᠢᠯ ᠤᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ ᠪᠦᠷᠢᠨᠰᠢᠭᠦᠯᠵᠦ ᠴᠢᠳᠠᠨ᠎ᠠ᠃
     ᠳ᠋ᠦᠩ ᠾᠧ ᠲᠣᠭᠤᠷᠢᠭ ᠤᠨ ᠪᠢᠨ ᠾᠧ ᠶᠢᠨ ᠲᠦᠭᠡᠮᠡᠯ ᠬᠠᠷᠠᠭᠠᠯᠵᠠᠯᠲᠤ ᠡᠮᠴᠢᠯᠡᠭᠡ ᠰᠤᠪᠢᠯᠠᠯᠲᠠ ᠡᠷᠡᠭᠦᠯ ᠮᠡᠨᠳᠦ ᠶᠢᠨ ᠲᠥᠪ ᠢ ᠪᠠᠶᠢᠭᠤᠯᠤᠭᠰᠠᠨ ᠨᠢ ᠮᠠᠨ ᠤ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠨᠠᠰᠤᠲᠠᠶᠢᠴᠤᠳ ᠲᠤ ᠳᠥᠭᠦᠮ ᠳᠥᠲᠡ ᠡᠮᠴᠢᠯᠡᠭᠡ᠂ ᠨᠠᠰᠤᠵᠢᠯ ᠤᠨ ᠠᠰᠠᠷᠠᠮᠵᠢ᠂ ᠡᠷᠡᠭᠦᠯᠵᠢᠯ ᠰᠤᠪᠢᠯᠠᠯᠲᠠ ᠵᠡᠷᠭᠡ ᠪᠥᠬᠦ ᠲᠠᠯ᠎ᠠ ᠶᠢᠨ ᠦᠢᠯᠡᠴᠢᠯᠡᠭᠡ ᠬᠠᠩᠭᠠᠬᠤ ᠶᠢᠨ ᠬᠠᠮᠲᠤ ᠠᠵᠢᠯ ᠣᠯᠭᠤᠯᠲᠠ ᠶᠢᠨ ︽ᠦᠨᠳᠦᠰᠦᠨ ᠪᠠᠶᠢᠳᠠᠯ︾ ᠢ ᠪᠠᠲᠤ ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠮᠠᠨ ᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠯᠡᠭᠡ ᠶᠢ ᠣᠷᠣᠰᠢᠨ ᠠᠮᠢᠳᠤᠷᠠᠬᠤ ᠬᠡᠯᠪᠡᠷᠢ᠂ ᠪᠣᠳᠠᠰ ᠤᠨ ᠬᠡᠯᠪᠡᠷᠢ ᠶᠢᠨ ᠬᠡᠷᠡᠭᠯᠡᠭᠡ ᠠᠴᠠ ᠬᠥᠭᠵᠢᠯᠲᠡ ᠶᠢᠨ ᠬᠡᠯᠪᠡᠷᠢ᠂ ᠦᠢᠯᠡᠴᠢᠯᠡᠭᠡᠨ ᠤ ᠬᠡᠯᠪᠡᠷᠢ ᠶᠢᠨ ᠬᠡᠷᠡᠭᠯᠡᠭᠡ ᠳᠠᠰᠢ ᠬᠤᠪᠢᠷᠠᠭᠤᠯᠬᠤ ᠳᠤ ᠠᠰᠢᠭᠲᠠᠢ ᠶᠤᠮ᠃ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠪᠢᠨ ᠾᠧ ᠶᠢᠨ ᠲᠦᠭᠡᠮᠡᠯ ᠬᠠᠷᠠᠭᠠᠯᠵᠠᠯᠲᠤ ᠡᠮᠴᠢᠯᠡᠭᠡ ᠰᠤᠪᠢᠯᠠᠯᠲᠠ ᠡᠷᠡᠭᠦᠯ ᠬᠠᠮᠠᠭᠠᠯᠠᠯ ᠤᠨ ᠲᠥᠪ ᠤᠨ ᠬᠢᠨ ᠲᠦᠷᠦᠯ ᠵᠦᠢᠯ ᠢ ᠡᠬᠢᠯᠡᠭᠦᠯᠬᠦ ᠪᠠᠷ ᠠᠵᠠ ᠲᠣᠬᠢᠶᠠᠯ ᠪᠣᠯᠭᠠᠵᠤ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠡᠭᠦᠨ ᠢ ᠦᠨᠡᠨᠬᠦ ᠨᠠᠰᠤᠲᠠᠶᠢᠴᠤᠳ ᠤᠨ︽ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ ᠥᠲᠡᠯᠪᠡᠯ ᠪᠠᠶᠠᠷ ᠴᠡᠩᠭᠡᠯ ᠲᠠᠢ︾ᠭᠡᠷ ᠣᠷᠣᠨ ᠪᠣᠯᠭᠠᠬᠤ ᠬᠡᠷᠡᠭᠲᠡᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1