ᠳ᠋ᠦᠩ ᠾᠧ ᠲᠣᠭᠤᠷᠢᠭ ᠤᠨ ᠳᠥᠷᠪᠡᠨ ᠢᠵᠢ ᠤᠳᠤᠷᠢᠳᠬᠤ ᠪᠠᠭ ᠤᠨ ᠤᠳᠤᠷᠢᠳᠤᠯᠭ᠎ᠠ ᠪᠠᠭᠰᠢ ᠶᠢᠨ ᠪᠠᠶᠠᠷ ᠤᠨ ᠡᠳᠦᠷ ᠤᠨ ᠲᠣᠭᠤᠷᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/20
     ᠪᠠᠭᠰᠢ ᠪᠠᠨ ᠬᠦᠨᠳᠦᠯᠡᠬᠦ ᠰᠡᠳᠬᠢᠯᠭᠡ ᠬᠦᠨᠳᠦ᠂ ᠬᠠᠶᠢᠷ᠎ᠠ ᠬᠠᠯᠠᠮᠵᠢ ᠪᠠᠷ ᠪᠠᠭᠰᠢ ᠶᠢᠨ ᠰᠡᠳᠬᠢᠯ ᠢ ᠳᠤᠯᠠᠭᠠᠴᠠᠭᠤᠯᠤᠨ᠎ᠠ᠃9 ᠰᠠᠷ᠎ᠠ ᠶᠢᠨ 10 ᠤ ᠡᠳᠦᠷ᠂ ᠳ᠋ᠦᠩ ᠡᡁᠸ ᠲᠣᠭᠤᠷᠢᠭ ᠤᠨ ᠲᠦᠷᠪᠡᠨ ᠢᠵᠢ ᠤᠳᠤᠷᠢᠳᠬᠤ ᠪᠠᠭ ᠤᠨ ᠤᠳᠤᠷᠢᠳᠤᠯᠭ᠎ᠠ ᠲᠤᠰ ᠲᠤᠰ ᠪᠦᠯᠬᠦᠮ ᠳᠠᠭᠠᠭᠤᠯᠤᠨ ᠪᠠᠭᠰᠢ ᠶᠢᠨ ᠪᠠᠶᠠᠷ ᠤᠨ ᠡᠳᠦᠷ ᠤᠨ ᠲᠣᠭᠤᠷᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠲᠡᠳᠡᠨ ᠢᠶᠠᠷ ᠳᠠᠮᠵᠢᠭᠤᠯᠤᠨ ᠪᠦᠬᠦ ᠣᠷᠣᠨ ᠤ ᠰᠤᠷᠭᠠᠨ ᠬᠥᠮᠦᠵᠢᠯ ᠤᠨ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠪᠠᠭᠰᠢ ᠪᠣᠯᠣᠨ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠪᠦᠯᠬᠦᠮ ᠳᠠᠭᠠᠭᠤᠯᠤᠨ ᠴᠡᠴᠡᠷᠯᠢᠭ ᠤᠨ ᠵᠠᠮ ᠤᠨ ᠪᠠᠭ᠎ᠠ ᠰᠤᠷᠭᠠᠭᠤᠯᠢ ᠶᠢᠨ ᠪᠠᠭᠰᠢ ᠴᠢᠨ ᠢᠦᠢ᠂ ᠬᠤᠸᠠᠨ ᠴᠧᠩ ᠵᠠᠮ ᠤᠨ ᠪᠠᠭ᠎ᠠ ᠰᠤᠷᠭᠠᠭᠤᠯᠢ ᠶᠢᠨ ᠪᠠᠭᠰᠢ ᠵᠢᠢ ᠬᠤᠩ ᠰᠢᠶᠠ ᠶᠢᠨ ᠭᠡᠷ ᠲᠤ ᠬᠦᠷᠴᠦ᠂ ᠲᠡᠳᠡᠨ ᠤ ᠡᠳᠦᠷ ᠳᠤᠳᠤᠮ ᠤᠨ ᠠᠮᠢᠳᠤᠷᠠᠯ ᠪᠣᠯᠣᠨ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠣᠷᠭᠤᠭ ᠴᠡᠴᠡᠭ ᠪᠣᠯᠣᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠲᠡᠳᠡᠨ ᠤ ᠨᠠᠮ ᠳᠠᠭᠠᠨ ᠬᠥᠮᠥᠨ ᠬᠥᠮᠥᠵᠢᠭᠦᠯᠬᠦ᠂ ᠤᠯᠤᠰ ᠲᠠᠭᠠᠨ ᠴᠢᠳᠠᠪᠤᠷᠢᠲᠠᠨ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠵᠤ᠂ ᠮᠠᠨ ᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠸᠠᠩ ᠷᠦᠢ᠂ ᠳ᠋ᠦᠩ ᠾᠧ ᠲᠣᠭᠤᠷᠢᠭ ᠤᠨ ᠬᠥᠭᠵᠢᠯᠲᠡ ᠶᠢᠨ ᠰᠠᠭᠤᠷᠢ ᠨᠢ ᠴᠢᠳᠠᠪᠤᠷᠢᠲᠠᠨ ᠳᠤ ᠪᠤᠢ᠂ ᠬᠦᠰᠡᠯ ᠡᠷᠡᠮᠡᠯᠵᠡᠯ ᠨᠢ ᠰᠤᠷᠭᠠᠨ ᠬᠥᠮᠦᠵᠢᠯ ᠳᠤ ᠪᠤᠢ᠂ ᠵᠠᠩᠭᠢᠯᠠᠭ᠎ᠠ ᠨᠢ ᠪᠠᠭᠰᠢ ᠳᠤ ᠪᠤᠢ᠃ᠪᠦᠬᠦ ᠣᠷᠣᠨ ᠢᠶᠠᠷ ᠢᠶᠠᠨ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠵᠦ᠂ ᠪᠤᠭᠤᠲᠤ ᠬᠤᠳᠠ ᠶᠢᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠡᠯ᠎ᠡ ᠱᠠᠲᠤᠨ ᠤ ᠤᠳᠤᠷᠢᠳᠬᠤ ᠺᠠᠳ᠋ᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠭᠰᠢ ᠨᠠᠷ ᠢ ᠬᠠᠪᠰᠤᠷᠤᠨ ᠠᠵᠢᠯ᠂ ᠠᠮᠢᠳᠤᠷᠠᠯ ᠤᠨ ᠳᠤᠮᠳᠠᠬᠢ ᠬᠤᠶᠢᠰᠢᠳᠠ ᠶᠢᠨ ᠵᠣᠪᠠᠨᠢᠯ ᠢ ᠨᠢ ᠠᠷᠢᠯᠭᠠᠵᠤ᠂ ᠪᠠᠭᠰᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠪᠠᠭᠰᠢ ᠨᠠᠷ ᠤᠨ ᠠᠵᠢᠯ ᠤᠨ ᠬᠠᠯᠠᠭᠤᠨ ᠰᠡᠳᠬᠢᠯᠭᠡ ᠶᠢ ᠭᠦᠢᠴᠡᠳ ᠲᠠᠶᠢᠴᠢᠯᠠᠨ ᠬᠥᠭᠵᠢᠭᠡᠬᠦ ᠬᠡᠷᠡᠭᠲᠡᠢ᠃      ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ ᠪᠦᠯᠬᠦᠮ ᠳᠠᠭᠠᠭᠤᠯᠤᠨ ᠤᠷᠢᠳ ᠬᠤᠵᠢᠳ ᠪᠤᠭᠤᠲᠤ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠴᠧᠨ ᠬᠠᠢ ᠰᠢᠨ᠂ ᠪᠤᠭᠤᠲᠤ ᠶᠢᠨ ᠬᠤᠷᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠯᠢᠦ ᠯᠢ ᠶᠢᠨ ᠭᠡᠷ ᠲᠤ ᠬᠦᠷᠴᠦ᠂ ᠳᠡᠳᠡᠨ ᠲᠠᠢ ᠳᠣᠲᠣᠨᠣ ᠪᠠᠷ ᠶᠠᠷᠢᠯᠴᠠᠵᠤ᠂ ᠳᠡᠳᠡᠨ ᠤ ᠤᠷᠳᠤ ᠬᠤᠭᠤᠴᠠᠭᠠᠨ ᠤ ᠲᠤᠷᠰᠢ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠳᠡᠳᠡᠨ ᠢ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ᠂ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠲᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠪᠡ᠃
     ᠵᠠᠩ ᠯᠢ ᠵᠢᠶᠦ᠋ᠨ ᠬᠡᠯᠡᠬᠦ ᠳᠡᠭᠡᠨ᠂ ᠪᠠᠭᠰᠢ ᠪᠣᠯ ᠰᠤᠷᠭᠠᠨ ᠬᠥᠮᠦᠵᠢᠯ ᠢ ᠪᠣᠶ ᠪᠣᠯᠭᠠᠬᠤ ᠶᠢᠨ ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ ᠡᠬᠢ ᠰᠤᠷᠪᠤᠯᠵᠢ ᠮᠥᠨ᠃ᠥᠷᠭᠡᠨ ᠤᠯᠠᠨ ᠪᠠᠭᠰᠢ ᠨᠠᠷ︽ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ︾ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠨᠡᠩ ᠶᠡᠭᠡ ᠬᠠᠷᠢᠭᠤᠴᠠᠯᠭ᠎ᠠ ᠪᠠᠷ ᠰᠤᠷᠭᠠᠨ ᠬᠥᠮᠦᠵᠢᠯ ᠤᠨ ᠬᠥᠭᠵᠢᠯᠲᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠳ᠋ᠦᠩ ᠡᡁᠸ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠲᠠᠬᠢᠨ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠪᠠᠭᠰᠢ ᠶᠢᠨ ᠡᠩᠨᠡᠭᠡ ᠶᠢ ᠰᠠᠨᠠᠭᠠᠴᠢᠯᠠᠭ᠎ᠠ  ᠠᠴᠠ ᠪᠠᠨ ᠬᠠᠯᠠᠮᠵᠢᠯᠠᠨ ᠬᠠᠶᠢᠷᠠᠯᠠᠵᠤ᠂ ᠲᠡᠳᠡᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ᠂ ᠦᠢᠯᠡᠳᠦᠯ ᠢᠶᠠᠨ ᠪᠠᠳᠠᠷᠠᠭᠤᠯᠬᠤ ᠳᠤᠨᠢ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠥᠭᠴᠦ᠂ ᠮᠠᠨ ᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃
     ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠵᠢᠢ ᠸᠧᠨ ᠪᠦᠯᠬᠦᠮ ᠳᠠᠭᠠᠭᠤᠯᠤᠨ ᠡᠷᠡᠭᠦᠯᠵᠢᠯ ᠵᠠᠮ ᠤᠨ ᠪᠠᠭ᠎ᠠ ᠰᠤᠷᠭᠠᠭᠤᠯᠢ ᠶᠢᠨ ᠪᠠᠭᠰᠢ ᠶᠠᠩ ᠬᠠᠢ ᠢᠩ᠂ ᠲᠢᠶ᠋ᠧ ᠢ ᠶᠢᠦ ᠪᠠᠭᠰᠢ ᠯᠢᠦ ᠾᠦᠢ ᠴᠢᠨ ᠤ ᠭᠡᠷ ᠲᠤ ᠬᠦᠷᠴᠦ᠂ ᠲᠡᠳᠡᠨ ᠤ ᠣᠯᠠᠨ ᠵᠢᠯ ᠤᠨ ᠲᠤᠷᠰᠢ ᠰᠤᠷᠭᠠᠨ ᠬᠥᠮᠦᠵᠢᠯ ᠤᠨ ᠨᠢᠭᠡᠳᠦᠭᠡᠷ ᠹᠷᠣᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠭᠰᠠᠭᠠᠷ ᠢᠷᠡᠭᠰᠡᠨ ᠳᠤ ᠲᠠᠯᠠᠷᠬᠠᠵᠤ᠂ ᠡᠭᠦᠨ ᠤ ᠬᠠᠮᠲᠤ ᠲᠡᠳᠡᠨ ᠢ ᠦᠷᠭᠦᠯᠵᠢᠯᠡᠨ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ᠂ ᠲᠣᠪᠣᠶᠢᠮ᠎ᠠ ᠤᠷ᠎ᠠ ᠴᠢᠳᠠᠪᠤᠷᠢ᠂ ᠡᠷᠬᠢᠮ ᠳᠡᠭᠡᠳᠦ ᠦᠵᠡᠯ ᠰᠡᠳᠬᠢᠯᠭᠡ ᠪᠠᠷ ᠢᠶᠠᠨ ᠵᠢᠭᠠᠨ ᠰᠤᠷᠭᠠᠬᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠮᠣᠷᠠᠯ ᠴᠢᠳᠠᠪᠤᠷᠢ ᠬᠤᠣᠰᠯᠠᠭᠰᠠᠨ᠂ ᠪᠦᠬᠦ ᠲᠠᠯ᠎ᠠ ᠪᠠᠷ ᠬᠥᠭᠵᠢᠭᠰᠡᠨ᠂ ᠬᠦᠨᠳᠦ ᠡᠭᠦᠷᠭᠡ ᠶᠢ ᠡᠭᠦᠷᠭᠡᠯᠡᠭᠰᠡᠨ ᠨᠡᠩ ᠤᠯᠠᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠥᠵᠢᠭᠦᠯᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠪᠤᠤᠬᠢᠶ᠎ᠠ ᠳᠠᠮᠵᠢᠭᠤᠯᠭ᠎ᠠ ᠪᠠᠷ ᠠᠬᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃
     ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᠨᠢ ᠲᠡᠮᠦᠷ ᠵᠠᠮ ᠤᠨ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠦ᠋ ᠼᠠᠢ ᠶᠦᠨ᠂ ᠶᠢᠨ ᠯᠦᠩ ᠸᠠᠩ ᠮᠢᠶᠣᠣ ᠪᠠᠭ᠎ᠠ ᠰᠤᠷᠭᠠᠭᠤᠯᠢ ᠶᠢᠨ ᠪᠠᠭᠰᠢ ᠵᠣᠣ ᠶᠢᠨ ᠰᠢᠶᠠ ᠶᠢ ᠲᠣᠬᠤᠨᠢᠭᠤᠯᠵᠤ᠂ ᠲᠡᠳᠡᠨ ᠤ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠭᠤᠷᠪᠠᠨ ᠲᠣᠬᠤᠢ ᠬᠢᠴᠢᠶᠡᠯ ᠤᠨ ᠲᠠᠪᠴᠠᠩ ᠢ ᠪᠠᠲᠤ ᠰᠠᠬᠢᠵᠤ᠂ ᠨᠢᠭᠡ ᠰᠡᠳᠬᠢᠯ ᠢᠶᠠᠷ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠳᠤ ᠰᠢᠷᠭᠠᠭᠤ ᠬᠠᠲᠠᠭᠤᠵᠢᠯᠲᠠᠢ ᠬᠦᠴᠦ ᠬᠥᠯᠥᠰᠦ ᠵᠠᠷᠤᠴᠠᠭᠤᠯᠤᠭᠰᠠᠨ ᠳᠤ ᠲᠠᠯᠠᠷᠬᠠᠵᠤ᠂ ᠲᠡᠳᠡᠨ ᠤ ᠦᠷᠭᠦᠯᠵᠢᠯᠡᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠬᠦᠨᠳᠦ ᠡᠭᠦᠷᠭᠡ ᠶᠢ ᠡᠭᠦᠷᠭᠡᠯᠡᠵᠦ᠂ ᠪᠠᠭᠰᠢ ᠶᠢᠨ ᠶᠣᠰᠣ ᠰᠤᠷᠲᠠᠬᠤᠨ ᠤ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠰᠤᠷᠭᠠᠨ ᠬᠥᠮᠦᠵᠢᠯ ᠳᠤ ᠣᠷᠣᠯᠴᠠᠵᠤ᠂ ᠪᠦᠬᠦ ᠣᠷᠣᠨ ᠤ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠵᠦ ᠪᠠᠶᠢᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1