ᠠᠯᠳᠠᠨ ᠨᠠᠮᠤᠷ ᠤᠨ ᠶᠢᠰᠦᠨ ᠰᠠᠷ᠎ᠠ ᠳᠤ᠂ ᠦᠷ᠎ᠡ ᠵᠢᠮᠢᠰ ᠨᠠᠮᠠᠭ᠎ᠠ ᠪᠠᠷ ᠪᠢᠯᠬᠠᠨ᠎ᠠ᠃ᠮᠠᠨ ᠤ ᠤᠯᠤᠰ ᠤᠨ 39 | ᠳ᠋ᠦᠭᠡᠷ ᠪᠠᠭᠰᠢ ᠶᠢᠨ ᠪᠠᠶᠠᠷ ᠢ ᠪᠡᠯᠭᠡᠯᠡᠵᠦ᠂ ᠠᠮᠵᠢᠯᠲᠠ ᠪᠠᠨ ᠳ᠋ᠦᠩᠨᠡᠵᠦ᠂ ᠲᠡᠷᠢᠭᠦᠨ ᠤ ᠬᠢ ᠶᠢ ᠬᠥᠬᠢᠭᠦᠯᠦᠨ | ᠰᠠᠶᠢᠰᠢᠶᠠᠵᠤ᠂ ᠪᠥᠬᠦ ᠣᠷᠣᠨ ᠤ ᠳᠡᠭᠡᠳᠦ ᠳᠣᠣᠷᠠᠳᠤ ᠱᠠᠲᠤ ᠶᠢ ᠳᠠᠶᠢᠴᠢᠯᠠᠨ ᠵᠣᠷᠢᠭᠵᠢᠭᠤᠯᠵᠤ ᠪᠠᠶᠢᠭᠠᠳ ᠴᠤᠭ | ᠰᠦᠯᠳᠡ ᠶᠢ ᠨᠢ ᠤᠯᠠᠮ ᠨᠢᠭᠡ ᠠᠯᠬᠤᠮ ᠬᠥᠭᠵᠢᠭᠡᠨ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ | ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠲᠦᠷᠭᠡᠪᠴᠢᠯᠡᠨ ᠪᠠᠶᠢᠭᠤᠯᠬᠤ ᠶᠢᠨ ᠲᠥᠯᠥᠭᠡ᠂ 9 ᠰᠠᠷ᠎ᠠ ᠶᠢᠨ | 10 ᠤ ᠡᠳᠦᠷ᠂ ᠳ᠋ᠦᠩ ᠾᠧ ᠲᠣᠭᠤᠷᠢᠭ ᠤᠨ ᠬᠢᠨ ︽ᠰᠤᠷᠭᠠᠨ ᠬᠥᠮᠦᠵᠢᠯ ᠤᠨ ᠲᠠᠪᠴᠠᠩ ᠳᠤ ᠪᠡᠶ᠎ᠡ ᠪᠠᠷ ᠢᠶᠠᠨ | ᠲᠠᠷᠢᠶᠠᠯᠠᠵᠤ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠣᠶ︾ ᠭᠡᠬᠦ ᠭᠤᠣᠯ ᠰᠡᠳᠦᠪ ᠢᠶᠠᠷ 39 ᠳ᠋ᠦᠭᠡᠷ | ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ | ᠬᠤᠷᠠᠯᠳᠤᠭᠤᠯᠪᠠ᠃ | | | | | | | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶ᠎ᠠ ᠶᠢᠨ ᠳᠠᠷᠤᠭ᠎ᠠ ᠯᠢ ᠵᠢᠶᠦ᠋ᠨ ᠬᠤᠷᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ | ᠸᠠᠩ ᠷᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠬᠤᠷᠠᠯ ᠢ ᠡᠷᠭᠢᠯᠡᠵᠦ᠂ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠᠨ ᠫᠢᠩ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠵᠢᠢ ᠸᠧᠨ ᠵᠢᠴᠢ ᠭᠡᠷ ᠲᠡᠭᠡᠨ ᠪᠠᠶᠢᠭ᠎ᠠ | ᠪᠥᠬᠦ ᠰᠢᠶᠠᠨ ᠤ ᠱᠠᠲᠤᠨ ᠤ ᠺᠠᠳ᠋ᠷᠴᠤᠳ ᠬᠤᠷᠠᠯ ᠳᠤ ᠣᠷᠣᠯᠴᠠᠵᠠᠢ᠃ | | | | | | | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ | ᠳᠤᠮᠳᠠ ᠬᠥᠰᠢᠭᠡ ᠪᠠᠨ ᠰᠡᠬᠦᠪᠡ᠃ᠬᠤᠷᠠᠯ ᠳᠡᠭᠡᠷ᠎ᠡ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠰᠦᠥᠸ᠋ ︽ᠳ᠋ᠦᠩ ᠾᠧ ᠲᠣᠭᠤᠷᠢᠭ ᠤᠨ ᠨᠠᠮ ᠤᠨ | ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ | ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ︾ ᠢ | ᠤᠩᠰᠢᠨ ᠨᠡᠶᠢᠲᠡᠯᠡᠪᠡ᠃ 17 ᠲᠡᠷᠢᠭᠦᠨ ᠤ ᠬᠠᠮᠲᠤ᠂ 20 ᠨᠡᠷᠡᠰ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠪᠣᠳᠠᠲᠤ ᠪᠦᠲᠦᠮᠵᠢ ᠪᠠᠷ ᠲᠣᠪᠣᠶᠢᠮ᠎ᠠ ᠲᠡᠷᠢᠭᠦᠨ ᠤ ᠬᠤᠪᠢ ᠬᠥᠮᠥᠨ᠂ 47 ᠨᠡᠷᠡᠰ ᠰᠢᠯᠢᠳᠡᠭ ᠪᠠᠭᠰᠢ᠂ 10 ᠨᠡᠷᠡᠰ | ᠰᠢᠯᠢᠳᠡᠭ ᠠᠩᠭᠢ ᠶᠢᠨ ᠡᠷᠬᠢᠯᠡᠭᠴᠢ᠂ 8 ᠨᠡᠷᠡᠰ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ᠂ 8 | ᠨᠡᠷᠡᠰ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ᠂ 3 ᠨᠡᠷᠡᠰ ᠬᠥᠳᠡᠭᠡ ᠲᠣᠰᠬᠤᠨ ᠤ ᠰᠢᠯᠢᠳᠡᠭ ᠪᠠᠭᠰᠢ᠂ 3 | ᠨᠡᠷᠡᠰ ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠰᠣᠳᠣᠨ᠂ 1 ᠨᠡᠷᠡᠰ ᠰᠢᠯᠢᠳᠡᠭ ᠨᠠᠮ ᠤᠨ ᠰᠤᠷᠭᠠᠭᠤᠯᠢ ᠶᠢᠨ | ᠪᠠᠭᠰᠢ ᠶᠢ ᠬᠥᠬᠢᠭᠦᠯᠦᠨ ᠱᠠᠩᠨᠠᠪᠠ᠃ | | | | | ᠸᠠᠩ ᠷᠦᠢ ᠲᠣᠭᠤᠷᠢᠭ ᠤᠨ ᠲᠦᠷᠪᠡᠨ ᠶᠡᠭᠡ ᠪᠠᠭ ᠤᠨ ᠡᠮᠦᠨ᠎ᠡ ᠠᠴᠠ ᠥᠷᠭᠡᠨ ᠤᠯᠠᠨ ᠪᠠᠭᠰᠢ᠂ ᠰᠤᠷᠭᠠᠨ | ᠬᠥᠮᠦᠵᠢᠯ ᠤᠨ ᠠᠵᠢᠯᠲᠠᠨ ᠪᠣᠯᠣᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠪᠠᠭᠰᠢ | ᠠᠵᠢᠯᠲᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠬᠥᠬᠢᠭᠦᠯᠦᠯ ᠭᠥᠷᠳᠡᠭᠰᠡᠨ ᠰᠤᠷᠭᠠᠨ ᠬᠥᠮᠦᠵᠢᠯ ᠤᠨ | ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠳᠤ ᠬᠠᠯᠠᠭᠤᠨ ᠪᠠᠶᠠᠷ ᠬᠦᠷᠭᠡᠵᠦ᠂ ᠳ᠋ᠦᠩ ᠾᠧ | ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ | ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ᠸᠠᠩ ᠷᠦᠢ ᠬᠡᠯᠡᠬᠦ ᠳᠡᠭᠡᠨ᠂ | ᠥᠨᠥᠳᠥᠷ ᠬᠥᠬᠢᠭᠦᠯᠦᠭᠳᠡᠨ ᠰᠠᠶᠢᠰᠢᠶᠠᠭᠳᠠᠭᠰᠠᠨ ᠰᠤᠷᠭᠠᠨ ᠬᠥᠮᠦᠵᠢᠯ ᠤᠨ ᠠᠵᠢᠯ ᠤᠨ ᠲᠡᠷᠢᠭᠦᠨ ᠤ ᠬᠤᠪᠢ ᠬᠥᠮᠥᠨ | ᠪᠣᠯ ᠪᠥᠬᠦ ᠣᠷᠣᠨ ᠤ ᠥᠷᠭᠡᠨ ᠣᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠨ ᠤ ᠰᠢᠯᠢᠳᠡᠭ ᠲᠥᠯᠥᠭᠡᠯᠡᠭᠴᠢ | ᠮᠥᠨ᠃ᠲᠡᠳᠡᠨ ᠤ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠬᠦ ᠠᠵᠢᠯ ᠦᠢᠯᠡᠰ ᠢᠶᠠᠨ ᠳᠡᠭᠡᠳᠦᠯᠡᠬᠦ | ᠬᠠᠶᠢᠷ᠎ᠠ ᠰᠡᠳᠬᠢᠯᠭᠡ᠂ ᠳᠤᠷᠠᠲᠠᠶ᠎ᠠ ᠬᠥᠮᠥᠨ ᠤ ᠲᠥᠯᠥᠭᠡ ᠵᠢᠳᠬᠦᠬᠦ ᠵᠣᠷᠢᠭ ᠰᠠᠨᠠᠭ᠎ᠠ᠂ ᠬᠥᠮᠥᠨ ᠳᠤ ᠬᠡᠪ ᠳᠠᠭᠤᠷᠢᠶᠠᠯ | ᠪᠣᠯᠬᠤ ᠡᠷᠬᠢᠮ ᠳᠡᠭᠡᠳᠦ ᠵᠠᠩ ᠮᠣᠷᠠᠯ ᠨᠢ ᠥᠷᠭᠡᠨ ᠤᠯᠠᠨ ᠪᠠᠭᠰᠢ ᠨᠠᠷ ᠪᠠ ᠪᠦᠬᠦ ᠨᠡᠶᠢᠭᠡᠮ ᠢᠶᠠᠷ ᠢᠶᠠᠨ ᠬᠠᠮᠲᠤ ᠪᠠᠷ | ᠰᠤᠷᠤᠯᠴᠠᠭᠤᠰᠢᠲᠠᠶ ᠶᠤᠮ᠃ᠪᠦᠬᠦ ᠣᠷᠣᠨ ᠤ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ | ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠵᠤ᠂ ᠨᠠᠮ ᠤᠨ ᠲᠥᠯᠥᠭᠡ ᠬᠥᠮᠥᠨ | ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠰᠤᠷᠲᠠᠬᠤᠨ ᠲᠠᠢ᠂ ᠯᠠᠪᠳᠠᠭᠤᠨ ᠪᠠᠲᠤᠲᠠᠢ ᠡᠷᠳᠡᠮ | ᠮᠡᠳᠡᠯᠭᠡ ᠲᠠᠢ᠂ ᠡᠨᠡᠷᠢᠩᠭᠦᠢ ᠰᠡᠳᠬᠢᠯ ᠲᠠᠢ︽ᠳᠥᠷᠪᠡ ᠶᠢ ᠪᠦᠷᠢᠳᠦᠭᠦᠯᠬᠦ︾ᠰᠠᠶᠢᠨ ᠪᠠᠭᠰᠢ ᠪᠣᠯᠬᠤ ᠪᠠᠷ ᠴᠢᠷᠮᠠᠶᠢᠵᠤ᠂ | ᠳ᠋ᠦᠩ ᠾᠧ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | | | | | | ᠸᠠᠩ ᠷᠦᠢ ᠬᠡᠯᠡᠭᠰᠡᠨ ᠨᠢ᠂ ᠪᠦᠬᠦ ᠣᠷᠣᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠨ | ᠬᠥᠮᠦᠵᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ | ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠤᠷᠭᠠᠨ ᠬᠥᠮᠦᠵᠢᠯ ᠢ ᠤᠷᠢᠳᠠᠪᠠᠷ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠢᠶᠠᠷ ᠣᠷᠣᠨ ᠢᠶᠠᠨ | ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠨ᠂ ᠰᠤᠷᠭᠠᠨ ᠬᠥᠮᠦᠵᠢᠯ ᠢ ᠴᠢᠬᠤᠯᠠᠴᠢᠯᠠᠨ ᠰᠤᠷᠭᠠᠭᠤᠯᠢ ᠶᠢ | ᠬᠥᠭᠵᠢᠭᠦᠯᠬᠦ ᠰᠢᠯᠢᠳᠡᠭ ᠤᠯᠠᠮᠵᠢᠯᠠᠯ ᠢ ᠦᠷᠭᠦᠯᠵᠢᠯᠡᠭᠦᠯᠵᠦ᠂ ᠶᠣᠰᠣ ᠮᠣᠷᠠᠯ ᠢ ᠪᠣᠶ ᠪᠣᠯᠭᠠᠵᠤ ᠬᠥᠮᠥᠨ ᠢ | ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠵᠦ᠂ | ᠪᠣᠳᠠᠲᠤ ᠠᠵᠢᠯᠯᠠᠭ᠎ᠠ ᠪᠠᠷ ᠢᠶᠠᠨ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ | ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠤᠷᠭᠠᠨ | ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠪᠦᠬᠦ | ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠭᠦᠯᠵᠦ᠂ | ᠰᠤᠷᠭᠠᠭᠤᠯᠢ᠂ ᠭᠡᠷ ᠪᠦᠯᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠪᠠᠷ ᠣᠷᠣᠯᠴᠠᠵᠤ᠂ ᠬᠠᠮᠲᠤ ᠪᠠᠷ | ᠰᠤᠷᠭᠠᠨ ᠬᠥᠮᠦᠵᠢᠯ ᠢ ᠬᠥᠭᠵᠢᠭᠦᠯᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠲᠥᠪᠯᠡᠷᠡᠭᠦᠯᠬᠦ ᠬᠡᠷᠡᠭᠲᠡᠢ᠃ᠰᠢᠯᠢᠳᠡᠭ | ᠪᠠᠭᠰᠢ᠂ ᠰᠤᠷᠭᠠᠨ ᠬᠥᠮᠦᠵᠢᠯ ᠤᠨ ᠠᠵᠢᠯᠲᠠᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠶᠡᠭᠡ ᠪᠠᠷ | ᠤᠬᠠᠭᠤᠯᠵᠤ᠂ ᠲᠡᠳᠡᠨ ᠤ ᠬᠥᠮᠥᠨ ᠴᠢᠨᠠᠷ ᠤᠨ ᠲᠠᠲᠠᠬᠤ ᠬᠦᠴᠦᠨ᠂ ᠡᠷᠳᠡᠮ ᠰᠢᠨᠵᠢᠯᠡᠭᠡᠨ ᠤ ᠲᠠᠲᠠᠬᠤ ᠬᠦᠴᠦᠨ ᠢ | ᠤᠬᠠᠭᠤᠯᠵᠤ᠂ ᠰᠤᠷᠭᠠᠨ ᠬᠥᠮᠦᠵᠢᠯ ᠢ ᠡᠷᠬᠢᠮᠯᠡᠬᠦ᠂ ᠪᠠᠭᠰᠢ ᠶᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ | ᠴᠢᠷᠮᠠᠶᠢᠨ ᠪᠤᠢ ᠪᠣᠯᠭᠠᠵᠤ᠂ ᠪᠠᠭᠰᠢ ᠨᠠᠷ ᠢ ᠦᠨᠡᠨ ᠬᠦ ᠨᠡᠶᠢᠭᠡᠮ ᠳᠡᠭᠡᠷᠡᠬᠢ ᠬᠠᠮᠤᠭ ᠤᠨ ᠬᠦᠨᠳᠦᠲᠡᠢ ᠠᠵᠢᠯ ᠮᠡᠷᠭᠡᠵᠢᠯ | ᠪᠣᠯᠭᠠᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠲᠠᠳᠠᠨ ᠠᠪᠴᠢᠷᠠᠵᠤ ᠬᠠᠯᠠᠭᠤᠨ ᠰᠡᠳᠬᠢᠯ ᠢᠶᠠᠷ ᠰᠤᠷᠭᠠᠨ | ᠬᠥᠮᠦᠵᠢᠯ ᠳᠤ ᠣᠷᠣᠯᠴᠠᠭᠤᠯᠵᠤ᠂ ᠨᠠᠷᠢᠨ ᠨᠢᠮᠪᠠᠢ ᠰᠤᠷᠭᠠᠨ ᠬᠥᠮᠦᠵᠢᠯ ᠳᠤ ᠣᠷᠣᠯᠴᠠᠭᠤᠯᠵᠤ᠂ ᠤᠷᠳᠤ | ᠬᠤᠭᠤᠴᠠᠭ᠎ᠠ ᠪᠠᠷ ᠰᠤᠷᠭᠠᠨ ᠬᠥᠮᠦᠵᠢᠯ ᠳᠤ ᠣᠷᠣᠯᠴᠠᠭᠤᠯᠵᠤ᠂ ᠨᠠᠰᠤᠨ ᠲᠤᠷᠰᠢᠲᠠ ᠰᠤᠷᠭᠠᠨ ᠬᠥᠮᠦᠵᠢᠯ ᠳᠤ | ᠣᠷᠣᠯᠴᠠᠭᠤᠯᠬᠤ ᠬᠡᠷᠡᠭᠲᠡᠢ᠃ | ᠬᠤᠷᠠᠯ ᠠᠴᠠ ᠡᠮᠦᠨ᠎ᠡ ᠪᠠᠭᠰᠢ ᠨᠠᠷ ᠤᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ | ᠬᠤᠷᠠᠯ ᠳᠤ ᠣᠷᠣᠯᠴᠠᠭᠰᠠᠨ ᠪᠠᠭᠰᠢ ᠨᠠᠷ ᠤᠨ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠲᠤᠬᠠᠢ ᠰᠠᠨᠠᠯ | ᠰᠠᠨᠠᠭᠤᠯᠭ᠎ᠠ ᠶᠢ ᠰᠣᠨᠣᠰᠤᠭᠰᠠᠨ ᠪᠥᠭᠡᠳ ᠪᠠᠭᠰᠢ ᠨᠠᠷ ᠤᠨ ᠲᠥᠯᠥᠭᠡᠯᠡᠭᠴᠢᠳ ᠢ ᠬᠠᠮᠲᠤ ᠪᠠᠷ ᠲᠣᠬᠤᠨᠢᠭᠤᠯᠵᠠᠢ᠃ | ᠣᠷᠣᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠡ ᠪᠣᠯᠣᠨ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ | ᠭᠤᠣᠯ ᠤᠳᠤᠷᠢᠳᠤᠯᠭ᠎ᠠ᠂ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠤᠨ ᠲᠥᠯᠥᠭᠡᠯᠡᠭᠴᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃ |