ᠳ᠋ᠦᠩ ᠾᠧ ᠲᠣᠭᠤᠷᠢᠭ᠄ ᠠᠮᠤᠷ ᠠᠮᠤᠭᠤᠯᠠᠩ ᠤᠨ ᠶᠠᠰᠤ ᠴᠢᠨᠠᠷ ᠢ ᠨᠡᠩ ᠰᠠᠶᠢᠨ ᠪᠣᠯᠭᠠᠵᠤ ᠵᠣᠯ ᠵᠢᠷᠭᠠᠯ ᠤᠨ ᠰᠠᠭᠤᠷᠢ ᠥᠩᠭᠡ ᠶᠢ ᠨᠡᠩ ᠭᠡᠭᠡᠨ ᠰᠠᠷᠠᠭᠤᠯ ᠪᠣᠯᠭᠠᠨ᠎ᠠ
ᠨᠡᠶᠢᠲᠡᠯᠡᠭᠰᠡᠨ ᠴᠠᠭ᠄
2023/9/20
     ᠳᠣᠲᠣᠭᠠᠳᠤ ᠳᠠᠭᠠᠨ ᠡᠩᠨᠡᠭᠡ ᠪᠠᠨ ᠬᠦᠴᠦᠷᠬᠡᠭᠵᠢᠭᠦᠯᠵᠦ᠂ ᠭᠠᠳᠠᠭᠠᠳᠤ ᠳᠤ ᠦᠢᠯᠡᠴᠢᠯᠡᠬᠦ ᠶᠢ ᠰᠢᠯᠢᠳᠡᠭᠵᠢᠭᠦᠯᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ︔ᠤᠯᠠᠨ ᠲᠦᠮᠡᠨ ᠤ ᠲᠤᠶᠢᠯ ᠢᠶᠠᠷ ᠬᠤᠷᠣᠰᠤᠨ ᠵᠠᠨᠤᠵᠤ ᠪᠠᠶᠢᠭ᠎ᠠ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ︽ᠹᠥ᠋ᠩᠴᠢᠶᠤᠤ ᠶᠢᠨ ᠲᠤᠷᠰᠢᠯᠭ᠎ᠠ︾ ᠶᠢ ᠳ᠋ᠦᠩ ᠾᠧ ᠲᠣᠭᠤᠷᠢᠭ ᠲᠤ ᠲᠠᠰᠤᠷᠠᠯᠳᠡ ᠦᠭᠡᠢ ᠠᠮᠢᠵᠢᠷᠠᠯ ᠤᠨ ᠬᠦᠴᠦᠨ ᠲᠠᠢ ᠪᠣᠯᠭᠠᠵᠤ᠂ ᠠᠮᠤᠷ ᠠᠮᠤᠭᠤᠯᠠᠩ ᠤᠨ ᠪᠠᠶᠢᠭᠤᠯᠤᠯᠲᠠ᠂ ᠬᠠᠤᠯᠢᠵᠢᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠠᠷᠠᠳ ᠤᠯᠠᠨ ᠳᠤ ᠬᠦᠷᠲᠡᠭᠡᠪᠡ︔ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠡᠪᠡᠷᠰᠢᠶᠡᠯ︾ ᠢ ᠵᠠᠰᠠᠵᠤ᠂ ︽ᠬᠦᠴᠢᠷ ᠠᠰᠠᠭᠤᠳᠠᠯ︾ ᠢ ᠰᠢᠢᠳᠪᠦᠷᠢᠯᠡᠵᠦ᠂ ︽ᠲᠦᠭᠵᠢᠷᠡᠯ︾ ᠢ ᠲᠡᠪᠴᠢᠵᠦ᠂ ᠠᠷᠠᠳ ᠤᠯᠠᠨ ᠤ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠡᠢ ᠁      ᠡᠩᠬᠡ ᠲᠠᠶᠢᠪᠤᠩ ᠤᠨ ᠪᠠᠶᠢᠭᠤᠯᠤᠯᠲᠠ ᠶᠢᠨ ᠭᠤᠣᠯ ᠬᠦᠴᠦᠨ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠥᠮ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠪᠣᠯᠣᠨ ᠶᠡᠷᠦᠩᠬᠡᠢ ᠱᠦᠵᠢ ᠰᠢ ᠶᠢᠨ ᠫᠢᠩ ᠤ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠰᠢᠢᠳᠪᠦᠷᠢᠯᠡᠬᠦ ᠰᠡᠳᠬᠢᠬᠦᠢ︾ ᠪᠠᠷ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠢ ᠪᠠᠷᠢᠮᠲᠠᠯᠠᠵᠤ᠂ ᠫᠢᠩ ᠠᠨ ᠳ᠋ᠦᠩ ᠾᠧ ᠭᠤᠣᠯ᠂ ᠬᠠᠤᠯᠢᠵᠢᠯ ᠤᠨ ᠵᠡᠭᠦᠨ ᠡᡁᠸ ᠭᠤᠣᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠡᠩ ᠲᠡᠭᠦᠯᠳᠡᠷ᠂ ᠰᠠᠭᠤᠷᠢ ᠴᠢᠨᠠᠷ ᠨᠡᠩ ᠭᠡᠭᠡᠨ ᠪᠣᠯᠵᠠᠢ᠃ᠤᠨᠢᠨ ᠳᠡᠭᠡᠷ᠎ᠡ ᠨᠢ ᠦᠢᠯᠡᠴᠢᠯᠡᠬᠦᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ︽ᠰᠠᠬᠢᠨ ᠬᠠᠮᠠᠭᠠᠯᠠᠭᠴᠢ︾ᠪᠣᠯᠣᠶ᠎ᠠ      ᠰᠤᠷᠤᠭᠴᠢᠳ ᠰᠤᠷᠭᠠᠭᠤᠯᠢ ᠡᠬᠢᠯᠡᠭᠡᠳ ᠰᠤᠷᠭᠠᠭᠤᠯᠢ ᠳᠠᠭᠠᠨ ᠪᠤᠴᠠᠵᠤ ᠨᠡᠷ᠎ᠡ ᠮᠡᠳᠡᠭᠦᠯᠦᠭᠰᠡᠨ ᠠᠩᠬᠠᠨ ᠤ ᠡᠳᠦᠷ ᠱᠧᠩ ᠯᠢ ᠵᠠᠮ ᠤᠨ ᠪᠠᠭ᠎ᠠ ᠰᠤᠷᠭᠠᠭᠤᠯᠢ  ᠶᠢᠨ ᠡᠭᠦᠳᠡᠨ ᠳᠠᠬᠢ ᠰᠤᠷᠭᠠᠭᠤᠯᠢ ᠬᠠᠮᠠᠭᠠᠯᠠᠬᠤ ᠠᠵᠢᠯ ᠤᠨ ᠪᠠᠶᠢᠷᠢᠨ ᠳᠤ ᠪᠠᠶᠢᠬᠤ ᠳᠤ ᠰᠢᠨ ᠰᠢᠩ ᠵᠡᠭᠡᠯᠢ  ᠶᠢᠨ ᠲᠣᠮᠢᠯᠠᠭᠰᠠᠨ ᠰᠠᠯᠪᠤᠷᠢ  ᠶᠢᠨ ᠴᠠᠭᠳᠠᠭ᠎ᠠ ᠮᠢᠶᠣᠣ ᠾᠧ ᠲᠢᠩ ᠶᠠᠭ ᠵᠢᠵᠢᠭᠦᠷᠯᠡᠵᠦ ᠪᠠᠶᠢᠪᠠ᠂ ᠲᠡᠷᠡ ᠰᠤᠷᠪᠤᠯᠵᠢᠯᠠᠭᠴᠢ ᠳᠤ᠄ ︽ᠪᠢᠳᠡ ᠰᠤᠷᠭᠠᠭᠤᠯᠢ  ᠶᠢᠨ ᠰᠤᠷᠭᠠᠭᠤᠯᠢ  ᠠᠴᠠ ᠪᠠᠭᠤᠬᠤ ᠣᠷᠭᠢᠯ ᠤᠨ ᠦᠶ᠎ᠡ ᠳᠤ ︿ᠠᠵᠢᠯ ᠤᠨ ᠪᠠᠶᠢᠷᠢ ᠲᠣᠭᠲᠠᠭᠠᠵᠤ᠂ ᠬᠥᠮᠥᠨ ᠲᠣᠭᠲᠠᠭᠠᠵᠤ᠂ ᠴᠠᠭ ᠲᠣᠭᠲᠠᠭᠠᠨ﹀ ᠵᠢᠵᠢᠭᠦᠷᠯᠡᠵᠦ᠂ ᠰᠤᠷᠭᠠᠭᠤᠯᠢ  ᠶᠢᠨ ᠬᠦᠷᠢᠶᠡᠨ ᠤ ᠠᠮᠤᠷ  ᠢ ᠬᠠᠮᠠᠭᠠᠯᠠᠬᠤ ᠬᠦᠴᠦᠨ  ᠢ ᠵᠢᠯᠣᠭᠤᠳᠤᠨ ᠰᠤᠷᠭᠠᠭᠤᠯᠢ  ᠶᠢᠨ ᠡᠭᠦᠳᠡ ᠪᠣᠯᠣᠨ ᠡᠷᠭᠢᠨ ᠲᠣᠭᠤᠷᠢᠨ ᠤ ᠡᠮᠬᠢ ᠵᠢᠷᠤᠮ  ᠢ ᠬᠠᠮᠠᠭᠠᠯᠠᠵᠤ᠂ ︿ᠰᠤᠷᠭᠠᠭᠤᠯᠢ ᠬᠠᠮᠠᠭᠠᠯᠠᠬᠤ ᠠᠵᠢᠯ ᠤᠨ ᠪᠠᠶᠢᠷᠢ﹀ ᠳᠤ ᠰᠠᠶᠢᠲᠤᠷ ᠵᠣᠭᠰᠣᠵᠤ᠂ ︿ᠬᠠᠮᠠᠭᠠᠯᠠᠯᠲᠠ  ᠶᠢᠨ ᠬᠡᠷᠡᠮ﹀  ᠢ ᠪᠠᠬᠢᠵᠢᠭᠦᠯᠦᠨ᠎ᠡ᠃ ᠬᠤᠶᠢᠰᠢᠳᠠ ᠪᠢᠳᠡ ᠪᠠᠰᠠ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ ᠨᠤᠭᠤᠳ ᠲᠤ ᠵᠠᠯᠭᠠᠭ᠎ᠠ ᠪᠠᠷ ︿ᠬᠢᠴᠢᠶᠡᠯ ᠡᠬᠢᠯᠡᠭᠦᠯᠵᠦ﹀᠂ ᠵᠠᠯᠠᠭᠤᠴᠤᠳ ᠪᠠᠭᠠᠴᠤᠳ ᠤᠨ ᠮᠡᠬᠡᠯᠡᠯ  ᠢ ᠰᠡᠷᠭᠡᠶᠢᠯᠡᠬᠦ ᠤᠬᠠᠮᠰᠠᠷ  ᠢ ᠳᠡᠭᠡᠭᠰᠢᠯᠡᠭᠦᠯᠵᠦ᠂ ᠲᠡᠳᠡᠨ ᠳᠤ ᠮᠡᠬᠡᠯᠡᠯ  ᠢ ᠰᠡᠷᠭᠡᠶᠢᠯᠡᠬᠦ ᠴᠢᠬᠤᠯᠠ ᠪᠦᠬᠦᠢ ᠤᠷ᠎ᠠ ᠴᠢᠳᠠᠪᠤᠷᠢ  ᠶᠢ ᠡᠵᠡᠮᠰᠢᠭᠦᠯᠵᠦ᠂ ᠰᠦᠯᠵᠢᠶᠡᠨ ᠤ ᠴᠠᠬᠢᠯᠭᠠᠨ ᠬᠤᠯᠪᠣᠭᠠᠨ ᠤ ᠮᠡᠬᠡᠯᠡᠯ ᠤᠨ ᠡᠭᠦᠰᠬᠦ  ᠶᠢ ᠰᠡᠷᠭᠡᠶᠢᠯᠡᠬᠦ ᠪᠠ ᠪᠠᠭᠠᠰᠬᠠᠬᠤ ᠪᠣᠯᠣᠨ᠎ᠠ︾ ᠭᠡᠵᠡᠢ᠃
     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠳ᠋ᠦᠩ ᠡᡁᠸ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︽ᠬᠥᠮᠥᠨ᠂ ᠭᠠᠵᠠᠷ᠂ ᠪᠣᠳᠠᠰ᠂ ᠬᠡᠷᠡᠭ ᠶᠠᠪᠤᠳᠠᠯ᠂ ᠵᠣᠬᠢᠶᠠᠨ ᠪᠠᠶᠢᠭᠤᠯᠤᠯᠲᠠ︾ ᠶᠢ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠬᠦ ᠶᠢ ᠪᠠᠷᠢᠮᠲᠠᠯᠠᠵᠤ᠂ ᠤᠯᠠᠨ ᠴᠠᠭᠳᠠᠭ᠎ᠠ ᠬᠤᠯᠪᠤᠭᠠᠯᠠᠨ ᠬᠥᠳᠡᠯᠦᠯᠴᠡᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠳᠠᠯᠳᠠ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ᠂ ᠤᠷᠢᠳᠴᠢᠯᠠᠨ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ︽ᠠᠮᠤᠷ ᠲᠦᠪᠰᠢᠨ ᠤ ᠰᠢᠬᠦᠷ︾ ᠢ ᠪᠣᠰᠬᠠᠪᠠ᠃      ᠡᠶ᠎ᠡ ᠵᠣᠬᠢᠴᠠᠯ ᠲᠠᠢ ᠡᠷᠡᠭᠦᠯ ᠮᠡᠨᠳᠦ ᠠᠮᠤᠷ ᠲᠦᠪᠰᠢᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠪᠣᠯ ᠨᠡᠶᠢᠭᠡᠮ ᠤᠨ ᠠᠮᠤᠷ ᠲᠦᠪᠰᠢᠨ ᠤ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠥᠬᠦ ᠣᠷᠣᠨ ᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠠᠬᠢᠨ ᠬᠠᠮᠠᠭᠠᠯᠠᠬᠤ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠮᠠᠭᠠᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠮᠥᠨ᠃ᠡᠭᠦᠨ ᠤ ᠲᠤᠯᠠᠳᠠ᠂ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ︽ᠳ᠋ᠦᠩ ᠾᠧ ᠲᠣᠭᠤᠷᠢᠭ ᠤᠨ ︿ᠲᠠᠨ ᠤ ᠰᠠᠨᠠᠭ᠎ᠠ ᠠᠮᠤᠷ ᠪᠠᠶᠢᠬᠤ ᠶᠢ ᠳᠠᠭᠠᠭᠠᠬᠤ﹀ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠠᠵᠢᠯ ᠤᠨ ᠬᠤᠪᠢᠶᠠᠷᠢᠯᠠᠯ ᠤᠨ ᠲᠥᠰᠥᠯ︾ ᠢ ᠲᠣᠭᠲᠠᠭᠠᠵᠤ᠂ ᠳ᠋ᠦᠩ ᠾᠧ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠵᠢᠴᠢ ᠬᠢᠨᠠᠯᠲᠠ ᠲᠠᠯᠪᠢᠬᠤ ᠶᠢ ᠴᠢᠬᠤᠯᠠᠴᠢᠯᠠᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ 114 ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠣᠯᠣᠨ ᠠᠵᠤ ᠠᠬᠤᠶᠢᠯᠠᠯ ᠤᠨ ᠪᠠᠶᠢᠩᠭᠤ ᠶᠢᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠰᠦᠯᠵᠢᠶᠡᠨ ᠳᠡᠭᠡᠷ᠎ᠡ ᠰᠣᠯᠢᠯᠴᠠᠬᠤ᠂ ᠰᠦᠯᠵᠢᠶᠡᠨ ᠭᠠᠳᠠᠨ᠎ᠠ ᠦᠨᠡᠨᠴᠢ ᠪᠠᠷ ᠶᠠᠷᠢᠯᠴᠠᠬᠤ᠂ ︽ᠨᠡᠭᠡᠭᠡᠯᠲᠡᠲᠤ ᠡᠳᠦᠷ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠵᠡᠷᠭᠡ ᠬᠡᠯᠪᠡᠷᠢ ᠪᠠᠷ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠲᠤ ᠴᠠᠭᠳᠠᠭ᠎ᠠ ᠠᠵᠤ ᠠᠬᠤᠶᠢᠯᠠᠯ ᠤᠨ ᠦᠢᠯᠡᠴᠢᠯᠡᠭᠡᠨ ᠤ ᠥᠷᠲᠡᠭᠡ᠂ ᠬᠠᠤᠯᠢ ᠶᠢᠨ ᠲᠤᠰᠢᠶᠠᠯᠲᠠᠨ ᠤ ᠠᠵᠢᠯ ᠤᠨ ᠥᠷᠲᠡᠭᠡ᠂ ᠪᠠᠶᠢᠴᠠᠭᠠᠬᠤ ᠠᠵᠤ ᠠᠬᠤᠶᠢᠯᠠᠯ ᠤᠨ ᠬᠤᠯᠪᠣᠭ᠎ᠠ ᠠᠪᠬᠤ ᠥᠷᠲᠡᠭᠡ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ ᠵᠡᠷᠭᠡ ︽ᠳᠥᠷᠪᠡᠨ ᠥᠷᠲᠡᠭᠡ ︾ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ 113 ᠠᠵᠤ ᠠᠬᠤᠶᠢᠯᠠᠯ ᠳᠤ ︽ᠵᠠᠢ ᠦᠭᠡᠢ︾ ᠦᠢᠯᠡᠴᠢᠯᠡᠭᠡ ᠬᠠᠩᠭᠠᠨ᠎ᠠ᠃︽ᠠᠵᠤ ᠠᠬᠤᠶᠢᠯᠠᠯ ᠢ ᠬᠠᠪᠰᠤᠷᠤᠨ ᠡᠭᠦᠳᠡ ᠲᠣᠭᠰᠢᠬᠤ︾ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ᠂ ︽ᠬᠠᠤᠯᠢ ᠴᠠᠭᠠᠵᠠ ᠶᠢᠨ ᠪᠡᠶ᠎ᠡ ᠶᠢᠨ ᠪᠠᠶᠢᠴᠠᠭᠠᠯᠲᠠ︾ ᠵᠡᠷᠭᠡ ᠦᠢᠯᠡᠴᠢᠯᠡᠭᠡ ᠬᠠᠩᠭᠠᠨ᠎ᠠ᠃
     ᠡᠨᠡ ᠵᠢᠯ ᠠᠴᠠ ᠨᠠᠰᠢ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ 52 ᠪᠠᠶᠢᠵᠤ᠂ ᠴᠢᠩ ᠰᠡᠳᠬᠢᠯ ᠤᠨ ᠶᠠᠷᠢᠯᠴᠠᠬᠤ ᠬᠤᠷᠠᠯ ᠢ 29 ᠤᠳᠠᠭ᠎ᠠ ᠬᠤᠷᠠᠯᠳᠤᠭᠤᠯᠵᠤ᠂ ︽ᠨᠡᠭᠡᠭᠡᠯᠲᠡᠲᠤ ᠡᠳᠦᠷ︾ ᠤᠨ ᠠᠵᠢᠯᠯᠠᠭ᠎ᠠ ᠶᠢ 15 ᠤᠳᠠᠭ᠎ᠠ ᠵᠣᠬᠢᠶᠠᠨ ᠪᠠᠶᠢᠭᠤᠯᠵᠤ᠂ 40 ᠵᠤᠷᠪᠤᠰ ᠰᠠᠨᠠᠯ ᠰᠠᠨᠠᠭᠤᠯᠭ᠎ᠠ ᠬᠤᠷᠢᠶᠠᠭᠰᠠᠨ ᠪᠥᠭᠡᠳ ᠪᠦᠬᠦᠨ ᠢ ᠰᠢᠢᠳᠪᠦᠷᠢᠯᠡᠪᠡ᠃︽ᠪᠤᠭᠤᠲᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠬᠤ ᠠᠷᠪᠠᠨ ᠵᠦᠢᠯ ᠤᠨ ᠠᠷᠭ᠎ᠠ ᠬᠡᠮᠵᠢᠶ᠎ᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯᠲᠡᠨ ᠤ ᠬᠥᠮᠥᠷᠭᠡ︾ ᠪᠠ 22 ᠭᠤᠣᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠲᠤᠰᠬᠠᠢ ᠠᠰᠢᠭ᠂ ᠲᠠᠸᠠᠷ ᠤᠨ ᠲᠡᠮᠳᠡᠭ ᠭᠤᠶᠤᠴᠢᠯᠠᠬᠤ᠂ ᠡᠷᠬᠡ ᠪᠠᠨ ᠬᠠᠮᠠᠭᠠᠯᠠᠬᠤ᠂ ᠳᠠᠨᠵᠢᠯᠠᠵᠤ ᠪᠡᠯᠡ ᠲᠣᠬᠢᠷᠠᠭᠤᠯᠬᠤ ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠤᠭᠤᠲᠤ ᠬᠤᠲᠠ ᠶᠢᠨ ᠬᠥᠩᠭᠡᠨ ᠴᠠᠭᠠᠨ ᠤ ᠦᠢᠯᠡᠰ ᠵᠡᠷᠭᠡ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠤᠭᠤᠲᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠦᠨ᠎ᠡ︔ ᠶᠢᠨ ᠯᠦ ᠶᠢᠨ ᠥᠭᠡᠬᠦ ᠲᠣᠰᠣ᠂ ᠲᠡᠮᠡᠭᠡ ᠠᠷᠢᠬᠢᠨ ᠤ ᠦᠢᠯᠡᠰ᠂ ᠬᠤᠩ ᠸᠧᠢ ᠿᠢ ᠬᠤᠸᠠ ᠵᠡᠷᠭᠡ 5 ᠠᠵᠤ ᠠᠬᠤᠶᠢᠯᠠᠯ ᠢ ᠲᠠᠨᠢᠯᠴᠠᠭᠤᠯᠵᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠬᠦᠴᠦᠨ ᠨᠡᠮᠡᠷᠢᠯᠡᠪᠡ᠃ᠵᠠᠰᠠᠯᠲᠠ ᠶᠢ ᠠᠬᠢᠭᠤᠯᠬᠤᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ︽ᠦᠢᠯᠡᠳᠦᠯᠭᠡᠵᠢᠭᠦᠯᠦᠭᠴᠢ︾ᠪᠣᠯᠣᠶ᠎ᠠ      ᠰᠢ ᠶᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠭᠰᠠᠨ ᠨᠢ᠄ ︽ᠨᠢᠭᠡ ᠤᠯᠤᠰ ᠤᠨ ᠵᠠᠰᠠᠯᠲᠠ  ᠶᠢᠨ ᠰᠢᠰᠲ᠋ᠧᠮ ᠪᠣᠯᠣᠨ ᠵᠠᠰᠠᠯᠲᠠ  ᠶᠢᠨ ᠴᠢᠳᠠᠪᠤᠷᠢ  ᠶᠢᠨ ᠣᠳᠣᠬᠢᠴᠢᠯᠠᠯᠲᠠ  ᠶᠢᠨ ᠬᠢᠷᠢ ᠲᠦᠪᠰᠢᠨ ᠨᠢ ᠮᠠᠰᠢ ᠶᠡᠭᠡ ᠬᠡᠮᠵᠢᠶᠡᠨ ᠳᠡᠭᠡᠷ᠎ᠡ ᠦᠨᠳᠦᠰᠦᠨ ᠱᠠᠲᠤᠨ ᠳᠤ ᠢᠯᠡᠷᠡᠵᠦ ᠪᠠᠶᠢᠳᠠᠭ᠂ ᠰᠠᠭᠤᠷᠢ ᠨᠢ ᠪᠠᠲᠤ ᠪᠠᠬᠢ ᠪᠢᠰᠢ ᠪᠣᠯ ᠭᠠᠵᠠᠷ ᠬᠥᠳᠡᠯᠵᠦ ᠠᠭᠤᠯᠠ ᠨᠠᠶᠢᠭᠤᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ  ᠶᠢᠨ ᠡᠨᠡᠬᠦ ᠰᠠᠭᠤᠷᠢ  ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ︾ ᠭᠡᠵᠡᠢ᠃ᠠᠮᠢᠵᠢᠷᠠᠯ ᠤᠨ ᠬᠦᠴᠦᠨ ᠪᠠ ᠦᠷ᠎ᠡ ᠪᠦᠲᠦᠮᠵᠢ ᠪᠠᠷ ᠪᠢᠯᠬᠠᠮ᠎ᠠ ᠰᠢᠨ᠎ᠡ ᠮᠠᠶ᠋ᠢᠭ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠠᠷᠠᠳ ᠤᠨ ᠡᠶᠡᠳᠡᠭᠦᠯᠭᠡ ᠪᠠᠷ ᠤᠳᠤᠷᠢᠳᠤᠮᠵᠢ ᠪᠣᠯᠭᠠᠭᠰᠠᠨ᠂ ᠵᠠᠰᠠᠭ ᠵᠠᠬᠢᠷᠭᠠᠨ ᠤ ᠡᠶᠡᠳᠡᠭᠦᠯᠭᠡ ᠪᠠ ᠬᠠᠤᠯᠢ ᠴᠠᠭᠠᠵᠠ ᠶᠢᠨ ᠡᠶᠡᠳᠡᠭᠦᠯᠭᠡ ᠪᠠᠷ ᠨᠥᠬᠦᠪᠦᠷᠢ ᠪᠣᠯᠭᠠᠭᠰᠠᠨ᠂ ᠬᠠᠤᠯᠢ ᠴᠠᠭᠠᠵᠠ ᠶᠢᠨ ᠰᠢᠭᠦᠨ ᠲᠠᠰᠤᠯᠤᠯᠲᠠ ᠪᠠ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠪᠠᠷ ᠪᠠᠲᠤᠯᠠᠭ᠎ᠠ ᠪᠣᠯᠭᠠᠭᠰᠠᠨ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ᠠᠷᠠᠳ ᠤᠨ ᠡᠶᠡᠳᠡᠭᠦᠯᠭᠡ ᠶᠢᠨ ᠠᠵᠢᠯ ᠤᠨ ᠵᠠᠷᠭᠤ ᠶᠢᠨ ᠢᠷᠡᠯᠲᠡ ᠶᠢ ᠵᠠᠰᠠᠬᠤ ᠪᠠ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠳᠠᠬᠢ ᠰᠠᠭᠤᠷᠢᠯᠠᠬᠤ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠲᠤᠰᠬᠠᠢ ᠲᠤᠰᠢᠶᠠᠯᠲᠤ ᠠᠷᠠᠳ ᠤᠨ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠦᠨᠡᠨ ᠬᠦ ᠪᠠᠬᠢᠵᠢᠭᠦᠯᠦᠨ᠎ᠡ᠃
     ᠲᠦᠷᠦᠭᠦᠬᠡᠨ  ᠂ ᠲᠢᠶᠠᠨ ᠵᠢᠶᠣᠣ ᠵᠡᠭᠡᠯᠢ ᠶᠢᠨ ᠡᠯ ᠯᠢ ᠪᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠰᠢᠨ ᠵᠡᠷᠭᠡᠯᠡᠳᠡᠭᠡ ᠠᠶᠢᠯ ᠤᠨ ᠢᠶᠠᠨ ᠬᠤᠭ ᠨᠣᠪᠰᠢ ᠶᠢ ᠬᠤᠷᠢᠶᠠᠨ ᠠᠪᠤᠭᠰᠠᠨ ᠤ ᠳᠠᠷᠠᠭ᠎ᠠ ᠠᠰᠠᠷ ᠤᠨ ᠠᠰᠠᠷ ᠲᠤ ᠣᠪᠣᠭᠠᠯᠠᠭᠰᠠᠨ ᠦᠶᠯᠡ ᠠᠵᠢᠯᠯᠠᠭ᠎ᠠ ᠳᠤ ᠰᠠᠨᠠᠭ᠎ᠠ ᠵᠣᠪᠠᠵᠤ᠂ ᠠᠰᠠᠷ ᠤᠨ ᠬᠤᠩᠭᠢᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠲᠤᠶᠢᠯ ᠤᠨ ᠶᠡᠭᠡ ᠭᠠᠯ ᠤᠨ ᠭᠠᠮᠰᠢᠭ ᠤᠨ ᠳᠠᠯᠳᠠ ᠬᠡᠮ ᠣᠷᠣᠰᠢᠵᠤ ᠪᠠᠶᠢᠪᠠ᠂ ᠣᠯᠠᠨ ᠤᠳᠠᠭ᠎ᠠ ᠨᠡᠪᠲᠡᠷᠡᠯᠴᠡᠵᠦ ᠳᠡᠶᠢᠯᠦᠭᠰᠡᠨ ᠦᠭᠡᠢ ᠠᠴᠠ ᠪᠣᠯᠵᠤ᠂ ᠠᠷᠭ᠎ᠠ ᠪᠤᠰᠤ ᠪᠠᠶᠢᠭ᠎ᠠ ᠨᠡᠶᠢᠭᠡᠮ ᠲᠣᠭᠤᠷᠢᠭ ᠠᠴᠠ ᠪᠠᠨ ᠲᠤᠰᠠᠯᠠᠮᠵᠢ ᠭᠤᠶᠣᠵᠠᠢ᠃ᠨᠡᠶᠢᠭᠡᠮ ᠲᠣᠭᠤᠷᠢᠭ ᠤᠨ ᠡᠶᠡᠳᠡᠭᠦᠯᠦᠭᠴᠢ ᠶᠢᠨ ᠬᠠᠯᠠᠰᠢᠷᠠᠯ ᠦᠭᠡᠢ ᠢᠳᠬᠠᠯᠭ᠎ᠠ ᠪᠠᠷ᠂ ᠠᠰᠠᠷ ᠤᠨ ᠠᠰᠠᠷ ᠲᠤ ᠬᠠᠳᠠᠭᠠᠯᠠᠵᠤ ᠪᠠᠶᠢᠭᠰᠠᠨ ᠴᠠᠭᠠᠰᠤᠨ ᠬᠠᠶᠢᠷᠴᠠᠭ᠂ ᠷᠠᠰᠢᠶᠠᠨ ᠤᠰᠤᠨ ᠤ ᠤᠮᠳᠠᠭᠠᠨ ᠤ ᠯᠣᠩᠬᠤ ᠵᠡᠷᠭᠡ ᠣᠪᠣᠭᠠᠯᠠᠭᠰᠠᠨ ᠶᠠᠭᠤᠮ᠎ᠠ ᠬᠡᠦᠮ᠎ᠡ ᠶᠢ ᠴᠡᠪᠡᠷᠯᠡᠪᠡ᠃ᠨᠡᠶᠢᠭᠡᠮ ᠲᠣᠭᠤᠷᠢᠭ ᠤᠨ ᠠᠵᠢᠯᠲᠠᠨ ᠤ ᠡᠶᠡᠳᠡᠭᠦᠯᠭᠡ ᠨᠢ ᠬᠥᠷᠰᠢ ᠵᠡᠷᠭᠡᠯᠡᠳᠡᠭᠡ ᠶᠢᠨ ᠵᠥᠷᠢᠴᠡᠯ ᠠᠴᠠ ᠵᠠᠶᠢᠯᠠᠰᠬᠢᠵᠦ ᠴᠢᠳᠠᠭᠰᠠᠨ ᠢᠶᠠᠷ ᠪᠠᠷᠠᠬᠤ ᠦᠭᠡᠢ ᠨᠡᠩ ᠴᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠠᠷᠢᠯᠭᠠᠭᠰᠠᠨ ᠪᠠᠶᠢᠨ᠎ᠠ᠃ᠡᠯ ᠯᠢ ᠪᠠᠨ ᠨᠡᠶᠢᠭᠡᠮ ᠲᠣᠭᠤᠷᠢᠭ ᠤᠨ ᠡᠷᠬᠢᠯᠡᠭᠴᠢ ᠴᠧᠨ ᠴᠢᠤᠸᠠᠨ ᠸᠧᠢ᠄︽ᠮᠠᠨ ᠤ ᠨᠡᠶᠢᠭᠡᠮ ᠲᠣᠭᠤᠷᠢᠭ ᠤᠨ ᠡᠶᠡᠳᠡᠭᠦᠯᠦᠭᠴᠢ ᠦᠷᠭᠦᠯᠵᠢ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠪᠣᠯᠪᠠᠰᠤᠷᠠᠯ᠂ ᠰᠤᠷᠤᠯᠴᠠᠯᠭ᠎ᠠ᠂ ᠦᠵᠡᠭᠦᠯᠦᠯᠭᠡ ᠳᠤ ᠣᠷᠣᠯᠴᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠪ ᠪᠣᠯᠪᠠᠰᠤᠷᠠᠯ ᠪᠣᠯᠣᠨ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠡᠶᠡᠳᠡᠭᠦᠯᠬᠦ ᠶᠠᠪᠤᠴᠠ ᠳᠤ︿ᠪᠠᠶᠢᠳᠠᠯ﹀︿ᠶᠣᠰᠣ﹀ ᠶᠢ ᠤᠶᠠᠯᠳᠤᠭᠤᠯᠬᠤ ᠶᠢ ᠪᠡᠶᠡᠯᠡᠭᠦᠯᠵᠦ᠂ ᠬᠥᠷᠰᠢ ᠵᠡᠷᠭᠡᠯᠡᠳᠡᠭᠡ ᠶᠢᠨ ᠵᠥᠷᠢᠴᠡᠯ ᠢ ᠡᠶᠡᠳᠡᠭᠦᠯᠬᠦ ᠳᠤ ᠮᠠᠰᠢ ᠶᠡᠭᠡ ᠬᠠᠪᠰᠤᠷᠤᠯᠭ᠎ᠠ ᠦᠵᠡᠭᠦᠯᠬᠦ ᠪᠣᠯᠣᠨ᠎ᠠ︾ᠭᠡᠵᠦ ᠬᠡᠯᠡᠪᠡ᠃
     ︽ᠳ᠋ᠦᠩ ᠾᠧ ᠲᠣᠭᠤᠷᠢᠭ ᠤᠨ ᠬᠢᠨ ᠣᠷᠣᠨ ᠤ ᠲᠡᠰ ᠤᠨ︿ᠨᠢᠭᠡ ᠦᠷᠳᠡᠭᠡ ᠮᠠᠶ᠋ᠢᠭ﹀ ᠤᠨ ᠵᠥᠷᠢᠴᠡᠯ ᠢ ᠡᠶᠡᠳᠡᠭᠦᠯᠬᠦ ᠲᠥᠪ ᠢ ᠲᠡᠰ ᠳᠡᠪᠰᠢᠭᠦᠯᠦᠨ ᠰᠢᠯᠢᠳᠡᠭᠵᠢᠭᠦᠯᠵᠦ᠂ ︿ᠪᠠᠶᠢᠩᠭᠤ ᠰᠠᠭᠤᠬᠤ + ᠡᠭᠡᠯᠵᠢᠯᠡᠨ ᠰᠠᠭᠤᠬᠤ + ᠳᠠᠭᠠᠵᠤ ᠰᠠᠭᠤᠬᠤ﹀ᠠᠷᠭ᠎ᠠ ᠬᠡᠯᠪᠡᠷᠢ ᠪᠠᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠪᠡ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠬᠥᠳᠡᠭᠡ ᠲᠣᠰᠬᠤᠨ ᠢ ᠵᠠᠰᠠᠬᠤ᠂ ᠭᠤᠷᠪᠠᠨ ᠶᠠᠪᠤᠳᠠᠯ ᠢ ᠢᠯᠡ ᠪᠣᠯᠭᠠᠬᠤ᠂ ᠤᠶᠤᠨ ᠤ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ᠂ ᠬᠤᠳᠠ ᠶᠢᠨ ᠬᠡᠪᠴᠢᠶᠡᠨ ᠤ ᠵᠠᠰᠠᠯᠲᠠ ᠶᠢᠨ 105 ᠲᠦᠷᠦᠯ ᠵᠦᠢᠯ ᠢ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠭᠦᠯᠵᠦ᠂ ᠪᠦᠬᠦ ᠲᠠᠯ᠎ᠠ ᠶᠢᠨ᠂ ᠤᠯᠠᠨ ᠬᠠᠷᠠᠭᠠᠰᠤ ᠠᠴᠠ ᠬᠤᠳᠠ ᠶᠢᠨ ᠬᠡᠪᠴᠢᠶᠡᠨ ᠤ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ︾ᠭᠡᠵᠦ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠭᠤᠤ ᠵᠢᠶᠸ ᠲᠠᠨᠢᠯᠴᠠᠭᠤᠯᠪᠠ᠃ᠤᠬᠠᠭᠤᠯᠭ᠎ᠠ ᠶᠢ ᠴᠢᠩᠭᠠᠳᠬᠠᠬᠤᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ︽ᠤᠯᠠᠮᠵᠢᠯᠠᠭᠴᠢ︾ᠪᠣᠯᠣᠶ᠎ᠠ      ᠬᠠᠤᠯᠢ ᠳᠦᠷᠢᠮ ᠤᠨ ᠤᠬᠠᠭᠤᠯᠭ᠎ᠠ ᠶᠢ ᠵᠠᠭᠤᠴᠢᠯᠠᠭᠤᠷ ᠤᠨ ᠬᠢᠨ ᠤᠷᠢᠳᠠᠪᠠᠷ ᠬᠢᠬᠦ ᠬᠡᠷᠡᠭᠲᠡᠢ᠃ᠳ᠋ᠦᠩ ᠾᠧ ᠲᠣᠭᠤᠷᠢᠭ ᠤᠨ ᠬᠢᠨ ᠪᠣᠰᠤᠭ᠎ᠠ ᠴᠣᠭᠴᠠᠲᠤ᠂ ᠣᠯᠠᠨ ᠠᠷᠭ᠎ᠠ ᠵᠠᠮ᠂ ᠣᠯᠠᠨ ᠳᠡᠰ ᠳᠠᠪᠬᠤᠷᠭ᠎ᠠ᠂ ᠣᠯᠠᠨ ᠬᠡᠯᠪᠡᠷᠢ ᠶᠢᠨ ᠤᠬᠠᠭᠤᠯᠭ᠎ᠠ ᠶᠢᠨ ᠰᠡᠳᠬᠢᠮᠵᠢ ᠶᠢ ᠪᠠᠷᠢᠮᠲᠠᠯᠠᠵᠤ᠂ ᠣᠯᠠᠨ ᠲᠦᠮᠡᠨ ᠤ ︽ᠨᠢᠳᠦᠨ ᠳᠤ ᠦᠵᠡᠭᠳᠡᠵᠦ᠂ ᠣᠶᠢᠯᠠᠭᠠᠬᠤ ᠳᠤ ᠬᠢᠯᠪᠠᠷ᠂ ᠴᠡᠭᠡᠵᠢᠯᠡᠵᠦ ᠳᠡᠶᠢᠯᠬᠦ︾ ᠬᠡᠯᠪᠡᠷᠢ ᠪᠠᠷ ᠮᠡᠬᠡᠯᠡᠬᠦ ᠶᠢ ᠰᠡᠷᠭᠡᠶᠢᠯᠡᠬᠦ᠂ ᠤᠰᠤᠨ ᠳᠤ ᠵᠢᠪᠬᠦ ᠶᠢ ᠰᠡᠷᠭᠡᠶᠢᠯᠡᠬᠦ᠂ ᠭᠠᠯ ᠤᠨ ᠭᠠᠮᠰᠢᠭ ᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠬᠤᠣᠷ᠎ᠠ ᠴᠠᠭᠠᠵᠠᠯᠠᠬᠤ ᠵᠡᠷᠭᠡ ᠠᠮᠤᠷ ᠲᠦᠪᠰᠢᠨ ᠤ ᠰᠡᠷᠡᠮᠵᠢᠯᠡᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠬᠠᠭᠤᠯᠭ᠎ᠠ ᠶᠢᠨ ᠠᠭᠤᠯᠭ᠎ᠠ ᠨᠢ ᠤᠯᠠᠨ ᠲᠦᠮᠡᠨ ᠤ ᠬᠡᠷᠡᠭᠴᠡᠭᠡ᠂ ᠤᠬᠠᠭᠤᠯᠭ᠎ᠠ ᠶᠢᠨ ᠠᠷᠭ᠎ᠠ ᠬᠡᠯᠪᠡᠷᠢ ᠨᠢ ᠤᠯᠠᠨ ᠲᠦᠮᠡᠨ ᠤ ᠲᠠᠭᠠᠰᠢᠶᠠᠯ ᠢ ᠣᠯᠵᠤ᠂ ᠤᠬᠠᠭᠤᠯᠭ᠎ᠠ ᠶᠢᠨ ᠦᠷ᠎ᠡ ᠪᠦᠲᠦᠮᠵᠢ ᠨᠢ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠤ᠂ ᠤᠯᠠᠨ ᠲᠦᠮᠡᠨ ᠤ ᠬᠠᠤᠯᠢ ᠶᠢ ᠰᠠᠬᠢᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠬᠠᠮᠠᠭᠠᠯᠠᠭᠤᠯᠤᠨ᠎ᠠ᠃
     ᠬᠤᠲᠠ ᠶᠢᠨ ᠠᠷᠠᠳ ᠯᠢ ᠶᠤᠸᠠᠨ ᠳ᠋ᠦᠩ ᠾᠧ ᠲᠣᠭᠤᠷᠢᠭ ᠤᠨ ᠠᠯᠪᠠᠨ ᠤ ᠲᠠᠯ᠎ᠠ ᠶᠢᠨ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠡᠳᠦᠷ ᠪᠦᠷᠢ ᠶᠢᠨ ᠶᠡᠭᠡ ᠪᠠᠭ᠎ᠠ ᠪᠠᠶᠢᠳᠠᠯ ᠢ ᠴᠠᠭ ᠢᠮᠠᠭᠲᠠ ᠠᠩᠬᠠᠷᠴᠤ᠂ ᠲᠡᠷᠡ ᠨᠡᠶᠢᠲᠡᠯᠡᠭᠰᠡᠨ ᠠᠭᠤᠯᠭ᠎ᠠ ᠳᠠᠭᠠᠨ᠄ ︽︿ᠥᠨᠥᠳᠥᠷ ᠤᠨ ᠳ᠋ᠦᠩ ᠾᠧ ᠭᠤᠣᠯ﹀ ᠴᠤ ᠪᠣᠯᠤᠭ᠂ ︿ᠳ᠋ᠦᠩ ᠾᠧ ᠭᠤᠣᠯ ᠤᠨ ᠤᠯᠤᠰ ᠲᠥᠷᠥ ᠬᠠᠤᠯᠢ ᠴᠠᠭᠠᠵᠠ﹀ ᠴᠤ ᠪᠣᠯᠤᠭ᠂ ︿ᠡᠭᠦᠯᠡᠨ ᠳᠡᠭᠡᠷᠡᠬᠢ ᠳ᠋ᠦᠩ ᠾᠧ ᠭᠤᠣᠯ﹀ ᠵᠡᠷᠭᠡ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠴᠤ ᠪᠣᠯᠤᠭ᠂ ᠪᠦᠷ ᠮᠢᠨᠤ ᠬᠠᠮᠤᠭ ᠤᠨ ᠰᠢᠨ᠎ᠡ ᠮᠡᠳᠡᠭᠡ ᠵᠠᠩᠭᠢ ᠣᠯᠬᠤ᠂ ᠠᠮᠤᠷ ᠲᠦᠪᠰᠢᠨ ᠤ ᠰᠡᠷᠭᠡᠶᠢᠯᠡᠯᠲᠡ  ᠶᠢᠨ ᠲᠥᠷᠥᠯ ᠤᠨ ᠮᠡᠳᠡᠯᠭᠡ  ᠶᠢ ᠰᠤᠷᠤᠯᠴᠠᠬᠤ ᠴᠢᠬᠤᠯᠠ ᠠᠷᠭ᠎ᠠ ᠵᠠᠮ ᠪᠣᠯᠵᠤ᠂ ᠨᠠᠳᠠ ᠳᠤ ᠮᠠᠰᠢ ᠣᠯᠠᠨ ᠠᠰᠢᠭ ᠲᠤᠰᠠ ᠣᠯᠭᠤᠵᠤ᠂ ᠥᠯᠥ ᠮᠡᠳᠡᠭᠳᠡᠬᠦ  ᠶᠢᠨ ᠳᠤᠮᠳᠠ ᠠᠮᠤᠷ ᠲᠦᠪᠰᠢᠨ ᠤ ᠰᠡᠷᠭᠡᠶᠢᠯᠡᠯᠲᠡ  ᠶᠢᠨ ᠤᠬᠠᠮᠰᠠᠷ  ᠢ ᠳᠡᠭᠡᠭᠰᠢᠯᠡᠭᠦᠯᠦᠭᠰᠡᠨ ᠪᠠᠶᠢᠨ᠎ᠠ︾ ᠭᠡᠵᠦ ᠮᠠᠭᠲᠠᠭᠠᠳ ᠵᠣᠭᠰᠣᠬᠤ ᠦᠭᠡᠢ ᠪᠠᠶᠢᠨ᠎ᠠ᠃      ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠡᠯ᠎ᠡ ᠱᠠᠲᠤᠨ ᠤ ᠵᠠᠭᠤᠴᠢᠯᠠᠭᠤᠷ ᠲᠤ 878 ᠬᠤᠪᠢ ᠰᠣᠨᠢᠨ ᠮᠡᠳᠡᠭᠡᠨ ᠤ ᠡᠬᠡ ᠪᠢᠴᠢᠭ ᠨᠡᠶᠢᠲᠡᠯᠡᠵᠦ᠂ ︽ᠳ᠋ᠦᠩ ᠾᠧ ᠶᠢᠨ ᠤᠯᠤᠰ ᠲᠥᠷᠥ ᠬᠠᠤᠯᠢ︾ ᠸᠢᠴᠠᠲ ᠤᠨ ᠨᠡᠶᠢᠲᠡ ᠶᠢᠨ ᠳ᠋ᠤᠭᠠᠷ ᠲᠤ ︽ᠲᠠᠨ ᠤ ᠰᠠᠨᠠᠭ᠎ᠠ ᠠᠮᠤᠷ ᠪᠠᠶᠢᠬᠤ ᠶᠢ ᠳᠠᠭᠠᠭᠠᠶ᠎ᠠ︾ ︽ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ ᠵᠡᠷᠭᠡ ᠲᠤᠰᠬᠠᠢ ᠪᠤᠯᠤᠩ ᠭᠠᠷᠭᠠᠵᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠮᠤᠷ ᠠᠮᠤᠭᠤᠯᠠᠩ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ᠂ ᠣᠯᠣᠭᠰᠠᠨ ᠠᠮᠵᠢᠯᠲᠠ ᠪᠦᠲᠦᠮᠵᠢ ᠪᠠ ᠬᠢᠯᠠᠰ ᠴᠡᠭ ᠤᠨ ᠣᠨᠴᠠᠯᠢᠭ ᠢ ᠴᠠᠭ ᠲᠤᠬᠠᠢ  ᠳᠤᠨᠢ ᠤᠬᠠᠭᠤᠯᠪᠠ᠃ᠪᠦᠬᠦ ᠤᠯᠤᠰ ᠤᠨ ᠰᠢᠭᠦᠬᠦ ᠬᠤᠷᠢᠶᠠᠨ ᠤ ᠬᠡᠷᠡᠭ ᠰᠢᠳᠬᠡᠭᠰᠡᠨ ᠵᠢᠱᠢᠶᠡᠴᠢ ᠼᠤᠤ ᠮᠢᠨ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠠᠷᠠᠳ ᠤᠨ ᠡᠶᠡᠳᠡᠭᠦᠯᠦᠭᠴᠢ ᠯᠢ ᠸᠧᠢ ᠵᠢᠶᠦ᠋ᠨ᠂ ᠪᠤᠭᠤᠲᠤ ᠬᠤᠲᠠ ᠶᠢᠨ ᠬᠥᠳᠡᠯᠮᠦᠷᠢ ᠶᠢᠨ ᠵᠢᠱᠢᠶᠡᠴᠢ ᠰᠦᠥᠸ᠋ ᠴᠢ᠂ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠡᠷᠢᠭᠦᠨ ᠤ ᠵᠢᠱᠢᠶᠡᠴᠢ ᠸᠠᠩ ᠱᠣ ᠳ᠋ᠦᠩ ᠵᠡᠷᠭᠡ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠮᠡᠳᠡᠭᠡᠯᠡᠪᠡ᠃ ᠪᠠᠭᠠᠲᠤᠷ ᠵᠢᠱᠢᠶᠡᠴᠢ ᠶᠢᠨ ᠨᠡᠶᠢᠲᠡᠯᠢᠭ ᠵᠢᠱᠢᠶ᠎ᠡ ᠶᠢᠨ ᠡᠷᠬᠢᠮ ᠳᠡᠭᠡᠳᠦ ᠵᠠᠩ ᠴᠢᠨᠠᠷ ᠪᠠ ᠡᠷᠬᠢᠮ ᠨᠠᠨᠳᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠭᠤᠯᠵᠤ᠂ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠴᠡᠷᠢᠭ ᠤᠨ ᠵᠣᠷᠢᠭ ᠢ ᠨᠢ ᠬᠥᠪᠴᠢᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃
     ᠡᠳᠦᠭᠡ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ᠂ ᠰᠠᠬᠢᠨ ᠬᠠᠮᠠᠭᠠᠯᠠᠭᠴᠢ ᠪᠠ ᠤᠯᠠᠮᠵᠢᠯᠠᠭᠴᠢ ᠪᠣᠯᠬᠤ ᠪᠠᠷ ᠴᠢᠷᠮᠠᠶᠢᠬᠤ ᠨᠢ ᠨᠢᠭᠡᠨᠲᠡ ᠳ᠋ᠦᠩ ᠾᠧ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠥᠮ ᠤᠨ ᠬᠡᠪ ᠵᠠᠩᠰᠢᠯ ᠪᠣᠯᠤᠭᠰᠠᠨ ᠪᠠᠶᠢᠨ᠎ᠠ᠃ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠠᠵᠢᠯᠲᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠡᠶᠢᠭᠡᠮ ᠤᠨ ᠲᠣᠭᠲᠠᠭᠤᠨ ᠢ ᠬᠠᠮᠲᠤᠪᠠᠷ ᠬᠠᠮᠠᠭᠠᠯᠠᠵᠤ᠂ ︽ᠵᠡᠭᠦᠨ ᠭᠤᠣᠯ ᠤᠨ ᠰᠦᠷ ᠵᠢᠪᠬᠤᠭ᠎ᠠ ᠶᠢ ᠲᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠲᠠᠬᠢᠨ ᠢᠯᠡᠷᠡᠭᠦᠯᠬᠦ︾ ᠳᠤ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1