ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠣᠷᠣᠨ ᠤ ᠬᠥᠷᠥᠰᠥ ᠰᠢᠷᠣᠢ ᠶᠢ | ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠣᠭᠰᠠᠨ ᠪᠣᠯᠪᠠᠴᠤ ᠬᠥᠷᠥᠰᠥ ᠰᠢᠷᠣᠢ ᠶᠢᠨ ᠢᠳᠡᠭᠳᠡᠯ ᠢ | ᠰᠡᠷᠭᠡᠶᠢᠯᠡᠨ ᠵᠠᠰᠠᠬᠤ ᠠᠵᠢᠯ ᠤᠨ ᠦᠷ᠎ᠡ ᠪᠦᠲᠦᠮᠵᠢ ᠪᠠᠰᠠ ᠲᠡᠶᠢᠮᠦ ᠲᠣᠭᠲᠠᠪᠤᠷᠢᠲᠠᠢ ᠪᠢᠰᠢ ᠪᠠᠶᠢᠵᠤ᠂ ᠮᠥᠨ ᠬᠦ | ᠣᠷᠳᠣ ᠬᠤᠭᠤᠴᠠᠭ᠎ᠠ ᠪᠠᠷ ᠴᠢᠷᠮᠠᠶᠢᠬᠤ ᠴᠢᠬᠤᠯᠠᠲᠠᠢ ᠪᠠᠶᠢᠨ᠎ᠠ᠃ᠨᠠᠮ ᠤᠨ ᠬᠤᠷᠢᠳᠤᠭᠠᠷ ᠶᠡᠭᠡ ᠬᠤᠷᠠᠯ ᠠᠴᠠ᠂ | ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠶᠢ ᠠᠬᠢᠭᠤᠯᠬᠤ ᠨᠢ ᠬᠥᠷᠥᠰᠥ ᠰᠢᠷᠣᠢ ᠶᠢ ᠬᠠᠮᠠᠭᠠᠯᠠᠬᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ ᠭᠡᠵᠦ ᠴᠢᠬᠤᠯᠠᠴᠢᠯᠠᠪᠠ᠃︽ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠢᠨᠠᠨ | ᠵᠥᠪᠰᠢᠶᠡᠷᠡᠵᠦ ᠰᠢᠯᠭᠠᠨ ᠠᠪᠬᠤ ᠪᠠ ᠬᠢᠨᠠᠯᠲᠠ ᠲᠠᠯᠪᠢᠵᠤ ᠬᠠᠮᠢᠶᠠᠷᠬᠤ ᠡᠷᠬᠡ ᠮᠡᠳᠡᠯ ᠤᠨ ᠬᠠᠮᠢᠶ᠎ᠠ ᠪᠦᠬᠦᠢ | ᠶᠠᠪᠤᠳᠠᠯ ᠤᠨ ᠲᠤᠬᠠᠢ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠪᠦᠦ ᠱᠦᠢ | ᠲᠠᠷᠬᠠᠭᠠᠭᠰᠠᠨ ﹇2023﹈ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2023 ᠣᠨ ᠤ 1 | ᠳ᠋ᠦᠭᠡᠷ ᠰᠠᠷ᠎ᠠ ᠶᠢᠨ 13 ᠤ ᠡᠳᠦᠷ ᠠᠴᠠ ᠡᠬᠢᠯᠡᠨ ᠮᠠᠨ ᠤ ᠣᠷᠣᠨ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ ᠶᠢᠨ ᠳᠣᠷᠣᠭᠰᠢ ᠪᠠᠭᠤᠯᠭᠠᠭᠰᠠᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠳᠠᠭᠠᠭᠠᠨ ᠠᠪᠴᠤ᠂ | ᠮᠠᠨ ᠤ ᠣᠷᠣᠨ ᠤ ᠰᠢᠨ᠎ᠡ ᠴᠠᠭ ᠦᠶ᠎ᠡ ᠶᠢᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠴᠢᠩᠭᠠᠳᠬᠠᠬᠤ ᠶᠢᠨ | ᠲᠤᠰᠠᠳᠠ᠂ ᠣᠨᠴᠣᠭᠤᠶᠢᠯᠠᠨ ᠲᠣᠰ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ | ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠥᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ᠤᠰᠤ | ᠵᠠᠰᠠᠬᠤ ᠰᠡᠳᠬᠢᠴᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃︽ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠵᠤ᠂ ᠪᠦᠬᠦ ᠲᠠᠯ᠎ᠠ ᠪᠠᠷ ᠲᠥᠯᠥᠪᠵᠢᠭᠦᠯᠵᠦ᠂ ᠶᠡᠷᠦᠩᠬᠡᠶᠢᠯᠡᠨ ᠰᠡᠷᠭᠡᠶᠢᠯᠡᠨ ᠵᠠᠰᠠᠵᠤ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠠᠮᠢᠶᠠᠷᠤᠯᠲᠠ ᠪᠠᠨ ᠴᠢᠩᠭᠠᠳᠬᠠᠵᠤ᠂ ᠦᠷ᠎ᠡ ᠠᠰᠢᠭ ᠢ | ᠴᠢᠬᠤᠯᠠᠴᠢᠯᠠᠬᠤ︾ ᠬᠥᠷᠥᠰᠥ ᠰᠢᠷᠣᠢ ᠶᠢ ᠬᠠᠮᠠᠭᠠᠯᠠᠬᠤ ᠴᠢᠭᠯᠡᠯᠲᠡ ᠶᠢ ᠪᠠᠷᠢᠮᠲᠠᠯᠠᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠦᠢᠯᠡᠴᠢᠯᠡᠭᠡᠨ ᠤ ᠨᠡᠭᠡᠭᠡᠨ ᠬᠥᠭᠵᠢᠭᠦᠯᠬᠦ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢᠶᠠᠷ ᠡᠬᠢᠯᠡᠯᠲᠡ ᠪᠣᠯᠭᠠᠵᠤ᠂ ᠨᠠᠮ ᠤᠨ ᠬᠤᠷᠢᠶ᠎ᠠ ᠠᠴᠠ ᠤᠳᠤᠷᠢᠳᠤᠭᠰᠠᠨ᠂ | ᠵᠠᠰᠠᠭ ᠤᠨ ᠣᠷᠳᠣᠨ ᠠᠴᠠ ᠬᠠᠷᠢᠭᠤᠴᠠᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠪᠥᠬᠦ | ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠭᠰᠠᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠤᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠮᠠᠨ ᠤ ᠣᠷᠣᠨ ᠤ ᠬᠥᠷᠥᠰᠥ ᠰᠢᠷᠣᠢ ᠶᠢ ᠬᠠᠮᠠᠭᠠᠯᠠᠬᠤ ᠴᠢᠳᠠᠮᠵᠢ ᠪᠠ ᠠᠮᠢ ᠠᠬᠤᠢ ᠶᠢᠨ | ᠬᠠᠩᠭᠠᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠶᠡᠷᠦᠩᠬᠡᠢ ᠱᠠᠭᠠᠷᠳᠠᠯᠭ᠎ᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾ ︽ | ᠰᠢᠨ᠎ᠡ ᠴᠠᠭ ᠦᠶ᠎ᠡ ᠶᠢᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠰᠠᠨᠠᠯ︾ ︽ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ | ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵2023 ᠣᠨ ᠤ 1 ᠳ᠋ᠦᠭᠡᠷ ᠰᠠᠷ᠎ᠠ ᠶᠢᠨ 17 ᠤ ᠡᠳᠦᠷ ᠤᠰᠤᠨ | ᠠᠰᠢᠭᠯᠠᠯᠲᠠ ᠶᠢᠨ ᠶᠠᠮᠤᠨ ᠤ 53 ᠳ᠋ᠤᠭᠠᠷ ᠵᠠᠷᠯᠢᠭ ᠢᠶᠠᠷ ᠨᠡᠶᠢᠲᠡᠯᠡᠪᠡ︶ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠷᠥᠰᠥ ᠰᠢᠷᠣᠢ ᠶᠢ ᠬᠠᠮᠠᠭᠠᠯᠠᠬᠤ ᠳᠦᠷᠢᠮ︾ ︽ᠪᠤᠭᠤᠲᠤ ᠬᠤᠲᠠ ᠶᠢᠨ ᠤᠰᠤᠨ ᠤ | ᠶᠠᠪᠤᠳᠠᠯ ᠤᠨ ᠲᠣᠪᠴᠢᠶ᠎ᠠ ᠶᠢᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠢᠨᠠᠨ ᠵᠥᠪᠰᠢᠶᠡᠷᠡᠵᠦ ᠰᠢᠯᠭᠠᠨ | ᠠᠪᠬᠤ ᠪᠠ ᠬᠢᠨᠠᠯᠲᠠ ᠲᠠᠯᠪᠢᠵᠤ ᠬᠠᠮᠢᠶᠠᠷᠬᠤ ᠡᠷᠬᠡ ᠮᠡᠳᠡᠯ ᠤᠨ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠢ | ᠮᠡᠳᠡᠭᠳᠡᠯ︾ ︵ᠪᠦᠦ ᠱᠦᠢ ᠲᠠᠷᠬᠠᠭᠠᠭᠰᠠᠨ ﹇2023﹈ 3 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠬᠡᠷᠡᠭᠲᠡᠢ᠃ ᠦᠷᠭᠦᠯᠵᠢᠯᠡᠬᠦ ᠬᠥᠭᠵᠢᠯᠲᠡ ᠶᠢᠨ ᠤᠰᠤ ᠵᠠᠰᠠᠬᠤ ᠰᠡᠳᠬᠢᠴᠡ ᠶᠢ ᠢᠳᠡᠪᠬᠢᠲᠡᠢ | ᠦᠢᠯᠡᠳᠦᠯᠭᠡᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠬᠥᠷᠥᠰᠥ ᠰᠢᠷᠣᠢ ᠶᠢᠨ ᠡᠬᠢ ᠪᠠᠶᠠᠯᠢᠭ ᠢ | ᠦᠷᠭᠦᠯᠵᠢᠯᠡᠨ ᠠᠰᠢᠭᠯᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠬᠤ ᠪᠠᠷ ᠬᠠᠷᠠᠯᠲᠠ | ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠬᠦ ᠴᠡᠭ ᠪᠣᠯᠭᠠᠵᠤ᠂ ᠪᠠᠶᠢᠭᠤᠯᠤᠮᠵᠢ | ᠲᠣᠭᠲᠠᠴᠠ ᠪᠣᠯᠣᠨ ᠬᠠᠤᠯᠢ ᠳᠦᠷᠢᠮ ᠤᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ᠪᠥᠬᠦ ᠲᠠᠯ᠎ᠠ ᠪᠠᠷ | ᠲᠥᠯᠥᠪᠵᠢᠭᠦᠯᠵᠦ᠂ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠰᠡᠷᠭᠡᠶᠢᠯᠡᠬᠦ ᠪᠠᠷ ᠭᠤᠣᠯ ᠪᠣᠯᠭᠠᠨ᠂ | ᠬᠠᠮᠠᠭᠠᠯᠠᠬᠤ ᠶᠢ ᠲᠡᠷᠢᠭᠦᠨ ᠳᠤ ᠲᠠᠯᠪᠢᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ | ᠣᠷᠣᠨ ᠬᠤᠪᠢᠶᠠᠨ ᠰᠡᠷᠭᠡᠶᠢᠯᠡᠨ ᠵᠠᠰᠠᠵᠤ᠂ ᠤᠷᠢᠳᠴᠢᠯᠠᠨ ᠰᠡᠷᠭᠡᠶᠢᠯᠡᠵᠦ ᠬᠢᠨᠠᠯᠲᠠ ᠲᠠᠯᠪᠢᠬᠤ᠂ ᠶᠡᠷᠦᠩᠬᠡᠶᠢᠯᠡᠨ | ᠵᠠᠰᠠᠬᠤ᠂ ᠠᠮᠢ ᠠᠬᠤᠢ ᠶᠢ ᠰᠡᠷᠭᠦᠭᠡᠬᠦ᠂ ᠬᠢᠨᠠᠨ ᠬᠡᠮᠵᠢᠵᠦ ᠦᠨᠡᠯᠡᠬᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ | ᠪᠠ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠰᠠᠶᠢᠲᠤᠷ | ᠬᠢᠵᠦ᠂ ᠮᠠᠨ ᠤ ᠣᠷᠣᠨ ᠤ ᠬᠥᠷᠥᠰᠥ ᠰᠢᠷᠣᠢ ᠶᠢ ᠬᠠᠮᠠᠭᠠᠯᠠᠬᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠨᠢᠭᠡᠨ ᠰᠢᠨ᠎ᠡ ᠬᠥᠭᠵᠢᠯᠲᠡ ᠶᠢᠨ ᠬᠢᠷᠢ ᠬᠡᠮᠵᠢᠶ᠎ᠡ ᠳᠤ ᠠᠬᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ | ᠬᠥᠭᠵᠢᠬᠦ ᠶᠢ ᠠᠬᠢᠭᠤᠯᠤᠨ᠎ᠠ᠃ | ᠭᠤᠷᠪᠠ᠂ ᠦᠨᠳᠦᠰᠦᠨ ᠵᠠᠷᠴᠢᠮ | ︵ᠨᠢᠭᠡ︶ ᠠᠮᠢ ᠠᠬᠤᠢ ᠶᠢ ᠲᠡᠷᠢᠭᠦᠨ ᠳᠤ ᠲᠠᠯᠪᠢᠵᠤ᠂ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠬᠤ ᠶᠢ | ᠪᠠᠷᠢᠮᠲᠠᠯᠠᠨ᠎ᠠ᠃ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ ᠬᠥᠷᠥᠰᠥ | ᠰᠢᠷᠣᠢ ᠶᠢᠨ ᠢᠳᠡᠭᠳᠡᠯ ᠢ ᠰᠡᠷᠭᠡᠶᠢᠯᠡᠨ ᠬᠠᠮᠠᠭᠠᠯᠠᠬᠤ ᠪᠠ ᠬᠢᠨᠠᠨ ᠬᠠᠮᠢᠶᠠᠷᠬᠤ ᠴᠢᠩᠭ᠎ᠠ ᠳᠦᠷᠢᠮ ᠢ ᠪᠠᠶᠢᠭᠤᠯᠵᠤ᠂ | ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠪᠠᠲᠤ ᠰᠠᠬᠢᠵᠤ᠂ ᠠᠮᠢ ᠠᠬᠤᠢ ᠶᠢᠨ | ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ | ︵ᠬᠤᠶᠠᠷ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ | ᠪᠠᠲᠤᠯᠠᠨ᠎ᠠ᠃ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ | ᠬᠥᠷᠥᠰᠥ ᠰᠢᠷᠣᠢ ᠶᠢ ᠬᠠᠮᠠᠭᠠᠯᠠᠬᠤ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ | ᠨᠡᠶᠢᠭᠡᠮ ᠤᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ︵ᠭᠤᠷᠪᠠ︶ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ᠪᠠᠶᠢᠭᠠᠯᠢ ᠶᠢᠨ ᠵᠢᠮ᠎ᠡ ᠶᠣᠰᠣ ᠪᠠ ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠠᠭᠤᠯᠠ ᠤᠰᠤ ᠤᠢ | ᠲᠠᠷᠢᠶ᠎ᠠ ᠨᠠᠭᠤᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠪᠠᠷ ᠵᠠᠰᠠᠬᠤ᠂ ᠡᠬᠢ | ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠨᠲᠠᠷᠠᠰᠢ ᠦᠭᠡᠢ ᠪᠠᠷ ᠥᠨᠢ | ᠤᠳᠠᠭᠠᠨ ᠴᠢᠷᠮᠠᠶᠢᠨ᠎ᠠ᠃ | ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠡᠬᠢ | ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ | ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢᠨ ᠰᠢᠰᠲ᠋ᠧᠮ ᠤᠨ ᠴᠤᠭᠯᠠᠷᠠᠯ ᠢ ᠴᠢᠩᠭᠠᠳᠬᠠᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ | ᠨᠡᠮᠡᠭᠳᠡᠭᠦᠯᠦᠨ᠎ᠡ᠃ | ᠳᠥᠷᠪᠡ᠂ ᠬᠠᠷᠠᠯᠲᠠ ᠶᠢᠨ ᠡᠭᠦᠷᠭᠡ | ︽ᠬᠥᠷᠥᠰᠥ ᠰᠢᠷᠣᠢ ᠶᠢ ᠬᠠᠮᠠᠭᠠᠯᠠᠬᠤ ᠨᠣᠷᠮ᠎ᠠ ᠶᠢᠨ ᠬᠠᠷᠠᠯᠲᠠ ᠶᠢᠨ ᠬᠡᠮᠵᠢᠭᠳᠡᠯ ᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ | ︾ ︵ᠳᠣᠲᠣᠭᠠᠳᠤ ᠤᠰᠤᠨ ᠤ ᠬᠠᠮᠠᠭᠠᠯᠠᠯᠲᠠ 〔2022〕 62 ᠳ᠋ᠤᠭᠠᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ 2025 ᠣᠨ ᠪᠣᠯᠬᠤ ᠳᠤ᠂ ᠮᠠᠨ ᠤ ᠣᠷᠣᠨ ᠤ ᠬᠥᠷᠥᠰᠥ ᠰᠢᠷᠣᠢ ᠶᠢ ᠬᠠᠮᠠᠭᠠᠯᠠᠬᠤ ᠪᠠᠶᠢᠭᠤᠯᠤᠯ | ᠲᠣᠭᠲᠠᠴᠠ ᠪᠠ ᠠᠵᠢᠯ ᠤᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠷᠢᠭᠤᠳᠠ ᠶᠢᠨ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ | ᠬᠠᠮᠢᠶᠠᠷᠤᠨ ᠡᠵᠡᠮᠳᠡᠵᠦ᠂ ᠭᠤᠣᠯᠳᠠᠯᠭ᠎ᠠ ᠲᠠᠢ ᠭᠠᠵᠠᠷ ᠣᠷᠣᠨ ᠤ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ | ᠵᠠᠰᠠᠵᠤ᠂ ᠬᠥᠷᠥᠰᠥ ᠰᠢᠷᠣᠢ ᠶᠢᠨ ᠢᠳᠡᠭᠳᠡᠯ ᠤᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠬᠥᠷᠥᠰᠥ | ᠰᠢᠷᠣᠢ ᠶᠢᠨ ᠬᠠᠮᠠᠭᠠᠯᠠᠯᠲᠠ ᠶᠢᠨ ᠨᠣᠷᠮ᠎ᠠ ᠶᠢ 58.82% ᠲᠤ ᠬᠦᠷᠦᠭᠦᠯᠦᠨ᠎ᠡ᠃2035 ᠣᠨ ᠪᠣᠯᠬᠤ ᠳᠤ᠂ | ᠰᠢᠰᠲ᠋ᠧᠮ ᠨᠢ ᠪᠦᠷᠢᠨ ᠲᠡᠭᠦᠯᠳᠡᠷ᠂ ᠬᠠᠮᠵᠢᠯᠴᠠᠭᠰᠠᠨ ᠥᠨᠳᠥᠷ ᠪᠦᠲᠦᠮᠵᠢᠲᠡᠶ ᠬᠥᠷᠥᠰᠥ ᠰᠢᠷᠣᠢ ᠶᠢ ᠬᠠᠮᠠᠭᠠᠯᠠᠬᠤ | ᠪᠠᠶᠢᠭᠤᠯᠤᠯ ᠲᠣᠭᠲᠠᠴᠠ ᠶᠢ ᠪᠥᠬᠦ ᠲᠠᠯ᠎ᠠ ᠪᠠᠷ ᠪᠣᠶ ᠪᠣᠯᠭᠠᠵᠤ᠂ ᠵᠣᠷᠢᠭᠤᠳᠠ ᠶᠢᠨ ᠬᠥᠷᠥᠰᠥ ᠰᠢᠷᠣᠢ ᠶᠢᠨ ᠢᠳᠡᠭᠳᠡᠯ ᠢ | ᠪᠥᠬᠦ ᠲᠠᠯ᠎ᠠ ᠪᠠᠷ ᠬᠢᠵᠠᠭᠠᠷᠯᠠᠵᠤ᠂ ᠭᠤᠣᠯᠳᠠᠯᠭ᠎ᠠ ᠲᠠᠢ ᠭᠠᠵᠠᠷ ᠣᠷᠣᠨ ᠤ ᠬᠥᠷᠥᠰᠥ ᠰᠢᠷᠣᠢ ᠶᠢᠨ ᠢᠳᠡᠭᠳᠡᠯ ᠢ ᠪᠥᠬᠦ | ᠲᠠᠯ᠎ᠠ ᠪᠠᠷ ᠵᠠᠰᠠᠵᠤ᠂ ᠬᠥᠷᠥᠰᠥ ᠰᠢᠷᠣᠢ ᠶᠢ ᠬᠠᠮᠠᠭᠠᠯᠠᠬᠤ ᠨᠣᠷᠮ᠎ᠠ ᠶᠢ 71% ᠳᠤ ᠬᠦᠷᠦᠭᠦᠯᠵᠦ᠂ ᠠᠮᠢ ᠠᠬᠤᠢ ᠶᠢᠨ | ᠰᠢᠰᠲ᠋ᠧᠮ ᠤᠨ ᠬᠥᠷᠥᠰᠥ ᠰᠢᠷᠣᠢ ᠶᠢ ᠬᠠᠮᠠᠭᠠᠯᠠᠬᠤ ᠴᠢᠳᠠᠮᠵᠢ ᠶᠢ ᠢᠯᠡᠳᠲᠡ ᠴᠢᠩᠭᠠᠷᠠᠭᠤᠯᠤᠨ᠎ᠠ᠃ | ᠲᠠᠪᠤ᠂ ᠭᠤᠣᠯᠳᠠᠯᠭ᠎ᠠ ᠲᠠᠢ ᠡᠭᠦᠷᠭᠡ | ᠬᠥᠷᠥᠰᠥ ᠰᠢᠷᠣᠢ ᠶᠢ ᠬᠠᠮᠠᠭᠠᠯᠠᠬᠤ ᠪᠣᠯ ᠮᠠᠨ ᠤ ᠤᠯᠤᠰ ᠤᠨ ᠨᠢᠭᠡ ᠵᠦᠢᠯ ᠤᠨ ᠤᠯᠤᠰ ᠤᠨ ᠦᠨᠳᠦᠰᠦᠨ | ᠪᠣᠳᠣᠯᠭ᠎ᠠ ᠮᠥᠨ᠂ ︽ᠠᠵᠢᠯ ᠲᠦᠷᠦᠯ ᠢ ᠬᠠᠮᠢᠶᠠᠷᠴᠤ᠂ ᠡᠷᠬᠡᠪᠰᠢ ᠬᠥᠷᠥᠰᠥ ᠰᠢᠷᠣᠢ ᠶᠢ ᠬᠠᠮᠠᠭᠠᠯᠠᠬᠤ ᠶᠢ ᠬᠠᠮᠢᠶᠠᠷᠴᠤ︾᠂ | ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ | ᠠᠵᠢᠯ ᠲᠦᠷᠦᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠬᠦᠷᠢᠶᠡᠨ ᠤ ᠪᠠᠨ ᠳᠣᠲᠣᠷᠠᠬᠢ | ᠨᠢᠭᠡᠴᠢ ᠪᠠ ᠬᠤᠪᠢ ᠬᠥᠮᠥᠨ ᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠥᠷᠥᠰᠥ ᠰᠢᠷᠣᠢ ᠶᠢ ᠬᠠᠮᠠᠭᠠᠯᠠᠬᠤ | ᠠᠵᠢᠯ ᠢ ᠬᠠᠮᠢᠶᠠᠷᠬᠤ ᠪᠠ ᠲᠦᠯᠬᠢᠨ ᠠᠬᠢᠭᠤᠯᠬᠤ ᠶᠢ ᠬᠠᠷᠢᠭᠤᠴᠠᠵᠤ᠂ ᠪᠦᠲᠦᠭᠡᠨ ᠪᠠᠶᠢᠭᠤᠯᠬᠤ ᠨᠢᠭᠡᠴᠢ ᠪᠠ ᠬᠤᠪᠢ | ᠬᠥᠮᠥᠨ ᠤ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠬᠦ ᠶᠢ ᠰᠢᠪᠠᠳᠠᠨ᠎ᠠ᠃ᠠᠮᠢ ᠠᠬᠤᠢ ᠶᠢᠨ ᠰᠢᠰᠲ᠋ᠧᠮ ᠤᠨ ᠬᠥᠷᠥᠰᠥ ᠰᠢᠷᠣᠢ ᠶᠢ ᠬᠠᠮᠠᠭᠠᠯᠠᠬᠤ ᠴᠢᠳᠠᠮᠵᠢ ᠶᠢ | ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠵᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠢ ᠶᠢ ᠪᠦᠲᠦᠭᠡᠨ | ᠪᠠᠶᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ᠬᠠᠤᠯᠢ ᠲᠣᠭᠲᠠᠭᠠᠯ ᠢ ᠵᠥᠷᠢᠴᠡᠨ | ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠ ᠭᠠᠵᠠᠷ ᠤᠨ ᠭᠠᠳᠠᠷᠭᠤ ᠶᠢ | ᠰᠠᠮᠠᠭᠤᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠨᠢᠭᠡᠴᠢ | ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢᠶᠠᠨ ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠬᠥᠷᠥᠰᠥ ᠰᠢᠷᠣᠢ ᠶᠢ | ᠬᠠᠮᠠᠭᠠᠯᠠᠬᠤ ᠲᠥᠰᠥᠯ ᠢᠶᠠᠨ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠢ | ᠡᠬᠢᠯᠡᠨ ᠪᠦᠲᠦᠭᠡᠨ ᠪᠠᠶᠢᠭᠤᠯᠵᠤ ᠪᠣᠯᠬᠤ ᠦᠭᠡᠢ᠃ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ | ᠤ ᠳᠠᠷᠠᠭᠠᠬᠢ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠪᠣᠯ ᠲᠠᠲᠠᠪᠤᠷᠢᠯᠠᠬᠤ ᠬᠡᠪᠴᠢᠶ᠎ᠡ ᠪᠣᠯᠣᠨ ᠲᠠᠲᠠᠪᠤᠷᠢᠯᠠᠬᠤ | ᠪᠠᠷᠢᠮᠵᠢᠶ᠎ᠠ ᠶᠣᠰᠣᠭᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠦᠭᠦᠳ ᠲᠣᠭᠲᠠᠭᠰᠠᠨ ᠴᠠᠭ | ᠬᠤᠭᠤᠴᠠᠭᠠᠨ ᠳᠣᠲᠣᠷ᠎ᠠ ᠬᠥᠷᠥᠰᠥ ᠰᠢᠷᠣᠢ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠴᠠᠭ ᠲᠤᠬᠠᠢ ᠲᠤᠨᠢ | ᠲᠤᠰᠢᠶᠠᠵᠤ᠂ ᠬᠥᠷᠥᠰᠥ ᠰᠢᠷᠣᠢ ᠶᠢ ᠬᠠᠮᠠᠭᠠᠯᠠᠬᠤ ︽ᠭᠤᠷᠪᠠ ᠶᠢ ᠵᠡᠷᠭᠡ ᠲᠤᠨᠢ ᠬᠢᠬᠦ︾ ︵ᠬᠥᠷᠥᠰᠥ ᠰᠢᠷᠣᠢ ᠶᠢ | ᠬᠠᠮᠠᠭᠠᠯᠠᠬᠤ ᠪᠡᠯᠡᠳᠬᠡᠮᠵᠢ ᠶᠢ ᠭᠤᠣᠯ ᠴᠣᠭᠴᠠ ᠪᠠᠷᠢᠯᠭ᠎ᠠ ᠯᠤᠭ᠎ᠠ ᠵᠡᠷᠭᠡ ᠲᠤᠨᠢ ᠵᠢᠷᠤᠭᠯᠠᠨ ᠲᠥᠯᠥᠪᠯᠡᠵᠦ᠂ ᠵᠡᠷᠭᠡ | ᠲᠤᠨᠢ ᠪᠠᠷᠢᠯᠭ᠎ᠠ ᠪᠠᠷᠢᠵᠤ᠂ ᠵᠡᠷᠭᠡ ᠲᠤᠨᠢ ᠠᠰᠢᠭᠯᠠᠯᠲᠠ ᠲᠤ ᠣᠷᠣᠭᠤᠯᠵᠤ ᠬᠡᠷᠡᠭᠯᠡᠬᠦ ᠬᠡᠷᠡᠭᠲᠡᠢ︶ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ᠃ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠡᠷᠡᠭᠵᠢᠭᠦᠯᠦᠭᠰᠡᠨ ᠪᠠᠶᠢᠳᠠᠯ ᠢ | ᠮᠥᠷᠳᠡᠨ ᠪᠠᠶᠢᠴᠠᠭᠠᠬᠤ ᠶᠢ ᠥᠷᠨᠢᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠢᠲᠡᠭᠡᠮᠵᠢ ᠶᠢᠨ ᠦᠨᠡᠯᠡᠯᠲᠡ ᠶᠢ ᠪᠥᠬᠦ | ᠲᠠᠯ᠎ᠠ ᠪᠠᠷ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠡᠳ᠋ᠯᠡᠬᠦ᠃ ᠬᠤᠯᠪᠥᠭ᠌ᠳᠠᠯ | ᠪᠦᠬᠦᠢ ᠲᠥᠯᠦᠪᠵᠢᠭᠦᠯᠭᠡ ᠨᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠤᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠳᠤ | ᠬᠤᠯᠪᠣᠭᠳᠠᠵᠤ᠂ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠢ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠳᠤ ᠬᠦᠷᠪᠡᠯ᠂ | ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠷᠭ᠎ᠠ ᠪᠣᠳᠣᠯᠭ᠎ᠠ ᠪᠠ ᠠᠷᠭ᠎ᠠ | ᠬᠡᠮᠵᠢᠶ᠎ᠡ ᠶᠢ ᠳᠤᠷᠠᠳᠬᠤ ᠬᠡᠷᠡᠭᠲᠡᠢ᠃ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ | ᠳᠠᠭᠤᠰᠴᠤ ᠰᠢᠯᠭᠠᠨ ᠠᠪᠬᠤ ᠳᠠᠭᠠᠨ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ | ᠬᠡᠷᠡᠭᠲᠡᠢ;ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠤᠶᠢᠭᠡᠢ ᠪᠤᠶᠤ ᠰᠢᠯᠭᠠᠨ | ᠠᠪᠬᠤ ᠳᠤ ᠬᠢᠷᠢ ᠲᠡᠩᠴᠡᠭᠰᠡᠨ ᠤᠶᠢᠭᠡᠢ ᠪᠠᠶᠢᠪᠠᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠢ | ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠤᠶᠢᠭᠡᠢ᠃ | ︵ᠨᠢᠭᠡ︶ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ | ᠬᠠᠮᠠᠭᠠᠯᠠᠬᠤ ᠲᠥᠰᠥᠯ ᠤᠨ ᠲᠥᠷᠥᠯ ᠬᠤᠪᠢᠶᠠᠷᠢᠯᠠᠯ ᠨᠠᠶᠢᠷᠠᠭᠤᠯᠤᠨ ᠵᠣᠬᠢᠶᠠᠬᠤ ᠬᠡᠷᠡᠭᠲᠡᠢ | 1.ᠲᠠᠲᠠᠪᠤᠷᠢᠯᠠᠨ ᠡᠵᠡᠯᠡᠭᠰᠡᠨ ᠲᠠᠯᠠᠪᠠᠢ ᠨᠢ 5 ᠾᠧᠺᠲ᠋ᠠᠷ ᠠᠴᠠ ᠳᠡᠭᠡᠭᠰᠢ ᠪᠠᠶᠢᠬᠤ ᠪᠤᠶᠤ ᠮᠠᠯᠲᠠᠵᠤ | ᠪᠥᠭᠯᠡᠭᠰᠡᠨ ᠰᠢᠷᠣᠢ ᠴᠢᠯᠠᠭᠤᠨ ᠤ ᠶᠡᠷᠦᠩᠬᠡᠢ ᠬᠡᠮᠵᠢᠶ᠎ᠡ ᠨᠢ 5 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ | ᠳᠡᠭᠡᠭᠰᠢ ᠪᠠᠶᠢᠬᠤ ᠵᠦᠢᠯᠡᠰ ᠲᠤ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠮᠡᠳᠡᠭᠦᠯᠦᠯᠲᠡ ᠶᠢᠨ ᠪᠢᠴᠢᠭ ᠢ | ᠨᠠᠶᠢᠷᠠᠭᠤᠯᠤᠨ ᠵᠣᠬᠢᠶᠠᠨ᠎ᠠ᠃ | 2. ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠢ ᠨᠢ 0.5 ᠾᠧᠺᠲ᠋ᠠᠷ ᠠᠴᠠ ᠳᠡᠭᠡᠭᠰᠢ 5 | ᠾᠧᠺᠲ᠋ᠠᠷ ᠠᠴᠠ ᠳᠣᠷᠣᠭᠰᠢ ᠪᠠᠶᠢᠬᠤ ᠪᠤᠶᠤ ᠮᠠᠯᠲᠠᠵᠤ ᠪᠥᠭᠯᠡᠭᠰᠡᠨ ᠰᠢᠷᠣᠢ ᠴᠢᠯᠠᠭᠤ ᠶᠢᠨ ᠶᠡᠷᠦᠩᠬᠡᠢ ᠬᠡᠮᠵᠢᠶ᠎ᠡ ᠨᠢ 1 | ᠮᠢᠩᠭᠠᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ 5 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ | ᠳᠣᠷᠣᠭᠰᠢ ᠪᠠᠶᠢᠬᠤ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠮᠡᠳᠡᠭᠦᠯᠦᠯᠲᠡ ᠶᠢᠨ | ᠬᠦᠰᠦᠨᠦᠭᠲᠦ ᠶᠢ ᠨᠠᠶᠢᠷᠠᠭᠤᠯᠤᠨ ᠵᠣᠬᠢᠶᠠᠨ᠎ᠠ᠃ | 3. ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠶ ᠨᠢ 0.5 ᠾᠧᠺᠲ᠋ᠠᠷ ᠬᠦᠷᠬᠦ ᠦᠭᠡᠢ ᠮᠥᠷᠲᠡᠭᠡᠨ | ᠮᠠᠯᠲᠠᠵᠤ ᠪᠥᠭᠯᠡᠭᠰᠡᠨ ᠰᠢᠷᠣᠢ ᠴᠢᠯᠠᠭᠤᠨ ᠤ ᠶᠡᠷᠦᠩᠬᠡᠢ ᠬᠡᠮᠵᠢᠶ᠎ᠡ ᠨᠢ 1000 ᠪᠣᠰᠤᠭ᠎ᠠ ᠳᠥᠷᠪᠡᠯᠵᠢᠨ ᠮᠧᠲᠷ ᠲᠤ | ᠬᠦᠷᠬᠦ ᠦᠭᠡᠢ ᠲᠥᠷᠥᠯ ᠵᠦᠢᠯ ᠳᠤ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠢᠨᠠᠨ ᠵᠥᠪᠰᠢᠶᠡᠷᠡᠭᠦᠯᠬᠦ | ᠭᠠᠷᠳᠠᠮ ᠢ ᠳᠠᠭᠢᠵᠤ ᠭᠦᠢᠴᠡᠳᠬᠡᠬᠦ ᠦᠭᠡᠢ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠣᠯᠣᠨ | ᠬᠤᠪᠢ ᠬᠥᠮᠥᠨ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠢ ᠬᠠᠤᠯᠢ ᠶᠣᠰᠣᠭᠠᠷ ᠰᠠᠶᠢᠲᠤᠷ | ᠬᠢᠨ᠎ᠡ᠃ | ︵ᠬᠤᠶᠠᠷ︶ ᠬᠥᠷᠥᠰᠥ ᠰᠢᠷᠣᠢ ᠶᠢ ᠬᠠᠮᠠᠭᠠᠯᠠᠬᠤ ᠵᠠᠷᠤᠳᠠᠯ ᠲᠠᠲᠠᠪᠤᠷᠢᠯᠠᠬᠤ ᠬᠡᠪᠴᠢᠶ᠎ᠡ | 1.ᠡ᠊ᠩ ᠤᠨ ᠴᠢᠨᠠᠷᠲᠠᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠨᠡᠭᠡᠭᠡᠨ ᠡᠷᠬᠢᠯᠡᠭᠰᠡᠨ | ᠪᠠᠶᠢᠪᠠᠯ᠂ ᠲᠠᠲᠠᠪᠤᠷᠢᠯᠠᠨ ᠬᠡᠷᠡᠭᠯᠡᠭᠰᠡᠨ ᠭᠠᠵᠠᠷ ᠰᠢᠷᠣᠢ ᠶᠢᠨ ᠲᠠᠯᠠᠪᠠᠢ ᠪᠠᠷ ᠪᠤᠳᠤᠵᠤ ᠲᠠᠲᠠᠪᠤᠷᠢᠯᠠᠨ᠎ᠠ᠃ | 2. ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ ᠪᠠᠶᠢᠪᠠᠯ᠂ ᠪᠦᠲᠦᠭᠡᠨ | ᠪᠠᠶᠢᠭᠤᠯᠬᠤ ᠬᠤᠭᠤᠴᠠᠭᠠᠨ ᠳᠤ ᠲᠠᠲᠠᠪᠤᠷᠢᠯᠠᠨ ᠬᠡᠷᠡᠭᠯᠡᠭᠰᠡᠨ ᠭᠠᠵᠠᠷ ᠰᠢᠷᠣᠢ ᠶᠢᠨ ᠲᠠᠯᠠᠪᠠᠢ ᠪᠠᠷ ᠪᠤᠳᠤᠵᠤ | ᠲᠠᠲᠠᠪᠤᠷᠢᠯᠠᠨ᠎ᠠ; ᠨᠡᠭᠡᠭᠡᠨ ᠮᠠᠯᠲᠠᠬᠤ ᠬᠤᠭᠤᠴᠠᠭᠠᠨ ᠳᠤ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠠᠴᠠ | ᠪᠤᠰᠤᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠬᠡᠮᠵᠢᠶ᠎ᠡ ᠪᠠᠷ ᠨᠢ ᠪᠤᠳᠤᠵᠤ | ᠲᠠᠲᠠᠪᠤᠷᠢᠯᠠᠨ᠎ᠠ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠶᠢ ᠰᠢᠲᠠᠮᠠᠬᠠᠢ ᠬᠡᠢ ᠦᠢᠯᠡᠳᠪᠦᠷᠢᠯᠡᠬᠦ | ᠬᠤᠳᠳᠤᠭ ᠤᠨ ᠡᠵᠡᠯᠡᠬᠦ ᠲᠠᠯᠠᠪᠠᠢ ᠪᠠᠷ ᠨᠢ ᠵᠢᠯ ᠪᠦᠷᠢ ᠪᠤᠳᠤᠵᠤ ᠲᠠᠲᠠᠪᠤᠷᠢᠯᠠᠨ᠎ᠠ᠃ | 3.ᠰᠢᠷᠣᠢ ᠠᠪᠤᠭᠰᠠᠨ᠂ ᠡᠯᠡᠰᠦ ᠮᠠᠯᠲᠠᠭᠰᠠᠨ᠂ ᠴᠢᠯᠠᠭᠤ ᠭᠠᠷᠭᠠᠭᠰᠠᠨ ᠵᠢᠴᠢ ᠲᠣᠭᠤᠰᠬ᠎ᠠ᠂ ᠸᠠᠭᠠᠷ᠂ ᠱᠠᠭᠠᠵᠠᠩ᠂ | ᠴᠣᠬᠤᠢ ᠰᠢᠲᠠᠭᠠᠭᠰᠠᠨ ᠪᠠᠶᠢᠪᠠᠯ᠂ ᠰᠢᠷᠣᠢ ᠠᠪᠤᠭᠰᠠᠨ᠂ ᠡᠯᠡᠰᠦ ᠮᠠᠯᠲᠠᠭᠰᠠᠨ᠂ ᠴᠢᠯᠠᠭᠤ ᠭᠠᠷᠭᠠᠭᠰᠠᠨ ᠬᠡᠮᠵᠢᠶ᠎ᠡ ᠪᠠᠷ ᠨᠢ | ᠪᠤᠳᠤᠵᠤ ᠲᠠᠲᠠᠪᠤᠷᠢᠯᠠᠨ᠎ᠠ᠃ | 4.ᠬᠠᠶᠠᠭᠳᠠᠮᠠᠯ ᠰᠢᠷᠣᠢ᠂ ᠴᠢᠯᠠᠭᠤ᠂ ᠰᠢᠭᠠᠷᠤ ᠶᠢ ᠢᠯᠭᠠᠨ ᠭᠠᠷᠭᠠᠭᠰᠠᠨ ᠪᠠᠶᠢᠪᠠᠯ᠂ ᠢᠯᠭᠠᠨ ᠭᠠᠷᠭᠠᠭᠰᠠᠨ | ᠬᠡᠮᠵᠢᠶ᠎ᠡ ᠪᠠᠷ ᠨᠢ ᠪᠤᠳᠤᠵᠤ ᠲᠠᠲᠠᠪᠤᠷᠢᠯᠠᠨ᠎ᠠ᠃ᠲᠤᠰᠢᠶᠠᠬᠤ ᠡᠭᠦᠷᠭᠡᠲᠦ ᠬᠥᠮᠥᠨ ᠠᠴᠠ ᠨᠢᠭᠡᠨᠲᠡ ᠡᠮᠦᠨᠡᠬᠢ ᠭᠤᠷᠪᠠᠨ | ᠵᠦᠢᠯ ᠤᠨ ᠠᠷᠭ᠎ᠠ ᠮᠠᠶ᠋ᠢᠭ ᠢᠶᠠᠷ ᠬᠥᠷᠥᠰᠥ ᠰᠢᠷᠣᠢ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠪᠤᠳᠤᠵᠤ | ᠲᠠᠲᠠᠪᠤᠷᠢᠯᠠᠭᠰᠠᠨ ᠪᠠᠶᠢᠪᠠᠯ᠂ ᠲᠡᠭᠦᠨ ᠤ ᠭᠠᠳᠠᠭᠰᠢᠯᠠᠭᠤᠯᠤᠭᠰᠠᠨ ᠬᠠᠶᠠᠭᠳᠠᠮᠠᠯ ᠰᠢᠷᠣᠢ᠂ ᠴᠢᠯᠠᠭᠤ᠂ ᠰᠢᠭᠠᠷᠤ ᠶᠢ | ᠭᠠᠳᠠᠭᠰᠢᠯᠠᠭᠤᠯᠬᠤ ᠬᠡᠮᠵᠢᠶ᠎ᠡ ᠪᠠᠷ ᠲᠠᠬᠢᠨ ᠳᠠᠪᠲᠠᠨ ᠪᠤᠳᠤᠵᠤ ᠲᠠᠲᠠᠪᠤᠷᠢᠯᠠᠬᠤ ᠦᠭᠡᠢ᠃ | ︵ᠭᠤᠷᠪᠠ︶ ᠬᠥᠷᠥᠰᠥ ᠰᠢᠷᠣᠢ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠬᠡᠯᠲᠦᠷᠢᠭᠦᠯᠬᠦ ᠬᠡᠪᠴᠢᠶ᠎ᠡ | 1. ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠦᠢᠯᠡᠴᠢᠯᠡᠭᠡᠨ ᠤ | ᠪᠡᠯᠡᠳᠬᠡᠮᠵᠢ᠂ ᠥᠨᠥᠴᠢᠨ ᠬᠡᠦᠬᠡᠳ ᠤᠨ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ ᠵᠡᠷᠭᠡ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠢᠨᠵᠧᠨᠧᠷᠢᠩ ᠤᠨ ᠲᠥᠷᠥᠯ ᠵᠦᠢᠯ ᠢ ᠪᠦᠲᠦᠭᠡᠨ ᠪᠠᠶᠢᠭᠤᠯᠤᠭᠰᠠᠨ᠃ | 2. ᠲᠠᠷᠢᠶᠠᠴᠢᠳ ᠬᠠᠤᠯᠢ ᠶᠣᠰᠣᠭᠠᠷ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢ | ᠠᠰᠢᠭᠯᠠᠨ ᠬᠤᠪᠢ ᠶᠢᠨ ᠬᠡᠷᠡᠭᠯᠡᠭᠡᠨ ᠤ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠤᠭᠰᠠᠨ᠂ ᠲᠠᠬᠢᠨ ᠪᠠᠶᠢᠭᠤᠯᠤᠭᠰᠠᠨ᠃ | | 3.ᠬᠤᠯᠪᠣᠭᠳᠠᠯ ᠪᠦᠬᠦᠢ ᠲᠥᠯᠦᠪᠵᠢᠭᠦᠯᠭᠡ ᠶᠣᠰᠣᠭᠠᠷ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠭᠠᠵᠠᠷ ᠰᠢᠷᠣᠢ ᠶᠢ ᠴᠡᠭᠴᠡᠯᠡᠨ ᠵᠠᠰᠠᠬᠤ | ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ᠃ | 4. ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ ᠬᠤᠲᠠ ᠶᠢᠨ ᠶᠠᠪᠤᠳᠠᠯ ᠤᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠪᠦᠲᠦᠭᠡᠨ | ᠪᠠᠶᠢᠭᠤᠯᠤᠭᠰᠠᠨ᠃ | 5.ᠴᠡᠷᠢᠭ ᠤᠨ ᠶᠠᠪᠤᠳᠠᠯ ᠤᠨ ᠲᠥᠬᠦᠭᠡᠷᠦᠮᠵᠢ ᠪᠠᠶᠢᠭᠤᠯᠤᠭᠰᠠᠨ᠃ | 6. ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢᠨ ᠶᠣᠰᠣᠭᠠᠷ ᠬᠥᠷᠥᠰᠥ ᠰᠢᠷᠣᠢ ᠶᠢᠨ | ᠢᠳᠡᠭᠳᠡᠯ ᠢ ᠵᠠᠰᠠᠬᠤ ᠠᠵᠢᠯᠯᠠᠭ᠎ᠠ ᠥᠷᠨᠢᠭᠦᠯᠦᠭᠰᠡᠨ᠃ | 7.ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠬᠥᠷᠥᠰᠥ ᠰᠢᠷᠣᠢ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠬᠡᠯᠲᠦᠷᠢᠭᠦᠯᠬᠦ ᠪᠠᠷ | ᠲᠣᠭᠲᠠᠭᠠᠭᠰᠠᠨ ᠪᠤᠰᠤᠳ ᠪᠠᠶᠢᠳᠠᠯ ᠤᠳ᠃ | ︵ᠳᠥᠷᠪᠡ︶ ᠬᠥᠷᠥᠰᠥ ᠰᠢᠷᠣᠢ ᠶᠢ ᠬᠠᠮᠠᠭᠠᠯᠠᠬᠤ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ | 1. ᠡᠩ ᠤᠨ ᠴᠢᠨᠠᠷᠲᠠᠢ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠣᠯ | ᠲᠠᠲᠠᠪᠤᠷᠢᠯᠠᠨ ᠬᠡᠷᠡᠭᠯᠡᠬᠦ ᠭᠠᠵᠠᠷ ᠰᠢᠷᠣᠢ ᠶᠢᠨ ᠲᠠᠯᠠᠪᠠᠢ ᠪᠠᠷ ᠪᠤᠳᠤᠵᠤ ᠲᠠᠲᠠᠪᠤᠷᠢᠯᠠᠨ᠎ᠠ᠂ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠲᠡᠭᠰᠢ ᠳᠥᠷᠪᠡᠯᠵᠢᠨ ᠮᠧᠷ᠊ ᠪᠦᠷᠢ ᠲᠤ 1.7 ᠲᠥᠭᠦᠷᠢᠭ ︵1 ᠲᠡᠭᠰᠢ ᠳᠥᠷᠪᠡᠯᠵᠢᠨ ᠮᠧᠷ᠊ ᠬᠦᠷᠬᠦ | ᠦᠭᠡᠢ ᠪᠣᠯ 1 ᠲᠡᠭᠰᠢ ᠳᠥᠷᠪᠡᠯᠵᠢᠨ ᠮᠧᠷ᠊ ᠢᠶᠠᠷ ᠪᠤᠳᠤᠨ᠎ᠠ᠂ ᠳᠣᠷᠣᠭᠰᠢ ᠠᠳᠠᠯᠢ︶ ᠢᠶᠠᠷ ᠪᠤᠳᠤᠨ᠎ᠠ᠃ | ᠤᠰᠤᠨ ᠠᠰᠢᠭᠯᠠᠯᠲᠠ ᠤᠰᠤᠨ ᠴᠠᠬᠢᠯᠭᠠᠨᠣ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯᠣᠨ ᠤᠰᠤᠨ ᠴᠥᠭᠦᠷᠥᠮᠣᠨ ᠵᠢᠪᠪᠦᠭᠰᠡᠨ ᠣᠷᠣᠨ ᠨᠢ ᠬᠥᠷᠥᠰᠥ ᠰᠢᠷᠣᠢ ᠶᠢ ᠬᠠᠮᠠᠭᠠᠯᠠᠬᠤ ᠲᠥᠯᠥᠪᠦᠷᠢ ᠶᠢᠨ | ᠰᠦᠢᠳᠬᠡᠯᠢ ᠪᠤᠳᠤᠵᠤ ᠲᠠᠲᠠᠪᠤᠷᠢᠯᠠᠬᠤ ᠬᠡᠪᠴᠢᠶᠡᠨ ᠳᠣᠲᠣᠷ᠎ᠠ ᠪᠠᠶᠢᠬᠤ ᠦᠭᠡᠢ᠃ | 2. ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠪᠠᠯ᠂ ᠪᠦᠲᠦᠭᠡᠨ ᠪᠠᠶᠢᠭᠤᠯᠬᠤ | ᠬᠤᠭᠤᠴᠠᠭᠠᠨ᠂ ᠲᠠᠲᠠᠪᠤᠷᠢᠯᠠᠨ ᠬᠡᠷᠡᠭᠯᠡᠬᠦ ᠭᠠᠵᠠᠷ ᠰᠢᠷᠣᠢ ᠶᠢᠨ ᠲᠠᠯᠠᠪᠠᠢ ᠪᠠᠷ ᠨᠢᠭᠡ ᠤᠳᠠᠭ᠎ᠠ ᠶᠢᠨ ᠴᠢᠨᠠᠷᠲᠠᠢ ᠪᠠᠷ | ᠪᠤᠳᠤᠵᠤ ᠲᠠᠲᠠᠪᠤᠷᠢᠯᠠᠨ᠎ᠠ᠂ ᠪᠣᠳᠠᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠡᠭᠰᠢ ᠳᠥᠷᠪᠡᠯᠵᠢᠨ ᠮᠧᠷ᠊ ᠪᠦᠷᠢ ᠲᠤ | 1.7 ᠲᠥᠭᠦᠷᠢᠭ ︵1 ᠲᠡᠭᠰᠢ ᠳᠥᠷᠪᠡᠯᠵᠢᠨ ᠮᠧᠷ᠊ ᠬᠦᠷᠬᠦ ᠦᠭᠡᠢ ᠪᠣᠯ 1 ᠲᠡᠭᠰᠢ ᠳᠥᠷᠪᠡᠯᠵᠢᠨ ᠮᠧᠷ᠊ ᠢᠶᠠᠷ | ᠪᠤᠳᠤᠨ᠎ᠠ︶ ᠢᠶᠠᠷ ᠪᠤᠳᠤᠨ᠎ᠠ ᠨᠡᠭᠡᠭᠡᠨ ᠮᠠᠯᠲᠠᠬᠤ ᠬᠤᠭᠤᠴᠠᠭᠠᠨ ᠳᠤ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ | ᠬᠡᠢ ᠠᠴᠠ ᠪᠤᠰᠤᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ ᠬᠡᠮᠵᠢᠶ᠎ᠡ ︵ᠮᠠᠯᠲᠠᠬᠤ᠂ | ᠮᠠᠯᠲᠠᠬᠤ ᠶᠡᠷᠦᠩᠬᠡᠢ ᠬᠡᠮᠵᠢᠶ᠎ᠡ︶ ᠪᠠᠷ ᠪᠤᠳᠤᠵᠤ ᠲᠠᠲᠠᠪᠤᠷᠢᠯᠠᠨ᠎ᠠ︔ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ | ᠬᠡᠢ ᠶᠢ ᠲᠣᠰᠣ᠂ ᠰᠢᠲᠠᠮᠠᠬᠠᠢ ᠬᠡᠢ ᠶᠢᠨ ᠦᠢᠯᠡᠳᠪᠦᠷᠢᠯᠡᠯ ᠤᠨ ᠬᠤᠳᠳᠤᠭ ︵ᠤᠰᠤᠨ ᠬᠤᠳᠳᠤᠭ᠂ ᠬᠠᠶᠢᠨ ᠰᠢᠨᠵᠢᠬᠦ | ᠬᠤᠳᠳᠤᠭ ᠪᠠᠭᠲᠠᠬᠤ ᠦᠭᠡᠢ︶ ᠤᠨ ᠡᠵᠡᠯᠡᠬᠦ ᠲᠠᠯᠠᠪᠠᠶ ᠶᠢ ᠦᠨᠳᠦᠰᠦᠯᠡᠨ ᠵᠢᠯ ᠢᠶᠠᠷ ᠲᠠᠲᠠᠪᠤᠷᠢᠯᠠᠵᠤ᠂ ᠲᠣᠰᠣ᠂ | ᠰᠢᠲᠠᠮᠠᠬᠠᠢ ᠬᠡᠢ ᠶᠢᠨ ᠦᠢᠯᠡᠳᠪᠦᠷᠢᠯᠡᠯ ᠤᠨ ᠬᠤᠳᠳᠤᠭ ᠨᠢᠭᠡᠪᠦᠷᠢ ᠶᠢᠨ ᠡᠵᠡᠯᠡᠬᠦ ᠲᠠᠯᠠᠪᠠᠶ ᠶᠢ 2000 ᠲᠡᠭᠰᠢ | ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ᠪᠠᠷ ᠪᠤᠳᠤᠨ᠎ᠠ︔ᠳᠠᠭᠠᠯᠲᠠ ᠬᠡᠯᠪᠡᠷᠢ ᠶᠢᠨ ᠬᠤᠳᠳᠤᠭ ᠲᠤ ᠨᠢᠭᠡ | ᠬᠤᠳᠳᠤᠭ ᠨᠡᠮᠡᠬᠦ ᠪᠦᠷᠢ᠂ ᠨᠡᠮᠡᠵᠦ ᠲᠠᠲᠠᠪᠤᠷᠢᠯᠠᠬᠤ ᠲᠠᠯᠠᠪᠠᠶ ᠶᠢ 400 ᠲᠡᠭᠰᠢ ᠳᠥᠷᠪᠡᠯᠵᠢᠨ ᠮᠧᠲᠷ ᠠᠴᠠ | ᠬᠡᠲᠦᠷᠡᠭᠦᠯᠬᠦ ᠦᠭᠡᠢ ᠪᠠᠷ ᠪᠤᠳᠤᠵᠤ᠂ ᠲᠡᠭᠰᠢ ᠳᠥᠷᠪᠡᠯᠵᠢᠨ ᠮᠧᠲᠷ ᠪᠦᠷᠢ ᠶᠢᠨ ᠵᠢᠯ ᠪᠦᠷᠢ ᠶᠢᠨ ᠰᠦᠢᠳᠬᠡᠯ | ᠬᠤᠷᠢᠶᠠᠬᠤ ᠪᠠᠷᠢᠮᠵᠢᠶ᠎ᠠ ᠶᠢ 1.4 ᠲᠥᠭᠦᠷᠢᠭ ᠠᠴᠠ ᠬᠡᠲᠦᠷᠡᠭᠦᠯᠬᠦ ᠦᠭᠡᠢ᠃ | 3.ᠰᠢᠷᠣᠢ ᠠᠪᠬᠤ᠂ ᠡᠯᠡᠰᠦ ᠮᠠᠯᠲᠠᠬᠤ ︵ᠭᠤᠣᠯ ᠤᠨ ᠵᠠᠮ ᠠᠴᠠ ᠡᠯᠡᠰᠦ ᠮᠠᠯᠲᠠᠭᠰᠠᠨ ᠠᠴᠠ ᠭᠠᠳᠠᠨ᠎ᠠ︶᠂ | ᠴᠢᠯᠠᠭᠤ ᠭᠠᠷᠭᠠᠬᠤ ᠵᠢᠴᠢ ᠲᠣᠭᠤᠰᠬ᠎ᠠ᠂ ᠸᠠᠭᠠᠷ᠂ ᠱᠠᠭᠠᠵᠠᠩ᠂ ᠴᠣᠬᠤᠢ ᠰᠢᠲᠠᠭᠠᠵᠤ ᠦᠢᠯᠡᠳᠦᠭᠰᠡᠨ ᠪᠣᠯ ᠰᠢᠷᠣᠢ | ᠠᠪᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ ᠬᠡᠮᠵᠢᠶ᠎ᠡ ᠶᠢ ᠨᠢ ᠦᠨᠳᠦᠰᠦᠯᠡᠨ᠂ ᠪᠣᠰᠤᠭ᠎ᠠ ᠳᠥᠷᠪᠡᠯᠵᠢᠨ ᠮᠧᠲᠷ | ᠪᠦᠷᠢ ᠠᠴᠠ 0.3-1 ᠲᠥᠭᠦᠷᠢᠭ ᠢᠶᠠᠷ ᠪᠤᠳᠤᠵᠤ ᠲᠠᠲᠠᠪᠤᠷᠢᠯᠠᠨ᠎ᠠ︵1 ᠪᠣᠰᠤᠭ᠎ᠠ ᠳᠥᠷᠪᠡᠯᠵᠢᠨ ᠮᠧᠲᠷ ᠬᠦᠷᠬᠦ ᠦᠭᠡᠢ | ᠪᠣᠯ 1 ᠪᠣᠰᠤᠭ᠎ᠠ ᠳᠥᠷᠪᠡᠯᠵᠢᠨ ᠮᠧᠲᠷ ᠢᠶᠠᠷ ᠪᠤᠳᠤᠨ᠎ᠠ︶᠃ {ᠪᠣᠰᠤᠭ᠎ᠠ ᠳᠥᠷᠪᠡᠯᠵᠢᠨ ᠮᠧᠲᠷ ᠲᠤ ᠬᠦᠷᠬᠦ ᠦᠭᠡᠢ ᠶᠢ | ᠨᠢ 1 ᠪᠣᠰᠤᠭ᠎ᠠ ᠳᠥᠷᠪᠡᠯᠵᠢᠨ ᠮᠧᠲᠷ ᠢᠶᠠᠷ ᠪᠤᠳᠤᠨ᠎ᠠ︶᠃ {ᠪᠣᠰᠤᠭ᠎ᠠ ᠳᠥᠷᠪᠡᠯᠵᠢᠨ ᠮᠧᠲᠷ ᠲᠤ ᠬᠦᠷᠬᠦ ᠦᠭᠡᠢ ᠶᠢ | ᠨᠢ 1 ᠪᠣᠰᠤᠭ᠎ᠠ ᠳᠥᠷᠪᠡᠯᠵᠢᠨ ᠮᠧᠲᠷ ᠢᠶᠠᠷ ᠪᠤᠳᠤᠨ᠎ᠠ︶᠃ᠲᠤᠰᠢᠶᠠᠬᠤ ᠡᠭᠦᠷᠭᠡᠲᠦ ᠬᠥᠮᠥᠨ ᠠᠴᠠ ᠡᠮᠦᠨᠡᠬᠢ ᠬᠤᠶᠠᠷ | ᠵᠦᠢᠯ ᠤᠨ ᠠᠷᠭ᠎ᠠ ᠮᠠᠶ᠋ᠢᠭ ᠢᠶᠠᠷ ᠬᠥᠷᠥᠰᠥ ᠰᠢᠷᠣᠢ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠨᠢᠭᠡᠨᠲᠡ | ᠪᠤᠳᠤᠵᠤ ᠲᠠᠲᠠᠪᠤᠷᠢᠯᠠᠭᠰᠠᠨ ᠪᠠᠶᠢᠪᠠᠯ᠂ ᠲᠠᠬᠢᠵᠤ ᠳᠠᠪᠬᠤᠷᠳᠠᠭᠤᠯᠤᠨ ᠪᠤᠳᠤᠵᠤ ᠲᠠᠲᠠᠪᠤᠷᠢᠯᠠᠬᠤ ᠦᠭᠡᠢ᠃ | 4. ᠬᠠᠶᠠᠭᠳᠠᠮᠠᠯ ᠰᠢᠷᠣᠢ᠂ ᠴᠢᠯᠠᠭᠤ᠂ ᠰᠢᠭᠠᠷᠤ ᠶᠢ ᠢᠯᠭᠠᠨ ᠬᠠᠶᠠᠭᠰᠠᠨ ᠪᠠᠶᠢᠪᠠᠯ᠂ ᠰᠢᠷᠣᠢ᠂ ᠴᠢᠯᠠᠭᠤ᠂ | ᠰᠢᠭᠠᠷᠤ ᠶᠢᠨ ᠬᠡᠮᠵᠢᠶ᠎ᠡ ᠶᠢ ᠦᠨᠳᠦᠰᠦᠯᠡᠨ᠂ ᠺᠦᠪ ᠮᠧᠲᠷ ᠪᠦᠷᠢ ᠳᠤ 0.3-1 ᠲᠥᠭᠦᠷᠢᠭ ᠢᠶᠠᠷ ᠪᠤᠳᠤᠵᠤ | ᠲᠠᠲᠠᠪᠤᠷᠢᠯᠠᠨ᠎ᠠ︵1 ᠺᠦᠪ ᠮᠧᠲᠷ ᠬᠦᠷᠬᠦ ᠦᠭᠡᠢ ᠪᠣᠯ 1 ᠺᠦᠪ ᠮᠧᠲᠷ ᠢᠶᠠᠷ ᠪᠤᠳᠤᠨ᠎ᠠ︶᠃ᠲᠤᠰᠢᠶᠠᠬᠤ ᠡᠭᠦᠷᠭᠡᠲᠦ | ᠬᠥᠮᠥᠨ ᠠᠴᠠ ᠨᠢᠭᠡᠨᠲᠡ ᠡᠮᠦᠨᠡᠬᠢ ᠭᠤᠷᠪᠠᠨ ᠵᠦᠢᠯ ᠤᠨ ᠠᠷᠭ᠎ᠠ ᠮᠠᠶ᠋ᠢᠭ ᠢᠶᠠᠷ ᠬᠥᠷᠥᠰᠥ ᠰᠢᠷᠣᠢ ᠶᠢ ᠬᠠᠮᠠᠭᠠᠯᠠᠬᠤ | ᠲᠥᠯᠥᠪᠦᠷᠢ ᠶᠢᠨ ᠰᠦᠢᠳᠬᠡᠯ ᠢ ᠪᠤᠳᠤᠵᠤ ᠲᠠᠲᠠᠪᠤᠷᠢᠯᠠᠭᠰᠠᠨ ᠪᠠᠶᠢᠪᠠᠯ᠂ ᠲᠠᠬᠢᠵᠤ ᠳᠠᠪᠬᠤᠷᠳᠠᠭᠤᠯᠤᠨ ᠪᠤᠳᠤᠵᠤ | ᠲᠠᠲᠠᠪᠤᠷᠢᠯᠠᠬᠤ ᠦᠭᠡᠢ᠃ | ︵ᠲᠠᠪᠤ︶ ᠬᠥᠷᠥᠰᠥ ᠰᠢᠷᠣᠢ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠤᠨ ᠬᠤᠪᠢᠳᠠᠬᠤ ᠬᠠᠷᠢᠴᠠᠯ | ︽ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠪᠤᠭᠤᠲᠤ ᠬᠤᠲᠠ ᠶᠢᠨ ᠤᠰᠤᠨ ᠤ | ᠶᠠᠪᠤᠳᠠᠯ ᠤᠨ ᠲᠣᠪᠴᠢᠶ᠎ᠠ ᠶᠢᠨ ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠪᠤᠭᠤᠲᠤ ᠬᠤᠲᠠ ᠶᠢᠨ ᠲᠥᠪ ᠰᠠᠯᠪᠤᠷᠢ ᠪᠠᠩᠬᠢ ᠶᠢᠨ ᠬᠥᠷᠥᠰᠥ ᠰᠢᠷᠣᠢ ᠶᠢ | ᠬᠠᠮᠠᠭᠠᠯᠠᠬᠤ ᠨᠥᠬᠦᠪᠦᠷᠢ ᠶᠢᠨ ᠰᠦᠢᠳᠬᠡᠯ ᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠬᠤᠪᠢᠶᠠᠷᠢᠯᠠᠨ | ᠰᠢᠯᠵᠢᠭᠦᠯᠵᠦ ᠲᠠᠲᠠᠪᠤᠷᠢᠯᠠᠬᠤ ᠬᠤᠯᠪᠣᠭᠳᠠᠯ ᠪᠦᠬᠦᠢ ᠵᠦᠢᠯᠡᠰ ᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ | ᠮᠡᠳᠡᠭᠳᠡᠯ︾ ︵ᠪᠦᠦ ᠼᠠᠢ ᠤᠷᠢᠳᠴᠢᠯᠠᠨ ﹇2021﹈ 768 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠬᠤᠪᠢᠳᠠᠬᠤ ᠬᠠᠷᠢᠴᠠᠯ ᠨᠢ᠄ ᠲᠥᠪ ᠤᠨ 10%᠂ ᠥᠪᠡᠷᠲᠡᠭᠡᠨ ᠵᠠᠰᠠᠬᠤ ᠣᠷᠣᠨ ᠤ 20%᠂ ᠬᠤᠲᠠ ᠶᠢᠨ | ᠱᠠᠲᠤᠨ ᠤ 30%᠂ ᠬᠤᠰᠢᠭᠤ ᠰᠢᠶᠠᠨ ᠲᠣᠭᠤᠷᠢᠭ ᠤᠨ 40% ᠪᠣᠯᠣᠨ᠎ᠠ᠃ | ︵ᠵᠢᠷᠭᠤᠭ᠎ᠠ︶ ᠬᠥᠷᠥᠰᠥ ᠰᠢᠷᠣᠢ ᠶᠢ ᠬᠠᠮᠠᠭᠠᠯᠠᠬᠤ ᠶᠢ ᠬᠢᠨᠠᠨ ᠵᠥᠪᠰᠢᠶᠡᠷᠡᠬᠦ ᠪᠠ ᠰᠢᠯᠭᠠᠨ ᠠᠪᠬᠤ | 1. ᠬᠢᠨᠠᠨ ᠵᠥᠪᠰᠢᠶᠡᠷᠡᠬᠦ᠄ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠱᠠᠲᠤ ᠬᠤᠪᠢᠶᠠᠨ ᠬᠢᠨᠠᠨ | ᠵᠥᠪᠰᠢᠶᠡᠷᠡᠬᠦ ᠶᠢ ᠬᠡᠷᠡᠭᠵᠢᠭᠦᠯᠦᠨ᠎ᠡ᠃ | ᠲᠤᠶᠢᠷᠦ ᠶᠢᠨ ᠶᠠᠪᠤᠳᠠᠯ ᠤᠨ ᠬᠤᠷᠢᠶ᠎ᠠ ᠪᠤᠶᠤ ᠲᠤᠶᠢᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ᠂ ᠬᠢᠨᠠᠨ ᠵᠥᠪᠰᠢᠶᠡᠷᠡᠭᠰᠡᠨ᠂ ᠳᠠᠩᠰᠠᠯᠠᠭᠤᠯᠤᠭᠰᠠᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠤᠰᠦᠠ | ᠠᠰᠢᠭᠯᠠᠯᠲᠠ ᠶᠢᠨ ᠶᠠᠮᠤᠨ ᠠᠴᠠ ᠬᠢᠨᠠᠨ ᠵᠥᠪᠰᠢᠶᠡᠷᠡᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ | ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ᠂ ᠬᠢᠨᠠᠨ ᠵᠥᠪᠰᠢᠶᠡᠷᠡᠭᠰᠡᠨ᠂ | ᠳᠠᠩᠰᠠᠯᠠᠭᠤᠯᠤᠭᠰᠠᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠥᠷᠥᠰᠥ ᠰᠢᠷᠣᠢ ᠶᠢ | ᠬᠠᠮᠠᠭᠠᠯᠠᠬᠤ ᠲᠥᠰᠥᠯ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠵᠥᠪᠰᠢᠶᠡᠷᠡᠨ᠎ᠡ᠃ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ | ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ | ᠵᠥᠪᠰᠢᠶᠡᠷᠡᠨ᠎ᠡ᠃ | 2.ᠰᠢᠯᠭᠠᠨ ᠠᠪᠬᠤ᠄ ︽ᠬᠡᠨ ᠬᠢᠨᠠᠨ ᠵᠥᠪᠰᠢᠶᠡᠷᠡᠭᠰᠡᠨ ᠪᠣᠯ ᠲᠡᠷᠡ ᠰᠢᠯᠭᠠᠨ ᠠᠪᠬᠤ︾ ᠵᠠᠷᠴᠢᠮ ᠤᠨ ᠶᠣᠰᠣᠭᠠᠷ | ᠬᠡᠷᠡᠭᠵᠢᠭᠦᠯᠦᠨ᠎ᠡ᠃ | ︵ᠲᠤᠯᠤᠭ᠎ᠠ︶ ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠬᠡᠮᠵᠢᠯᠲᠡ | ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠠᠯᠤᠰ ᠰᠡᠷᠡᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ ᠬᠢᠨᠠᠨ | ᠬᠡᠮᠵᠢᠬᠦ ᠥᠷᠲᠡᠭᠡ ᠴᠢᠭ᠋ ᠤᠨ ᠬᠢᠨᠠᠨ ᠬᠡᠮᠵᠢᠯᠲᠡ ᠪᠠᠷ ᠰᠠᠭᠤᠷᠢ ᠪᠣᠯᠭᠠᠭᠰᠠᠨ᠂ ᠪᠠᠶᠢᠩᠭᠤ ᠶᠢᠨ ᠬᠥᠳᠡᠯᠦᠩᠭᠦᠢ ᠬᠢᠨᠠᠨ | ᠬᠡᠮᠵᠢᠯᠲᠡ ᠪᠠᠷ ᠭᠤᠣᠯ ᠪᠣᠯᠭᠠᠭᠰᠠᠨ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠬᠦ ᠪᠠᠷ ᠨᠥᠬᠦᠪᠦᠷᠢ | ᠪᠣᠯᠭᠠᠭᠰᠠᠨ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠬᠢᠨᠠᠨ ᠬᠡᠮᠵᠢᠯᠲᠡ ᠶᠢᠨ ᠰᠢᠰᠲ᠋ᠧᠮᠵᠢ ᠶᠢ ᠪᠠᠶᠢᠭᠤᠯᠵᠤ᠂ | ᠬᠦᠴᠦᠨ ᠢᠶᠠᠨ ᠲᠥᠪᠯᠡᠷᠡᠭᠦᠯᠦᠨ ᠬᠢᠨᠠᠨ ᠬᠠᠮᠢᠶᠠᠷᠴᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃ | ᠠᠰᠠᠭᠤᠳᠠᠯ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ | ᠠᠰᠠᠭᠤᠳᠠᠯ ᠤᠨ ᠡᠬᠡ ᠲᠠᠩᠰᠠ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠥᠳᠡᠯᠦᠩᠭᠦᠢ ᠪᠠᠷ ᠲᠡᠭ ᠪᠣᠯᠭᠠᠬᠤ ᠶᠢ ᠬᠡᠷᠡᠭᠵᠢᠭᠦᠯᠦᠨ᠎ᠡ᠃ | ᠵᠣᠷᠢᠭᠤᠳᠠ ᠶᠢᠨ ᠬᠥᠷᠥᠰᠥ ᠰᠢᠷᠣᠢ ᠶᠢᠨ ᠢᠳᠡᠭᠳᠡᠯ ᠤᠨ ᠲᠦᠭᠰᠢᠭᠦᠷᠢ ᠶᠢ ᠮᠥᠷᠳᠡᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠴᠠᠵᠢᠭᠤᠯᠬᠤ᠂ ᠣᠶᠤᠨᠴᠢᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠲᠦᠭᠰᠢᠭᠦᠷᠢ ᠦᠭᠡᠢ ᠪᠣᠯ ᠬᠠᠷᠰᠢᠯᠠᠬᠤ ᠦᠭᠡᠢ᠂ ᠲᠦᠭᠰᠢᠭᠦᠷᠢ ᠪᠠᠭ᠎ᠠ ᠪᠣᠯ ᠤᠷᠢᠳᠴᠢᠯᠠᠨ | ᠰᠠᠨᠠᠭᠤᠯᠬᠤ᠂ ᠳᠤᠮᠳᠠ ᠶᠡᠭᠡ ᠲᠦᠭᠰᠢᠭᠦᠷᠢ ᠶᠢ ᠴᠢᠩᠭ᠎ᠠ ᠬᠢᠨᠠᠨ ᠡᠵᠡᠮᠳᠡᠬᠦ ᠶᠢ ᠪᠡᠶᠡᠯᠡᠭᠦᠯᠬᠦ ᠶᠢ ᠠᠬᠢᠭᠤᠯᠤᠨ᠎ᠠ᠃ᠪᠦᠬᠦ | ᠨᠡᠶᠢᠭᠡᠮ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠬᠦ᠃ | ᠵᠢᠷᠭᠤᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ ᠬᠢᠭᠡᠳ ᠡᠭᠦᠷᠭᠡ ᠶᠢᠨ ᠬᠤᠪᠢᠶᠠᠷᠢᠯᠠᠯ | ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠄ ︽ᠪᠤᠭᠤᠲᠤ ᠬᠤᠲᠠ ᠶᠢᠨ ᠬᠥᠷᠥᠰᠥ | ᠰᠢᠷᠣᠢ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢ ᠰᠢᠯᠭᠠᠨ ᠬᠢᠨᠠᠬᠤ ᠠᠷᠭ᠎ᠠ︾ ᠶᠢᠨ ᠱᠠᠭᠠᠷᠳᠠᠯᠭ᠎ᠠ ᠶᠣᠰᠣᠭᠠᠷ | ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠥᠷᠥᠰᠥ ᠰᠢᠷᠣᠢ ᠶᠢ ᠬᠠᠮᠠᠭᠠᠯᠠᠬᠤ ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ ᠪᠠ ᠰᠢᠯᠭᠠᠨ ᠬᠢᠨᠠᠵᠤ ᠱᠠᠩᠨᠠᠵᠤ ᠲᠣᠷᠭᠠᠬᠤ ᠳᠦᠷᠢᠮ ᠢ ᠬᠡᠷᠡᠭᠵᠢᠭᠦᠯᠵᠦ᠂ ᠰᠢᠯᠭᠠᠨ | ᠬᠢᠨᠠᠭᠰᠠᠨ ᠦᠷ᠎ᠡ ᠳ᠋ᠦᠩ ᠢ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠶᠡᠷᠦᠩᠬᠡᠶᠢᠯᠡᠭᠰᠡᠨ ᠰᠢᠯᠭᠠᠨ ᠬᠢᠨᠠᠵᠤ | ᠦᠨᠡᠯᠡᠬᠦ ᠵᠢᠴᠢ ᠬᠠᠷᠢᠭᠤᠴᠠᠯᠭ᠎ᠠ ᠨᠡᠬᠡᠮᠵᠢᠯᠡᠬᠦ ᠶᠢᠨ ᠴᠢᠬᠤᠯᠠ ᠦᠨᠳᠦᠰᠦᠯᠡᠯ ᠤᠨ ᠨᠢᠭᠡ ᠪᠣᠯᠭᠠᠨ᠎ᠠ᠃ | ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠄ ᠬᠥᠷᠥᠰᠥ ᠰᠢᠷᠣᠢ ᠶᠢ ᠬᠠᠮᠠᠭᠠᠯᠠᠬᠤ ᠠᠵᠢᠯ ᠤᠨ | ᠬᠠᠮᠢᠶ᠎ᠠ ᠪᠦᠬᠦᠢ ᠤᠬᠠᠭᠤᠯᠭ᠎ᠠ ᠬᠥᠮᠦᠵᠢᠯ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠵᠡᠷᠭᠡ | ᠠᠵᠢᠯ ᠢ ᠬᠠᠷᠢᠭᠤᠴᠠᠨ᠎ᠠ᠃ | ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠄ ᠬᠥᠷᠥᠰᠥ ᠰᠢᠷᠣᠢ ᠶᠢ ᠬᠠᠮᠠᠭᠠᠯᠠᠬᠤ | ᠠᠵᠢᠯ ᠤᠨ ᠪᠠᠶᠢᠭᠤᠯᠤᠮᠵᠢ ᠶᠢᠨ ᠣᠷᠣᠨ ᠲᠤᠭ᠎ᠠ ᠪᠣᠯᠣᠨ ᠡᠭᠦᠷᠭᠡ ᠴᠢᠳᠠᠪᠤᠷᠢ ᠶᠢ ᠲᠣᠬᠢᠷᠠᠭᠤᠯᠬᠤ ᠵᠡᠷᠭᠡ ᠠᠵᠢᠯ ᠢ | ᠬᠠᠷᠢᠭᠤᠴᠠᠨ᠎ᠠ᠃ | ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠄ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠬᠢᠭᠡᠳ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠬᠠᠷᠢᠭᠤᠴᠠᠵᠤ᠂ ᠤᠰᠤᠨ ᠠᠰᠢᠭᠯᠠᠯᠲᠠ ᠶᠢᠨ ᠬᠦᠷᠢᠶᠡᠨ ᠳᠠᠬᠢ | ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠠᠬᠢᠭᠤᠯᠤᠨ᠂ ᠪᠠᠶᠢᠴᠠᠭᠠᠬᠤ | ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠳᠤ ᠬᠢᠨᠠᠯᠲᠠ ᠲᠠᠯᠪᠢᠬᠤ᠂ ᠳᠡᠮᠵᠢᠬᠦ ᠪᠠ ᠬᠠᠤᠯᠢ ᠪᠠᠷ ᠵᠠᠰᠠᠬᠤ | ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠤ ᠬᠦᠷᠢᠶᠡᠨ ᠳᠠᠬᠢ ᠤᠯᠤᠰ ᠤᠨ ᠠᠰᠢᠭ ᠲᠤᠰᠠ | ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠬᠥᠭᠵᠢᠯᠲᠡ ᠶᠢ ᠴᠢᠩᠭᠠᠳᠬᠠᠨ᠂ ᠤᠯᠤᠰ ᠤᠨ ᠤᠰᠤ ᠰᠢᠷᠣᠢ ᠶᠢᠨ | ᠠᠮᠤᠷ ᠲᠦᠪᠰᠢᠨ ᠢ ᠪᠠᠲᠤᠯᠠᠬᠤ ᠃ | ᠥᠪᠥᠷ ᠮᠣᠩᠭᠤᠯ ᠤᠨ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠄ ᠬᠦᠷᠢᠶᠡᠯᠡᠩ ᠲᠣᠭᠤᠷᠢᠭ ᠤᠨ ᠳᠣᠲᠣᠷᠠᠬᠢ ᠬᠥᠷᠥᠰᠥ ᠰᠢᠷᠣᠢ ᠶᠢ | ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠬᠤ ᠶᠢᠨ ᠬᠠᠮᠲᠤ ᠬᠦᠷᠢᠶᠡᠯᠡᠩ ᠲᠣᠭᠤᠷᠢᠭ ᠤᠨ ᠳᠣᠲᠣᠷᠠᠬᠢ ᠲᠥᠷᠥᠯ ᠵᠦᠢᠯ ᠤᠨ ᠨᠢᠭᠡᠴᠡ ᠶᠢ | ᠰᠢᠮᠳᠠᠭᠤᠯᠵᠤ ᠪᠠᠶᠢᠭᠠᠳ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠳᠠᠩᠰᠠᠯᠠᠬᠤ᠂ ᠬᠡᠷᠡᠭᠵᠢᠭᠦᠯᠬᠦ ᠵᠡᠷᠭᠡ | ᠠᠵᠢᠯ ᠢ ᠬᠡᠷᠡᠭᠵᠢᠭᠦᠯᠬᠦ᠃ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ 5 ᠠᠵᠢᠯᠯᠠᠬᠤ ᠡᠳᠦᠷ ᠤᠨ ᠳᠣᠲᠣᠷ᠎ᠠ | ᠲᠥᠷᠥᠯ ᠵᠦᠢᠯ ᠲᠣᠭᠲᠠᠭᠠᠬᠤ᠂ ᠬᠢᠨᠠᠨ ᠵᠥᠪᠰᠢᠶᠡᠷᠡᠵᠦ ᠳᠠᠩᠰᠠᠯᠠᠭᠤᠯᠬᠤ ᠶᠢᠨ ᠬᠥᠷᠥᠰᠥ ᠰᠢᠷᠣᠢ ᠶᠢ ᠬᠠᠮᠠᠭᠠᠯᠠᠬᠤ | ᠲᠥᠰᠥᠯ ᠢ ᠨᠠᠶᠢᠷᠠᠭᠤᠯᠤᠨ ᠮᠡᠳᠡᠭᠦᠯᠬᠦ ᠴᠢᠬᠤᠯᠠᠲᠠᠢ ᠲᠥᠷᠥᠯ ᠵᠦᠢᠯ ᠤᠨ ᠮᠡᠳᠡᠭᠡ ᠵᠠᠩᠭᠢ ᠶᠢ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ ᠳᠤ ᠬᠦᠷᠭᠡᠬᠦ ᠶᠢ ᠬᠠᠷᠢᠭᠤᠴᠠᠨ᠎ᠠ᠃ | ᠣᠷᠣᠨ ᠤ ᠡᠳ᠋ ᠤᠨ ᠵᠠᠰᠠᠭ ᠤᠨ ᠲᠣᠪᠴᠢᠶ᠎ᠠ᠄ ᠣᠷᠣᠨ ᠤ ᠱᠠᠲᠤᠨ ᠤ ᠬᠥᠷᠥᠰᠥ ᠰᠢᠷᠣᠢ ᠶᠢ ᠬᠠᠮᠠᠭᠠᠯᠠᠬᠤ ᠳᠤ | ᠬᠡᠷᠡᠭᠰᠡᠬᠦ ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ᠃ ᠮᠡᠷᠭᠡᠵᠢᠯ ᠤᠨ ᠬᠢᠨᠠᠨ | ᠲᠣᠭᠲᠠᠭᠠᠬᠤ ᠵᠠᠷᠤᠳᠠᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠡᠭᠦᠷᠭᠡᠯᠡᠬᠦ ᠶᠢᠨ ᠬᠠᠮᠲᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠰᠠᠯᠠᠭ᠎ᠠ ᠮᠥᠴᠢᠷ ᠤᠨ ᠣᠨ ᠤ ᠲᠥᠰᠥᠪ ᠲᠤ ᠣᠷᠣᠭᠤᠯᠬᠤ ᠬᠡᠷᠡᠭᠲᠡᠢ᠃ᠤᠯᠤᠰ | ᠪᠣᠯᠣᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠤᠣᠯᠳᠠᠯᠭ᠎ᠠ ᠲᠠᠢ ᠵᠠᠰᠠᠬᠤ ᠲᠥᠷᠥᠯ ᠵᠦᠢᠯ ᠤᠨ ᠵᠠᠷᠤᠳᠠᠯ | ᠵᠢᠴᠢ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠬᠠᠮᠢᠶ᠎ᠠ ᠪᠦᠬᠦᠢ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠬᠥᠷᠥᠰᠥ | ᠰᠢᠷᠣᠢ ᠶᠢ ᠬᠠᠮᠠᠭᠠᠯᠠᠬᠤ ᠬᠠᠮᠢᠶ᠎ᠠ ᠪᠦᠬᠦᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠶᠢ ᠬᠠᠷᠢᠭᠤᠴᠠᠬᠤ᠃ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠄ ᠤᠰᠤᠨ ᠤ ᠶᠠᠪᠤᠳᠠᠯ ᠤᠨ ᠰᠠᠯᠠᠭ᠎ᠠ | ᠮᠥᠴᠢᠷ ᠤᠳ ᠪᠥᠬᠦ ᠣᠷᠣᠨ ᠤ ᠬᠥᠷᠥᠰᠥ ᠰᠢᠷᠣᠢ ᠶᠢ ᠬᠠᠮᠠᠭᠠᠯᠠᠬᠤ ᠶᠢᠨ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ | ᠲᠣᠭᠲᠠᠭᠠᠬᠤ ᠪᠠ ᠣᠨ ᠤ ᠰᠡᠷᠭᠡᠶᠢᠯᠡᠨ ᠵᠠᠰᠠᠬᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ | ᠬᠥᠷᠥᠰᠥ ᠰᠢᠷᠣᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠵᠤ᠂ | ᠬᠥᠷᠥᠰᠥ ᠰᠢᠷᠣᠢ ᠶᠢ ᠬᠠᠮᠠᠭᠠᠯᠠᠬᠤ ᠶᠢᠨ ᠤᠷᠢᠳᠴᠢᠯᠠᠨ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠳᠤᠮᠳᠠ ᠬᠥᠷᠥᠰᠥ ᠰᠢᠷᠣᠢ ᠶᠢ ᠬᠠᠮᠠᠭᠠᠯᠠᠬᠤ | ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠬᠥᠳᠡᠭᠡ | ᠲᠣᠰᠬᠤᠨ᠂ ᠲᠠᠷᠢᠶᠠᠯᠠᠩ ᠤᠨ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠨ᠎ᠠ᠃ᠲᠠᠷᠢᠶᠠᠯᠠᠩ ᠤᠨ ᠨᠡᠭᠡᠭᠡᠨ | ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢᠨ ᠳᠤᠮᠳᠠ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠦᠷ᠎ᠡ ᠪᠦᠲᠦᠮᠵᠢ ᠪᠠᠷ ᠰᠠᠶᠢᠨ ᠲᠠᠷᠢᠶᠠᠯᠠᠩ ᠤᠨ | ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠳ᠋ᠦᠩᠨᠡᠨ ᠳᠡᠯᠭᠡᠷᠡᠭᠦᠯᠵᠦ᠂ ᠲᠠᠷᠢᠶᠠᠯᠠᠩ ᠤᠨ ᠬᠥᠷᠥᠰᠥ ᠰᠢᠷᠣᠢ ᠶᠢᠨ | ᠢᠳᠡᠭᠳᠡᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠬᠢᠷᠢᠪᠥᠬᠦ ᠣᠷᠣᠨ ᠤ ᠬᠥᠷᠥᠰᠥ ᠰᠢᠷᠣᠢ ᠶᠢ | ᠬᠠᠮᠠᠭᠠᠯᠠᠬᠤ ᠤᠢ ᠶᠢᠨ ᠪᠦᠲᠦᠭᠡᠨ ᠪᠠᠶᠢᠭᠤᠯᠤᠯᠲᠠ᠂ ᠤᠰᠤᠨ ᠰᠤᠷᠪᠤᠯᠵᠢ ᠶᠢ ᠬᠠᠳᠠᠭᠠᠯᠠᠬᠤ ᠤᠢ ᠶᠢᠨ ᠪᠦᠲᠦᠭᠡᠨ | ᠪᠠᠶᠢᠭᠤᠯᠤᠯᠲᠠ᠂ ᠠᠭᠯᠠᠭ ᠠᠭᠤᠯᠠ ᠶᠢ ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠵᠡᠷᠭᠡ ᠠᠵᠢᠯ | ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ᠃ᠣᠶᠢᠵᠢᠭᠤᠯᠬᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ | ᠨᠢᠭᠡᠴᠢ ᠶᠢ ᠰᠢᠪᠠᠳᠠᠵᠤ ᠪᠠᠶᠢᠭᠠᠳ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠠᠤᠯᠢ ᠶᠣᠰᠣᠭᠠᠷ ᠨᠠᠶᠢᠷᠠᠭᠤᠯᠤᠨ | ᠮᠡᠳᠡᠭᠦᠯᠬᠦ ᠪᠠ ᠨᠠᠶᠢᠳᠠᠪᠤᠷᠢᠵᠢᠭᠤᠯᠤᠨ᠎ᠠ᠃ᠬᠥᠷᠥᠰᠥ ᠰᠢᠷᠣᠢ ᠶᠢᠨ ᠢᠳᠡᠭᠳᠡᠯ ᠲᠠᠢ ᠭᠠᠵᠠᠷ ᠣᠷᠣᠨ ᠤ ᠬᠠᠮᠢᠶ᠎ᠠ ᠪᠦᠬᠦᠢ | ᠠᠵᠤ ᠠᠬᠤᠶᠢᠯᠠᠯ ᠵᠢᠴᠢ ᠣᠯᠠᠨ ᠲᠦᠮᠡᠨ ᠤ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠶᠢ ᠵᠣᠷᠢᠭᠵᠢᠭᠤᠯᠬᠤ ᠶᠢᠨ | ᠬᠠᠮᠲᠤ ᠪᠡᠯᠡ ᠮᠥᠩᠭᠦ᠂ ᠡᠨᠧᠷᠭᠢ᠂ ᠠᠮᠤ ᠪᠤᠳᠠᠭ᠎ᠠ ᠵᠡᠷᠭᠡ ᠲᠠᠯ᠎ᠠ ᠪᠠᠷ ᠲᠡᠳᠬᠦᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠶᠢ ᠬᠠᠷᠢᠭᠤᠴᠠᠨ᠎ᠠ᠃ | ᠬᠤᠶᠠᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ ᠡᠯ᠎ᠡ | ᠠᠵᠢᠯ ᠲᠥᠷᠥᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠬᠠᠷᠢᠶ᠎ᠠ ᠣᠷᠣᠨ ᠤ ᠪᠠᠨ ᠳᠣᠲᠣᠷᠠᠬᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠥᠮᠴᠢᠲᠡᠨ ᠨᠢᠭᠡᠴᠡ ᠶᠢ ᠰᠢᠮᠳᠠᠭᠤᠯᠵᠤ ᠪᠠᠶᠢᠭᠠᠳ ᠬᠥᠷᠥᠰᠥ ᠰᠢᠷᠣᠢ ᠶᠢ | ᠬᠠᠮᠠᠭᠠᠯᠠᠬᠤ ᠲᠥᠰᠥᠯ ᠢ ᠨᠠᠶᠢᠷᠠᠭᠤᠯᠤᠨ ᠮᠡᠳᠡᠭᠦᠯᠬᠦ᠂ ᠬᠡᠷᠡᠭᠵᠢᠭᠦᠯᠬᠦ ᠵᠡᠷᠭᠡ ᠠᠵᠢᠯ ᠢ ᠨᠠᠶᠢᠳᠠᠪᠤᠷᠢᠵᠢᠭᠤᠯᠤᠨ᠎ᠠ᠃ | ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ | ᠬᠤᠪᠢᠶᠠᠷᠢ ᠲᠣᠪᠴᠢᠶ᠎ᠠ᠄ ᠤᠯᠤᠰ ᠤᠨ ᠭᠠᠵᠠᠷ ᠰᠢᠷᠣᠢ ᠶᠢ ᠨᠡᠭᠡᠭᠡᠨ ᠬᠥᠭᠵᠢᠭᠦᠯᠬᠦ᠂ ᠭᠠᠵᠠᠷ ᠰᠢᠷᠣᠢ ᠶᠢ ᠳᠠᠬᠢᠨ | ᠬᠠᠭᠠᠯᠪᠤᠷᠢᠯᠠᠬᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠡᠷᠭᠡ ᠲᠥᠷᠥᠯ | ᠵᠦᠢᠯ ᠤᠨ ᠥᠮᠴᠢᠲᠡᠨ ᠨᠢᠭᠡᠴᠡ ᠶᠢᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠨᠠᠶᠢᠷᠠᠭᠤᠯᠤᠨ ᠮᠡᠳᠡᠭᠦᠯᠬᠦ᠂ | ᠬᠡᠷᠡᠭᠵᠢᠭᠦᠯᠬᠦ ᠵᠡᠷᠭᠡ ᠠᠵᠢᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠶᠢ ᠬᠠᠷᠢᠭᠤᠴᠠᠨ᠎ᠠ᠃ | ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳ᠋ᠦᠩ ᠾᠧ | ᠲᠣᠭᠤᠷᠢᠭ ᠤᠨ ᠬᠤᠪᠢᠶᠠᠷᠢ ᠲᠣᠪᠴᠢᠶ᠎ᠠ᠄ ᠠᠮᠢ ᠠᠬᠤᠢ ᠶᠢᠨ ᠣᠷᠴᠢᠨ ᠲᠣᠭᠤᠷᠢᠨ ᠤ ᠦᠢᠯᠡᠳᠪᠦᠷᠢᠯᠡᠯ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠨᠠᠶᠢᠷᠠᠭᠤᠯᠤᠨ | ᠮᠡᠳᠡᠭᠦᠯᠬᠦ᠂ ᠬᠡᠷᠡᠭᠵᠢᠭᠦᠯᠬᠦ ᠵᠡᠷᠭᠡ ᠠᠵᠢᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠶᠢ ᠬᠠᠷᠢᠭᠤᠴᠠᠨ᠎ᠠ᠃ | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠄ ᠪᠥᠬᠦ | ᠣᠷᠣᠨ ᠤ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠦᠷᠢ ᠶᠢᠨ ᠰᠦᠢᠳᠬᠡᠯ ᠢ ᠲᠠᠲᠠᠪᠤᠷᠢᠯᠠᠬᠤ ᠶᠢ ᠬᠠᠷᠢᠭᠤᠴᠠᠬᠤ ᠶᠢᠨ | ᠬᠠᠮᠲᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ | ᠪᠣᠯᠣᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠨᠡᠪᠲᠡᠷᠡᠭᠦᠯᠦᠨ᠎ᠡ᠃ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ | ᠤᠬᠠᠭᠠᠨ ᠤ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ | ᠠᠵᠢᠯ ᠲᠥᠷᠥᠯ ᠤᠨ ᠬᠦᠷᠢᠶᠡᠨ ᠳᠠᠬᠢ ᠲᠥᠷᠥᠯ ᠵᠦᠢᠯ ᠤᠨ ᠨᠢᠭᠡᠴᠡ ᠶᠢᠨ ᠬᠥᠷᠥᠰᠥ ᠰᠢᠷᠣᠢ ᠶᠢ ᠬᠠᠮᠠᠭᠠᠯᠠᠬᠤ | ᠲᠥᠰᠥᠯ ᠢ ᠨᠠᠶᠢᠷᠠᠭᠤᠯᠤᠨ ᠮᠡᠳᠡᠭᠦᠯᠬᠦ᠂ ᠬᠡᠷᠡᠭᠵᠢᠭᠦᠯᠬᠦ ᠵᠡᠷᠭᠡ ᠠᠵᠢᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠶᠢ | ᠬᠠᠷᠢᠭᠤᠴᠠᠨ᠎ᠠ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠬᠥᠷᠥᠰᠥ ᠰᠢᠷᠣᠢ ᠶᠢ | ᠬᠠᠮᠠᠭᠠᠯᠠᠬᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ᠂ ᠡᠩᠨᠡᠭᠡ ᠶᠢᠨ ᠪᠠᠶᠢᠭᠤᠯᠤᠯᠲᠠ᠂ ᠳᠦᠷᠢᠮ ᠤᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠨ᠂ ᠬᠠᠷᠠᠯᠲᠠ ᠶᠢᠨ ᠡᠭᠦᠷᠭᠡ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠂ ᠬᠥᠷᠥᠰᠥ ᠰᠢᠷᠣᠢ ᠶᠢ ᠬᠠᠮᠠᠭᠠᠯᠠᠬᠤ | ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠷᠠᠭᠤᠯᠤᠨ᠎ᠠ᠃ᠬᠥᠷᠥᠰᠥ ᠰᠢᠷᠣᠢ ᠶᠢ | ᠬᠠᠮᠠᠭᠠᠯᠠᠬᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠎ᠠ᠃ᠡᠯ᠎ᠡ | ᠪᠦᠷᠢᠯᠳᠦᠭᠦᠨ ᠨᠢᠭᠡᠴᠡ ᠨᠦᠭᠦᠳ ᠤᠯᠠᠷᠢᠯ ᠪᠦᠷᠢ ᠲᠣᠰ ᠠᠵᠢᠯ ᠲᠥᠷᠥᠯ ᠤᠨ ᠢᠶᠠᠨ ᠳᠣᠲᠣᠷᠠᠬᠢ ᠬᠥᠷᠥᠰᠥ | ᠰᠢᠷᠣᠢ ᠶᠢ ᠬᠠᠮᠠᠭᠠᠯᠠᠬᠤ ᠠᠵᠢᠯ ᠤᠨ ᠮᠡᠳᠡᠭᠡ ᠵᠠᠩᠭᠢ ᠪᠠᠨ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ | ᠬᠡᠷᠡᠭᠲᠡᠢ᠃ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ | ᠲᠦᠷᠦᠭᠦᠯᠡᠨ ᠵᠣᠬᠢᠶᠠᠨ ᠪᠠᠶᠢᠭᠤᠯᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠰᠠᠶᠢᠲᠤᠷ | ᠪᠠᠳᠠᠷᠠᠭᠤᠯᠤᠨ᠂ ᠣᠷᠣᠨ ᠪᠦᠰᠡ ᠠᠯᠤᠰᠯᠠᠭᠰᠠᠨ ᠬᠥᠷᠥᠰᠥ ᠰᠢᠷᠣᠢ ᠶᠢᠨ ᠢᠳᠡᠭᠳᠡᠯ ᠢ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠵᠦ ᠬᠠᠮᠲᠤᠷᠠᠨ ᠵᠠᠰᠠᠬᠤ ᠶᠢ ᠴᠢᠩᠭᠠᠳᠬᠠᠨ᠎ᠠ᠃ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠠᠵᠢᠯ ᠢᠶᠠᠨ ᠰᠠᠶᠢᠲᠤᠷ ᠬᠢᠵᠦ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠮᠵᠢᠯᠴᠠᠭ᠎ᠠ ᠪᠠᠨ ᠴᠢᠩᠭᠠᠳᠬᠠᠨ᠂ ᠭᠤᠣᠯᠳᠠᠯᠭ᠎ᠠ ᠲᠠᠢ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠴᠢᠬᠤᠯᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠰᠢᠪᠠᠳᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠬᠤᠯᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠰᠢᠪᠠᠳᠠᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ | ︵ᠭᠤᠷᠪᠠ︶ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ᠬᠢᠨᠠᠯᠲᠠ ᠬᠠᠮᠢᠶᠠᠷᠤᠯᠲᠠ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠬᠠᠷᠢᠯᠴᠠᠨ ᠬᠤᠯᠪᠣᠭᠠᠯᠠᠬᠤ᠂ ᠬᠡᠷᠡᠭ ᠢ | ᠨᠢᠭᠡᠨᠲᠡ ᠵᠠᠷᠯᠠᠨ ᠮᠡᠳᠡᠭᠳᠡᠬᠦ ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ᠬᠥᠷᠥᠰᠥ ᠰᠢᠷᠣᠢ ᠶᠢ ᠬᠠᠮᠠᠭᠠᠯᠠᠬᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ | ᠵᠣᠯᠭᠠᠯᠳᠤᠯ ᠢ ᠴᠢᠩᠭᠠᠳᠬᠠᠵᠤ᠂ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠲᠠᠢ ᠬᠠᠮᠵᠢᠯᠴᠠᠵᠤ᠂ | ᠬᠠᠤᠯᠢ ᠴᠠᠭᠠᠵᠠ ᠶᠢᠨ ᠪᠠᠲᠤᠯᠠᠭ᠎ᠠ ᠪᠠ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠨᠡᠪᠲᠡᠷᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠤᠯᠠᠨ ᠨᠡᠶᠢᠲᠡ ᠶᠢᠨ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ | ᠨᠡᠶᠢᠭᠡᠮ ᠤᠨ ᠦᠢᠯᠡᠳᠦᠯ ᠢ ᠪᠠᠳᠠᠷᠠᠭᠤᠯᠤᠨ᠎ᠠ᠃ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶᠢᠵᠢᠭᠰᠠᠨ ᠬᠢᠷᠢ ᠬᠡᠮᠵᠢᠶ᠎ᠡ ᠪᠠ ᠤᠳᠤ ᠦᠶ᠎ᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠳᠥᠷᠪᠡ︶ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ᠣᠷᠣᠨ ᠤ ᠵᠠᠰᠠᠭ ᠤᠨ ᠣᠷᠳᠣᠨ | ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠣᠷᠣᠭᠤᠯᠤᠯᠲᠠ ᠶᠢ | ᠪᠠᠲᠤᠯᠠᠬᠤ ᠬᠡᠷᠡᠭᠲᠡᠢ᠃ᠥᠮᠴᠢᠯᠡᠬᠦ ᠡᠷᠬᠡ ᠪᠠᠷ ᠤᠷᠮᠠᠰᠢᠭᠤᠯᠬᠤ ᠪᠠ ᠮᠥᠩᠭᠦᠨ ᠭᠦᠢᠯᠭᠡᠭᠡᠨ ᠢᠶᠠᠷ ᠲᠡᠳᠬᠦᠬᠦ ᠵᠡᠷᠭᠡ | ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠡᠮᠵᠢᠯᠭᠡ ᠶᠢ ᠬᠡᠷᠡᠭᠯᠡᠨ᠂ ᠨᠡᠶᠢᠭᠡᠮ ᠤᠨ ᠬᠥᠷᠥᠩᠭᠡ ᠪᠠ ᠨᠥᠬᠦᠴᠡᠯ ᠳᠤ | ᠨᠡᠶᠢᠴᠡᠬᠦ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠬᠥᠷᠥᠰᠥ | ᠰᠢᠷᠣᠢ ᠶᠢᠨ ᠢᠳᠡᠭᠳᠡᠯ ᠢ ᠵᠠᠰᠠᠬᠤ ᠠᠵᠢᠯ ᠢ ᠥᠷᠨᠢᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠠᠮᠢ ᠠᠬᠤᠢ ᠶᠢᠨ | ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ᠎ᠠ᠃ | ︵ᠲᠠᠪᠤ︶ ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠎ᠠ᠃ᠤᠯᠠᠨ ᠵᠦᠢᠯ ᠤᠨ ᠬᠡᠯᠪᠡᠷᠢ ᠮᠠᠶᠠᠭ ᠢ ᠠᠪᠴᠤ | ᠪᠠᠶᠢᠭᠠᠳ ᠬᠥᠷᠥᠰᠥ ᠰᠢᠷᠣᠢ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠬᠥᠷᠥᠰᠥ | ᠰᠢᠷᠣᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠬᠠᠮᠢᠶ᠎ᠠ ᠪᠦᠬᠦᠢ ᠳᠦᠷᠢᠮ ᠢ | ᠲᠦᠭᠡᠮᠡᠯᠵᠢᠭᠦᠯᠦᠨ᠎ᠡ᠃ᠬᠥᠷᠥᠰᠥ ᠰᠢᠷᠣᠢ ᠶᠢ ᠬᠠᠮᠠᠭᠠᠯᠠᠬᠤ ᠶᠠᠪᠤᠳᠠᠯ ᠢ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ | ᠪᠣᠯᠪᠠᠰᠤᠷᠠᠭᠤᠯᠤᠯ ᠤᠨ ᠰᠢᠰᠲ᠋ᠧᠮ ᠳᠤ ᠣᠷᠣᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠪᠠ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠨᠡᠶᠢᠭᠡᠮ ᠤᠨ ᠬᠥᠷᠥᠰᠥ | ᠰᠢᠷᠣᠢ ᠶᠢ ᠬᠠᠮᠠᠭᠠᠯᠠᠬᠤ ᠲᠠᠨᠢᠯᠲᠠ ᠶᠢ ᠴᠢᠩᠭᠠᠷᠠᠭᠤᠯᠤᠨ᠎ᠠ᠃ | ᠨᠠᠢᠮᠠ᠂ ᠳᠠᠭᠠᠯᠳᠤᠭᠤᠯᠤᠭᠰᠠᠨ ᠳᠦᠷᠢᠮ | ᠲᠣᠰ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | . |