| | ᠠᠷᠠᠳ ᠤᠨ ᠠᠮᠢᠳᠤᠷᠠᠯ ᠪᠣᠯ ᠠᠷᠠᠳ ᠲᠦᠮᠡᠨ ᠤ ᠵᠣᠯ ᠵᠢᠷᠭᠠᠯ ᠤᠨ ᠰᠠᠭᠤᠷᠢ᠂ ᠨᠡᠶᠢᠭᠡᠮ ᠤᠨ ᠡᠶ᠎ᠡ | ᠵᠣᠬᠢᠴᠠᠯ ᠤᠨ ᠦᠨᠳᠦᠰᠦ ᠮᠥᠨ᠃ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ ᠬᠦᠰᠡᠯ ᠡᠷᠡᠮᠡᠯᠵᠡᠯ ᠢ ᠪᠣᠳᠣᠯᠬᠢᠯᠠᠵᠤ᠂ ᠠᠷᠠᠳ ᠤᠯᠠᠨ ᠤ | ᠬᠠᠮᠤᠭ ᠠᠴᠠ ᠠᠩᠬᠠᠷᠴᠤ ᠪᠠᠶᠢᠭ᠎ᠠ ᠶᠠᠪᠤᠳᠠᠯ ᠠᠴᠠ ᠡᠬᠢᠯᠡᠨ ᠬᠢᠵᠦ᠂ ᠠᠵᠢᠯ ᠣᠯᠭᠤᠯᠲᠠ᠂ ᠣᠷᠴᠢᠨ ᠲᠣᠭᠤᠷᠢᠨ᠂ | ᠰᠤᠷᠭᠠᠨ ᠬᠥᠮᠦᠵᠢᠯ ᠵᠡᠷᠭᠡ ᠤᠯᠠᠨ ᠲᠦᠮᠡᠨ ᠤ︽ᠪᠠᠴᠢᠮ ᠬᠦᠴᠢᠷ ᠵᠣᠪᠠᠭᠤᠷᠢ︾ᠠᠰᠠᠭᠤᠳᠠᠯ ᠤᠳ ᠲᠤ ᠰᠡᠳᠬᠢᠯ | ᠲᠠᠯᠪᠢᠨ ᠬᠠᠷᠢᠭᠤᠯᠲᠠ ᠥᠭᠴᠦ᠂ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠶᠢ ᠤᠯᠠᠨ ᠲᠦᠮᠡᠨ ᠤ︽ᠵᠣᠯ | ᠵᠢᠷᠭᠠᠯ ᠤᠨ ᠲᠠᠩᠰᠠ︾ᠪᠣᠯᠭᠠᠭᠰᠠᠨ ᠪᠠᠶᠢᠨ᠎ᠠ᠃ | ᠠᠵᠢᠯ ᠣᠯᠭᠤᠬᠤ ᠦᠢᠯᠡᠴᠢᠯᠡᠭᠡ ︽ᠠᠷᠠᠳ ᠤᠨ ᠠᠮᠢᠳᠤᠷᠠᠯ ᠲᠠᠢ ᠣᠶᠢᠷᠠᠲᠤᠬᠤ︾ | | | | | ᠡᠨᠡ ᠬᠦ ᠬᠤᠭᠤᠴᠠᠭᠠᠨ ᠳᠤ᠂ ᠪᠤᠭᠤᠲᠤ ᠶᠢᠨ ᠠᠯᠲᠠᠨ ᠵᠡᠭᠡᠯᠢ ᠨᠢ ᠨᠢᠭᠡᠨᠲᠡ ᠪᠤᠭᠤᠲᠤ ᠶᠢᠨ ᠬᠥᠮᠥᠰ ᠤᠨ | ᠰᠥᠨᠢ ᠶᠢᠨ ᠰᠡᠷᠢᠭᠦᠴᠡᠯ ᠳᠤ ︽ᠺᠠᠷᠲ ᠪᠦᠷᠢᠳᠬᠡᠭᠦᠯᠬᠦ︾ ᠬᠤᠶᠠᠷ ᠵᠦᠢᠯ ᠤᠨ ᠰᠣᠩᠭᠤᠯᠲᠠ ᠪᠣᠯᠵᠤ᠂ ᠨᠠᠩ ᠴᠤ | ᠴᠥᠭᠡᠨ ᠪᠤᠰᠤ ᠠᠵᠢᠯ ᠡᠷᠢᠭᠰᠡᠳ ᠠᠵᠢᠯ ᠡᠷᠢᠬᠦ ᠵᠠᠪᠰᠢᠶᠠᠨ ᠣᠯᠭᠤᠭᠰᠠᠨ ᠪᠠᠶᠢᠨ᠎ᠠ᠃ | ︽ᠶᠡᠭᠡ ᠰᠤᠷᠭᠠᠭᠤᠯᠢ ᠶᠢᠨ ᠡᠭᠦᠳᠡᠨ ᠠᠴᠠ ᠭᠠᠷᠤᠮᠠᠭᠴᠠ ᠪᠠᠨ ᠰᠥᠨᠢ ᠶᠢᠨ ᠵᠠᠬ᠎ᠠ ᠪᠠᠷ ᠲᠣᠭᠤᠷᠢᠵᠤ | ᠪᠠᠶᠢᠭᠠᠳ ᠠᠵᠢᠯ ᠣᠯᠣᠨ᠎ᠠ ᠭᠡᠵᠦ ᠰᠠᠨᠠᠭᠠᠨ ᠳᠤ ᠣᠷᠣᠭᠰᠠᠨ ᠦᠭᠡᠢ᠂ ᠬᠡᠯᠡᠬᠦ ᠳᠤ ᠪᠠᠰᠠ ᠵᠢᠭᠠᠬᠠᠨ ᠰᠠᠨᠠᠭᠠᠨ ᠳᠤ | ᠣᠷᠣᠭᠰᠠᠨ ᠦᠭᠡᠢ ᠰᠢᠸ︾ ᠭᠡᠵᠦ ᠬᠡᠯᠡᠪᠡ᠃ ᠭᠡᠷ ᠲᠡᠭᠡᠨ ᠠᠵᠢᠯ ᠬᠦᠯᠢᠶᠡᠵᠦ ᠪᠠᠶᠢᠭᠰᠠᠨ ᠵᠣᠣ ᠣᠪᠣᠭᠲᠤ | ᠬᠡᠯᠡᠬᠦ ᠳᠡᠭᠡᠨ᠂ ᠡᠨᠡ ᠪᠣᠯ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ︽ᠳ᠋ᠦᠩ ᠾᠧ ᠭᠤᠣᠯ ᠢ ᠲᠤᠰᠢᠶᠠᠯ ᠳᠤ ᠲᠣᠮᠢᠯᠠᠨ᠎ᠠ︾ ᠭᠡᠬᠦ ᠸᠢᠴᠠᠲ ᠤᠨ ᠣᠯᠠᠨ ᠨᠡᠶᠢᠲᠡ ᠶᠢᠨ | ᠳ᠋ᠤᠭᠠᠷ ᠳᠡᠭᠡᠷ᠎ᠡ ᠨᠡᠶᠢᠲᠡᠯᠡᠭᠰᠡᠨ ᠪᠤᠭᠤᠲᠤ ᠶᠢᠨ ᠠᠯᠲᠠᠨ ᠵᠡᠭᠡᠯᠢ ᠳᠤ ︽ᠠᠵᠢᠯᠲᠠᠨ ᠡᠯᠰᠡᠬᠦ ᠰᠥᠨᠢ ᠶᠢᠨ ᠵᠠᠬ᠎ᠠ | ᠳᠡᠯᠭᠡᠭᠦᠷ︾ ᠤᠨ ᠮᠡᠳᠡᠭᠡ ᠲᠡᠭᠦᠨ ᠳᠤ ︽ᠵᠠᠮᠴᠢᠯᠠᠵᠤ ᠥᠭᠭᠦᠭᠰᠡᠨ︾ ᠶᠠᠪᠤᠳᠠᠯ ᠮᠥᠨ ᠭᠡᠵᠡᠢ᠃ | | | | | ᠡᠷᠲᠡᠨ ᠤ ᠬᠡᠪ ᠨᠠᠮᠪᠠ ᠡᠷᠲᠡᠨ ᠤ ᠬᠡᠪ ᠨᠠᠮᠪᠠ ᠲᠠᠢ ᠪᠠᠷᠢᠯᠭ᠎ᠠ᠂ ᠤᠷᠢᠬᠠᠨ ᠰᠡᠷᠢᠭᠦᠨ ᠰᠠᠯᠬᠢ᠂ ᠠᠵᠢᠯᠲᠠᠨ | ᠡᠯᠰᠡᠬᠦ ᠰᠥᠨᠢ ᠶᠢᠨ ᠵᠠᠬ᠎ᠠ ᠳᠡᠯᠭᠡᠭᠦᠷ ᠲᠤ ᠳ᠋ᠧᠩ ᠤᠨ ᠬᠡᠷᠡᠯ ᠳᠤᠸᠠᠯᠠᠵᠤ᠂ ᠠᠵᠤ ᠠᠬᠤᠶᠢᠯᠠᠯ ᠤᠳ ᠵᠠᠯᠭᠠᠭ᠎ᠠ | ᠵᠠᠯᠭᠠᠭ᠎ᠠ ᠪᠠᠷ ᠠᠵᠢᠯᠲᠠᠨ ᠡᠯᠰᠡᠬᠦ ᠳᠡᠯᠭᠡᠴᠡ ᠪᠠᠨ ᠳᠡᠯᠭᠡᠵᠦ᠂ ᠠᠵᠢᠯ ᠡᠷᠢᠭᠰᠡᠳ ᠵᠠᠯᠭᠠᠭ᠎ᠠ ᠵᠠᠯᠭᠠᠭ᠎ᠠ ᠪᠠᠷ ᠠᠵᠢᠯᠲᠠᠨ | ᠡᠯᠰᠡᠬᠦ ᠮᠡᠳᠡᠭᠡ ᠵᠠᠩᠭᠢ ᠶᠢ ᠲᠣᠭᠤᠷᠢᠨ ᠦᠵᠡᠵᠦ᠂ ᠤᠷᠢᠳ ᠢᠶᠠᠷ ᠠᠰᠠᠭᠤᠨ ᠯᠠᠪᠯᠠᠵᠤ᠂ ᠠᠵᠢᠯᠲᠠᠨ ᠡᠯᠰᠡᠬᠦ ᠰᠥᠨᠢ | ᠶᠢᠨ ᠵᠠᠬ᠎ᠠ ᠳᠡᠯᠭᠡᠭᠦᠷ ᠨᠢ ᠦᠢ ᠣᠯᠠᠨ ᠠᠵᠢᠯ ᠡᠷᠢᠭᠰᠡᠳ ᠪᠠ ᠠᠵᠤ ᠠᠬᠤᠶᠢᠯᠠᠯ ᠤᠨ ᠴᠢᠳᠠᠪᠤᠷᠢᠲᠠᠨ ᠳᠤ | ᠬᠠᠨᠳᠤᠭᠤᠯᠤᠨ ᠬᠤᠣᠰ ᠴᠢᠭᠯᠡᠯ ᠢᠶᠠᠷ ᠤᠷᠤᠭᠰᠢᠯᠠᠬᠤ ᠶᠢ ᠪᠡᠶᠡᠯᠡᠭᠦᠯᠬᠦ ︽ᠲᠣᠮᠣ ᠲᠠᠪᠴᠠᠩ︾ ᠪᠣᠯᠤᠭᠰᠠᠨ ᠪᠠᠶᠢᠨ᠎ᠠ | ᠃ | ︽ᠪᠤᠭᠤᠲᠤ ᠶᠢᠨ ᠶᠢᠨ ᠵᠢᠶᠧ ᠰᠥᠨᠢ ᠶᠢᠨ ᠵᠠᠬ᠎ᠠ ᠳᠡᠯᠭᠡᠭᠦᠷ ᠤᠨ ᠠᠵᠢᠯᠲᠠᠨ ᠡᠯᠰᠡᠬᠦ ᠬᠤᠷᠠᠯ ᠳᠡᠭᠡᠷ᠎ᠡ ᠮᠠᠨ ᠤ | ᠺᠣᠮᠫᠠᠨᠢ ᠨᠥᠬᠦᠴᠡᠯ ᠳᠤ ᠨᠡᠶᠢᠴᠡᠬᠦ 6 ᠠᠵᠢᠯ ᠡᠷᠢᠭᠴᠢ ᠶᠢ ᠨᠢᠭᠡ ᠯᠡ ᠳᠡᠭᠡᠷ᠎ᠡ ᠡᠯᠰᠡᠵᠡᠢ᠂ ᠡᠭᠦᠨ ᠢ ᠪᠢ | ᠡᠬᠢᠯᠡᠩᠭᠦᠲᠡ ᠪᠠᠨ ᠪᠤᠳᠤᠵᠤ ᠣᠯᠣᠭᠰᠠᠨ ᠦᠭᠡᠢ ᠶᠤᠮ︾ ᠭᠡᠵᠡᠢ᠃ ᠭᠡᠵᠦ ᠪᠤᠭᠤᠲᠤ ᠶᠢᠨ ᠱᠧᠩ ᠲᠠᠢ ᠮᠠᠰᠢᠨ | ᠲᠡᠷᠭᠡᠨ ᠤ ᠰᠡᠯᠪᠢᠭ ᠲᠤᠨᠤᠭ ᠤᠨ ᠬᠢᠵᠠᠭᠠᠷᠲᠤ ᠺᠣᠮᠫᠠᠨᠢ ᠶᠢᠨ ᠠᠵᠢᠯᠲᠠᠨ ᠤ ᠶᠠᠪᠤᠳᠠᠯ ᠤᠨ ᠰᠠᠯᠠᠭᠠᠨ ᠳᠠᠷᠤᠭ᠎ᠠ ᠶᠢᠨ | ᠨᠠ ᠬᠡᠯᠡᠪᠡ᠃ | ᠡᠨᠡ ᠵᠢᠯ ᠠᠴᠠ ᠨᠠᠰᠢ᠂ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠢᠳᠡᠪᠬᠢᠲᠡᠢ ᠪᠠᠷ ᠲᠥᠯᠥᠪᠯᠡᠵᠦ᠂ | ︽ᠲᠤᠰᠢᠶᠠᠯ ᠳᠤ ᠭᠠᠷᠬᠤ ᠵᠡᠭᠦᠨ ᠭᠤᠣᠯ ᠢ ᠡᠳ᠋ᠯᠡᠬᠦ︾ ︽ᠬᠤᠶᠠᠷ ᠢ ᠡᠷᠢᠵᠦ ᠬᠤᠶᠠᠷ ᠢ ᠵᠠᠬᠢᠶᠠᠯᠠᠬᠤ︾ ᠠᠵᠢᠯ | ᠣᠯᠭᠤᠯᠲᠠ ᠶᠢᠨ ᠵᠢᠵᠢᠭ ᠵᠢᠷᠤᠮ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠵᠡᠷᠭᠡ ᠲᠠᠪᠴᠠᠩ ᠢᠶᠠᠷ ᠳᠠᠮᠵᠢᠭᠤᠯᠤᠨ | ᠡᠯ᠎ᠡ ᠲᠥᠷᠥᠯ ᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠭᠰᠡᠨ ᠪᠥᠭᠡᠳ ᠲᠤᠬᠠᠢ ᠶᠢᠨ ᠲᠠᠯᠠᠪᠤᠷ ᠲᠤ ︽ | ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠪᠠ ︽ᠠᠵᠢᠯ ᠤᠨ ᠪᠠᠶᠢᠷᠢ ᠶᠢ ᠬᠦᠷᠭᠡᠬᠦ︾ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠴᠢᠨ ᠬᠡᠷᠡᠭᠯᠡᠬᠦ ᠨᠢᠭᠡᠴᠡ ᠪᠣᠯᠣᠨ ᠠᠵᠢᠯ ᠡᠷᠢᠭᠰᠡᠳ ᠤᠨ ᠬᠤᠭᠤᠷᠣᠨᠳᠤ ︽ | ᠵᠠᠢ ᠦᠭᠡᠢ︾ ᠪᠠᠶᠢᠬᠤ ᠶᠢ ᠪᠡᠶᠡᠯᠡᠭᠦᠯᠵᠡᠢ᠃ᠣᠲᠣ ᠪᠣᠯᠲᠠᠯ᠎ᠠ᠂ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠨᠢᠭᠡᠨᠲᠡ ᠵᠠᠯᠭᠠᠭ᠎ᠠ ᠪᠠᠷ ︽ᠬᠠᠪᠤᠷ ᠤᠨ ᠰᠠᠯᠬᠢᠨ ᠤ ᠠᠵᠢᠯᠯᠠᠭ᠎ᠠ︾ ᠵᠢᠴᠢ ᠠᠵᠢᠯ ᠣᠯᠭᠤᠯᠲᠠ ᠶᠢᠨ | ᠲᠤᠰᠠᠯᠠᠮᠵᠢ ᠶᠢᠨ ᠰᠠᠷ᠎ᠠ ᠵᠡᠷᠭᠡ ᠠᠵᠢᠯᠲᠠᠨ ᠡᠯᠰᠡᠬᠦ ᠴᠤᠭᠯᠠᠭᠠᠨ ᠢ 97 ᠥᠷᠨᠢᠭᠦᠯᠵᠦ᠂ ᠡᠯ᠎ᠡ ᠲᠥᠷᠥᠯ ᠤᠨ | ᠠᠵᠢᠯᠲᠠᠨ ᠡᠯᠰᠡᠬᠦ ᠠᠵᠢᠯ ᠤᠨ ᠪᠠᠶᠢᠷᠢ ᠶᠢ 14745 ᠬᠠᠩᠭᠠᠵᠤ᠂ ᠠᠵᠤ ᠠᠬᠤᠶᠢᠯᠠᠯ ᠳᠤ ᠨᠡᠶᠢᠲᠡ 1782 | ᠬᠥᠮᠥᠨ ᠡᠯᠰᠡᠵᠦ ᠥᠭᠴᠡᠢ᠃ | ᠰᠤᠷᠭᠠᠨ ᠬᠥᠮᠦᠵᠢᠯ ᠢ ᠬᠥᠭᠵᠢᠭᠦᠯᠵᠦ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ | | | | | ︽ᠰᠤᠷᠭᠠᠭᠤᠯᠢ ᠶᠢᠨ ᠰᠢᠨ᠎ᠡ ᠭᠡᠷ ᠪᠠᠶᠢᠰᠢᠩ ᠢ ᠣᠳᠣ ᠶᠠᠭ ᠵᠠᠰᠠᠵᠤ ᠴᠢᠮᠡᠭᠯᠡᠵᠦ ᠪᠠᠶᠢᠨ᠎ᠠ᠂ ᠰᠣᠨᠤᠰᠬᠤᠯᠠᠷ | ᠳᠠᠷᠠᠭ᠎ᠠ ᠵᠢᠯ ᠬᠡᠷᠡᠭᠯᠡᠯᠲᠡ ᠳᠤ ᠣᠷᠣᠬᠤ ᠪᠣᠯᠣᠨ᠎ᠠ ᠭᠡᠨ᠎ᠡ᠂ ᠢᠷᠡᠭᠡᠳᠦᠢ ᠶᠢᠨ ᠭᠤᠶᠣ ᠰᠠᠶᠢᠬᠠᠨ ᠰᠤᠷᠭᠠᠭᠤᠯᠢ ᠶᠢᠨ | ᠬᠦᠷᠢᠶ᠎ᠡ᠂ ᠴᠣ᠋ ᠰᠢᠨ᠎ᠡ ᠬᠢᠴᠢᠶᠡᠯ ᠤᠨ ᠭᠡᠷ ᠨᠢ ᠬᠡᠦᠬᠡᠳ ᠤᠳ ᠢ ᠲᠤᠶᠢᠯ ᠤᠨ ᠶᠡᠭᠡ ᠪᠠᠷ ᠬᠦᠰᠡᠨ ᠬᠦᠯᠢᠶᠡᠯᠭᠡᠵᠦ | ᠪᠠᠶᠢᠨ᠎ᠠ︾ ᠦ᠋ ᠶᠤᠸᠠᠢ ᠪᠠᠭ᠎ᠠ ᠲᠣᠭᠤᠷᠢᠭ ᠲᠤ ᠰᠠᠭᠤᠵᠤ ᠪᠠᠶᠢᠭ᠎ᠠ ᠰᠢᠶᠣᠣ ᠰᠢᠦᠢ ᠠᠰᠠᠷ ᠳᠡᠭᠡᠷ᠎ᠡ ᠵᠣᠭᠰᠣᠨ ᠵᠢᠩ | ᠫᠢᠩ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ | ᠲᠠᠯᠠᠪᠠᠢ ᠶᠢ ᠪᠠᠷᠠᠯᠠᠵᠤ᠂ ᠰᠡᠳᠬᠢᠯ ᠳᠣᠭᠳᠣᠯᠤᠨ ᠬᠡᠯᠡᠪᠡ᠃ | ᠥᠨᠢᠳᠡ ᠶᠢᠨ ᠶᠡᠭᠡ ᠪᠣᠳᠣᠯᠭ᠎ᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠢ ᠤᠷᠢᠳᠠᠪᠠᠷ ᠬᠢᠬᠦ ᠬᠡᠷᠡᠭᠲᠡᠢ᠃ | ᠠᠷᠠᠳ ᠤᠨ ᠠᠮᠢᠳᠤᠷᠠᠯ ᠤᠨ ᠰᠠᠭᠤᠷᠢ ᠪᠣᠯᠤᠭᠰᠠᠨ ᠤ ᠬᠤᠪᠢ ᠳᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ | ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠣᠯ ᠢᠮᠠᠭᠲᠠ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ | ᠠᠵᠢᠯ ᠤᠨ ᠡᠭᠦᠰᠬᠡᠯ ᠪᠠ ᠲᠡᠭᠦᠰᠬᠡᠯ ᠪᠣᠯᠣᠨ᠎ᠠ᠃ᠡᠨᠡ ᠵᠢᠯ ᠤᠨ ᠳ᠋ᠦᠩ ᠾᠧ ᠲᠣᠭᠤᠷᠢᠭ ᠤᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠢᠨᠵᠧᠨᠧᠷᠢᠩ ᠤᠨ ᠨᠢᠭᠡ ᠪᠣᠯᠬᠤ ᠰᠢᠨ᠎ᠡ ᠪᠠᠷ | ᠪᠠᠶᠢᠭᠤᠯᠤᠭᠰᠠᠨ ᠵᠢᠩ ᠫᠢᠩ ᠰᠤᠷᠭᠠᠭᠤᠯᠢ᠂ ᠲᠡᠮᠦᠷ ᠵᠠᠮ ᠤᠨ ᠳᠤᠮᠳᠠᠳᠤ ᠰᠤᠷᠭᠠᠭᠤᠯᠢ ᠶᠢᠨ ᠶᠡᠷᠦᠩᠬᠡᠢ ᠪᠡᠯᠡ | ᠣᠷᠣᠭᠤᠯᠤᠯᠲᠠ ᠨᠢ 2.5 ᠳ᠋ᠦᠩᠰᠢᠭᠤᠷ ᠲᠥᠭᠦᠷᠢᠭ ᠲᠤ ᠬᠦᠷᠴᠦ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ᠄ | ᠵᠢᠭᠠᠨ ᠰᠤᠷᠭᠠᠯᠲᠠ ᠶᠢᠨ ᠠᠰᠠᠷ᠂ ᠬᠠᠮᠲᠤᠷᠠᠭᠰᠠᠨ ᠠᠩᠭᠢ ᠶᠢᠨ ᠬᠢᠴᠢᠶᠡᠯ ᠤᠨ ᠭᠡᠷ᠂ ᠬᠤᠭᠤᠯᠠᠨ ᠭᠡᠷ᠂ ᠪᠠᠶᠢᠷᠢ ᠶᠢᠨ ᠭᠡᠷ᠂ | ᠲᠣᠭᠤᠷᠢᠭ ᠬᠡᠯᠪᠡᠷᠢ ᠶᠢᠨ ᠰᠦᠯᠢᠶᠥᠦ ᠴᠠᠪᠠᠤ ᠶᠢᠨ ᠲᠠᠮᠢᠷ ᠤᠨ ᠲᠠᠯᠠᠪᠠᠢ᠂ ᠰᠠᠭᠰᠤᠨ ᠪᠥᠮᠪᠦᠭᠡ ᠶᠢᠨ ᠲᠠᠯᠠᠪᠠᠢ ᠵᠡᠷᠭᠡ | ᠬᠠᠮᠢᠶ᠎ᠠ ᠪᠦᠬᠦᠢ ᠲᠥᠬᠦᠭᠡᠷᠦᠮᠵᠢ ᠶᠢ ᠪᠠᠭᠲᠠᠭᠠᠨ᠎ᠠ᠃ᠨᠡᠶᠢᠲᠡ 72 ᠵᠢᠭᠠᠨ ᠰᠤᠷᠭᠠᠯᠲᠠ ᠶᠢᠨ ᠠᠩᠭᠢ ᠲᠣᠬᠢᠷᠠᠭᠤᠯᠵᠤ᠂ | 3600 ᠰᠣᠷᠣᠭᠴᠢ ᠶᠢ ᠪᠠᠭᠲᠠᠭᠠᠨ ᠰᠤᠷᠤᠯᠴᠠᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ | ᠲᠣᠬᠢᠷᠠᠭᠤᠯᠵᠤ᠂ ᠬᠡᠦᠬᠡᠳ ᠢ ︽ᠰᠤᠷᠭᠠᠭᠤᠯᠢ ᠳᠤ ᠣᠷᠣᠬᠤ︾ ᠮᠥᠷᠲᠡᠭᠡᠨ ᠪᠠᠰᠠ ︽ᠣᠶᠢᠷ᠎ᠠ ᠬᠠᠪᠢ ᠳᠠᠭᠠᠨ | ᠰᠤᠷᠤᠯᠴᠠᠬᠤ︾ ᠪᠣᠯᠭᠠᠨ᠎ᠠ᠃ | ᠵᠠᠩ ᠭᠠᠢ ᠶᠢᠩᠽᠢ ᠲᠣᠰᠬᠤᠨ᠂ ᠳ᠋ᠦᠩᠪᠠ ᠲᠣᠰᠬᠤᠨ ᠳᠤ ᠰᠤᠷᠤᠭᠴᠢᠳ ᠤᠨ ᠣᠯᠠᠩᠬᠢ ᠨᠢ ᠬᠥᠩᠭᠡᠨ | ᠴᠠᠭᠠᠨ ᠤ ᠦᠢᠯᠡᠳᠪᠦᠷᠢ ᠶᠢᠨ ᠰᠤᠷᠭᠠᠭᠤᠯᠢ ᠳᠤ ᠰᠤᠷᠤᠯᠴᠠᠳᠠᠭ᠂ ᠵᠠᠮ ᠨᠢ ᠨᠡᠯᠢᠶᠡᠳ ᠬᠤᠯᠠ ᠪᠥᠭᠡᠳ ᠬᠤᠶᠠᠷ | ᠲᠣᠰᠬᠤᠨ ᠳᠤ ᠰᠤᠷᠭᠠᠭᠤᠯᠢ ᠶᠢᠨ ᠲᠡᠷᠭᠡ ᠨᠡᠪᠲᠡᠷᠡᠭᠡ ᠦᠭᠡᠢ ᠪᠣᠯᠬᠤᠷ ᠰᠤᠷᠤᠭᠴᠢᠳ ᠰᠤᠷᠭᠠᠭᠤᠯᠢ ᠳᠤ ᠣᠷᠣᠬᠤ ᠳᠤ | ᠲᠤᠩ ᠳᠥᠭᠦᠮ ᠦᠭᠡᠢ ᠪᠠᠶᠢᠪᠠ᠃ᠭᠡᠷ ᠤᠨ ᠠᠬᠠᠮᠠᠳ ᠪᠣᠯᠣᠨ ᠰᠤᠷᠤᠭᠴᠢᠳ ᠢ ᠭᠠᠴᠢᠭᠳᠠᠭᠤᠯᠵᠤ ᠪᠠᠶᠢᠭ᠎ᠠ ᠡᠨᠡᠬᠦ | ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ᠂ ᠬᠤᠶᠠᠷ ᠲᠣᠰᠬᠤᠨ ᠳᠤ ᠨᠡᠪᠲᠡᠷᠡᠬᠦ | ᠰᠤᠷᠭᠠᠭᠤᠯᠢ ᠶᠢᠨ ᠲᠡᠷᠭᠡ ᠶᠢ ᠤᠷᠤᠭᠰᠢᠲᠠᠢ ᠨᠡᠪᠲᠡᠷᠡᠭᠦᠯᠬᠦ ᠶᠢᠨ ᠲᠥᠯᠥᠭᠡ᠂ ᠵᠠᠩᠭᠠᠢ ᠶᠢᠩᠽᠢ ᠲᠣᠰᠬᠤᠨ᠂ ᠳ᠋ᠦᠩᠪᠠ | ᠲᠣᠰᠬᠤᠨ ᠤ ᠰᠤᠷᠤᠭᠴᠢᠳ ᠰᠤᠷᠭᠠᠭᠤᠯᠢ ᠳᠤ ᠪᠠᠭᠤᠬᠤ ᠪᠠ ᠲᠣᠰᠴᠤ ᠬᠦᠷᠭᠡᠬᠦ ᠳᠤ ᠬᠦᠴᠢᠷᠲᠡᠢ ᠠᠰᠠᠭᠤᠳᠠᠯ ᠳᠤ | ᠰᠠᠨᠠᠭ᠎ᠠ ᠵᠣᠪᠠᠭ᠋ᠤ ᠬᠡᠷᠡᠭ ᠦᠭᠡᠢ ᠪᠣᠯᠵᠠᠢ᠃ᠬᠡᠦᠬᠡᠳ ᠤᠳ ᠤᠨ ᠵᠣᠯ ᠵᠢᠷᠭᠠᠯᠲᠤ ᠢᠨᠢᠶᠡᠳᠦ᠂ ᠭᠡᠷ ᠤᠨ ᠠᠬᠠᠮᠠᠳ ᠤᠨ | ᠰᠡᠳᠬᠢᠯ ᠤᠨ ᠪᠠᠶᠠᠷ ᠪᠠᠭ᠋ᠠᠳᠤᠯ ᠠᠴᠠ ᠳ᠋ᠦᠩ ᠾᠧ ᠲᠣᠭᠤᠷᠢᠭ ᠤᠨ ᠬᠢᠨ ᠰᠤᠷᠭᠠᠨ ᠬᠥᠮᠦᠵᠢᠯ ᠢ ᠰᠡᠳᠬᠢᠯ ᠲᠠᠯᠪᠢᠨ | ᠰᠠᠶᠢᠲᠤᠷ ᠡᠷᠬᠢᠯᠡᠵᠦ᠂ ᠰᠤᠷᠭᠠᠨ ᠬᠥᠮᠦᠵᠢᠯ ᠢ ᠨᠡᠩ ᠴᠢᠨᠠᠷ ᠴᠢᠨᠰᠠᠭ᠎ᠠ ᠲᠠᠢ᠂ ᠨᠡᠩ ᠬᠠᠯᠠᠭᠤᠨ ᠳᠤᠯᠠᠭᠠᠨ ᠪᠣᠯᠭᠠᠬᠤ ᠶᠢ | ᠣᠯᠵᠤ ᠬᠠᠷᠠᠵᠠᠢ᠃ | ︽ᠡᠨᠡ ᠵᠢᠯ ᠮᠠᠨ ᠤ ᠣᠷᠣᠨ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠦᠷᠭᠦᠯᠵᠢᠯᠡᠨ ᠪᠠᠷᠢᠮᠲᠠᠯᠠᠵᠤ᠂ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ | ᠦᠷᠭᠦᠯᠵᠢᠯᠡᠨ ᠳᠡᠭᠡᠭᠰᠢᠯᠡᠭᠦᠯᠵᠦ᠂ ᠮᠠᠨ ᠤ ᠣᠷᠣᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠢ | ᠬᠥᠭᠵᠢᠬᠦ ᠶᠢ ᠪᠠᠲᠤᠯᠠᠨ᠎ᠠ︾᠃ ᠭᠡᠵᠦ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ | ᠳᠠᠷᠤᠭ᠎ᠠ ᠮᠠᠤ ᠬᠦᠢ ᠹᠥ᠋ᠩ ᠬᠡᠯᠡᠪᠡ᠃ | ᠣᠷᠴᠢᠨ ᠠᠬᠤᠢ ᠶᠢ ᠴᠡᠭᠴᠡᠯᠡᠨ ᠵᠠᠰᠠᠬᠤ ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ | | | | | ᠣᠶᠢᠷ᠎ᠠ ᠶᠢᠨ ᠵᠢᠯ ᠤᠨ ᠲᠤᠷᠰᠢᠬᠢ ᠲᠣᠰᠬᠤᠨ ᠤ ᠬᠤᠪᠢᠷᠠᠯᠲᠠ ᠶᠢ ᠳᠤᠷᠠᠳᠬᠤ ᠳᠤ᠂ ᠰᠢᠷᠴᠢᠨ | ᠪᠠᠯᠭᠠᠰᠤᠨ ᠤ ᠱᠢ ᠳ᠋ᠡ ᠬᠥ᠋ ᠲᠣᠰᠬᠤᠨ ᠤ ᠸᠠᠩ ᠡᠪᠦᠭᠡ ᠲᠣᠰᠬᠤᠨ ᠤ ᠳᠦᠷᠰᠦ ᠪᠠᠶᠢᠳᠠᠯ ᠢ ᠮᠠᠭᠲᠠᠭᠠᠳ ᠪᠠᠷᠠᠬᠤ | ᠦᠭᠡᠢ᠂ ︽ᠥᠩᠭᠡᠷᠡᠭᠰᠡᠨ ᠳᠤ ᠮᠠᠨ ᠤ ᠲᠣᠰᠬᠤᠨ ᠳᠤ ᠪᠣᠷᠣᠭᠠᠨ ᠣᠷᠣᠮᠠᠭᠴᠠ ᠲᠣᠰᠬᠤᠨ ᠤ ᠵᠠᠮ ᠰᠢᠪᠠᠷ ᠱᠠᠯᠴᠢᠭ | ᠪᠣᠯᠵᠤ᠂ ᠶᠠᠪᠤᠵᠤ ᠰᠠᠭᠤᠬᠤ ᠳᠤ ᠳᠥᠭᠦᠮ ᠦᠭᠡᠢ ᠪᠠᠶᠢᠪᠠ᠂ ᠡᠨᠡ ᠬᠡᠳᠦᠨ ᠵᠢᠯ ᠳᠤ ᠣᠷᠴᠢᠨ ᠠᠬᠤᠢ ᠶᠢ | ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠪᠣᠬᠢᠷ ᠤᠰᠤ ᠶᠢ ᠵᠠᠰᠠᠬᠤ ᠢᠨᠵᠧᠨᠧᠷᠢᠩ ᠢ ᠬᠢᠵᠦ᠂ | ᠬᠤᠪᠢᠷᠠᠯᠲᠠ ᠮᠠᠰᠢ ᠢᠯᠡᠷᠬᠡᠢ ᠪᠣᠯᠵᠤ᠂ ᠮᠠᠨ ᠤ ᠠᠮᠢᠳᠤᠷᠠᠯ ᠤᠨ ᠣᠷᠴᠢᠨ ᠠᠬᠤᠢ ᠶᠠᠪᠤᠬᠤ ᠲᠤᠲᠤᠮ ᠰᠠᠶᠢᠵᠢᠷᠠᠵᠤ | ᠪᠠᠶᠢᠨ᠎ᠠ︾᠃ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠮᠢ ᠠᠬᠤᠢ ᠶᠢᠨ ᠣᠷᠣᠰᠢᠨ | ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠣᠯ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ | ᠡᠭᠦᠷᠭᠡ ᠪᠣᠯᠣᠨ᠎ᠠ᠂ ᠮᠥᠨᠴᠦ ᠥᠷᠭᠡᠨ ᠤᠯᠠᠨ ᠠᠷᠠᠳ ᠲᠦᠮᠡᠨ ᠤ ᠬᠠᠯᠠᠭᠤᠨ ᠬᠦᠰᠡᠯ ᠪᠣᠯᠣᠨ᠎ᠠ᠃ᠠᠳᠦᠯᠠᠢ | ᠲᠣᠰᠬᠤᠨ ᠤ ᠬᠠᠲᠠᠭᠤᠷᠠᠭᠰᠠᠨ ᠴᠢᠯᠠᠭᠤᠨ ᠬᠠᠪᠲᠠᠰᠤᠨ ᠵᠠᠮ ᠳᠡᠭᠡᠷ᠎ᠡ᠂ ᠵᠥᠭᠡᠯᠡᠨ ᠰᠠᠯᠬᠢ ᠬᠠᠴᠠᠷ ᠢ ᠢᠯᠪᠢᠵᠦ᠂ ᠬᠤᠶᠠᠷ | ᠲᠠᠯ᠎ᠠ ᠶᠢᠨ ᠤᠢ ᠮᠣᠳᠣ ᠬᠥᠬᠡᠷᠡᠨ ᠨᠣᠭᠤᠭᠠᠷᠠᠵᠤ᠂ ᠵᠠᠮ ᠴᠡᠪᠡᠷ ᠴᠡᠮᠴᠡᠭᠡᠷ ᠪᠠᠶᠢᠵᠤ᠂ ᠬᠥᠳᠡᠭᠡ ᠠᠶᠢᠯ ᠤᠨ ᠬᠦᠷᠢᠶ᠎ᠡ | ᠬᠠᠰᠢᠶ᠎ᠠ ᠨᠢ ᠬᠤᠸᠠᠷ ᠴᠡᠴᠡᠭ ᠡᠪᠡᠰᠦ ᠮᠣᠳᠣᠨ ᠤ ᠳᠤᠮᠳᠠ ᠪᠦᠷᠬᠦᠭᠳᠡᠵᠦ᠂ ᠭᠠᠵᠠᠷ ᠪᠣᠯᠭᠠᠨ ᠳᠤ ᠰᠢᠯᠦᠭ ᠵᠢᠷᠤᠭ | ᠮᠡᠲᠦ ᠬᠥᠳᠡᠭᠡ ᠲᠣᠰᠬᠤᠨ ᠤ ᠬᠥᠳᠡᠭᠡ ᠲᠣᠰᠬᠤᠨ ᠤ ᠭᠤᠶᠤ ᠦᠵᠡᠮᠵᠢ ᠶᠢ ᠣᠯᠵᠤ ᠬᠠᠷᠠᠨ᠎ᠠ᠃ | | | | | ︽ᠲᠣᠰᠬᠤᠨ ᠤ ᠬᠤᠪᠢᠷᠠᠯᠲᠠ ᠮᠠᠰᠢ ᠶᠡᠭᠡ᠂ ᠮᠠᠨ ᠤ ᠲᠣᠰᠬᠤᠨ ᠤ ᠠᠷᠠᠳ ᠤᠨ ᠰᠡᠳᠬᠢᠯ ᠳᠤ ᠮᠠᠰᠢ ᠰᠠᠶᠢᠨ | ᠪᠠᠶᠢᠨ᠎ᠠ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠮᠠᠨ ᠤ ᠲᠣᠰᠬᠤᠨ ᠳᠤ ᠢᠷᠡᠭᠰᠡᠨ ᠵᠤᠭᠠᠴᠠᠭᠰᠠᠳ | ᠮᠠᠰᠢ ᠤᠯᠠᠨ᠂ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠲᠠᠢ᠂ ᠬᠦᠷ ᠬᠥᠭᠵᠢᠶᠡᠨ ᠲᠠᠢ ᠬᠥᠳᠡᠭᠡ ᠲᠣᠰᠬᠤᠨ ᠤ | ᠵᠤᠭᠠᠴᠠᠯ ᠨᠢ ᠪᠢᠳᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠮᠠᠰᠢ ᠰᠠᠶᠢᠨ ᠲᠠᠶᠢᠴᠢᠯᠠᠵᠦ ᠪᠠᠶᠢᠨ᠎ᠠ︾᠃ | ᠲᠣᠰᠬᠤᠨ ᠤ ᠬᠤᠪᠢᠷᠠᠯᠲᠠ ᠶᠢ ᠶᠠᠷᠢᠬᠤ ᠳᠤ᠂ ᠲᠣᠰᠬᠤᠨ ᠤ ᠠᠷᠠᠳ ᠯᠢᠦ ᠠᠨᠢᠶ᠎ᠠ ᠡᠷᠡᠬᠡᠢ ᠬᠤᠷᠤᠭᠤ ᠪᠠᠨ | ᠭᠤᠵᠣᠶᠢᠯᠭᠠᠨᠠ᠃ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ︽ᠬᠠᠨᠳᠤᠯᠭᠠᠲᠤ ᠵᠠᠰᠠᠯᠲᠠ︾᠂ ᠾᠧ ᠮᠧᠶ | ᠬᠥᠳᠡᠭᠡ ᠲᠣᠰᠬᠤᠨ ᠢ ︽ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠪᠠ︾᠃ᠬᠦᠷᠢᠶ᠎ᠡ ᠬᠦᠷᠢᠶ᠎ᠡ ᠨᠢ ᠴᠡᠪᠡᠷ | ᠴᠡᠮᠴᠡᠭᠡᠷ ᠪᠠᠶᠢᠵᠤ᠂ ᠲᠣᠰᠬᠤᠨ ᠤ ᠳᠦᠷᠰᠦ ᠪᠠᠶᠢᠳᠠᠯ ᠴᠣ᠋ ᠰᠢᠨ᠎ᠡ ᠪᠣᠯᠵᠤ᠂ ᠲᠠᠷᠢᠶᠠᠴᠢᠳ ᠤᠨ ᠤᠶᠤᠨ ᠰᠠᠨᠠᠭ᠎ᠠ | ᠰᠣᠶᠣᠯ ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠵᠤ᠂ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠳᠤ | ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ | ᠦᠷ᠎ᠡ ᠪᠦᠲᠦᠮᠵᠢ ᠣᠯᠪᠠ ᠁ ᠡᠳᠡᠭᠡᠷ ᠨᠢ ᠴᠥᠮ ᠳ᠋ᠦᠩ ᠾᠧ ᠲᠣᠭᠤᠷᠢᠭ ᠤᠨ ᠦᠷᠭᠦᠯᠵᠢᠯᠡᠨ ᠥᠷᠨᠢᠭᠦᠯᠦᠭᠰᠡᠨ | ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠠᠴᠠ | ᠰᠠᠯᠵᠤ ᠴᠢᠳᠠᠬᠤ ᠦᠭᠡᠢ ᠶᠤᠮ᠃ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠲᠣᠪᠣᠶᠢᠮ᠎ᠠ | ᠠᠰᠠᠭᠤᠳᠠᠯ ᠢ ᠪᠠᠷᠢᠮᠵᠢᠶ᠎ᠠ ᠪᠠᠷ ᠢᠯᠡᠳᠬᠡᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠱᠢ ᠳ᠋ᠡ ᠭᠦ᠋᠂ ᠳ᠋ᠦᠩ ᠪᠠ᠂ | ᠵᠠᠩᠭᠠᠢ ᠶᠢᠩᠽᠢ ᠵᠡᠷᠭᠡ 3 ᠲᠣᠰᠬᠤᠨ ᠳᠤ ᠪᠣᠬᠢᠷ ᠤᠰᠤ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠪᠡ︔ᠸᠠᠩ ᠳ᠋ᠠ | ᠬᠠᠨ᠂ ᠠᠳᠦᠯᠠᠢ ᠵᠡᠷᠭᠡ 6 ᠲᠣᠰᠬᠤᠨ ᠳᠤ ᠬᠤᠭ ᠨᠣᠪᠰᠢ ᠶᠢ ᠵᠠᠰᠠᠬᠤ ᠢᠨᠵᠧᠨᠧᠷᠢᠩ ᠪᠣᠯᠣᠨ ᠬᠤᠭ ᠨᠣᠪᠰᠢ ᠶᠢ | ᠲᠦᠷᠦᠯ ᠬᠤᠪᠢᠶᠠᠬᠤ ᠲᠤᠷᠰᠢᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠠᠵᠢᠯ ᠢ | ᠦᠨᠡᠨᠬᠦ ᠲᠣᠰᠬᠤᠨ ᠤ ᠠᠷᠠᠳ ᠤᠨ ᠰᠡᠳᠬᠢᠯ ᠳᠤ ᠬᠠᠳᠠᠩᠰᠢᠭᠤᠯᠵᠤ᠂ ᠰᠠᠶᠢᠨ ᠢᠶᠠᠷ ᠵᠠᠰᠠᠵᠤ ᠰᠠᠶᠢᠨ ᠢᠶᠠᠷ | ᠠᠵᠢᠯᠯᠠᠬᠤ ᠪᠠᠷ ᠠᠷᠠᠳ ᠤᠨ ᠠᠮᠢᠳᠤᠷᠠᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ | ᠪᠢᠴᠢᠭᠯᠡᠨ᠎ᠡ᠃ | ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠬᠡᠵᠢᠶᠡᠳᠡ ᠬᠠᠶᠢᠷ᠎ᠠ | ᠰᠡᠳᠬᠢᠯᠭᠡ ᠲᠠᠢ ᠬᠤᠯᠪᠣᠭᠳᠠᠨ᠎ᠠ᠃ᠳ᠋ᠦᠩ ᠾᠧ ᠲᠣᠭᠤᠷᠢᠭ ᠤᠨ ᠬᠢᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠦᠷᠭᠦᠯᠵᠢᠯᠡᠨ ᠴᠢᠩᠭ᠎ᠠ ᠠᠩᠬᠠᠷᠴᠤ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ | ᠠᠵᠢᠯ ᠣᠯᠭᠤᠯᠲᠠ᠂ ᠰᠤᠷᠭᠠᠨ ᠬᠥᠮᠦᠵᠢᠯ᠂ ᠣᠷᠣᠨ ᠰᠠᠭᠤᠴᠠ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠯᠠᠨ | ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ | ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠪᠦᠲᠦᠮᠵᠢᠲᠡᠢ ᠳᠡᠭᠡᠭᠰᠢᠯᠡᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ | ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | |