ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ | 2023 ᠣᠨ ᠳᠤ᠂ ᠳ᠋ᠦᠩ ᠾᠧ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ 451.21 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠣᠭᠲᠠᠮᠠᠯ ᠦᠨ᠎ᠡ ᠪᠠᠷ ᠠᠳᠠᠯᠢ | ᠬᠤᠭᠤᠴᠠᠭᠠᠨ ᠤ ᠬᠢ ᠠᠴᠠ 7% ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 0.7 ᠵᠠᠭᠤᠨ ᠤ | ᠴᠡᠭ ᠳᠡᠭᠡᠭᠰᠢᠯᠡᠵᠦ᠂ ᠳᠡᠭᠡᠷ᠎ᠡ ᠵᠢᠯ ᠤᠨ ᠬᠢ ᠠᠴᠠ 1.9 ᠵᠠᠭᠤᠨ ᠤ ᠴᠡᠭ ᠳᠡᠭᠡᠭᠰᠢᠯᠡᠵᠦ᠂ ᠬᠤᠶᠠᠷ ᠵᠢᠯ ᠤᠨ | ᠳᠤᠮᠳᠠᠴᠢ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ 1.8 ᠵᠠᠭᠤᠨ ᠤ ᠨᠢᠭᠡᠴᠢ ᠠᠴᠠ ᠥᠨᠳᠥᠷ ᠪᠣᠯᠵᠤ᠂ | ᠲᠣᠰ ᠲᠣᠰ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ 0.3 ᠪᠠ 3.2 ᠵᠠᠭᠤᠨ ᠤ ᠴᠡᠭ ᠳᠣᠣᠷ᠎ᠠ ᠪᠣᠯᠪᠠ | ᠃ | ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 4. | 4% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 4% ᠨᠡᠮᠡᠭᠳᠡᠪᠡ︔ ᠬᠤᠶᠠᠳᠤᠭᠠᠷ ᠠᠵᠤ ᠦᠢᠯᠡᠰ ᠠᠳᠠᠯᠢ | ᠬᠤᠭᠤᠴᠠᠭᠠᠨ ᠤ ᠬᠢ ᠠᠴᠠ 8.7% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 10.8% ᠨᠡᠮᠡᠭᠳᠡᠪᠡ︔ | ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 6.1% ᠨᠡᠮᠡᠭᠳᠡᠵᠦ᠂ ᠬᠤᠶᠠᠷ ᠵᠢᠯ ᠳᠤ | ᠳᠤᠮᠳᠠᠴᠢ ᠪᠠᠷ 3.6% ᠨᠡᠮᠡᠭᠳᠡᠪᠡ᠃ | ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠪᠠᠶᠢᠬᠤ ᠶᠢ ᠪᠠᠲᠤᠯᠠᠵᠤ᠂ 2023 ᠣᠨ ᠳᠤ᠂ | ᠳ᠋ᠦᠩ ᠾᠧ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 9% ᠨᠡᠮᠡᠭᠳᠡᠵᠦ᠂ ᠲᠦᠷᠦᠭᠦᠤ ᠭᠤᠷᠪᠠᠨ ᠤᠯᠠᠷᠢᠯ ᠤᠨ ᠬᠢ ᠠᠴᠠ 3.5 ᠵᠠᠭᠤᠨ ᠤ ᠴᠡᠭ | ᠳᠡᠭᠡᠭᠰᠢᠯᠡᠵᠦ᠂ ᠳᠡᠭᠡᠷ᠎ᠡ ᠵᠢᠯ ᠤᠨ ᠬᠢ ᠠᠴᠠ 2.2 ᠵᠠᠭᠤᠨ ᠤ ᠴᠡᠭ ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ | 10% ᠪᠠᠷ ᠨᠡᠮᠡᠭᠳᠡᠨ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 14.4 | ᠵᠠᠭᠤᠨ ᠤ ᠬᠤᠪᠢ ᠶᠢᠨ ᠴᠡᠭ ᠳᠣᠤᠷ᠎ᠠ ᠪᠣᠯᠵᠤ᠂ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠠᠴᠠ | 4.4 ᠪᠠ 1.6 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ | ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ 2023 ᠣᠨ ᠳᠤ ᠳ᠋ᠦᠩ | ᠾᠧ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15. | 1 % ᠪᠠᠷ ᠨᠡᠮᠡᠭᠳᠡᠵᠦ᠂ ᠲᠦᠷᠦᠭᠦᠤ ᠵᠢᠯ ᠤᠨ ᠬᠢ ᠠᠴᠠ 3.4 ᠵᠠᠭᠤᠨ ᠤ ᠨᠢᠭᠡᠴᠢ ᠥᠨᠳᠥᠷ ᠪᠣᠯᠵᠣ᠂ ᠬᠤᠶᠠᠷ | ᠵᠢᠯ ᠳᠤ ᠳᠤᠮᠳᠠᠴᠢ ᠪᠠᠷ 13.4 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ 12.1 | ᠵᠠᠭᠤᠨ ᠤ ᠨᠢᠭᠡᠴᠢ ᠠᠴᠠ ᠥᠨᠳᠥᠷ ᠪᠣᠯᠵᠣ᠂ ᠲᠣᠰ ᠲᠣᠰ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ 4.7 | ᠪᠠ 9.2 ᠵᠠᠭᠤᠨ ᠤ ᠨᠢᠭᠡᠴᠢ ᠠᠴᠠ ᠳᠣᠤᠷ᠎ᠠ ᠪᠣᠯᠪᠠ᠃ | ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ | ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠲᠣᠭᠲᠠᠭᠤᠨ ᠢᠶᠠᠷ ᠰᠡᠷᠭᠦᠵᠦ᠂ 2023 ᠣᠨ ᠳᠤ ᠳ᠋ᠦᠩ ᠾᠧ | ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 195.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠨ᠂ ᠲᠦᠷᠦᠭᠦᠤ | ᠵᠢᠯ ᠤᠨ ᠬᠢ ᠠᠴᠠ 12.4 ᠵᠠᠭᠤᠨ ᠤ ᠨᠢᠭᠡᠴᠢ ᠳᠡᠭᠡᠭᠰᠢᠯᠡᠵᠦ᠂ ᠬᠤᠶᠠᠷ ᠵᠢᠯ ᠤᠨ ᠳᠤᠮᠳᠠᠴᠢ ᠨᠡᠮᠡᠭᠳᠡᠯ 1.7% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 0.9 ᠵᠠᠭᠤᠨ ᠤ ᠨᠢᠭᠡᠴᠢ ᠥᠨᠳᠥᠷ ᠪᠣᠯᠵᠤ᠂ | ᠪᠥᠬᠦ ᠬᠤᠲᠠ ᠶᠢᠨ ᠵᠠᠭᠤᠨ ᠤ 0.4 ᠬᠤᠪᠢ ᠶᠢᠨ ᠴᠡᠭ ᠳᠤᠤᠷ᠎ᠠ ᠪᠣᠯᠵᠣ᠂ ᠥᠪᠡᠷᠲᠡᠭᠡᠨ ᠵᠠᠰᠠᠬᠤ ᠣᠷᠣᠨ ᠤ | ᠨᠡᠮᠡᠭᠳᠡᠯ ᠤᠨ ᠬᠤᠷᠳᠤᠴᠠ ᠲᠠᠢ ᠨᠢᠭᠡᠳᠦᠯᠲᠡᠶ ᠪᠠᠶᠢᠬᠤ ᠶᠢ ᠪᠠᠲᠤᠯᠠᠪᠠ᠃ | ᠲᠠᠪᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ 2023 ᠣᠨ ᠳᠤ᠂ | ᠳ᠋ᠦᠩ ᠾᠧ ᠲᠣᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 53106 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ | ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 32440 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠᠷ | ᠨᠡᠮᠡᠭᠳᠡᠪᠡ᠃ |