10 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠨᠡᠶᠢᠲᠡ ᠶᠢᠨ ᠠᠰᠠᠷᠠᠮᠵᠢ ᠶᠢᠨ ᠠᠷᠠᠳ ᠲᠤ | ᠳᠥᠭᠦᠮ ᠦᠵᠡᠭᠦᠯᠬᠦ ᠠᠵᠢᠯᠯᠠᠭ᠎ᠠ ᠨᠠᠨ ᠭᠧ ᠳ᠋ᠦᠩ ᠵᠡᠭᠡᠯᠢ ᠭᠤᠳᠤᠮᠵᠢ ᠶᠢᠨ ᠪᠢᠨ ᠾᠧ ᠨᠡᠶᠢᠭᠡᠮ ᠲᠣᠭᠤᠷᠢᠭ ᠤᠨ | ᠾᠧ ᠳ᠋ᠦᠩ ᠠᠷᠪᠠᠨ ᠰᠠᠭᠤᠷᠢ ᠰᠡᠳᠬᠢᠯ ᠢ ᠳᠤᠯᠠᠭᠠᠴᠠᠭᠤᠯᠬᠤ ᠬᠥᠳᠡᠯᠭᠡᠭᠡᠨ ᠤ ᠳᠠᠰᠤᠭ ᠲᠤ ᠬᠦᠷ ᠬᠥᠭᠵᠢᠶᠡᠨ ᠲᠠᠢ | ᠶᠠᠪᠤᠭᠳᠠᠵᠤ᠂ ᠰᠠᠭᠤᠭᠠᠯᠢ ᠠᠷᠠᠳ ᠯᠢᠦ ᠢᠦᠶ ᠯᠠᠨ ᠨᠠᠰᠤᠲᠠᠨ ᠪᠠᠶᠠᠷᠲᠠᠶ ᠪᠠᠷ᠄ ︽ᠡᠨᠡ ᠪᠠᠭᠰᠢ ᠭᠠᠷ ᠤᠷᠠᠯᠠᠯ | ᠦᠨᠡᠬᠡᠷ ᠰᠠᠶᠢᠨ᠂ ᠮᠢᠨᠦ ᠡᠨᠡ ᠬᠦ ᠴᠠᠬᠢᠯᠭᠠᠨ ᠢᠯᠢᠭᠦᠷ ᠨᠢ ᠨᠡᠯᠢᠶᠡᠳ ᠬᠡᠳᠦᠨ ᠰᠠᠷ᠎ᠠ ᠮᠠᠭᠤᠳᠠᠪᠠ᠂ ᠵᠠᠰᠠᠬᠤ | ᠵᠤᠭᠤᠰ ᠢᠶᠠᠷ ᠰᠢᠨ᠎ᠡ ᠶᠢ ᠬᠤᠳᠠᠯᠳᠤᠨ ᠠᠪᠤᠭᠰᠠᠨ ᠨᠢ ᠳᠡᠭᠡᠷ᠎ᠡ ᠭᠡᠵᠦ ᠪᠣᠳᠤᠵᠤ ᠪᠠᠶᠢᠭᠰᠠᠨ᠂ ᠥᠨᠥᠳᠥᠷ ᠭᠡᠷ ᠤᠨ | ᠡᠭᠦᠳᠡᠨ ᠳᠤ ᠪᠠᠭᠰᠢ ᠬᠡᠳᠦᠨ ᠮᠢᠨᠦ᠋ᠲ ᠶᠢᠨ ᠳᠣᠲᠤᠷᠡ ᠨᠠᠳᠠ ᠵᠠᠰᠠᠵᠤ ᠥᠭᠴᠡᠢ︾ ᠭᠡᠵᠦ ᠬᠡᠯᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠬᠥᠬᠡ ᠥᠩᠭᠡᠲᠡᠶ ᠤᠤᠵᠢ ᠡᠮᠦᠰᠦᠭᠰᠡᠨ ︽ᠪᠠᠶᠠᠰᠤᠯᠳᠤ | ᠳᠠᠷᠬᠠᠨ︾ ᠪᠠᠭᠰᠢ ᠨᠠᠷ ᠮᠠᠰᠢ ᠲᠦᠷᠭᠡᠨ ᠢᠶᠠᠷ ᠰᠠᠭᠤᠭᠠᠯᠢ ᠠᠷᠠᠳ ᠤᠨ ᠠᠰᠠᠭᠤᠨ ᠯᠠᠪᠯᠠᠬᠤ ᠪᠠ ᠲᠣᠭᠤᠷᠢᠨ | ᠦᠵᠡᠬᠦ ᠶᠢ ᠲᠠᠲᠠᠪᠠ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠠᠯᠠᠭᠤᠨ ᠰᠡᠳᠬᠢᠯᠭᠡ ᠶᠢ ᠬᠦᠯᠢᠴᠡᠩᠭᠦᠶ ᠪᠠᠷ | ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠲᠤ ︽ᠪᠠᠶᠠᠷᠯᠠᠭᠤᠰᠢᠲᠠᠶ ᠦᠢᠯᠡᠴᠢᠯᠡᠭᠡ︾ ᠶᠢᠨ ᠤᠶᠢᠯᠡᠴᠢᠯᠡᠭᠡᠨ ᠤ | ᠬᠦᠷᠢᠶ᠎ᠡ ᠴᠠᠷᠠᠭ᠎ᠠ ᠶᠢ ᠣᠶᠢᠯᠠᠭᠠᠭᠤᠯᠵᠤ᠂ ︽ᠴᠠᠬᠢᠯᠭᠠᠨ ᠲᠣᠭᠤᠭ᠎ᠠ ᠶᠢ ᠰᠡᠯᠪᠢᠨ ᠵᠠᠰᠠᠵᠤ ᠳᠡᠶᠢᠯᠬᠦ ᠦᠦ︖︾ ᠭᠡᠪᠡ | ᠃ ︽ᠮᠠᠨ ᠤ ᠳᠤ ᠨᠢᠭᠡ ᠬᠠᠯᠠᠭᠤᠨ ᠣᠰᠣᠨ ᠤ ᠮᠠᠰᠢᠨ ᠬᠠᠯᠠᠭᠤᠨ ᠤᠰᠤ ᠭᠠᠷᠬᠤ ᠦᠭᠡᠢ ᠪᠣᠯᠴᠢᠬᠠᠯ᠎ᠠ᠂ ᠮᠠᠨ ᠤ ᠳᠤ | ᠣᠴᠢᠵᠤ ᠬᠠᠪᠰᠤᠷᠴᠤ ᠦᠵᠡᠵᠦ ᠪᠣᠯᠬᠤ ᠤᠤ︖︾ ᠂ ᠰᠠᠭᠤᠭᠠᠯᠢ ᠠᠷᠠᠳ ᠲᠡᠷᠡ ᠨᠢᠭᠡ ᠦᠭᠡ ᠡᠨᠡ ᠨᠢᠭᠡ | ᠬᠡᠯᠡᠮᠡᠭᠴᠡ ᠦᠰᠦ ᠵᠠᠰᠠᠬᠤ᠂ ᠬᠠᠶᠢᠴᠢ ᠪᠢᠯᠡᠭᠦᠦ᠂ ᠭᠡᠷ ᠤᠨ ᠴᠠᠬᠢᠯᠭᠠᠨ ᠬᠡᠷᠡᠭᠰᠡᠯ ᠵᠠᠰᠠᠬᠤ᠂ ᠰᠠᠭᠤᠭᠠᠯᠢ ᠠᠷᠠᠳ | ᠥᠪᠡᠷ ᠥᠪᠡᠷ ᠤᠨ ᠬᠡᠷᠡᠭᠴᠡᠭᠡ ᠲᠠᠢ ᠳᠡᠯᠭᠡᠭᠦᠷ ᠤᠨ ᠡᠮᠦᠨ᠎ᠡ ᠮᠥᠷ ᠲᠤ ᠣᠴᠢᠵᠤ ᠤᠷᠲᠤ ᠮᠥᠷᠦᠯᠡᠭᠰᠡᠨ ᠪᠥᠭᠡᠳ | ᠪᠠᠰᠠ ᠤᠷᠢᠳᠴᠢᠯᠠᠨ ᠪᠣᠯᠵᠣᠵᠤ ᠭᠡᠷ ᠲᠤᠨᠢ ᠬᠦᠷᠴᠦ ᠰᠡᠯᠪᠢᠨ ᠵᠠᠰᠠᠭᠰᠠᠨ ᠪᠠᠶᠢᠨ᠎ᠠ᠂ ᠲᠤᠬᠠᠶ ᠶᠢᠨ ᠲᠠᠯᠠᠪᠤᠷ ᠮᠠᠰᠢ | ᠬᠥᠷ ᠬᠥᠭᠵᠢᠶᠡᠨ ᠲᠠᠢ ᠪᠠᠶᠢᠪᠠ᠃ | ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠪᠣᠯᠣᠨ ᠬᠤᠲᠣᠩ ᠠᠷᠠᠳ ᠤᠨ ᠰᠠᠭᠤᠭᠠᠯᠢ ᠠᠷᠠᠳ ᠲᠤ | ᠢᠳᠡᠪᠬᠢᠲᠡᠶ ᠪᠠᠷ ᠦᠰᠦ ᠵᠠᠰᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠨᠡᠶᠢᠭᠡᠮ ᠲᠣᠭᠤᠷᠢᠭ ᠤᠨ | ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠪᠣᠳᠠᠲᠤ ᠠᠰᠢᠭ ᠢ ᠮᠡᠳᠡᠷᠡᠵᠦ᠂ ᠨᠡᠶᠢᠭᠡᠮ ᠲᠣᠭᠤᠷᠢᠭ ᠤᠨ | ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠶᠢᠨ ᠲᠠᠰᠤᠭ ᠤᠨ ᠡᠶᠢᠮᠦᠷᠬᠦ ᠠᠵᠢᠯᠯᠠᠭ᠎ᠠ ᠶᠢ ᠮᠠᠭᠲᠠᠨ ᠰᠠᠶᠢᠰᠢᠶᠠᠪᠠ᠃ | ᠡᠨᠡ ᠵᠢᠯ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠪᠢᠨ ᠾᠧ ᠨᠡᠶᠢᠭᠡᠮ ᠲᠣᠭᠤᠷᠢᠭ ︽ᠨᠡᠶᠢᠭᠡᠮ ᠤᠨ ᠵᠠᠰᠠᠯᠲᠠ ᠶᠢ | ᠳᠡᠭᠡᠭᠰᠢᠯᠡᠭᠦᠯᠬᠦ ᠣᠨ︾ ᠤ ᠲᠣᠭᠤᠷᠢᠨ ᠳᠤ᠂ ᠰᠠᠭᠤᠭᠠᠯᠢ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ | ᠠᠵᠢᠯᠯᠠᠭᠠᠨ ᠤ ᠲᠠᠰᠤᠭ ᠲᠠᠢ ᠤᠶᠠᠯᠳᠤᠭᠤᠯᠤᠨ᠂ ᠦᠢᠯᠡᠴᠢᠯᠡᠭᠡ ᠶᠢ ᠡᠷᠦᠬᠡ ᠪᠣᠯᠭᠠᠨ ᠳᠤ ᠬᠦᠷᠲᠡᠯ᠎ᠡ ᠥᠷᠭᠡᠳᠬᠡᠵᠦ᠂ | ᠨᠠᠩ ᠣᠯᠠᠨ ᠰᠠᠭᠤᠭᠠᠯᠢ ᠠᠷᠠᠳ ᠲᠤ ︽ᠬᠡᠷ ᠤᠨ ᠡᠭᠦᠳᠡ︾ ᠶᠢᠨ ᠲᠥᠬᠦᠮ ᠨᠥᠬᠦᠴᠡᠯ ᠢ ᠬᠦᠷᠲᠡᠭᠡᠪᠡ᠃ ᠪᠢᠨ | ᠾᠧ ᠨᠡᠶᠢᠭᠡᠮ ᠲᠣᠭᠤᠷᠢᠭ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠳᠠᠮᠵᠢᠭᠤᠯᠤᠨ᠂ ︽ᠪᠠᠶᠠᠷᠯᠠᠭᠤᠰᠢᠲᠠᠶ ᠳᠠᠷᠬᠠᠨ | ᠬᠥᠮᠦᠨ᠂ ᠠᠷᠠᠳ ᠤᠨ ᠲᠥᠯᠥᠭᠡ ᠵᠠᠰᠠᠪᠤᠷᠢ ᠣᠷᠣᠭᠤᠯᠬᠤ︾ ᠵᠣᠷᠢᠯᠲᠠ ᠶᠢ ᠦᠢᠯᠡᠳᠦᠯᠭᠡᠵᠢᠭᠦᠯᠵᠦ᠂ ᠣᠯᠠᠨ ᠡᠰᠢᠲᠦ | ᠬᠠᠮᠲᠤᠪᠠᠷ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠲᠤ ᠨᠠᠩ ᠨᠠᠷᠢᠯᠢᠬᠵᠢᠭᠰᠠᠨ᠂ | ᠨᠠᠷᠢᠯᠢᠭ ᠣᠨᠣᠴᠠᠲᠠᠶ ᠴᠢᠨᠠᠷ ᠰᠠᠶᠢᠲᠠᠶ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠨᠡᠭᠦᠷᠡᠰᠦᠲᠥ᠋ᠷᠥᠭᠴᠢ ᠪᠠᠭ᠎ᠠ | ᠂ ᠣᠷᠴᠢᠨ ᠲᠣᠭᠤᠷᠢᠨ ᠤ ᠬᠠᠮᠠᠭᠠᠯᠠᠯᠲᠠ᠂ ᠦᠷᠭᠦᠯᠵᠢᠯᠡᠬᠦ ᠬᠥᠭᠵᠢᠯᠲᠡ ᠶᠢᠨ ᠠᠮᠢ ᠠᠬᠤᠶ ᠶᠢᠨ ᠰᠠᠭᠤᠭᠠᠯᠢ | ᠲᠣᠭᠤᠷᠢᠭ ᠢ ᠠᠯᠬᠤᠮ ᠠᠯᠬᠤᠮ ᠢᠶᠠᠷ ᠪᠠᠶᠢᠭᠤᠯᠬᠤ ᠪᠣᠯᠤᠨ᠎ᠠ᠃ |