ᠥᠷᠭᠡᠨ ᠣᠯᠠᠨ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ ᠪᠠ ᠣᠯᠠᠨ ᠲᠦᠮᠡᠨ ᠳᠤ᠄ | ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ | ᠪᠠ ᠣᠯᠠᠨ ᠲᠦᠮᠡᠨ ᠤ ᠠᠵᠢᠯ ᠶᠠᠪᠤᠳᠠᠯ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠶᠢᠨ ᠲᠥᠯᠥᠭᠡ᠂ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠣᠯᠠᠨ ᠤᠳᠠᠭ᠎ᠠ ᠵᠣᠬᠢᠴᠠᠭᠤᠯᠤᠨ | ᠵᠣᠯᠭᠠᠭᠤᠯᠬᠤ ᠪᠠᠷ ᠳᠡᠮᠵᠢᠨ᠂ ᠪᠤᠭᠤᠲᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠳᠤ ᠣᠷᠣᠵᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠬᠡᠵᠦ᠂ ︽ᠨᠢᠭᠡ | ᠥᠷᠲᠡᠭᠡᠨ ᠤ ᠮᠠᠶ᠋ᠢᠭ︾ ᠤᠨ ᠶᠡᠷᠦᠩᠬᠡᠶᠢᠯᠡᠭᠰᠡᠨ ᠦᠢᠯᠡᠴᠢᠯᠡᠭᠡ ᠶᠢ ᠦᠨᠡᠨ ᠬᠦ ᠪᠡᠶᠡᠯᠡᠭᠦᠯᠦᠨ᠎ᠡ᠃ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠣᠷᠣᠵᠤ ᠰᠠᠭᠤᠭᠰᠠᠨ ᠴᠠᠭ | 2024 ᠣᠨ ᠤ 10 ᠰᠠᠷ᠎ᠠ ᠶᠢᠨ 8 ᠤ ᠡᠳᠦᠷ ᠠᠴᠠ ᠡᠬᠢᠯᠡᠨ᠂ ᠪᠤᠭᠤᠲᠤ ᠬᠤᠲᠠ ᠶᠢᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠳ᠋ᠦᠩ ᠾᠧ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ A ᠲᠣᠭᠤᠷᠢᠭ ᠤᠨ 1 ᠳ᠋ᠦ᠋ᠭᠡᠷ ᠲᠣᠭᠠᠲᠤ᠂ 2 ᠳ᠋ᠤᠭᠠᠷ ᠪᠠ | 3 ᠳ᠋ᠤᠭᠠᠷ ᠴᠣᠩᠬᠤᠨ ᠳᠤ ᠭᠠᠷᠭᠠᠨ ᠠᠪᠬᠤ ᠲᠤᠬᠠᠶᠢᠯᠠᠭᠰᠠᠨ ᠠᠵᠢᠯ᠂ ᠨᠢᠭᠡᠴᠡ ᠳᠤ ᠭᠤᠪᠢᠭᠤᠯᠵᠤ ᠲᠤᠰᠢᠶᠠᠬᠤ᠂ | ᠰᠠᠷ᠎ᠠ ᠪᠠᠷ ᠲᠤᠯᠠᠭᠠᠴᠠᠭᠤᠯᠬᠤ᠂ ᠤᠷᠢᠳᠴᠢᠯᠠᠨ ᠵᠣᠭᠤᠰ ᠪᠤᠴᠠᠭᠠᠬᠤ ᠵᠡᠷᠭᠡ ᠲᠤᠬᠠᠶᠢᠯᠠᠭᠰᠠᠨ ᠠᠵᠢᠯ ᠵᠢᠴᠢ ᠪᠤᠰᠤᠳ | ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠶᠢ ᠵᠢᠩᠬᠢᠨᠢ ᠪᠠᠷ ᠭᠥᠯᠢᠶᠡᠨ ᠠᠪᠴᠤ ᠰᠢᠢᠳᠪᠦᠷᠢᠯᠡᠨ᠎ᠡ᠃ | ᠠᠵᠢᠯᠯᠠᠬᠤ ᠴᠠᠭ | ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠄ ᠦᠳᠡ ᠶᠢᠨ ᠡᠮᠦᠨᠡᠬᠢ 8᠄ 30-12᠄ 00︔ | ᠦᠳᠡ ᠶᠢᠨ ᠬᠤᠶᠢᠨᠠᠬᠢ 14᠄ 30 - 17᠄ 30 ︵ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | ᠠᠰᠠᠭᠤᠨ ᠯᠠᠪᠯᠠᠬᠤ ᠤᠲᠠᠰᠤ | 0472-2626388 | 0472-2626487 |