ᠳ᠋ᠦᠩ ᠾᠧ ᠲᠣᠭᠤᠷᠢᠭ  ᠨᠠᠮᠤᠷ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ︽ᠵᠢᠩ ᠯᠠᠩ ᠳᠤᠲᠠᠭᠤ︾ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ
ᠨᠡᠶᠢᠲᠡᠯᠡᠭᠰᠡᠨ ᠴᠠᠭ᠄
2024/10/14
   ᠬᠠᠷᠢᠶᠠᠲᠤ ᠣᠷᠣᠨ ᠤ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠨᠠᠮᠤᠷ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠬᠠᠮᠠᠭᠠᠯᠠᠨ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠠᠰᠢᠭᠯᠠᠨ ᠬᠡᠮ ᠬᠢᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠠᠷᠠᠳ ᠣᠯᠠᠨ ᠤ ︽ᠬᠦᠢᠴᠡᠳ ᠵᠢᠩ ᠯᠠᠩ︾ ᠨᠠᠮᠤᠷ ᠤᠨ ᠨᠣᠭᠤᠭ᠎ᠠ ᠬᠤᠳᠠᠯᠳᠤᠨ ᠠᠪᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠨᠠᠮᠤᠷ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠡᠮᠵᠢᠯᠲᠡ ᠶᠢᠨ ᠪᠠᠭᠠᠵᠢ ᠬᠡᠷᠡᠭᠰᠡᠯ ᠳᠤ ᠲᠤᠰᠬᠠᠶ ᠵᠦᠢᠯ ᠤᠨ ᠪᠠᠶᠢᠴᠠᠭᠠᠯᠲᠠ ᠥᠷᠨᠢᠭᠦᠯᠪᠡ᠃
   ᠲᠤᠰᠬᠠᠶ ᠵᠦᠢᠯ ᠤᠨ ᠪᠠᠶᠢᠴᠠᠭᠠᠯᠲᠠ ᠶᠢ ᠰᠲ᠋ᠣᠺ ᠪᠠ ᠭᠠᠵᠠᠷ ᠬᠤᠯᠪᠣᠭᠠᠯᠠᠨ ᠬᠥᠳᠡᠯᠦᠯᠴᠡᠵᠦ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠪᠦᠯᠦᠭ ᠬᠤᠪᠢᠶᠠᠨ ᠹᠦ᠋ ᠱᠧᠩ ᠵᠠᠮ ᠤᠨ ᠵᠠᠬ᠎ᠠ ᠳᠡᠯᠭᠡᠭᠦᠷ᠂ ᠵᠢᠦᠢ ᠷᠠᠨ ᠵᠠᠮ ᠤᠨ ᠵᠠᠬ᠎ᠠ ᠳᠡᠯᠭᠡᠭᠦᠷ ᠵᠡᠷᠭᠡ 8 ᠬᠠᠷᠢᠶ᠎ᠠ ᠣᠷᠣᠨ ᠤ ᠨᠠᠮᠤᠷ ᠤᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠭᠦᠨᠵᠡᠭᠡᠶᠢᠷᠡᠵᠦ᠂ ᠪᠠᠶᠢᠴᠠᠭᠠᠯᠲᠠ ᠳᠤᠮᠳᠠ᠂ ᠠᠵᠢᠯᠲᠠᠳ ᠪᠠᠷᠢᠮᠵᠢᠶᠠᠲᠤ ᠲᠠᠤᠬᠠᠶ ᠶᠢ ᠠᠰᠢᠭᠯᠠᠨ ᠬᠦᠯᠢᠴᠡᠩᠭᠦᠶ ᠨᠠᠷᠢᠨ ᠨᠢᠮᠪᠠᠶ ᠵᠠᠬ᠎ᠠ ᠳᠠᠷᠠᠭᠠᠯᠠᠨ ᠬᠠᠷᠭᠤᠭᠤᠯᠵᠤ᠂ ᠲᠡᠮᠳᠡᠭᠯᠡᠯ ᠬᠢᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢ ᠶᠢᠨ ᠬᠡᠮᠵᠢᠶ᠎ᠡ ᠶᠢ ᠡᠪᠳᠡᠭᠰᠡᠨ ᠵᠡᠷᠭᠡ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠠᠶ ᠳᠤ ᠡᠵᠡᠩᠨᠡᠯᠲᠡ ᠶᠢᠨ ᠡᠷᠦᠬᠡ ᠳᠤ ᠬᠡᠮᠵᠢᠯᠲᠡ ᠶᠢᠨ ᠤᠬᠠᠭᠤᠯᠭ᠎ᠠ ᠥᠷᠨᠢᠭᠦᠯᠵᠦ᠂ ᠬᠡᠮᠵᠢᠯᠲᠡ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠨᠢᠯᠴᠠᠭᠤᠯᠵᠤ᠂ ᠡᠵᠡᠩᠨᠡᠯᠲᠡ ᠶᠢᠨ ᠡᠷᠦᠬᠡ ᠶᠢᠨ ᠥᠪᠡᠷ ᠢ ᠪᠠᠨ ᠬᠢᠵᠠᠭᠠᠷᠯᠠᠬᠤ ᠲᠣᠭᠲᠠᠴᠠ ᠪᠠᠨ ᠲᠡᠭᠦᠯᠳᠡᠷᠵᠢᠭᠦᠯᠬᠦ᠂ ᠦᠨᠡᠨᠴᠢ ᠢᠲᠡᠭᠡᠮᠵᠢᠲᠡᠶ ᠬᠠᠤᠯᠢ ᠶᠣᠰᠣᠭᠠᠷ ᠡᠵᠡᠩᠨᠡᠬᠦ ᠶᠢ ᠰᠠᠨᠠᠭᠠᠴᠢᠯᠠᠬᠤ ᠶᠢᠨ ᠬᠠᠮᠲᠤ ᠬᠡᠷᠡᠭᠯᠡᠭᠴᠢᠳ ᠲᠤ ᠭᠠᠷ ᠤᠲᠠᠰᠤᠨ ᠤ ᠬᠤᠪᠢᠰᠬᠠᠭᠤᠷ ᠤᠨ ᠢᠯᠭᠠᠨ ᠲᠠᠨᠢᠬᠤ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢ ᠶᠢᠨ ᠠᠷᠭ᠎ᠠ ᠶᠢ ᠲᠦᠭᠡᠮᠡᠯᠵᠢᠭᠦᠯᠵᠦ᠂ ᠬᠡᠷᠡᠭᠯᠡᠭᠴᠢᠳ ᠢ ᠥᠪᠡᠷ ᠤᠨ ᠡᠷᠬᠡ ᠠᠰᠢᠭ ᠢᠶᠠᠨ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠶᠢ ᠤᠷᠢᠶᠠᠯᠠᠪᠠ᠃ ᠲᠣᠰ ᠤᠳᠠᠭᠠᠨ ᠤ ᠪᠠᠶᠢᠴᠠᠭᠠᠯᠲᠠ ᠳᠤ ᠨᠡᠶᠢᠲᠡ 48 ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠦ᠂ 156 ᠡᠯᠧᠺᠳ᠋ᠷᠣᠨ ᠵᠢᠩᠯᠡᠭᠦᠷ ᠢ ᠪᠠᠶᠢᠴᠠᠭᠠᠵᠤ᠂ 4 ᠬᠡᠮ ᠰᠣᠭᠤᠭ ᠲᠠᠢ ᠵᠢᠩᠯᠡᠭᠦᠷ ᠢ ᠪᠠᠶᠢᠴᠠᠭᠠᠨ ᠭᠠᠷᠭᠠᠵᠠᠶ᠃
   ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠠᠴᠠ ᠨᠠᠮᠤᠷ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠲᠠᠰᠤᠷᠠᠯᠲᠠ ᠦᠭᠡᠢ ᠪᠠᠶᠢᠴᠠᠭᠠᠯᠲᠠ ᠬᠢᠵᠦ᠂ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠮᠵᠢᠯᠲᠡ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠲᠥᠪ ᠭᠤᠣᠯᠴᠢ ᠦᠨᠡᠨᠴᠢ ᠢᠲᠡᠭᠡᠮᠵᠢᠲᠡᠢ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃ ᠡᠭᠦᠨ ᠤ ᠬᠠᠮᠲᠤ᠂ ᠬᠡᠷᠡᠭ ᠢ ᠪᠠᠶᠢᠴᠠᠭᠠᠨ   ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠵᠡᠩᠨᠡᠯᠲᠡ ᠶᠢᠨ ᠭᠤᠤᠯ ᠴᠣᠭᠴᠠ ᠶᠢᠨ ᠬᠡᠮᠵᠢᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠡᠮᠵᠢᠯᠲᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠪᠡᠷᠰᠢᠭᠦᠯᠦᠨ᠎ᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1